ᠬᠥᠬᠡᠬᠤᠲᠠ ᠶᠢᠨ ᠬᠤᠲᠣᠩᠴᠤᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ ᠵᠠᠩ ᠳᠠᠳᠬᠠᠯ ᠢ ᠥᠭᠡᠷᠡᠴᠢᠯᠡᠬᠦ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/11
     ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯ ᠮᠢᠩᠭᠠᠨ ᠣᠨ ᠤ ᠬᠠᠭᠤᠴᠢᠨ ᠵᠠᠩ ᠳᠠᠳᠬᠠᠯ ᠢ ᠡᠪᠳᠡᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠶ ᠪᠣᠯᠭᠠᠬᠤ ᠰᠢᠰᠲ᠋ᠧᠮᠲᠦ ᠢᠨᠵᠧᠨᠧᠷᠢᠩ ᠮᠥᠨ᠂ ᠲᠡᠷᠡ ᠨᠢ ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠦᠶ᠎ᠡ ᠳᠤ ᠠᠰᠢᠭ ᠲᠤᠰᠠ ᠠᠵᠢᠯ ᠶᠤᠮ᠃ ᠮᠠᠨ ᠤ ᠣᠷᠣᠨ ᠳᠤ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ ᠢ ᠴᠡᠭᠴᠡᠯᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ ᠬᠤᠳᠤᠩᠴᠤᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠠᠯ  ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ ᠢ  ᠴᠡᠭᠴᠡᠯᠡᠬᠦ ᠲᠥᠷᠥ ᠶᠢᠨ ᠪᠣᠳᠣᠯᠭ᠎ᠠ ᠶᠢ ᠤᠯᠠᠨ ᠠᠷᠭ᠎ᠠ  ᠪᠠᠷ ᠤᠬᠠᠭᠤᠯᠬᠤ᠂ ᠪᠠᠶᠢᠴᠠᠭᠠᠬᠤ ᠪᠠ  ᠴᠡᠭᠴᠡᠯᠡᠬᠦ ᠠᠵᠢᠯ ᠢ ᠭᠦᠨᠵᠡᠭᠡᠢ ᠥᠷᠨᠢᠭᠦᠯᠪᠡ᠃ ᠣᠲᠣ ᠪᠣᠯᠲᠠᠯ᠎ᠠ 3557 ᠪᠤᠯᠠᠰᠢ ᠲᠠᠢ ᠬᠤᠯᠪᠤᠬᠳᠠᠬᠤ  9 ᠲᠥᠪᠯᠡᠷᠡᠭᠦᠯᠦᠨ ᠪᠤᠯᠠᠰᠢᠯᠠᠬᠤ ᠭᠠᠵᠠᠷ ᠢ ᠵᠢᠷᠤᠮᠵᠢᠭᠤᠯᠵᠤ᠂ ︽ᠭᠤᠷᠪᠠᠨ ᠳᠠᠭᠠᠤ ᠲᠤᠯᠤᠭᠠᠨ ᠭᠠᠵᠠᠷ︾ ᠤᠨ ᠬᠡᠪᠴᠢᠶᠡᠨ ᠳᠤ ᠬᠢ ᠲᠣᠭᠲᠠᠭᠠᠯ ᠠᠴᠠ ᠵᠥᠷᠢᠴᠡᠨ  ᠪᠠᠶᠢᠭᠤᠯᠤᠬᠰᠠᠨ ᠪᠤᠯᠠᠰᠢ ᠶᠢ ᠴᠡᠭᠴᠡᠯᠡᠬᠡᠳ᠂  ᠴᠡᠭᠴᠡᠯᠡᠭᠰᠡᠨ ᠨᠣᠷᠮ᠎ᠠ 95% ᠳᠤ ᠬᠥᠷᠪᠡ᠃    ᠨᠢᠭᠡ ᠳᠤ᠂ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ ᠢ ᠴᠡᠭᠴᠡᠯᠡᠬᠦ ᠠᠵᠢᠯ ᠢ ᠲᠦᠷᠦᠯ ᠬᠤᠪᠢᠶᠠᠨ ᠠᠬᠢᠭᠤᠯᠪᠠ᠃ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠡᠵᠡᠨ ᠦᠬᠡᠢ ᠪᠤᠩᠬᠤᠨ ᠤ ᠭᠠᠵᠠᠷ ᠢ ᠭᠠᠴᠠᠭᠠᠨ ᠤ ᠵᠥᠪᠯᠡᠯ ᠤᠨ ᠬᠢᠨ ᠡᠵᠡᠨ ᠢ ᠨᠢ ᠡᠷᠢᠬᠦ᠂ ᠬᠠᠤᠯᠢ ᠲᠣᠭᠲᠠᠭᠠᠯ ᠶᠣᠰᠣᠭᠠᠷ ᠵᠠᠰᠠᠬᠤ ᠠᠷᠭ᠎ᠠ  ᠪᠠᠷ ᠲᠣᠬᠢᠲᠠᠢ ᠲᠥᠪᠬᠢᠨᠡᠭᠦᠯᠵᠦ᠂  ᠴᠡᠭᠴᠡᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃      ᠬᠤᠶᠠᠷ ᠲᠤ᠂ ᠤᠯᠠᠨ ᠲᠦᠮᠡᠨ ᠳᠤ ᠨᠡᠩ ᠰᠠᠶᠢᠳᠤᠷ ᠤᠶᠢᠯᠠᠭᠠᠭᠤᠯᠵᠤ᠂ ᠲᠡᠳᠡᠨ ᠤ ᠲᠡᠮᠵᠢᠯᠬᠡ ᠶᠢ ᠤᠯᠪᠠ᠃ ᠨᠡᠶᠢᠭᠡᠮ ᠲᠣᠭᠤᠷᠢᠭ᠂ ᠲᠣᠰᠬᠤᠨ ᠢᠶᠠᠷ ᠴᠢᠬᠤᠯᠠ ᠤᠬᠠᠭᠤᠯᠭ᠎ᠠ ᠶᠢᠨ ᠲᠠᠪᠴᠠᠩ ᠪᠣᠯᠭᠠᠵᠤ᠂ ᠡᠯ᠎ᠡ ᠲᠥᠷᠥᠯ ᠤᠨ ᠵᠠᠭᠤᠴᠢᠯᠠᠭᠤᠷ ᠤᠨ  ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠡᠷᠡᠮᠵᠢ ᠶᠢᠨ ᠫᠠᠶᠢᠰᠠ ᠵᠣᠬᠢᠶᠠᠬᠤ᠂ ᠰᠠᠨᠠᠭᠠᠴᠢᠯᠠᠭ᠎ᠠ ᠶᠢᠨ ᠪᠢᠴᠢᠭ ᠳᠠᠷᠤᠮᠠᠯᠯᠠᠨ ᠲᠠᠷᠬᠠᠭᠠᠬᠤ᠂ ᠬᠠᠩᠰᠢ ᠶᠢᠨ ᠡᠳᠦᠷ ᠵᠡᠷᠬᠡ ᠭᠤᠣᠯᠳᠠᠯᠭ᠎ᠠ ᠲᠠᠢ ᠮᠦᠴᠨ ᠳᠤ ᠲᠥᠪᠯᠡᠷᠡᠭᠦᠯᠦᠨ ᠤᠬᠠᠭᠤᠯᠬᠤ ᠵᠡᠷᠭᠡ ᠠᠷᠭ᠎ᠠ ᠪᠠᠷ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠬᠤ ᠶᠢᠨ ᠬᠠᠮᠲᠤ  ᠢᠯᠡᠴᠢᠯᠡᠬᠦ  ᠤᠳᠠᠰᠤ ᠶᠢ ᠨᠡᠶᠢᠲᠡᠯᠡᠵᠦ᠂ ᠣᠯᠠᠨ ᠲᠦᠮᠡᠨ ᠢ ᠪᠣᠯᠪᠠᠰᠤᠨ ᠣᠲᠣ ᠦᠶ᠎ᠡ ᠶᠢᠨ ᠣᠷᠣᠰᠢᠭᠤᠯᠭ᠎ᠠ ᠶᠢᠨ ᠤᠶᠢᠯᠠᠭᠠᠬᠳᠠᠬᠤᠨ ᠲᠠᠢ ᠪᠤᠯᠭᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠬᠳᠠᠷᠠᠭᠤᠯᠪᠠ᠃     ᠭᠤᠷᠪᠠ ᠳᠤ᠂ ᠲᠣᠭᠤᠷᠢᠨ ᠪᠠᠶᠢᠴᠠᠭᠠᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠪᠡ᠃ ᠲᠦᠷᠢᠮ ᠢ ᠵᠦᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ ᠢ ᠲᠣᠭᠤᠷᠢᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠬᠤᠳᠤᠩᠴᠤᠳ ᠤᠨ ᠲᠤᠭᠤᠷᠢᠭ ᠤᠨ ᠲᠥᠪᠯᠡᠷᠡᠭᠦᠯᠦᠨ ᠪᠤᠯᠠᠰᠢᠯᠠᠬᠤ ᠴᠡᠭ ᠪᠠ ︽ᠭᠤᠷᠪᠠᠨ ᠳᠠᠭᠠᠤ ᠲᠤᠯᠤᠭᠠᠨ  ᠭᠠᠵᠠᠷ︾ ᠤᠨ ᠭᠤᠣᠯᠳᠠᠯᠭ᠎ᠠ ᠲᠠᠢ ᠣᠷᠣᠨ ᠪᠦᠰᠡ ᠶᠢ ᠲᠣᠭᠲᠠᠮᠠᠯ ᠪᠤᠰᠤ ᠴᠠᠭ ᠢᠶᠠᠷ ᠬᠢᠨᠠᠨ ᠡᠵᠡᠮᠳᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠵᠡᠷᠭᠡ ᠪᠦᠷᠢᠯᠳᠦᠭᠦᠨ ᠨᠢᠬᠡᠴᠢ ᠶᠢᠨ ᠬᠢᠨ ᠲᠠᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠨᠡᠶᠢᠭᠡᠮ ᠲᠣᠭᠤᠷᠢᠭ︶ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠮ ᠬᠦᠴᠦᠨ ᠢ ᠪᠦᠷᠢᠯᠳᠤᠬᠦᠯᠪᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号