ᠰᠢ ᠶᠢᠨ ᠫᠢᠩ ᠪᠦᠭᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠮᠠᠨ ᠤ ᠴᠡᠷᠢᠭ ᠤᠨ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠴᠦ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/7/24
    ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 21 ᠤ ᠴᠠᠭᠢᠯᠭᠠᠨ ᠮᠡᠳᠡᠭᠡ    ᠪᠦᠭᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ 7 ᠰᠠᠷ᠎ᠠ ᠶᠢᠨ 20 ᠠᠴᠠ 21 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠴᠡᠢ᠃ ᠲᠡᠷᠡ᠂ ᠡᠨᠡ ᠤᠳᠠᠭ᠎ᠠ ᠶᠢᠨ ᠪᠦᠭᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠢ ᠰᠠᠶᠢᠲᠤᠷ ᠬᠤᠷᠠᠯᠳᠤᠭᠤᠯᠬᠤ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠴᠡᠷᠢᠭ ᠤᠨ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠮᠠᠨ ᠤ ᠴᠡᠷᠢᠭ ᠤᠨ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠪᠦᠭᠦ ᠤᠯᠤᠰ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠢᠯᠠᠩᠭᠤᠶ᠎ᠠ ᠭᠦ᠋ ᠲᠢᠶᠠᠨ ᠤ ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠠᠴᠠ ᠨᠠᠭᠠᠰᠢᠬᠢ ᠮᠠᠨ ᠤ ᠴᠡᠷᠢᠭ ᠤᠨ ᠨᠠᠮ ᠤᠨ ᠪᠠᠶᠢᠭᠤᠯᠤᠯᠲᠠ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠠ ᠴᠢᠬᠤᠯᠠ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠬᠤ᠂ ᠲᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠴᠢᠳᠠᠪᠤᠷᠢ ᠶᠢ ᠠᠳᠬᠤᠬᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠳᠡᠭᠡᠷ᠎ᠡ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠲᠡᠷᠢᠭᠦᠯᠡᠭᠴᠢ ᠰᠢ ᠶᠢᠨ ᠫᠢᠩ ᠤᠨ ᠮᠠᠨ ᠤ ᠴᠡᠷᠢᠭ ᠤᠨ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠲᠠᠨᠢᠵᠤ᠂ ᠲᠡᠷᠢᠭᠦᠯᠡᠭᠴᠢ ᠰᠢ ᠶᠢᠨ ᠫᠢᠩ ᠤᠨ ᠮᠠᠨ ᠤ ᠴᠡᠷᠢᠭ ᠤᠨ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠣᠨᠢᠯᠠᠨ ᠮᠠᠨ ᠤ ᠴᠡᠷᠢᠭ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠲᠤᠳᠬᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠴᠢᠳᠠᠪᠤᠷᠢ ᠪᠠᠨ ᠳᠡᠭᠡᠭᠰᠢᠯᠡᠭᠦᠯᠭᠦ ᠬᠦᠴᠦᠷᠬᠡᠭ ᠶᠡᠭᠡ ᠬᠦᠴᠦᠨ ᠢ ᠲᠥᠪᠯᠡᠷᠡᠭᠦᠯᠵᠦ᠂ ᠳᠡᠭᠡᠳᠦ ᠳᠠᠪᠬᠤᠷᠭ᠎ᠠ ᠶᠢ ᠠᠳᠬᠤᠵᠤ ᠦᠨᠳᠦᠰᠦᠨ ᠱᠠᠲᠤ ᠶᠢ ᠬᠦᠴᠦᠷᠬᠡᠭᠵᠢᠭᠦᠯᠵᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠭᠦ ᠲᠠᠯ᠎ᠠ ᠪᠠᠷ ᠪᠠᠬᠢᠵᠢᠭᠦᠯᠬᠦ ᠶᠢ ᠴᠢᠬᠤᠯᠠᠴᠢᠯᠠᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠮᠠᠨ ᠤ ᠴᠡᠷᠢᠭ ᠤᠨ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠬᠤᠯᠪᠣᠭᠳᠠᠯ ᠪᠦᠬᠦᠢ ᠠᠰᠠᠭᠤᠳᠠᠯ ᠢ ᠶᠠᠷᠢᠯᠴᠠᠵᠤ᠂ 15 ᠨᠢᠭᠡᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠤᠷᠠᠯ ᠳᠤ ᠣᠷᠣᠯᠴᠠᠪᠠ᠃ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠲᠥᠪ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ ᠵᠦᠢᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠡᠷᠭᠡ ᠬᠤᠷᠠᠯ ᠳᠤ ᠣᠷᠣᠯᠴᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号