ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 20 ᠤ ᠴᠠᠬᠢᠯᠭᠠᠨ ᠮᠡᠳᠡᠭᠡ ᠣᠶᠢᠷ᠎ᠠ ᠳᠤ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠸᠠᠰᠢᠩᠲ᠋ᠤᠨ ᠵᠧᠦ ᠶᠢᠨ ︽ᠠᠮᠧᠷᠢᠺᠠ ᠳᠤᠮᠳᠠᠳᠤ ᠶᠢᠨ ᠵᠠᠯᠠᠭᠤᠴᠤᠳ | ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠥᠬᠦᠷᠰᠡᠭ ᠬᠥᠮᠥᠰ ᠲᠤ | ᠬᠠᠷᠢᠭᠤ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠰᠡᠯ ᠡᠷᠡᠮᠡᠯᠵᠡᠯ ᠠᠷᠠᠳ ᠲᠦᠮᠡᠨ ᠳᠤ ᠪᠣᠢ᠂ | ᠰᠠᠭᠤᠷᠢ ᠨᠢ ᠠᠷᠠᠳ ᠤᠨ ᠳᠤᠮᠳᠠ ᠪᠣᠢ᠂ ᠢᠷᠡᠭᠡᠳᠦᠢ ᠨᠢ ᠵᠠᠯᠠᠭᠤᠴᠤᠳ ᠲᠤ ᠪᠣᠢ᠃ ᠳᠤᠮᠳᠠᠳᠤ ᠠᠮᠧᠷᠢᠺᠠ ᠶᠢᠨ ᠨᠡᠩ ᠣᠯᠠᠨ | ᠵᠠᠯᠠᠭᠤᠴᠤᠳ ᠲᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠵᠤ᠂ ᠭᠠᠷ ᠭᠠᠷ ᠢᠶᠠᠨ ᠬᠤᠯᠪᠣᠨ ᠬᠠᠮᠲᠤ ᠪᠠᠷ | ᠤᠷᠤᠭᠰᠢᠯᠠᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠨᠢᠭᠡ ᠦᠶ᠎ᠡ ᠶᠢᠨ ᠡᠯᠴᠢᠨ ᠪᠣᠯᠵᠤ᠂ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ | ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ | ᠡᠲᠡᠭᠡᠳ ᠤᠨ ᠨᠠᠶᠢᠵᠠ ᠨᠠᠷ ᠤᠨ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠨᠥᠬᠦᠷᠰᠡᠭ ᠶᠠᠪᠤᠯᠴᠠᠭ᠎ᠠ ᠵᠢᠴᠢ ᠬᠤᠶᠠᠷ | ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠬᠦ ᠶᠢ ᠢᠲᠡᠭᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠲᠦᠷᠦᠭᠦᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ | ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠥᠬᠦᠷᠰᠡᠭ ᠬᠥᠮᠥᠰ ᠲᠡᠷᠢᠭᠦᠯᠡᠭᠴᠢ | ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠳᠡᠯᠡᠬᠡᠢ ᠶᠢᠨ ᠣᠶᠤᠲᠠᠳ ᠤᠨ ᠵᠣᠨ ᠤ ᠤᠯᠠᠷᠢᠯ ᠤᠨ ᠲᠠᠮᠢᠷ ᠤᠨ | ᠴᠤᠭᠯᠠᠭᠠᠨ ᠪᠣᠯᠣᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠵᠥᠩᠨᠡᠵᠦ ᠳᠤᠮᠳᠠᠳᠤ | ᠠᠮᠧᠷᠢᠺᠠ ᠶᠢᠨ ᠵᠠᠯᠠᠭᠤᠴᠤᠳ ᠤᠨ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠲᠠᠰᠤᠷᠠᠯᠲᠠ ᠦᠭᠡᠢ | ᠴᠢᠩᠭᠠᠳᠬᠠᠬᠤ ᠪᠠᠷ ᠴᠢᠷᠮᠠᠶᠢᠨ᠎ᠠ ᠭᠡᠵᠦ ᠢᠯᠡᠳᠬᠡᠵᠡᠢ᠃ | | | |