ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ | ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ | ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠠᠷᠠᠭᠠᠴᠢ ᠶᠢᠨ ᠠᠯᠬᠤᠮ ᠤᠨ | ᠠᠵᠢᠯ ᠢᠶᠠᠨ ᠰᠠᠶᠢᠲᠤᠷ ᠬᠢᠬᠦ ᠲᠤᠬᠠᠢ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠵᠤ᠂ ᠪᠦᠬᠦ ᠵᠢᠯ ᠤᠨ ᠬᠠᠷᠠᠯᠲᠠ | ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ | | ᠯᠢ ᠴᠢᠶᠠᠩ᠂ ᠵᠢᠯ ᠡᠬᠢᠯᠡᠭᠰᠡᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ | ᠴᠢᠷᠮᠠᠶᠢᠯᠭ᠎ᠠ ᠪᠠᠷ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠰᠠᠶᠢᠵᠢᠷᠠᠵᠤ᠂ ᠪᠦᠬᠦ ᠵᠢᠯ ᠤᠨ | ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠠᠢ᠃ ᠪᠢᠳᠡ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠯᠤᠭ᠎ᠠ ᠦᠨᠡᠨ ᠬᠦ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠢ | ᠬᠥᠭ ᠠᠶᠠᠰ ᠢ ᠪᠠᠷᠢᠮᠲᠠᠯᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠬᠦᠴᠦᠯᠡᠨ | ᠴᠢᠷᠮᠠᠶᠢᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠢ ᠤᠨᠢᠨ ᠳᠡᠭᠡᠷ᠎ᠡ ᠨᠢ ᠡᠷᠴᠢᠮᠲᠡᠢ ᠬᠡᠷᠡᠭᠵᠢᠭᠦᠯᠵᠦ᠂ ᠡᠯ᠎ᠡ ᠲᠦᠷᠦᠯ ᠤᠨ | ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠳᠤ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ ᠤ | ᠦᠷᠭᠦᠯᠵᠢᠯᠡᠨ ᠴᠢᠩᠭᠠᠷᠠᠬᠤ᠂ ᠨᠡᠶᠢᠭᠡᠮ ᠤᠨ ᠵᠢᠱᠢᠯᠲᠡ ᠶᠢᠨ ᠦᠷᠭᠦᠯᠵᠢᠯᠡᠨ ᠰᠠᠶᠢᠵᠢᠷᠠᠬᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠦᠷᠭᠦᠯᠵᠢᠯᠡᠨ ᠠᠷᠢᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦ ᠪᠠᠨ ᠪᠠᠲᠤᠳᠬᠠᠵᠤ ᠰᠠᠭᠤᠷᠢ ᠪᠠᠨ | ᠪᠠᠬᠢᠵᠢᠭᠦᠯᠬᠦ ᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠦᠷᠭᠡᠨ ᠪᠤᠢ ᠪᠣᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ | ᠪᠡᠭᠡᠵᠢᠩ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠪᠠ ︵ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ︶ | ᠯᠢ ᠴᠢᠶᠠᠩ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢ ᠥᠷᠭᠡᠳᠬᠡᠬᠦ᠂ | ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ | ᠥᠷᠭᠡᠨ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠲᠠᠶᠢᠴᠢᠯᠠᠵᠤ᠂ | ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠠ ᠨᠥᠭᠡᠴᠡᠯᠡᠯᠲᠡ ᠶᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠰᠢᠨ᠎ᠡ | ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ | ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠤᠨ | ᠬᠥᠭᠵᠢᠯᠲᠡ ᠶᠢ ᠶᠡᠭᠡ ᠪᠠᠷ ᠠᠬᠢᠭᠤᠯᠵᠤ᠂ ᠦᠢᠯᠡᠳᠬᠡᠯ ᠤᠨ ᠦᠢᠯᠡᠰ ᠢ ᠲᠣᠭᠠᠵᠢᠭᠤᠯᠤᠭᠰᠠᠨ ᠬᠡᠯᠪᠡᠷᠢ ᠲᠡᠶᠢᠰᠢ | ᠬᠤᠪᠢᠷᠠᠭᠤᠯᠬᠤ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠨᠡᠭᠡᠭᠡᠯᠲᠡ ᠶᠢ ᠥᠷᠭᠡᠳᠬᠡᠬᠦ ᠳᠤ ᠬᠦᠴᠦᠯᠡᠵᠦ᠂ ᠰᠢᠨ᠎ᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ | ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠨᠡᠩ ᠶᠡᠭᠡ | ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠰᠢᠭᠯᠠᠬᠤ ᠬᠡᠷᠡᠭᠲᠡᠢ᠃ ᠣᠷᠣᠨ ᠪᠦᠰᠡ ᠬᠤᠳᠠ ᠬᠥᠳᠡᠭᠡ ᠶᠢᠨ ᠵᠣᠬᠢᠴᠠᠩᠭᠤᠢ | ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠣᠯᠣᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠦᠨᠳᠦ ᠶᠡᠭᠡ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠂ ᠬᠦᠴᠦᠲᠡᠢ᠂ ᠳᠢᠭᠯᠢᠮ ᠲᠠᠢ᠂ ᠪᠦᠲᠦᠮᠵᠢᠲᠡᠢ ᠪᠠᠷ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠪᠣᠳᠠᠲᠠᠢ ᠠᠷᠢᠯᠭᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠵᠤ ᠳᠤ ᠬᠦᠴᠦᠯᠡᠵᠦ᠂ ᠬᠦᠴᠢᠷᠳᠡᠯᠲᠡᠢ ᠤᠯᠠᠨ ᠲᠦᠮᠡᠨ ᠢ ᠨᠡᠶᠢᠭᠡᠮ ᠤᠨ ᠠᠪᠤᠷᠠᠨ ᠲᠤᠰᠠᠯᠠᠯᠲᠠ ᠪᠠᠷ | ᠳᠠᠭᠠᠭᠠᠨ ᠪᠠᠲᠤᠯᠠᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠠᠷᠭ᠎ᠠ ᠪᠠᠷ ᠠᠵᠢᠯ ᠣᠯᠭᠤᠵᠤ | ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ᠂ | ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ | ᠂ ᠭᠠᠮᠰᠢᠭ ᠤᠨ ᠳᠠᠷᠠᠭᠠᠬᠢ ᠰᠡᠷᠭᠦᠭᠡᠯᠲᠡ ᠶᠢ ᠦᠨᠡᠨ ᠬᠦ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠠᠶᠤᠯ | ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ | ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ | ᠮᠥᠴᠢᠷ ᠤᠳ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠤ ᠪᠠᠨ | ᠪᠤᠳᠤᠵᠤ᠂ ᠠᠵᠢᠯ ᠤᠨ ᠭᠠᠷᠳᠠᠴᠠ ᠶᠢ ᠣᠨᠣᠪᠴᠢᠲᠠᠢ ᠣᠯᠵᠤ᠂ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ᠃ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠬᠢᠵᠦ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ︽ᠥᠨᠳᠥᠷ | ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ ᠬᠦᠴᠦ ᠪᠠᠨ ᠬᠠᠮᠲᠤᠳᠬᠠᠨ ᠰᠢᠪᠲᠤᠯᠵᠤ᠂ ᠤᠯᠠᠨ | ᠲᠦᠮᠡᠨ ᠪᠣᠯᠣᠨ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ᠃ | ᠬᠡᠪᠰᠢᠮᠡᠯ ᠰᠡᠳᠬᠢᠬᠦᠢ ᠪᠠᠨ ᠲᠠᠶᠠᠭᠳᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠵᠢᠯ ᠤᠨ | ᠴᠤᠪᠤᠷᠠᠯ ᠪᠣᠯᠣᠨ ᠠᠬᠢᠭᠤᠯᠬᠤ ᠠᠷᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠭᠦᠷᠭᠡ | ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠢᠨᠠᠨ ᠬᠠᠮᠢᠶᠠᠷᠬᠤ ᠪᠠ ᠦᠢᠯᠡᠴᠢᠯᠡᠬᠦ᠂ ᠠᠮᠤᠷ ᠲᠦᠪᠰᠢᠨ ᠢ | ᠪᠠᠲᠤᠯᠠᠬᠤ ᠪᠠ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠬᠥᠭᠵᠢᠯᠲᠡ ᠶᠢᠨ ᠲᠥᠯᠥᠭᠡ | ᠢᠯᠡᠭᠦᠬᠡᠨ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠢᠯᠡᠭᠦᠬᠡᠨ ᠬᠦᠴᠦᠨ ᠴᠢᠳᠠᠯ ᠢᠶᠠᠨ ᠡᠷᠭᠦᠵᠦ᠂ ᠪᠦᠬᠦ | ᠨᠡᠶᠢᠭᠡᠮ ᠳᠤ ᠠᠵᠢᠯ ᠬᠢᠵᠦ ᠦᠢᠯᠡᠰ ᠪᠣᠰᠬᠠᠬᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠥᠳᠬᠡᠨ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠵᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠪᠤᠰᠤᠳ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ | ᠣᠷᠣᠯᠴᠠᠪᠠ᠃ ᠡᠯ᠎ᠡ ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠸᠢᠳᠢᠣ᠋ ᠪᠠᠷ ᠲᠤᠬᠠᠢ ᠶᠢᠨ ᠭᠠᠵᠠᠷ ᠲᠤ ᠪᠠᠨ | ᠬᠤᠷᠠᠯ ᠳᠤ ᠰᠤᠯᠠ ᠣᠷᠣᠯᠴᠠᠪᠠ᠃ | |