ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ︽︿ᠢᠯᠨ ᠨᠢᠭᠦᠯᠡᠰᠦᠩᠭᠦᠢ﹀ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/2/2
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ︽︿ᠢᠯᠨ ᠨᠢᠭᠦᠯᠡᠰᠦᠩᠭᠦᠢ﹀ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ︵︽ᠲᠥᠰᠥᠯ︾ ᠭᠡᠵᠦ ᠲᠦᠬᠦᠮᠴᠢᠯᠡᠶ᠎ᠡ︶ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠢᠭᠦᠯᠡᠰᠦᠩᠭᠦᠢ ᠶᠢᠨ ᠮᠡᠳᠡᠭᠡ ᠵᠠᠩᠭᠢ ᠶᠢ ᠢᠯᠡᠵᠢᠬᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠤᠨ ᠬᠦᠭᠵᠢᠬᠦᠯᠤᠯᠳᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃   ︽ᠲᠥᠰᠥᠯ︾ ᠳᠤ᠄   ︽ᠢᠯᠡ ᠨᠢᠭᠦᠯᠡᠰᠦᠩᠭᠦᠢ︾ ᠢᠨᠵᠧᠨᠧᠷᠢᠩ ᠢ ᠬᠡᠷᠡᠭᠵᠢᠭᠦᠯᠬᠦ ᠪᠣᠯ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠬᠤ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ  ᠶᠢ ᠣᠯᠠᠨ ᠨᠡᠶᠢᠲᠡ ᠳᠤ ᠤᠯᠠᠮ ᠢᠳᠡᠬᠡᠮᠵᠢ ᠲᠠᠢ ᠪᠤᠯᠭᠠᠬᠤ᠂ ᠪᠥᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠢᠯᠨ ᠨᠢᠭᠦᠯᠡᠰᠦᠩᠭᠦᠢ︾ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠲᠣᠭᠲᠠᠴᠠ ᠪᠠᠨ ᠲᠡᠬᠦᠯᠳᠡᠷᠵᠢᠬᠦᠯᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠤ ᠱᠠᠭᠠᠷᠳᠠᠪᠠ᠃   ︽ᠲᠥᠰᠥᠯ︾ ᠳᠤ᠄    ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠤᠰᠬᠠᠢ ᠵᠦᠢᠯ ᠤᠨ ᠪᠠᠶᠢᠴᠠᠭᠠᠯᠲᠠ᠂ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠪᠠ ᠳᠦᠷᠢᠮ ᠤᠨ ᠪᠠᠶᠢᠭᠤᠯᠤᠯᠲᠠ ᠵᠡᠷᠭᠡ ᠳᠥᠷᠪᠡᠨ ᠵᠦᠢᠯ ᠤᠨ ᠭᠤᠣᠯᠳᠠᠯᠭ᠎ᠠ  ᠲᠠᠢ ᠡᠭᠦᠷᠭᠡ ᠶᠢ ᠴᠢᠩᠭ᠎ᠠ ᠠᠩᠬᠠᠷᠴᠤ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠶᠢ ᠲᠣᠭᠲᠠᠭᠠᠵᠤ᠂ ᠠᠷᠭ᠎ᠠ ᠪᠠ ᠠᠯᠬᠤᠮ ᠳᠠᠷᠠᠭ᠎ᠠ᠂ ᠪᠡᠶᠡᠯᠡᠭᠦᠯᠬᠦ ᠴᠠᠭ ᠬᠤᠭᠤᠴᠠᠭ᠎ᠠ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ᠂ ᠪᠦᠲᠦᠮᠵᠢᠲᠡᠶ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠦᠨ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠮᠡᠳᠡᠭᠡ ᠵᠠᠩᠭᠢᠵᠢᠯᠲᠠ ᠪᠠ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ   ᠲᠡᠬᠦᠯᠳᠡᠷᠵᠢᠬᠦᠯᠬᠦ ᠬᠡᠷᠡᠭᠳᠡᠢ ᠬᠡᠪᠡ᠃    ︽ᠲᠥᠰᠥᠯ︾ ᠳᠤ᠄    ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠵᠤᠬᠢᠴᠠᠯᠳᠤᠭ᠎ᠠ ᠴᠢᠩᠭᠠᠳᠬᠠᠵᠤ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠨᠢᠬᠡᠴᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠢᠯ ᠲᠥᠷᠥᠯ  ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯ ᠤᠨ ᠳᠡᠮᠵᠢᠯᠭᠡ ᠶᠢ ᠢᠳᠡᠪᠬᠢᠲᠡᠢ ᠪᠠᠷ ᠣᠯᠬᠤ ᠬᠡᠷᠡᠭᠲᠡᠢ᠃ ᠷᠠᠳᠢᠣ᠋ ᠲᠧᠯᠸᠢᠰ᠂ ᠵᠠᠭᠤᠴᠢᠯᠠᠭᠤᠷ ᠵᠡᠷᠭᠡ ᠬᠤᠯᠪᠣᠭᠳᠠᠯ ᠪᠦᠬᠦᠢ ᠨᠢᠭᠡᠴᠢ ᠶᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠤᠯᠠᠨ ᠬᠡᠯᠪᠡᠷᠢ ᠣᠬᠠᠭᠤᠯᠵᠤ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠭᠴᠢ ᠶᠢᠨ ᠮᠡᠳᠡᠭᠡ ᠵᠠᠩᠭᠢ ᠶᠢ ᠢᠯᠡᠵᠢᠬᠦᠯᠦᠭᠰᠡᠨ ᠰᠢᠯᠢᠳᠡᠭ ᠨᠡᠶᠢᠲᠡᠯᠢᠭ ᠵᠢᠱᠢᠶ᠎ᠡ ᠶᠢ ᠰᠣᠩᠭᠤᠨ᠂ ︽ᠢᠯᠡ ᠨᠢᠭᠦᠯᠡᠰᠦᠩᠭᠦᠢ︾ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠨᠢᠭᠦᠯᠡᠰᠦᠩᠭᠦᠢ ᠶᠢᠨ ᠠᠵᠢᠯᠯᠠᠭ᠎ᠠ ᠶᠢ ᠢᠯᠡᠵᠢᠬᠦᠯᠬᠦ ᠬᠡᠷᠡᠭᠳᠡᠢ ᠭᠡᠵᠤ ᠱᠠᠭᠠᠷᠳᠠᠯ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号