ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ | ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ | ᠶᠠᠪᠤᠭᠳᠠᠪᠠ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ᠃ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠡᠨᠡᠳᠬᠡᠭ ᠤᠨ ᠶᠡᠷᠦᠩᠬᠡᠢ | ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ ᠣᠷᠣᠯᠴᠠᠪᠠ᠃ ᠲᠠᠪᠤᠨ | ᠤᠯᠤᠰ ᠤᠨ ᠤᠳᠤᠷᠢᠳᠬᠤ ᠬᠥᠮᠥᠰ ︽ᠠᠯᠳᠠᠨ ᠲᠣᠭᠤᠰᠭ᠋᠎ᠠ ᠤᠯᠤᠰ ᠤᠳ ᠪᠣᠯᠣᠨ ᠠᠹᠷᠢᠺᠠ ᠲᠢᠪ᠄ ᠬᠠᠨᠢᠲᠠᠨ ᠤ | ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠨᠡᠮᠡᠭᠳᠡᠯ ᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠵᠦ᠂ ᠪᠠᠭᠲᠠᠭᠠᠮᠵᠢᠲᠤ ᠴᠢᠨᠠᠷᠲᠠᠢ ᠤᠯᠠᠨ ᠲᠠᠯᠠᠲᠤ ᠦᠵᠡᠯ ᠢ ᠴᠢᠩᠭᠠᠳᠬᠠᠶ᠎ᠠ︾ ᠭᠡᠬᠦ ᠭᠤᠣᠯ ᠰᠡᠳᠦᠪ ᠤᠨ | ᠲᠣᠭᠤᠷᠢᠨ ᠳᠤ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ | ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠥᠷᠭᠡᠨ ᠳᠡᠯᠭᠡᠷ | ᠬᠠᠮᠲᠤ ᠶᠢᠨ ᠲᠠᠨᠢᠯᠲᠠ ᠲᠠᠢ ᠪᠣᠯᠪᠠ᠃ | | | | ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ | ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ | ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ᠂ | ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ | ᠣᠷᠣᠯᠴᠠᠪᠠ᠃ ᠰᠢ ᠶᠢᠨ ᠫᠢᠩ ︽ᠪᠦᠯᠬᠦᠮᠳᠡᠨ ᠬᠠᠮᠵᠢᠯᠴᠠᠵᠤ ᠬᠥᠭᠵᠢᠯᠲᠡ ᠶᠢ ᠡᠷᠢᠯᠬᠢᠯᠡᠵᠦ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠡᠩᠬᠡ ᠲᠠᠶᠢᠪᠤᠩ ᠢ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ | ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ | ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ᠂ | ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ︶ | ᠣᠷᠣᠯᠴᠠᠪᠠ᠃ ᠵᠢᠷᠤᠭ ᠪᠣᠯ ᠠᠭᠤᠯᠵᠠᠯᠲᠠ ᠶᠢᠨ ᠬᠤᠭᠤᠴᠠᠭᠠᠨ ᠳᠤ ᠲᠠᠪᠤᠨ ᠤᠯᠤᠰ ᠤᠨ ᠤᠳᠤᠷᠢᠳᠬᠤ ᠬᠥᠮᠥᠰ | ᠬᠠᠮᠲᠤ ᠶᠢᠨ ᠭᠡᠷᠡᠯ ᠵᠢᠷᠤᠭ ᠲᠠᠲᠠᠭᠤᠯᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ ︽ᠪᠦᠯᠬᠦᠮᠳᠡᠨ ᠬᠠᠮᠵᠢᠯᠴᠠᠵᠤ ᠬᠥᠭᠵᠢᠯᠲᠡ ᠶᠢ ᠡᠷᠢᠯᠬᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ | ᠡᠩᠬᠡ ᠲᠠᠶᠢᠪᠤᠩ ᠢ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ | ᠣᠷᠣᠵᠤ᠂ ᠶᠠᠭ ᠶᠡᠭᠡ ᠲᠣᠬᠢᠷᠠᠭᠤᠯᠤᠯᠲᠠ᠂ ᠶᠡᠭᠡ ᠵᠠᠳᠠᠷᠠᠯ᠂ ᠶᠡᠭᠡ ᠲᠠᠭᠢᠨ ᠪᠠᠶᠢᠭᠤᠯᠤᠯᠲᠠ ᠶᠢᠨ ᠦᠶ᠎ᠡ ᠳᠤ ᠨᠢ ᠣᠷᠣᠰᠢᠵᠤ | ᠪᠠᠶᠢᠨ᠎ᠠ᠃ ᠠᠯᠳᠠᠨ ᠲᠣᠭᠤᠰᠭ᠋᠎ᠠ ᠤᠯᠤᠰ ᠤᠳ ᠪᠣᠯ ᠳᠡᠯᠡᠬᠡᠢ ᠶᠢᠨ ᠪᠠᠶᠢᠷᠢᠰᠢᠯ ᠢ ᠴᠣᠭᠴᠠᠯᠠᠬᠤ ᠴᠢᠬᠤᠯᠠ ᠬᠦᠴᠦᠨ ᠮᠥᠨ᠃ | ᠪᠢᠳᠡ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠵᠤ᠂ ᠬᠥᠭᠵᠢᠯᠲᠡ ᠶᠢᠨ ᠡᠷᠬᠡ ᠪᠠᠨ ᠬᠠᠮᠲᠤ ᠪᠠᠷ ᠬᠠᠮᠠᠭᠠᠯᠠᠵᠤ᠂ | ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠨᠢ ᠬᠥᠮᠥᠨ ᠲᠥᠷᠥᠯᠬᠢᠲᠡᠨ ᠤ ᠨᠡᠶᠢᠭᠡᠮ ᠤᠨ ᠤᠷᠤᠭᠰᠢᠯᠠᠯᠲᠠ ᠶᠢᠨ | ᠴᠢᠭᠯᠡᠯ ᠢ ᠲᠥᠯᠥᠭᠡᠯᠡᠵᠦ᠂ ᠳᠡᠯᠡᠬᠡᠢ ᠶᠢᠨ ᠬᠥᠭᠵᠢᠯᠲᠡ ᠶᠢᠨ ᠠᠬᠢᠴᠠ ᠶᠢ ᠭᠦᠨᠵᠡᠭᠡᠢ ᠨᠥᠯᠥᠭᠡᠯᠡᠬᠦ ᠨᠢ ᠯᠠᠪᠲᠠᠢ ᠶᠤᠮ᠃ | ᠲᠡᠦᠬᠡ ᠶᠢ ᠡᠷᠭᠢᠴᠡᠭᠦᠯᠬᠦᠶ᠎ᠡ᠂ ᠪᠢᠳᠠ ᠢᠮᠠᠭᠲᠠ ᠨᠡᠭᠡᠭᠡᠯᠲᠡᠲᠡᠢ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠯᠳᠠᠨ ᠲᠣᠭᠤᠰᠭ᠋᠎ᠠ | ᠤᠯᠤᠰ ᠤᠳ ᠤᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠳᠠ ᠦᠭᠡᠢ ᠠᠬᠢᠭᠤᠯᠵᠤ᠂ ᠲᠠᠪᠤᠨ | ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠪᠡ︔ ᠢᠮᠠᠭᠲᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠪᠠᠷᠢᠮᠲᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠳᠡᠭᠡᠷ᠎ᠡ ᠲᠥᠪ ᠶᠣᠰᠣ ᠶᠢ ᠪᠠᠷᠢᠮᠲᠠᠯᠠᠵᠤ᠂ | ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠦᠭᠡ ᠬᠡᠯᠡᠬᠦ ᠡᠷᠬᠡ | ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠠᠯᠳᠠᠨ ᠲᠣᠭᠤᠰᠭ᠋᠎ᠠ ᠤᠯᠤᠰ ᠤᠳ ᠪᠣᠯ ᠶᠡᠷᠦ ᠠᠴᠠ ᠪᠡᠶ᠎ᠡ ᠪᠠᠨ | ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠰᠠᠨᠠᠭᠠᠴᠢᠯᠠᠭᠴᠢ᠂ | ᠦᠢᠯᠡᠳᠦᠯᠭᠡᠵᠢᠭᠦᠯᠦᠭᠴᠢ ᠮᠥᠨ᠂ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠳᠡᠭᠡᠷ᠎ᠡ ᠤᠴᠢᠷ ᠶᠠᠪᠤᠳᠠᠯ ᠤᠨ ᠲᠤᠰ | ᠪᠡᠶ᠎ᠡ ᠶᠢᠨ ᠬᠢᠨᠢ ᠵᠥᠪ ᠪᠤᠷᠤᠭᠤ ᠲᠥᠪ ᠭᠠᠵᠢᠭᠤ ᠠᠴᠠ ᠡᠭᠦᠰᠬᠦ ᠶᠢ ᠪᠠᠷᠢᠮᠲᠠᠯᠠᠵᠤ᠂ ᠭᠤᠣᠯᠴᠢ ᠦᠭᠡ ᠬᠡᠯᠡᠵᠦ᠂ ᠭᠤᠤᠯᠴᠢ | ᠶᠠᠪᠤᠳᠠᠯ ᠬᠢᠵᠦ᠂ ᠵᠠᠷᠴᠢᠮ ᠢ ᠠᠷᠠᠯᠵᠢᠬᠤ ᠦᠭᠡᠢ᠂ ᠭᠠᠳᠠᠭᠠᠳᠤ ᠳᠠᠷᠤᠯᠲᠠ ᠳᠤ ᠨᠤᠭᠤᠷᠠᠬᠤ ᠦᠭᠡᠢ᠂ ᠪᠤᠰᠤᠳ ᠤᠯᠤᠰ ᠤᠨ | ᠳᠠᠭᠠᠯᠲᠠ ᠪᠤᠯᠬᠤ ᠦᠭᠡᠢ᠃ ᠠᠯᠳᠠᠨ ᠲᠣᠭᠤᠰᠭ᠋᠎ᠠ ᠤᠯᠤᠰ ᠤᠳ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠬᠠᠮᠲᠤ ᠶᠢᠨ | ᠬᠠᠷᠠᠯᠲᠠ ᠲᠠᠢ ᠶᠤᠮ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠬᠠᠮᠲᠤᠷᠠᠯᠴᠠᠭᠠᠨ ᠤ ᠤᠭ ᠰᠠᠨᠠᠭ᠎ᠠ᠂ | ᠬᠠᠮᠲᠤ ᠶᠢᠨ ᠬᠦᠰᠡᠯ ᠡᠷᠡᠮᠡᠯᠵᠡᠯ ᠬᠤᠪᠢᠷᠠᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠶᠠᠭ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ | ᠣᠷᠣᠰᠢᠵᠤ ᠪᠠᠶᠢᠨ᠎ᠠ᠃ ᠪᠢᠳᠡ ᠶᠡᠭᠡ ᠬᠠᠨᠳᠤᠰᠢ ᠶᠢ ᠡᠵᠡᠮᠳᠡᠵᠦ᠂ ᠴᠢᠭᠯᠡᠯ ᠢ ᠬᠥᠲᠥᠯᠥᠨ ᠳᠠᠭᠠᠭᠤᠯᠵᠤ᠂ ᠬᠤᠯᠪᠤᠭᠠᠯᠠᠨ | ᠥᠪᠡᠷ ᠢ ᠪᠠᠨ ᠬᠦᠴᠦᠷᠬᠡᠭᠵᠢᠭᠦᠯᠬᠦ ᠤᠭ ᠰᠠᠨᠠᠭ᠎ᠠ ᠪᠠᠨ ᠪᠠᠲᠤ ᠰᠠᠬᠢᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ | ᠴᠢᠩᠭᠠᠳᠬᠠᠵᠤ᠂ ᠴᠢᠨᠠᠷ ᠰᠠᠶᠢᠲᠠᠢ ᠬᠠᠨᠢᠲᠠᠨ ᠤ ᠬᠠᠷᠢᠯᠴᠠᠭ᠎ᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠳᠡᠯᠡᠬᠡᠢ | ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ᠂ ᠲᠣᠭᠲᠠᠭᠤᠨ ᠴᠢᠨᠠᠷ᠂ ᠢᠳᠡᠪᠬᠢ ᠬᠦᠴᠦᠨ ᠨᠡᠮᠡᠷᠢᠯᠡᠶ᠎ᠡ᠃ | ᠪᠢᠳᠡ ᠠᠵᠤ ᠠᠬᠤᠢ ᠠᠷᠠᠯᠵᠢᠶ᠎ᠠ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠶ᠎ᠡ᠃ ᠬᠥᠭᠵᠢᠯᠲᠡ ᠪᠣᠯ ᠡᠯ᠎ᠡ ᠤᠯᠤᠰ ᠤᠨ ᠪᠤᠯᠢᠶᠠᠵᠤ ᠪᠣᠯᠣᠰᠢ | ᠦᠭᠡᠢ ᠡᠷᠬᠡ ᠮᠥᠨ᠂ ᠴᠥᠭᠡᠨ ᠲᠣᠭᠠᠨ ᠤ ᠤᠯᠤᠰ ᠤᠨ ︽ᠲᠤᠰᠬᠠᠢ ᠠᠰᠢᠭ︾ ᠪᠢᠰᠢ᠃ ᠠᠯᠳᠠᠨ ᠲᠣᠭᠤᠰᠭ᠋᠎ᠠ | ᠤᠯᠤᠰ ᠤᠳ ᠬᠥᠭᠵᠢᠨ ᠮᠠᠨᠳᠤᠬᠤ ᠵᠠᠮ ᠳᠠᠭᠠᠨ ᠬᠠᠮᠲᠤ ᠠᠶᠠᠯᠠᠵᠤ᠂ ︽ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ | ᠲᠠᠰᠤᠯᠬᠤ︾ ᠪᠠ ᠠᠵᠤ ᠠᠬᠤᠢ ᠶᠢᠨ ᠰᠦᠷᠳᠡᠭᠦᠯᠦᠯ ᠢ ᠡᠰᠡᠷᠭᠦᠴᠡᠶ᠎ᠡ᠃ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ | ᠢᠯᠠᠩᠭᠤᠶ᠎ᠠ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠬᠥᠭᠵᠢᠯᠲᠡ᠂ ᠬᠠᠩᠭᠠᠯᠭ᠎ᠠ ᠶᠢᠨ ᠬᠡᠯᠬᠢᠶ᠎ᠡ ᠵᠡᠷᠭᠡ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠶ᠎ᠡ᠃ ᠳᠤᠮᠳᠠᠳᠤ ᠤᠯᠤᠰ ︽ᠳᠤᠮᠳᠠᠳᠤ ᠤᠯᠤᠰ — ᠠᠯᠳᠠᠨ ᠲᠣᠭᠤᠰᠭ᠋᠎ᠠ | ᠤᠯᠤᠰ ᠤᠳ ᠤᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ | ᠬᠦᠷᠢᠶᠡᠯᠡᠩ︾ ᠢ ᠪᠠᠶᠢᠭᠤᠯᠵᠤ᠂ ︽ᠠᠯᠳᠠᠨ ᠲᠣᠭᠤᠰᠭ᠋᠎ᠠ ᠤᠯᠤᠰ ᠤᠳ ᠤᠨ ᠪᠦᠭᠦ ᠪᠥᠮᠪᠥᠷᠴᠡᠭ ᠤᠨ ᠠᠯᠤᠰ ᠰᠡᠷᠡᠯ ᠤᠨ | ᠳᠠᠭᠠᠭᠤᠯᠢ ᠤᠳᠤᠨ ᠤ ᠳ᠋ᠠᠶᠢᠲ᠋ᠠ ᠪᠣᠯᠣᠨ ᠬᠡᠷᠡᠭᠯᠡᠭᠡᠨ ᠤ ᠬᠠᠮᠲᠤᠷᠠᠯᠴᠠᠭᠠᠨ ᠤ ᠲᠠᠪᠴᠠᠩ︾ ᠢ ᠰᠦᠪᠡᠭᠴᠢᠯᠡᠨ ᠪᠠᠶᠢᠭᠤᠯᠵᠤ᠂ | ᠡᠯ᠎ᠡ ᠤᠯᠤᠰ ᠤᠨ ᠬᠥᠳᠡᠭᠡ ᠠᠵᠤ ᠠᠬᠤᠢ᠂ ᠠᠮᠢ ᠠᠬᠤᠢ᠂ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠤ ᠬᠥᠭᠵᠢᠯᠲᠡ ᠳᠤ | ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ︽ᠠᠯᠳᠠᠨ | ᠲᠣᠭᠤᠰᠭ᠋᠎ᠠ ᠤᠯᠤᠰ ᠤᠳ ᠤᠨ ᠦᠷᠭᠦᠯᠵᠢᠯᠡᠬᠦ ᠠᠵᠤ ᠦᠢᠯᠡᠰ ᠤᠨ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ︾ ᠶᠢ | ᠬᠠᠮᠲᠤ ᠪᠠᠷ ᠪᠠᠶᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠠᠵᠤ ᠦᠢᠯᠡᠰ ᠤᠨ ᠵᠣᠯᠭᠠᠯᠴᠠᠭ᠎ᠠ ᠪᠣᠯᠣᠨ ᠲᠦᠷᠦᠯ | ᠵᠦᠢᠯ ᠤᠨ ᠬᠠᠮᠲᠤᠷᠠᠯᠴᠠᠭᠠᠨ ᠤ ᠲᠠᠪᠴᠠᠩ ᠬᠠᠩᠭᠠᠨ᠎ᠠ᠃ | ᠪᠢᠳᠡ ᠤᠯᠤᠰ ᠲᠦᠷᠦ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠡᠩᠬᠡ ᠲᠠᠶᠢᠪᠤᠩ ᠠᠮᠤᠷ | ᠲᠣᠭᠲᠠᠭᠤᠨ ᠢ ᠬᠠᠮᠠᠭᠠᠯᠠᠶ᠎ᠠ᠃ ᠡᠯ᠎ᠡ ᠤᠯᠤᠰ ᠤᠨ ᠠᠷᠠᠳ ᠲᠦᠮᠡᠨ ᠴᠥᠮ ᠰᠠᠶᠢᠨ ᠰᠠᠶᠢᠬᠠᠨ ᠠᠮᠤᠷ ᠲᠦᠪᠰᠢᠨ ᠣᠷᠴᠢᠨ ᠢ | ᠬᠦᠰᠡᠵᠦ ᠪᠠᠶᠢᠨ᠎ᠠ᠃ ᠳᠡᠯᠡᠬᠡᠢ ᠶᠢᠨ ᠠᠮᠤᠷ ᠲᠦᠪᠰᠢᠨ ᠢ ᠰᠠᠯᠭᠠᠵᠤ ᠪᠣᠯᠣᠰᠢ ᠦᠭᠡᠢ᠂ ᠪᠤᠰᠤᠳ ᠤᠯᠤᠰ ᠤᠨ ᠠᠰᠢᠭ | ᠲᠤᠰᠠ ᠶᠢ ᠦᠷᠡᠭᠳᠡᠭᠦᠯᠵᠦ᠂ ᠲᠤᠰ ᠪᠡᠶ᠎ᠡ ᠶᠢᠨ ᠬᠠᠷᠢᠴᠠᠯᠠᠰᠢᠭᠦᠢ ᠠᠮᠤᠷ ᠲᠦᠪᠰᠢᠨ ᠢ ᠬᠥᠭᠡᠭᠡᠴᠡᠯᠳᠦᠪᠡᠯ ᠡᠴᠦᠰ ᠲᠡᠭᠡᠨ | ᠲᠤᠰ ᠪᠡᠶ᠎ᠡ ᠪᠠᠨ ᠬᠤᠬᠢᠷᠠᠭᠤᠯᠬᠤ ᠪᠣᠯᠣᠨ᠎ᠠ᠃ ᠠᠯᠲᠠᠨ ᠲᠣᠭᠤᠰᠭ᠋᠎ᠠ ᠤᠯᠤᠰ ᠤᠳ ᠡᠩᠬᠡ ᠲᠠᠶᠢᠪᠤᠩ ᠬᠥᠭᠵᠢᠯᠲᠡ ᠶᠢᠨ ᠶᠡᠭᠡ | ᠴᠢᠭᠯᠡᠯ ᠢ ᠪᠠᠷᠢᠮᠲᠠᠯᠠᠵᠤ᠂ ᠲᠣᠰ ᠲᠣᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ | ᠬᠠᠷᠢᠯᠴᠠᠨ ᠳᠡᠮᠵᠢᠵᠦ᠂ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠵᠣᠬᠢᠴᠠᠭᠤᠯᠭ᠎ᠠ ᠪᠠᠨ | ᠴᠢᠩᠭᠠᠳᠬᠠᠵᠤ᠂ ᠬᠠᠯᠠᠮᠰᠢᠯ ᠠᠰᠠᠭᠤᠳᠠᠯ ᠢ ᠢᠳᠡᠪᠬᠢᠲᠡᠢ ᠵᠣᠬᠢᠴᠠᠭᠤᠯᠵᠤ᠂ ᠤᠯᠤᠰ ᠲᠥᠷᠥ ᠪᠠᠷ ᠰᠢᠢᠳᠪᠦᠷᠢᠯᠡᠬᠦ ᠶᠢ | ᠠᠬᠢᠭᠤᠯᠵᠤ᠂ ᠬᠠᠯᠠᠮᠰᠢᠯ ᠠᠰᠠᠭᠤᠳᠠᠯ ᠢ ᠨᠠᠮᠳᠠᠭᠠᠶᠠ᠃ ᠵᠣᠬᠢᠶᠠᠮᠠᠯ ᠣᠶᠤᠨ ᠴᠢᠳᠠᠪᠤᠷᠢ ᠶᠢᠨ ᠬᠠᠮᠲᠤᠷᠠᠯᠴᠠᠭ᠎ᠠ ᠶᠢ ᠤᠯᠠᠮ | ᠥᠷᠭᠡᠳᠬᠡᠵᠦ᠂ ᠮᠡᠳᠡᠭᠡ ᠵᠠᠩᠭᠢ ᠶᠢᠨ ᠰᠣᠯᠢᠯᠴᠠᠭ᠎ᠠ ᠪᠣᠯᠣᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠠᠮᠲᠤ ᠪᠠᠷ ᠰᠠᠶᠢᠲᠤᠷ ᠬᠢᠵᠦ᠂ ᠨᠡᠶᠢᠳᠡᠮ ᠳᠡᠭᠡᠨ ᠣᠷᠤᠯᠴᠠᠬᠤ ᠳᠡᠯᠡᠬᠡᠢ ᠶᠢᠨ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠵᠠᠰᠠᠯᠲᠠ ᠶᠢᠨ ᠪᠣᠷᠣ ᠲᠥᠰᠥᠪ | ᠪᠣᠯᠣᠨ ᠪᠠᠷᠢᠮᠵᠢᠶ᠎ᠠ ᠵᠢᠷᠤᠮᠵᠢᠯ ᠢ ᠪᠦᠷᠢᠯᠳᠦᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠠᠮᠤᠷ ᠲᠦᠪᠰᠢᠨ | ᠴᠢᠨᠠᠷ᠂ ᠨᠠᠶᠢᠳᠠᠪᠤᠷᠢᠲᠤ ᠴᠢᠨᠠᠷ᠂ ᠡᠵᠡᠮᠳᠡᠵᠦ ᠪᠣᠯᠬᠤᠶᠢᠴᠠ ᠴᠢᠨᠠᠷ᠂ ᠡᠷᠬᠡ ᠲᠡᠭᠰᠢ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠶ᠎ᠡ᠃ | ᠪᠢᠳᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ | ᠠᠬᠢᠭᠤᠯᠤᠶ᠎ᠠ᠃ ᠪᠣᠯᠪᠠᠰᠤᠨ ᠰᠠᠶᠢᠬᠠᠨ᠂ ᠬᠥᠭᠵᠢᠯᠲᠡ ᠶᠢᠨ ᠵᠠᠮ ᠤᠯᠠᠨ ᠡᠰᠢᠵᠢᠨ ᠤᠯᠠᠨ ᠶᠠᠩᠵᠤ ᠶᠢᠨ ᠪᠠᠶᠢᠳᠠᠭ᠂ ᠡᠨᠡ | ᠪᠣᠯ ᠳᠡᠯᠡᠬᠡᠢ ᠳ᠋ᠠᠬᠢᠨ ᠤ ᠪᠠᠶᠢᠪᠠᠰᠤ ᠵᠣᠬᠢᠬᠤ ᠶᠠᠩᠵᠤ ᠮᠥᠨ᠃ ᠬᠥᠮᠥᠨ ᠲᠥᠷᠥᠯᠬᠢᠲᠡᠨ ᠤ ᠲᠡᠦᠬᠡ ᠪᠣᠯ ᠨᠢᠭᠡ ᠵᠦᠢᠯ ᠤᠨ | ᠪᠣᠯᠪᠠᠰᠤᠨ᠂ ᠨᠢᠭᠡ ᠵᠦᠢᠯ ᠤᠨ ᠪᠠᠶᠢᠭᠤᠯᠤᠯ ᠢᠶᠠᠷ ᠡᠴᠦᠰᠯᠡᠬᠦ ᠦᠭᠡᠢ ᠶᠤᠮ᠃ ᠠᠯᠳᠠᠨ ᠲᠣᠭᠤᠰᠭ᠋᠎ᠠ ᠤᠯᠤᠰ ᠤᠳ ᠠᠨᠠᠪᠠᠳ | ᠲᠠᠯᠠᠢ ᠶᠢ ᠪᠠᠭᠲᠠᠭᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠳᠠᠯᠢ ᠪᠤᠰᠤ ᠪᠣᠯᠪᠠᠰᠤᠨ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ᠂ ᠡᠶ᠎ᠡ ᠨᠠᠶᠢᠷ ᠲᠠᠢ ᠬᠠᠮᠲᠤ ᠣᠷᠣᠰᠢᠬᠤ ᠶᠢ ᠰᠠᠨᠠᠭᠠᠴᠢᠯᠠᠵᠤ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ | ᠰᠣᠩᠭᠤᠭᠰᠠᠨ ᠣᠳᠣᠬᠢᠴᠢᠯᠠᠯᠲᠠ ᠶᠢᠨ ᠵᠠᠮ ᠢ ᠭᠦᠨᠳᠦᠳᠭᠡᠵᠦ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ᠂ | ᠪᠠᠶᠢᠭᠤᠯᠤᠯ ᠤᠨ ᠡᠰᠡᠷᠭᠦᠴᠡᠯᠳᠦᠯ᠂ ︽ᠪᠣᠯᠪᠠᠰᠤᠨ ᠤ ᠮᠥᠷᠭᠦᠯᠳᠦᠭᠡᠨ︾ ᠢ ᠡᠰᠡᠷᠭᠦᠴᠡᠶ᠎ᠡ᠃ ᠠᠯᠳᠠᠨ ᠲᠣᠭᠤᠰᠭ᠋᠎ᠠ | ᠤᠯᠤᠰ ᠤᠳ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠤᠯᠪᠤᠭ᠎ᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠣᠭᠠᠴᠢᠯᠠᠭᠰᠠᠨ ᠰᠤᠷᠭᠠᠨ | ᠬᠥᠮᠦᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢᠨ ᠬᠠᠮᠲᠤ ᠤᠯᠠᠮᠵᠢᠯᠠᠯᠲᠤ ᠰᠣᠶᠣᠯ ᠤᠨ | ᠰᠣᠯᠢᠯᠴᠠᠭ᠎ᠠ ᠪᠠᠨ ᠴᠢᠩᠭᠠᠳᠬᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ | ᠡᠭᠦᠳᠬᠦ ᠶᠢ ᠠᠬᠢᠭᠤᠯᠬᠤ ᠶᠢ ᠳᠤᠮᠳᠠᠳᠤ ᠶᠢᠨ ᠲᠠᠯ᠎ᠠ ᠰᠠᠨᠠᠭᠤᠯᠵᠤ ᠪᠠᠶᠢᠨ᠎ᠠ᠃ | ᠪᠢᠳᠡ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢ | ᠲᠡᠭᠦᠯᠳᠡᠷᠵᠢᠭᠦᠯᠦᠶ᠎ᠡ᠃ ᠪᠦᠭᠦ ᠪᠥᠮᠪᠥᠷᠴᠡᠭ ᠤᠨ ᠵᠠᠰᠠᠯᠲᠠ ᠶᠢ ᠴᠢᠩᠭᠠᠳᠬᠠᠬᠤ ᠪᠣᠯ ᠳᠡᠯᠡᠬᠡᠢ ᠨᠡᠶᠢᠭᠡᠮ ᠢᠶᠠᠷ ᠢᠶᠠᠨ | ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠬᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠠᠷᠭᠠᠴᠠᠭᠠᠬᠤ ᠵᠥᠪ ᠰᠣᠩᠭᠤᠯᠲᠠ ᠮᠥᠨ᠃ ᠤᠯᠠᠨ ᠤᠯᠤᠰ ᠤᠨ ᠳᠦᠷᠢᠮ ᠨᠢ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠦᠨᠳᠦᠰᠦᠯᠡᠨ᠂ ᠤᠯᠠᠨ ᠢᠶᠠᠷ ᠢᠶᠠᠨ ᠬᠠᠮᠲᠤ ᠪᠠᠷ | ᠪᠢᠴᠢᠭᠯᠡᠵᠦ᠂ ᠬᠠᠮᠲᠤ ᠪᠠᠷ ᠬᠠᠮᠠᠭᠠᠯᠠᠬᠤ ᠬᠡᠷᠡᠭᠲᠡᠢ᠂ ᠬᠡᠨ ᠤ ᠬᠦᠴᠦᠨ ᠨᠢ ᠶᠡᠭᠡ᠂ ᠲᠠᠭᠤ ᠨᠢ ᠥᠨᠳᠥᠷ ᠪᠣᠯ ᠳᠠᠷᠤᠢ | ᠲᠡᠭᠦᠨ ᠤ ᠬᠡᠯᠡᠭᠰᠡᠨ ᠢᠶᠠᠷ ᠶᠠᠪᠤᠵᠤ ᠪᠤᠯᠬᠤ ᠦᠭᠡᠢ᠃ ᠨᠠᠩ ᠴᠤ ᠰᠦᠯᠪᠡᠭᠡᠯᠡᠨ ᠪᠦᠯᠦᠭᠯᠡᠵᠦ᠂ ᠣᠯᠠᠨ ᠤᠯᠤᠰ ᠤᠨ | ᠳᠦᠷᠢᠮ ᠢ ᠥᠪᠡᠷ ᠤᠨ ︽ᠭᠡᠷ ᠤᠨ ᠬᠠᠤᠯᠢ ᠪᠦᠯᠦᠭᠲᠡᠨ ᠤ ᠳᠦᠷᠢᠮ︾ ᠢᠶᠠᠷ ᠢᠶᠠᠨ ᠣᠷᠣᠯᠠᠭᠤᠯᠵᠤ ᠪᠤᠯᠬᠤ ᠦᠭᠡᠢ᠃ | ᠠᠯᠳᠠᠨ ᠲᠣᠭᠤᠰᠭ᠋᠎ᠠ ᠤᠯᠤᠰ ᠤᠳ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ᠂ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ | ᠳᠡᠮᠵᠢᠨ ᠴᠢᠩᠭᠠᠳᠬᠠᠵᠤ᠂ ︽ᠵᠢᠵᠢᠭ ᠪᠦᠯᠭᠦᠮ︾᠂ ︽ᠵᠢᠵᠢᠭ ᠪᠦᠯᠦᠭᠯᠡᠯ︾ ᠪᠠᠶᠢᠭᠤᠯᠬᠤ ᠶᠢ ᠡᠰᠡᠷᠭᠦᠴᠡᠶ᠎ᠡ᠃ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠤᠯᠤᠰ ᠤᠨ ᠮᠥᠩᠭᠦᠨ | ᠭᠦᠢᠯᠭᠡᠭᠡᠨ ᠵᠣᠭᠤᠰᠤᠨ ᠤ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ | ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠶ᠎ᠡ᠃ ᠪᠢᠳᠡ ᠨᠡᠭᠡᠭᠡᠯᠲᠡᠲᠡᠢ ᠪᠠᠭᠲᠠᠭᠠᠮᠵᠢᠲᠠᠢ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ | ︽ᠠᠯᠳᠠᠨ ᠲᠣᠭᠤᠰᠭ᠋᠎ᠠ ᠤᠯᠤᠰ ᠤᠳ +︾ ᠶᠢᠨ ᠬᠠᠮᠲᠤᠷᠠᠯᠴᠠᠭ᠎ᠠ ᠶᠢ ᠰᠠᠶᠢᠲᠤᠷ ᠠᠰᠢᠭᠯᠠᠵᠤ᠂ ᠪᠦᠷᠢᠯᠳᠦᠭᠦᠨ ᠢᠶᠠᠨ | ᠥᠷᠭᠡᠳᠬᠡᠬᠦ ᠠᠬᠢᠴᠠ ᠶᠢ ᠲᠦᠷᠭᠡᠳᠬᠡᠵᠦ᠂ ᠨᠡᠩ ᠤᠯᠠᠨ ᠤᠯᠤᠰ ᠢ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ | ᠪᠦᠯᠢ ᠳᠤ ᠣᠷᠣᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠬᠦᠴᠦᠨ ᠢ ᠨᠢᠭᠲᠠᠷᠠᠭᠤᠯᠵᠤ᠂ | ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ | ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠳᠡᠯᠡᠬᠡᠢ ᠶᠢᠨ ᠶᠣᠰᠣ | ᠵᠢᠷᠤᠮ ᠢ ᠪᠠᠷᠢᠮᠲᠠᠯᠠᠵᠤ᠂ ᠲᠠᠪᠤᠨ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠯᠠᠪᠲᠠᠢ ᠯᠠᠪᠳᠠᠭᠤᠨ ᠢᠶᠠᠷ ᠬᠤᠯᠠ | ᠠᠶᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ | ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠲᠠᠢ ᠬᠠᠮᠲᠤ ᠪᠠᠷ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠠᠯᠳᠠᠨ ᠲᠣᠭᠤᠰᠭ᠋᠎ᠠ ᠤᠯᠤᠰ ᠤᠳ ᠤᠨ ᠬᠠᠷᠢᠭᠤᠴᠠᠯᠭ᠎ᠠ ᠪᠠᠷ ᠬᠠᠮᠲᠤ ᠶᠢᠨ ᠥᠷᠢᠰᠦᠯᠳᠦᠭᠡᠨ ᠢ | ᠠᠷᠭᠠᠴᠠᠭᠠᠵᠤ᠂ ᠠᠯᠳᠠᠨ ᠲᠣᠭᠤᠰᠭ᠋᠎ᠠ ᠤᠯᠤᠰ ᠤᠳ ᠤᠨ ᠡᠭᠦᠷᠭᠡᠯᠡᠯ ᠢᠶᠠᠷ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ | ᠣᠳᠣᠬᠢᠴᠢᠯᠠᠯᠲᠠ ᠶᠢᠨ ᠲᠡᠷᠲᠡᠭᠡ ᠡᠷᠭᠢ ᠵᠦᠭ ᠬᠠᠮᠲᠤ ᠪᠠᠷ ᠤᠷᠤᠭᠰᠢᠯᠠᠨ᠎ᠠ ᠭᠡᠵᠦ ᠴᠢᠬᠤᠯᠠᠴᠢᠯᠠᠪᠠ᠃ | ᠯᠠᠮᠠᠹᠦ᠋ᠰᠠ᠂ ᠯᠦᠯᠠ᠂ ᠫᠦᠲ᠋ᠢᠨ᠂ ᠮᠦᠸᠧᠳᠢ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ | ᠲᠣᠭᠲᠠᠴᠠ ᠶᠢᠨ ᠣᠯᠣᠭᠰᠠᠨ ᠢᠳᠡᠪᠬᠢᠲᠡᠢ ᠠᠬᠢᠴᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠭᠠᠵᠠᠷ ᠣᠷᠣᠨ ᠤ ᠤᠯᠤᠰ | ᠲᠦᠷᠦ ᠶᠢᠨ ᠮᠥᠷᠭᠦᠯᠳᠦᠭᠡᠨ᠂ ᠳᠡᠯᠡᠬᠡᠢ ᠶᠢᠨ ᠠᠵᠤ ᠠᠬᠤᠢ ᠶᠢᠨ ᠬᠦᠴᠢᠷᠳᠡᠯ ᠵᠡᠷᠭᠡ ᠶᠢᠨ ᠨᠥᠯᠥᠭᠡ ᠪᠠᠷ᠂ ᠰᠢᠨ᠎ᠡ ᠪᠠᠷ | ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠡᠳᠦᠷ ᠢᠷᠡᠬᠦᠶ᠎ᠡ ᠬᠦᠨᠳᠦ ᠨᠣᠴᠢᠲᠠᠢ | ᠶᠠᠳᠠᠭᠤᠷᠠᠯ᠂ ᠡᠷᠬᠡ ᠲᠡᠭᠰᠢ ᠪᠤᠰᠤ᠂ ᠲᠥᠪ ᠭᠤᠤᠯᠴᠢ ᠪᠤᠰᠤ ᠵᠡᠷᠭᠡ ᠥᠷᠢᠰᠦᠯᠳᠦᠭᠡᠨ ᠳᠤ ᠲᠤᠯᠭᠠᠷᠠᠵᠤ᠂ ᠦᠷᠭᠦᠯᠵᠢᠯᠡᠬᠦ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠯᠳᠠᠨ ᠲᠣᠭᠤᠰᠭ᠋᠎ᠠ ᠤᠯᠤᠰ ᠤᠳ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠡᠩᠬᠡ ᠲᠠᠶᠢᠪᠤᠩ | ᠲᠣᠭᠲᠠᠭᠤᠨ ᠪᠣᠯᠣᠨ ᠡᠷᠬᠡ ᠲᠡᠭᠰᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ 20 ᠭᠠᠷᠤᠢ ᠤᠯᠤᠰ ᠠᠯᠳᠠᠨ | ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠳᠤ ᠨᠢ ᠣᠷᠣᠬᠤ ᠪᠠᠷ ᠭᠤᠶᠤᠴᠢᠯᠠᠭᠰᠠᠨ ᠨᠢ ᠠᠯᠳᠠᠨ | ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠠᠮᠢᠵᠢᠷᠠᠯ ᠤᠨ ᠬᠦᠴᠦᠨ᠂ ᠲᠠᠲᠠᠬᠤ ᠬᠦᠴᠦᠨ ᠵᠢᠴᠢ | ᠳᠡᠯᠡᠬᠡᠢ ᠶᠢᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠦᠨ᠎ᠡ ᠦᠷᠳᠡᠭ ᠢ ᠭᠦᠢᠴᠡᠳ ᠢᠯᠡᠷᠡᠭᠦᠯᠪᠡ᠃ ᠠᠯᠳᠠᠨ | ᠲᠣᠭᠤᠰᠭ᠋᠎ᠠ ᠤᠯᠤᠰ ᠤᠳ ᠪᠦᠯᠬᠦᠮᠳᠡᠯ ᠢᠶᠠᠨ ᠴᠢᠩᠭᠠᠳᠬᠠᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠠᠮᠲᠤᠷᠠᠯᠴᠠᠵᠤ | ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠠᠯᠳᠠᠨ ᠲᠣᠭᠤᠰᠭ᠋᠎ᠠ ᠤᠯᠤᠰ ᠤᠳ ᠤᠨ | ᠪᠦᠷᠢᠯᠳᠦᠭᠦᠨ ᠢᠶᠠᠨ ᠥᠷᠭᠡᠳᠬᠡᠬᠦ ᠠᠬᠢᠴᠠ ᠶᠢ ᠲᠦᠷᠭᠡᠳᠬᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠬᠤᠪᠢᠰᠤᠯᠲᠠ ᠶᠢᠨ ᠨᠡᠩ ᠪᠠᠭᠲᠠᠭᠠᠮᠵᠢᠲᠠᠢ᠂ ᠨᠡᠩ ᠡᠷᠬᠡ ᠲᠡᠭᠰᠢ᠂ ᠨᠡᠩ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ | ᠠᠬᠢᠭᠤᠯᠵᠤ᠂ ᠤᠯᠠᠨ ᠲᠠᠯᠠᠲᠤ ᠪᠠᠶᠢᠭᠤᠯᠤᠮᠵᠢ ᠶᠢ ᠰᠡᠷᠭᠦᠭᠡᠨ ᠥᠭᠡᠷᠡᠴᠢᠯᠡᠵᠦ᠂ ᠳᠡᠯᠡᠬᠡᠢ ᠶᠢᠨ ᠤᠯᠠᠨ ᠲᠦᠢᠯᠵᠢᠯᠳᠠ ᠶᠢᠨ | ᠠᠬᠢᠴᠠ ᠶᠢ ᠠᠬᠢᠭᠤᠯᠵᠤ᠂ ᠲᠡᠭᠦᠨ ᠢ ᠳᠡᠯᠡᠬᠡᠢ ᠶᠢᠨ ᠣᠯᠠᠩᠬᠢ ᠲᠣᠭᠠᠨ ᠤ ᠠᠷᠠᠳ ᠲᠦᠮᠡᠨ ᠢ ᠲᠥᠯᠥᠭᠡᠯᠡᠵᠦ ᠪᠠᠶᠢᠭ᠎ᠠ | ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠳᠤ ᠨᠡᠩ ᠨᠡᠶᠢᠴᠡᠭᠦᠯᠪᠡᠯ ᠵᠣᠬᠢᠨ᠎ᠠ᠃ ᠠᠯᠳᠠᠨ ᠲᠣᠭᠤᠰᠭ᠋᠎ᠠ ᠤᠯᠤᠰ ᠤᠳ | ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠤ᠂ ᠡᠯ᠎ᠡ | ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢᠶᠠᠨ ᠡᠵᠡᠨ ᠮᠡᠳᠡᠨ | ᠰᠣᠩᠭᠤᠬᠤ ᠶᠢ ᠬᠦᠨᠳᠦᠳᠬᠡᠪᠡᠯ ᠵᠣᠬᠢᠨ᠎ᠠ᠃ ᠤᠯᠠᠨ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠨᠢ ᠭᠠᠵᠠᠷ ᠣᠷᠣᠨ ᠤ | ᠤᠯᠤᠰ ᠲᠦᠷᠦ ᠶᠢᠨ ᠥᠷᠢᠰᠦᠯᠳᠦᠭᠡᠨ ᠤ ᠪᠠᠭᠠᠵᠢ ᠪᠣᠯᠵᠤ ᠪᠤᠯᠬᠤ ᠦᠭᠡᠢ᠂ ᠤᠯᠠᠨ ᠤᠯᠤᠰ ᠤᠨ ᠮᠥᠩᠭᠦᠨ ᠭᠦᠢᠯᠭᠡᠭᠡᠨ | ᠵᠣᠭᠤᠰᠤᠨ ᠤ ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠵᠠᠬ᠎ᠠ | ᠳᠡᠯᠭᠡᠭᠦᠷ ᠤᠨ ᠤᠯᠤᠰ ᠪᠠ ᠬᠥᠭᠵᠢᠵᠦ ᠪᠠᠶᠢᠭ᠎ᠠ ᠤᠯᠤᠰ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ | ᠳᠡᠭᠡᠭᠰᠢᠯᠡᠭᠦᠯᠦᠨ᠂ ᠦᠷᠭᠦᠯᠵᠢᠯᠡᠬᠦ ᠬᠥᠭᠵᠢᠯᠲᠡ ᠪᠠ ᠪᠠᠭᠲᠠᠭᠠᠮᠵᠢᠲᠤ ᠴᠢᠨᠠᠷ ᠤᠨ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ | ᠲᠠᠪᠤᠨ ᠤᠯᠤᠰ ᠤᠨ ᠪᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ | ᠠᠬᠢᠭᠤᠯᠪᠠᠯ ᠵᠣᠬᠢᠨ᠎ᠠ ᠭᠡᠵᠦ ᠡᠯ᠎ᠡ ᠲᠠᠯ᠎ᠠ ᠶᠢᠨ ᠬᠢᠨ ᠦᠵᠡᠪᠡ᠃ | ᠠᠭᠤᠯᠵᠠᠯᠲᠠ ᠶᠢᠨ ᠬᠤᠭᠤᠴᠠᠭᠠᠨ ᠳᠤ᠂ ᠲᠠᠪᠤᠨ ᠤᠯᠤᠰ ᠤᠨ ᠤᠳᠤᠷᠢᠳᠬᠤ ᠬᠥᠮᠥᠰ ᠪᠠᠰᠠ ᠠᠯᠳᠠᠨ ᠲᠣᠭᠤᠰᠭ᠋᠎ᠠ | ᠤᠯᠤᠰ ᠤᠳ ᠤᠨ ᠬᠤᠯᠪᠣᠭᠳᠠᠯ ᠪᠦᠬᠦᠢ ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | |