ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠦᠷ᠎ᠡ ᠪᠦᠲᠦᠭᠡᠯ ᠤᠨ ᠦᠵᠡᠭᠦᠯᠦᠯᠭᠡ ︵ᠳᠣᠯᠤᠭ᠎ᠠ︶
ᠨᠡᠶᠢᠲᠡᠯᠡᠭᠰᠡᠨ ᠴᠠᠭ᠄
2024/3/11
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 2023 ᠣᠨ ᠳᠤ ︽ᠨᠠᠬᠢᠶ᠎ᠠ︾ ᠬᠡᠷ ᠲᠤ ᠪᠠᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ  ᠬᠠᠯᠠᠮᠵᠢᠯᠠᠬᠤ ᠦᠢᠯᠡᠴᠢᠯᠡᠬᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ 8 ᠬᠤᠰᠢᠭᠤ ᠰᠢᠶᠠᠨ ᠲᠣᠭᠤᠷᠢᠭ ᠲᠤ ᠬᠡᠷᠡᠭᠵᠢᠬᠦᠯᠬᠦ ᠳᠤ ᠪᠡᠨ‌ᠭᠤᠤᠯᠳᠠᠭᠤ ᠮᠠᠯᠵᠢᠬᠤ ᠲᠠᠷᠢᠶᠠᠯᠠᠬᠤ ᠣᠷᠣᠨ ᠤ ᠬᠡᠷ ᠲᠤ ᠪᠠᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠷᠭ᠎ᠠ ᠪᠠᠷ  ᠬᠠᠯᠠᠮᠵᠢᠯᠠᠬᠤ ᠦᠢᠯᠡᠴᠢᠯᠡᠬᠡᠨ ᠤ ᠡᠬᠢ ᠪᠠᠶᠠᠯᠢᠭ ᠢ ᠣᠯᠠᠨ ᠲᠠᠯ᠎ᠠ ᠪᠠᠷ ᠬᠤᠯᠪᠣᠵᠤ᠂ ᠬᠠᠨᠳᠤᠯᠭᠠᠲᠤ ᠴᠢᠨᠠᠷᠲᠠᠶ ᠪᠠᠷ ᠨᠠᠷᠢᠯᠢᠬᠵᠢᠭᠤᠯᠬᠤ᠂ ᠨᠠᠷᠢᠯᠢᠭ ᠣᠨᠣᠴᠠᠲᠠᠶ᠂ ᠲᠤᠰᠬᠠᠶᠢᠵᠢᠭᠰᠠᠨ ᠬᠠᠯᠠᠮᠵᠢᠯᠠᠨ ᠲᠡᠳᠬᠦᠬᠦ ᠦᠢᠯᠡᠴᠢᠯᠡᠭᠡ ᠶᠢ ᠬᠠᠩᠭᠠᠵᠤ᠂ ᠲᠡᠳᠡᠨ ᠤ ︽  ᠪᠠᠴᠢᠮᠳᠠᠯ ᠬᠦᠴᠢᠷᠳᠡᠯ ᠵᠣᠪᠠᠨᠢᠯ︾  ᠢ ᠦᠨᠡᠨ ᠬᠦ  ᠰᠢᠢᠳᠪᠤᠷᠢᠯᠡᠨ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠤ ᠪᠠᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ ᠪᠤᠯᠭᠠᠪᠠ᠃ ᠪᠠᠶᠠᠨᠨᠠᠭᠤᠷ ᠬᠤᠳᠠ ᠶᠢᠨ ᠬᠤᠳᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠢᠨᠠᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠤ ᠲᠤᠷᠰᠢᠯᠭ᠎ᠠ  ᠲᠠᠢ ᠲᠠᠨᠢᠯᠴᠠᠶ᠎ᠠ᠃    ︽ᠪᠢ ᠰᠡᠳᠬᠢᠯ ᠢᠶᠠᠨ ᠪᠠᠷᠢᠵᠤ ᠠᠪᠤ ᠶᠢᠨ ᠢᠶᠠᠨ ᠡᠮᠦᠨ᠎ᠡ ᠠᠴᠠ ᠡᠵᠢ᠂ ᠥᠬᠢᠨ ᠳᠡᠭᠦᠦ ᠪᠠᠨ ᠰᠠᠶᠢᠬᠠᠨ ᠬᠠᠷᠠᠭᠠᠯᠵᠠᠨ᠎ᠠ︾ ᠬᠡᠳᠡᠭ ᠦᠬᠡ ᠠᠷᠪᠠᠳᠠᠢ ᠬᠡᠤᠬᠡᠨ ᠤᠨ ᠠᠮᠠᠨ ᠤ ᠤᠨᠠᠨ᠎ᠠ ᠭᠡᠵᠤ ᠰᠡᠳᠬᠢᠰᠢ ᠦᠬᠡᠢ᠃  2023 ᠣᠨ ᠤ 6 ᠳ᠋ᠤᠭᠠᠷ ᠰᠠᠷ᠎ᠠ ᠳᠤ ᠴᠧᠨ ᠴᠧᠨ ᠤ ᠠᠪᠤ ᠠᠳᠡᠯ ᠢᠶᠠᠷ ᠨᠠᠰᠤ  ᠪᠠᠷᠠᠬᠰᠠᠨ ᠢᠶᠠᠷ᠂ ᠭᠤᠷᠪᠠᠨ ᠠᠮᠨ ᠪᠦᠯᠢ ᠦᠨᠤᠴᠢᠨ ᠬᠤᠴᠤᠷᠤᠭᠠᠳ᠂ ᠬᠡᠷ ᠲᠤ ᠨᠢ ᠢᠨᠡᠶᠡᠳᠤ ᠪᠠᠶᠠᠷ ᠲᠠᠰᠤᠷᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ‌ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠬᠦᠯᠦᠭᠰᠡᠨ  ᠤ ᠲᠠᠷᠠᠭ᠎ᠠ᠂ ᠲᠤᠰ ᠲᠦᠷᠦᠯ ᠵᠦᠢᠯ ᠢ ᠬᠦᠯᠢᠶᠡᠨ ᠠᠪᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠪᠢ ᠳᠤ ᠪᠠᠶᠠᠨᠨᠠᠭᠤᠷ ᠬᠤᠳᠠ ᠶᠢᠨ ᠬᠤᠳᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠢᠨᠠᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠲᠤᠬᠠᠢ ᠶᠢᠨ ᠭᠠᠵᠠᠷ ᠲᠤ ᠨᠢ ᠪᠠᠶᠢᠳᠠᠯ ᠢ ᠣᠶᠢᠯᠠᠭᠠᠬᠤ ᠳᠤᠮᠳᠠ ᠪᠠᠨ ᠴᠧᠨ ᠴᠧᠨ ᠤ ᠬᠢᠨ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠮᠡᠳᠡᠬᠡᠳ᠂ ᠰᠡᠳᠬᠢᠴᠡ ᠶᠢᠨ  ᠵᠦᠪᠯᠡᠭᠴᠢ ᠡᠨᠡ ᠬᠦ ᠭᠡᠷ ᠪᠦᠯᠢ ᠶᠢᠨ ᠬᠢᠨ ᠤ ᠰᠡᠳᠬᠢᠯ ᠰᠠᠨᠠᠭᠠᠨ ᠤ ᠪᠠᠷᠠᠭᠠᠨ ᠡᠬᠦᠯᠨ ᠶᠢ ᠦᠯᠳᠡᠨ ᠠᠷᠢᠯᠭᠠᠬᠤ ᠪᠠᠷ ᠲᠤᠬᠳᠠᠪᠠ᠃      ᠰᠡᠳᠬᠢᠯ ᠳᠤ ᠨᠢ ᠬᠠᠨᠢ ᠪᠤᠯᠵᠤ ᠬᠠᠶᠢᠷ᠎ᠠ ᠪᠠᠷ ᠲᠤᠰᠠᠯᠠᠪᠠ      ︽ᠫᠠᠩ ᠠᠨᠢᠶ᠎ᠠ ᠮᠠᠨ ᠤ ᠳᠤ ᠠᠩᠬ᠎ᠠ  ᠢᠷᠡᠬᠦ ᠦᠶ᠎ᠡ ᠶᠢ ᠪᠢ ᠰᠠᠶᠢᠨ ᠴᠡᠭᠡᠵᠢᠯᠡᠵᠦ ᠪᠠᠶᠢᠨ᠎ᠠ᠂ ᠬᠠᠶᠢᠷᠴᠠᠭ ᠮᠣᠳᠣᠨ  ᠬᠡᠤᠬᠡᠯᠳᠡᠢ ᠶᠢᠨ ᠲᠣᠭᠯᠠᠭᠠᠮ ᠠᠪᠴᠢᠷᠠᠭᠠᠳ ᠨᠠᠳᠠ ᠲᠠᠢ ᠬᠠᠮᠳᠤ ᠲᠤᠬᠯᠠᠨ᠂ ᠲᠤᠯᠤᠭᠠᠢ ᠶᠢ ᠢᠯᠪᠢᠬᠦ ᠳᠤ  ᠨᠢ ᠪᠢ ᠤᠷᠢ ᠲᠠᠭᠤ ᠲᠠᠯᠪᠢᠬᠰᠠᠨ ᠁︾᠃      ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠢᠨᠠᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠲᠤᠬᠠᠢ ᠶᠢᠨ ᠭᠠᠵᠠᠷ ᠲᠤ ᠨᠢ ᠬᠦᠷᠴᠦ ᠪᠠᠶᠢᠳᠠᠯ ᠢ ᠤᠶᠢᠯᠠᠭᠠᠵᠤ ᠰᠢᠭᠰᠢᠬᠦ ᠠᠷᠭ᠎ᠠ  ᠪᠠᠷ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠮᠡᠳᠡᠭᠡ ᠵᠠᠩᠭᠢ ᠶᠢᠨ ᠬᠥᠮᠥᠷᠭᠡ  ᠶᠢ ᠪᠠᠶᠢᠭᠤᠯᠤᠬᠰᠠᠨ ᠤ ᠬᠠᠮᠲᠤ ᠲᠤᠰᠬᠠᠢ ᠰᠡᠳᠬᠢᠴᠡ ᠶᠢᠨ ᠵᠦᠪᠯᠡᠭᠴᠢ ᠶᠢᠨ ᠪᠦᠯᠬᠦᠮ ᠤᠨ ᠬᠢᠨ ᠲᠠᠢ ᠬᠤᠯᠪᠤᠭᠠᠯᠠᠨ ᠡᠷᠦᠬᠡ ᠲᠤ ᠨᠢ ᠬᠦᠷᠴᠤ ᠰᠡᠳᠬᠢᠴᠡ ᠶᠢᠨ ᠵᠢᠯᠣᠭᠤᠳᠤᠯᠭ᠎ᠠ ᠬᠢᠵᠦ᠂ SAS ︵ᠵᠣᠪᠠᠨᠢᠯ ᠢᠶᠠᠨ ᠥᠪᠡᠰᠦᠪᠡᠨ ᠦᠨᠡᠯᠡᠬᠦ ᠬᠦᠰᠦᠨᠦᠭ︶ ᠪᠠ SDS ︵ᠭᠠᠩᠰᠠᠷᠠᠯ ᠢ ᠥᠪᠡᠰᠦᠪᠡᠨ ᠦᠨᠡᠯᠡᠬᠦ ᠬᠦᠰᠦᠨᠦᠭ︶ ᠢ ᠠᠰᠢᠭᠯᠠᠨ ᠬᠡᠦᠬᠡᠳ ᠤᠨ ᠡᠷᠡᠭᠦᠯ ᠮᠡᠨᠳᠦ ᠶᠢᠨ ᠪᠠᠶᠢᠳᠠᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠳᠠᠯ᠂ ᠪᠣᠳᠠᠲᠠᠢ ᠬᠠᠷᠠᠭᠠᠯᠵᠠᠨ ᠬᠠᠮᠠᠭᠠᠯᠠᠵᠤ ᠪᠠᠶᠢᠭ᠎ᠠ ᠪᠠᠶᠢᠳᠠᠯ᠂ ᠭᠡᠷ ᠪᠦᠯᠢ ᠶᠢᠨ ᠠᠵᠤ ᠠᠬᠤᠢ ᠶᠢᠨ ᠢᠷᠡᠯᠲᠡ ᠵᠡᠷᠭᠡ ᠲᠠᠯ᠎ᠠ ᠪᠠᠷ ᠬᠡᠦᠬᠡᠳ ᠢ ᠰᠡᠳᠬᠢᠴᠡ ᠶᠢ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠭᠡᠵᠦ ᠭᠤᠷᠪᠠᠨ ᠲᠠᠰ   ᠬᠤᠪᠢᠶᠠᠬᠰᠠᠨ ᠤ ᠳ᠋ᠦᠡᠭ ᠳᠤ  ᠬᠡᠤᠬᠡᠳ ᠤᠨ  ᠠᠳᠠᠯᠢ ᠪᠤᠰᠤ ᠰᠡᠳᠬᠢᠴᠡ ᠶᠢᠨ ᠠᠰᠠᠭᠤᠳᠠᠯ ᠳᠤ ᠴᠢᠭᠯᠡᠬᠦᠯᠤᠨ ︽ᠣᠶᠤᠨ ᠰᠠᠨᠠᠭᠠᠨ ᠤ ᠬᠠᠨᠢ︾ ᠬᠤᠣᠰᠯᠠᠨ ᠬᠠᠪᠰᠤᠷᠤᠨ ᠵᠢᠯᠤᠭᠤᠳᠬᠤ ᠬᠡᠯᠪᠡᠷᠢ ᠶᠢ ᠠᠪᠴᠤ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨᠠᠬᠢ ᠶᠢᠨ ᠰᠡᠳᠬᠢᠴᠡ ᠶᠢᠨ ᠲᠠᠶᠢᠳᠬᠤᠷᠠᠭᠤᠯᠤᠯ ᠢ ᠦᠷᠭᠦᠯᠵᠢᠯᠡᠨ ᠬᠢᠵᠦ᠂ ᠰᠡᠳᠬᠢᠴᠡ ᠶᠢᠨ ᠬᠠᠯᠠᠮᠵᠢ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ᠂ ᠲᠠᠭᠠᠭᠠᠮᠠᠭᠠᠢ ᠴᠢᠨᠠᠷ ᠪᠠ ᠦᠷ᠎ᠡ ᠪᠦᠳᠤᠮᠵᠢ ᠶᠢ ᠪᠠᠳᠤᠯᠠᠪᠠ᠃ᠰᠠᠯᠠᠭ᠎ᠠ ᠮᠥᠴᠢᠷ ᠤᠨ ᠬᠢᠨ ᠬᠤᠯᠪᠤᠭᠠᠯᠠᠨ ᠬᠥᠳᠡᠯᠦᠯᠴᠡᠵᠦ ᠪᠠᠶᠢᠳᠠᠯ ᠢ ᠤᠨᠤᠪᠴᠢᠳᠠᠢ ᠣᠶᠢᠯᠠᠭᠠᠪᠠ      ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠠ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠯᠦᠭᠡ ᠰᠠᠨᠠᠭᠠᠴᠢᠯᠠᠭ᠎ᠠ ᠠᠴᠠ ᠪᠠᠨ ᠬᠤᠯᠪᠤᠭᠠᠯᠠᠨ᠂ ᠬᠠᠷᠢᠶᠠᠲᠤ ᠣᠷᠣᠨ ᠤ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠪᠦᠷᠢᠳᠬᠡᠬᠦ ᠠᠵᠢᠯ ᠢ ᠦᠷᠨᠢᠬᠦᠯᠪᠡ᠃ ᠬᠡᠷ ᠲᠤ ᠨᠢ ᠬᠦᠷᠴᠦ ᠬᠠᠷᠭᠤᠭᠤᠯᠤᠨ ᠪᠠᠶᠢᠴᠠᠭᠠᠬᠤ᠂ ᠮᠡᠳᠡᠭᠡ ᠵᠠᠩᠭᠢ ᠪᠠ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠴᠤᠭᠯᠠᠭᠤᠯᠬᠤ ᠪᠠᠷ ᠳᠡᠮᠵᠢᠨ᠂ ᠯᠢᠨ ᠾᠧ ᠲᠣᠭᠤᠷᠢᠭ ᠤᠨ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 9 ᠰᠤᠮᠤ ᠰᠢᠶᠠᠩ ᠪᠠᠯᠭᠠᠰᠤ᠂ 219  ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠦᠪᠯᠡᠯ︶ ᠤ ᠵᠥᠪᠯᠡᠯ ᠤᠨ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ 80 ᠬᠡᠤᠬᠡᠳ  ᠲᠤ ︽ᠨᠢᠭᠡ ᠬᠡᠦᠬᠡᠳ ᠲᠤ ᠨᠢᠭᠡ ᠲᠠᠩᠰᠠ ᠡᠪᠬᠡᠮᠡᠯ︾ ᠤᠨ ᠠᠷᠭ᠎ᠠ ᠪᠠᠷ ᠡᠯᠧᠺᠲᠷᠣᠨ ᠲᠠᠩᠰᠠ ᠡᠪᠬᠡᠮᠡᠯ ᠪᠠᠶᠢᠭᠤᠯᠤᠨ᠂ ᠰᠡᠳᠬᠢᠴᠡ ᠶᠢᠨ ᠬᠠᠪᠰᠤᠷᠤᠨ ᠵᠢᠯᠣᠭᠤᠳᠤᠯᠭ᠎ᠠ 135 ᠤᠳᠠᠭ᠎ᠠ ᠥᠷᠨᠢᠭᠦᠯᠵᠦ᠂ ᠲᠣᠮᠣ ᠬᠡᠯᠪᠡᠷᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠰᠡᠳᠦᠪᠲᠦ ᠲᠠᠶᠢᠯᠤᠮᠵᠢ ᠶᠢ 2 ᠲᠠᠯᠠᠪᠤᠷ ᠥᠷᠨᠢᠭᠦᠯᠦᠭᠡᠳ᠂ ᠮᠢᠩᠭ᠎ᠠ ᠰᠢᠬᠠᠮ ᠬᠡᠦᠬᠡᠳ ᠲᠤ ᠠᠰᠢᠭ ᠬᠦᠷᠲᠡᠭᠡᠭᠰᠡᠨ ᠪᠠᠶᠢᠨ᠎ᠠ᠃      ᠤᠶᠤᠨᠯᠢᠭ ᠰᠢᠰᠲ᠋ᠧᠮ ᠢᠶᠠᠷ ᠣᠨᠣᠪᠴᠢᠲᠠᠶ ᠢᠯᠭᠠᠨ ᠲᠠᠨᠢᠪᠠ    ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ᠂ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠪᠦᠷᠢᠯᠳᠦᠭᠦᠨ᠂ ᠬᠢᠨᠠᠨ ᠬᠠᠮᠠᠭᠠᠯᠠᠭᠴᠢ ᠶᠢᠨ ᠮᠡᠳᠡᠭᠡ ᠵᠠᠩᠭᠢ᠂ ᠡᠷᠡᠭᠦᠯ ᠮᠡᠨᠳᠦ ᠶᠢᠨ ᠪᠠᠶᠢᠳᠠᠯ ᠪᠡ ᠣᠷᠣᠰᠢᠨ ᠰᠠᠭᠤᠵᠤ ᠪᠠᠶᠢᠭ᠎ᠠ ᠪᠠᠶᠢᠳᠠᠯ ᠵᠡᠷᠭᠡ ᠮᠡᠳᠡᠭᠡ ᠵᠠᠩᠭᠢ ᠶᠢᠨ ᠮᠠᠲ᠋ᠧᠷᠢᠶᠠᠯ ᠢ ᠴᠠᠭ ᠲᠤᠬᠠᠢ ᠳᠤ ᠪᠢᠴᠢᠵᠦ ᠤᠷᠤᠭᠤᠯᠪᠠ᠃ ︽ᠬᠥᠳᠡᠯᠦᠩᠭᠦᠢ ᠬᠠᠮᠢᠶᠠᠷᠤᠯᠲᠠ︾ ᠶᠢᠨ ᠠᠵᠢᠯ ᠤᠨ ᠴᠢᠭᠯᠡᠯᠲᠡ ᠶᠣᠰᠣᠭᠠᠷ ᠮᠡᠳᠡᠭᠡ ᠵᠠᠩᠭᠢᠵᠢᠯᠲᠠ ᠶᠢᠨ ᠴᠤᠭᠯᠠᠭᠤᠯᠬᠤ ᠠᠷᠭ᠎ᠠ ᠶᠢ ᠠᠰᠢᠭᠯᠠᠨ᠂ ᠲᠤᠭ᠎ᠠ ᠪᠠᠷᠢᠮᠲᠠ ᠣᠷᠣᠭᠤᠯᠬᠤ ᠠᠵᠢᠯ ᠢ ᠭᠡᠷ  ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠪᠠᠶᠢᠳᠠᠯ ᠢ ᠪᠠᠶᠢᠴᠠᠭᠠᠬᠤ ᠲᠠᠢ ᠬᠠᠷᠢᠯᠴᠠᠨ ᠤᠶᠠᠯᠳᠤᠭᠤᠯᠵᠤ᠂ ᠴᠠᠭ ᠲᠤᠬᠠᠢ ᠳᠤ ᠨᠢ ᠡᠵᠡᠮᠰᠢᠨ᠂ ᠴᠠᠭ ᠲᠤᠬᠠᠢ ᠳᠤ ᠨᠢ ᠪᠢᠴᠢᠵᠦ ᠤᠷᠤᠭᠤᠯᠤᠭᠠᠳ᠂ ᠬᠠᠮᠤᠭ ᠡᠴᠦᠰ ᠲᠤ ︽ᠨᠢᠭᠡ ᠬᠡᠦᠬᠡᠳ ᠲᠤ ᠨᠢᠭᠡ ᠲᠠᠩᠰᠠ ᠡᠪᠬᠡᠮᠡᠯ︾ ᠤᠨ ᠡᠯᠧᠺᠲ᠋ᠣᠷᠣᠨᠴᠢᠯᠠᠭᠰᠠᠨ ᠲᠠᠩᠰᠠ ᠡᠪᠬᠡᠮᠡᠯ ᠢ  ᠪᠠᠶᠢᠭᠤᠯᠤᠬᠰᠠᠨ ᠤ ᠶᠢᠨ ᠬᠠᠮᠲᠤ ᠬᠡᠦᠬᠡᠳ ᠤᠨ ᠮᠡᠳᠡᠭᠡ ᠵᠠᠩᠭᠢ ᠶᠢᠨ ᠬᠤᠶᠠᠷ ᠬᠡᠮᠵᠢᠯᠲᠦ ᠺᠣᠳ᠋ ᠢ ᠪᠣᠶ ᠪᠣᠯᠭᠠᠵᠤ᠂ ᠴᠠᠭ ᠲᠤᠬᠠᠢ ᠳᠤ ᠨᠢ ᠪᠠᠶᠢᠴᠠᠭᠠᠨ ᠦᠵᠡᠵᠦ᠂ ᠰᠢᠯᠵᠢᠬᠦᠯᠵᠤ ᠪᠤᠯᠬᠤ ᠪᠤᠯᠭᠠᠵᠠᠢ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ  ᠬᠦᠴᠢᠷᠳᠡᠯ ᠳᠤ ᠲᠤᠯᠭᠠᠷᠠᠭᠰᠠᠨ 4 ᠬᠡᠦᠬᠡᠳ ᠲᠠᠢ ᠨᠡᠶᠢᠭᠡᠮ ᠤᠨ ᠡᠬᠢ ᠪᠠᠶᠠᠯᠢᠭ ᠢ ᠬᠤᠯᠪᠣᠵᠤ᠂ ᠣᠷᠳᠣ ᠪᠠᠷ ᠬᠠᠪᠰᠤᠷᠬᠤ ᠲᠣᠭᠲᠠᠴᠠ ᠶᠢ ᠪᠠᠶᠢᠭᠤᠯᠵᠤ᠂ ᠨᠠᠩ ᠣᠯᠠᠨ ᠬᠡᠦᠬᠡᠳ ᠤᠨ ᠪᠣᠳᠠᠲᠠᠢ ᠬᠡᠷᠡᠭᠴᠡᠭᠡ ᠶᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃   ᠭᠡᠷ ᠪᠦᠯᠢ ᠶᠢᠨ ᠬᠥᠮᠦᠵᠢᠯ ᠢᠶᠠᠷ ᠢᠷᠡᠭᠡᠳᠦᠢ ᠶᠢ ᠨᠢ ᠬᠡᠷᠡᠯᠳᠤᠬᠦᠯᠪᠡ    ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠨᠢ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭᠠᠨ ᠳᠤ ᠲᠤᠰᠬᠠᠢ ᠮᠡᠷᠭᠡᠵᠢᠯ ᠤᠨ ᠯᠧᠺᠲ᠋ᠣᠷ ᠢ ᠣᠯᠠᠨ ᠤᠳᠠᠭ᠎ᠠ ᠤᠷᠢᠨ ᠭᠡᠷ ᠪᠦᠯᠢ ᠶᠢᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠪᠠᠶᠠᠨᠨᠠᠭᠤᠷ ᠬᠤᠲᠠ ᠶᠢᠨ ᠯᠢᠨ ᠾᠧ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠰᠤᠳᠤᠯᠭᠠᠨ ᠤ ᠵᠢᠭᠠᠨ ᠵᠢᠯᠤᠭᠤᠳᠬᠤ ᠲᠥᠪ  ᠤᠨ ᠬᠢᠨ ᠯᠦᠭᠡ ᠬᠠᠮᠲᠤᠷᠠᠨ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠤᠨ ᠪᠠᠶᠢᠩᠭᠤᠵᠢᠭᠤᠯᠤᠯᠲᠠ ᠶᠢ ᠭᠦᠨᠵᠡᠭᠡᠶᠢᠷᠡᠭᠦᠯᠦᠨ ᠭᠡᠷ ᠪᠦᠯᠢ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠪᠡ᠃ 2 ᠡᠳᠦᠷ ᠤᠨ ᠬᠤᠭᠤᠴᠠᠭ᠎ᠠ ᠲᠠᠢ ︽ᠭᠡᠷ ᠤᠨ ᠠᠬᠠᠮᠠᠳ ᠤᠨ ᠬᠢᠴᠢᠶᠡᠯ︾ ᠢ 2 ᠤᠳᠠᠭ᠎ᠠ ᠡᠷᠭᠢᠯᠡᠵᠦ᠂ ᠨᠠᠷᠠᠲᠤ ᠰᠡᠳᠬᠢᠴᠡ ᠶᠢᠨ ᠵᠦᠪᠯᠡᠭᠴᠢ ᠶᠢ ᠤᠷᠢᠵᠤ ᠵᠠᠭᠤᠨ ᠭᠡᠷ ᠪᠦᠯᠢ ᠳᠤ ︽ᠬᠡᠦᠬᠡᠳ ᠤᠨ ᠰᠤᠷᠤᠯᠭ᠎ᠠ ᠶᠢᠨ ᠠᠰᠠᠭᠤᠳᠠᠯ ᠳᠤ ᠭᠡᠷ ᠤᠨ ᠠᠬᠠᠮᠠᠳ ᠬᠡᠷᠬᠢᠨ ᠬᠠᠪᠰᠤᠷᠬᠤ ᠪᠣᠶ︖︾ ᠵᠡᠷᠭᠡ ᠬᠢᠴᠢᠶᠡᠯ ᠢᠶᠠᠷ ᠠᠬᠠᠮᠠᠳ ᠢ ᠬᠡᠷ ᠪᠦᠯᠢ ᠶᠢᠨ ᠬᠥᠮᠦᠵᠢᠯ ᠤᠨ ᠵᠥᠪ ᠣᠶᠢᠯᠠᠭᠠᠭᠳᠠᠬᠤᠨ ᠲᠠᠢ ᠪᠣᠯᠭᠠᠵᠤ᠂ ᠭᠡᠷ ᠪᠦᠯᠢ ᠶᠢᠨ ᠬᠥᠮᠦᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠤᠯᠭᠠᠪᠠ᠃   ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠨᠢ ᠡᠬᠡ ᠤᠯᠤᠰ ᠤᠨ ᠢᠷᠡᠭᠡᠳᠦᠢ ᠲᠠᠢ ᠬᠤᠯᠪᠣᠭᠳᠠᠬᠤ ᠪᠣᠯᠬᠤᠷ ᠡᠭᠦᠷᠭᠡ ᠬᠦᠨᠳᠦ ᠵᠠᠮ ᠬᠤᠯᠠ ᠶᠤᠮ᠃ ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠭᠡᠷ ᠪᠦᠯᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ ᠲᠥᠪ ᠤᠨ ᠬᠢᠨ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠠᠵᠢᠯ ᠢ ᠨᠠᠷᠢᠯᠢᠭ  ᠰᠠᠶᠢᠨ ᠬᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠯᠳᠠ ᠶᠢ ᠢᠳᠡᠪᠬᠢᠲᠡᠢ ᠪᠠᠷ ᠬᠠᠮᠠᠭᠠᠯᠠᠨ᠂ ᠨᠠᠩ ᠣᠯᠠᠨ ᠬᠡᠤᠬᠡᠳ ᠢ  ᠴᠡᠯᠮᠡᠭ ᠬᠥᠬᠡ ᠲᠡᠭᠷᠢ ᠶᠢᠨ ᠳᠣᠣᠷ᠎ᠠ ᠰᠠᠨᠠᠭ᠎ᠠ ᠠᠮᠤᠷ ᠠᠮᠢᠳᠤᠷᠠᠭᠤᠯᠵᠤ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号