ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ | ᠰᠢ ᠶᠢᠨ ᠫᠢᠩ 7 ᠰᠠᠷ᠎ᠠ ᠶᠢᠨ 24 ᠤ ᠡᠳᠦᠷ ᠰᠢᠶᠠᠩᠭᠠᠩ ᠤᠨ ᠫᠧᠢ ᠴᠢᠶᠤᠤ ᠳᠤᠮᠳᠠᠳᠤ ᠰᠤᠷᠭᠠᠭᠤᠯᠢ ᠶᠢᠨ ᠥᠨᠳᠥᠷ | ᠨᠢᠭᠡᠳᠦᠭᠡᠷ ᠣᠨ ᠤ ᠪᠦᠭᠦ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ᠂ ᠳᠡᠳᠡᠨ ᠢ ᠳᠣᠲᠣᠨᠣ ᠪᠠᠷ ᠵᠣᠷᠢᠭᠵᠢᠭᠤᠯᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠤᠨ ᠺᠤᠷᠢᠶᠠ ᠳᠤ ᠪᠠᠶᠢᠭ᠎ᠠ ᠰᠠᠶᠢᠨ ᠳᠤᠷ᠎ᠠ ᠶᠢᠨ ᠴᠡᠷᠢᠭ ᠤᠨ | ᠦᠷᠡᠭᠳᠡᠭᠰᠡᠨ ᠪᠠᠭᠠᠲᠤᠷᠴᠤᠳ ᠤᠨ ᠴᠢᠨᠳᠠᠷ ᠢ ᠤᠯᠤᠰ ᠲᠠᠭᠠᠨ ᠠᠪᠴᠢᠷᠠᠵᠤ ᠣᠷᠣᠰᠢᠭᠤᠯᠬᠤ ᠶᠣᠰᠣᠯᠠᠯ᠂ ︽ᠲᠡᠭᠷᠢ ᠶᠢᠨ | ᠣᠷᠳᠣᠨ︾ ᠤ ᠰᠠᠨᠰᠠᠷᠴᠢᠨ ᠲᠠᠢ ᠬᠠᠷᠢᠯᠴᠠᠬᠤ ᠵᠡᠷᠭᠡ ᠠᠵᠢᠯᠯᠠᠭ᠎ᠠ ᠳᠤ ᠣᠷᠤᠯᠴᠠᠬᠤ ᠪᠠᠷ ᠲᠠᠮᠵᠢᠨ᠂ ᠳᠤᠮᠳᠠᠳᠤ ᠤᠯᠤᠰ ᠤᠨ | ᠬᠥᠮᠥᠨ ᠪᠣᠯᠤᠭᠰᠠᠨ ᠤ ᠣᠮᠣᠭᠰᠢᠯ᠂ ᠰᠢᠶᠠᠩᠭᠠᠩ ᠤᠨ ᠵᠠᠯᠠᠭᠤ ᠨᠢᠭᠡ ᠦᠶ᠎ᠡ ᠶᠢᠨ ᠬᠢᠨ ᠤ ᠡᠭᠦᠷᠭᠡ ᠬᠠᠷᠢᠭᠤᠴᠠᠯᠭ᠎ᠠ ᠪᠠᠨ | ᠨᠡᠩ ᠭᠦᠨᠵᠡᠭᠡᠢ ᠣᠶᠢᠯᠠᠭᠠᠵᠤ ᠮᠡᠳᠡᠭᠰᠡᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ | ᠭᠤᠣᠯᠯᠠᠭᠴᠢ ᠮᠥᠨ᠂ ᠥᠷᠭᠡᠨ ᠤᠯᠠᠨ ᠰᠢᠶᠠᠩᠭᠠᠩ ᠤᠨ ᠠᠬ᠎ᠠ ᠳᠡᠭᠦᠦ ᠨᠠᠷ ᠶᠡᠷᠦ ᠠᠴᠠ ᠤᠯᠤᠰ ᠢᠶᠠᠨ ᠬᠠᠶᠢᠷᠠᠯᠠᠬᠤ | ᠰᠢᠶᠠᠩᠭᠠᠩ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ᠂ ᠡᠨᠡ ᠪᠣᠯ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢ ᠯᠠᠪᠳᠠᠭᠤᠨ ᠬᠤᠯᠠ ᠠᠶᠠᠯᠠᠭᠤᠯᠬᠤ ᠶᠢᠨ ᠴᠢᠬᠤᠯᠠ ᠰᠠᠭᠤᠷᠢ ᠪᠣᠯᠣᠨ᠎ᠠ᠃ ᠲᠠ ᠨᠠᠷ ᠤᠨ | ᠲᠦᠮᠡᠨ ᠪᠣᠳᠢ ᠨᠣᠮ ᠤᠩᠰᠢᠬᠤ ᠪᠣᠯᠣᠨ ᠲᠦᠮᠡᠨ ᠭᠠᠵᠠᠷ ᠠᠶᠠᠯᠠᠬᠤ ᠶᠢ ᠤᠶᠠᠯᠳᠤᠭᠤᠯᠵᠤ᠂ ᠳᠡᠯᠡᠬᠡᠢ ᠶᠢᠨ ᠬᠥᠭᠵᠢᠯᠲᠡ ᠶᠢᠨ | ᠶᠡᠭᠡ ᠬᠠᠨᠳᠤᠰᠢ ᠶᠢ ᠭᠦᠨᠵᠡᠭᠡᠢ ᠲᠠᠨᠢᠵᠤ᠂ ᠡᠬᠡ ᠤᠯᠤᠰ ᠤᠨ ᠢᠶᠠᠨ ᠲᠡᠦᠬᠡ ᠰᠣᠶᠣᠯ ᠪᠣᠯᠣᠨ ᠤᠯᠤᠰ ᠤᠨ ᠪᠣᠳᠠᠲᠠᠢ | ᠪᠠᠶᠢᠳᠠᠯ ᠢ ᠭᠦᠨᠵᠡᠭᠡᠢ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠵᠤᠵᠠᠭᠠᠳᠬᠠᠵᠤ᠂ ᠪᠠᠲᠤ ᠴᠢᠩᠭ᠎ᠠ ᠡᠷᠳᠡᠮ | ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠡᠷᠲᠡᠬᠡᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ | ᠪᠣᠯᠵᠤ᠂ ᠰᠠᠶᠢᠨ ᠰᠠᠶᠢᠬᠠᠨ ᠰᠢᠶᠠᠩᠭᠠᠩ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠫᠧᠢ ᠴᠢᠶᠤᠤ ᠳᠤᠮᠳᠠᠳᠤ ᠰᠤᠷᠭᠠᠭᠤᠯᠢ 1946 ᠣᠨ ᠳᠤ ᠪᠠᠶᠢᠭᠤᠯᠤᠭᠳᠠᠵᠤ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠳᠠᠷᠠᠭ᠎ᠠ ᠬᠠᠮᠤᠭ ᠤᠨ ᠲᠦᠷᠦᠭᠦᠨ ᠳᠤ ᠲᠠᠪᠤᠨ ᠣᠳᠣᠲᠤ ᠤᠯᠠᠭᠠᠨ ᠲᠤᠭ ᠢ ᠮᠠᠨᠳᠤᠭᠤᠯᠤᠭᠰᠠᠨ | ᠰᠢᠶᠠᠩᠭᠠᠩ ᠤᠨ ᠰᠤᠷᠭᠠᠭᠤᠯᠢ ᠶᠢᠨ ᠨᠢᠭᠡ ᠪᠣᠯᠣᠨ᠎ᠠ᠂ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢ ᠤᠯᠤᠰ ᠢᠶᠠᠨ | ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠴᠢᠳᠠᠪᠤᠷᠢᠲᠠᠨ ᠢ ᠦᠯᠡᠮᠵᠢ ᠤᠯᠠᠨ ᠬᠥᠮᠥᠵᠢᠭᠦᠯᠵᠡᠢ᠃ ᠣᠶᠢᠷ᠎ᠠ ᠳᠤ᠂ ᠫᠧᠢ | ᠴᠢᠶᠣᠤ ᠳᠤᠮᠳᠠᠳᠤ ᠰᠤᠷᠭᠠᠭᠤᠯᠢ ᠶᠢᠨ ᠥᠨᠳᠥᠷ ᠨᠢᠭᠡᠳᠦᠭᠡᠷ ᠣᠨ ᠤ ᠪᠦᠭᠦ ᠰᠤᠷᠤᠬᠴᠢᠳ ᠲᠡᠷᠢᠭᠦᠯᠡᠭᠴᠢ ᠰᠢ ᠶᠢᠨ ᠫᠢᠩ ᠳᠤ | ᠵᠠᠬᠢᠳᠠᠯ ᠪᠢᠴᠢᠵᠦ᠂ ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠠᠵᠢᠯᠯᠠᠭ᠎ᠠ ᠳᠤ | ᠣᠷᠣᠯᠴᠠᠬᠰᠠᠨ ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ | ᠬᠠᠶᠢᠷᠠᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠯᠤᠰ ᠤᠨ ᠬᠦᠴᠦᠷᠬᠡᠭᠵᠢᠯ ᠪᠠ ᠰᠢᠶᠠᠩᠭᠠᠩ ᠤᠨ | ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ᠃ | | | | |