ᠰᠢᠨᠵᠢᠯᠡᠬᠦ ᠮᠡᠷᠭᠡᠵᠢᠯ ᠢᠶᠠᠷ ᠰᠣᠨᠣᠷ ᠲᠤ ᠲᠤᠰᠠᠯᠠᠬᠤ ᠠᠷᠭ᠎ᠠ ᠶᠢ ᠳᠡᠯᠭᠡᠷᠡᠭᠦᠯᠵᠦ ᠵᠡᠮᠳᠡᠭᠴᠦᠳ ᠢ ᠴᠢᠳᠠᠬᠤ  ᠶᠢᠨ ᠬᠢᠷᠢ ᠪᠠᠷ ᠲᠤᠰᠠᠯᠠᠵᠤ ᠪᠠᠶᠢᠨ᠎ᠠ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠤᠨ ᠲᠥᠪ ᠤᠨ ᠬᠢᠨ 25 ᠳ᠋ᠤᠭᠠᠷ ᠪᠥᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠤᠨ ᠤᠬᠠᠭᠤᠯᠭ᠎ᠠ ᠳᠤ ᠬᠦᠴᠦᠨ ᠨᠡᠮᠡᠷᠢ᠊
ᠨᠡᠶᠢᠲᠡᠯᠡᠭᠰᠡᠨ ᠴᠠᠭ᠄
2024/3/11
     3 ᠳ᠋ᠤᠭᠠᠷ ᠰᠠᠷ᠎ᠠ ᠶᠢᠨ 3 ᠤ ᠡᠳᠦᠷ ᠪᠣᠯ ᠮᠠᠨ ᠤ ᠤᠯᠤᠰ ᠤᠨ ᠪᠦᠬᠦ ᠤᠯᠤᠰ ᠤᠨ ᠬᠤᠷᠢᠨ ᠲᠠᠪᠤᠳᠡᠬᠢ ︽ᠴᠢᠬᠢ ᠪᠠᠨ ᠬᠠᠶᠢᠷᠠᠯᠠᠬᠤ ᠡᠳᠦᠷ︾ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠤᠨ ᠲᠥᠪ ᠤᠨ ᠬᠢᠨ ᠤ ᠡᠷᠬᠢᠯᠡᠭᠰᠡᠨ ︽ᠨᠠᠮ ᠤᠨ ᠪᠠᠶᠢᠭᠤᠯᠤᠯᠲᠠ ᠪᠠᠷ ᠵᠢᠯᠤᠭᠤᠳᠤᠭᠤᠯᠵᠤ ᠵᠡᠮᠳᠡᠭᠴᠦᠳ ᠢ ᠢᠯᠨ ᠪᠠᠷ ᠲᠤᠰᠠᠯᠠᠬᠤ︾ ᠪᠦᠬᠦ ᠤᠯᠤᠰ ᠤᠨ ᠬᠤᠷᠢᠨ ᠲᠠᠪᠤᠳᠡᠬᠢ ︽ᠴᠢᠬᠢ ᠪᠠᠨ ᠬᠠᠶᠢᠷᠠᠯᠠᠬᠤ ᠡᠳᠦᠷ︾ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠪᠥᠷ ᠮᠣᠩᠭᠤᠯ ᠤᠨ ᠡᠷᠡᠭᠦᠯᠵᠢᠯ ᠤᠨ ᠲᠤᠰᠠᠯᠠᠬᠤ ᠪᠠᠭᠠᠵᠢ  ᠪᠠ ᠨᠠᠰᠤᠵᠢᠯᠳᠠ ᠳᠤ ᠲᠣᠬᠢᠷᠠᠬᠤ ᠦᠢᠯᠡᠳᠬᠦᠨ ᠢ ᠳᠡᠯᠭᠡᠨ ᠦᠵᠡᠭᠦᠯᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠲᠤ ᠶᠠᠪᠤᠭᠳᠠᠪᠠ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠮᠠ ᠪᠢᠩ ᠴᠢᠤᠸᠠᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠳᠡᠳ᠋ ᠡᠷᠬᠢᠯᠡᠭᠴᠢ ᠵᠢᠶᠠ ᠫᠸᠡᠭ ᠨᠠᠷ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ
    ᠲᠣᠰ ᠠᠵᠢᠯᠯᠠᠭ᠎ᠠ ᠨᠢ ︽ᠰᠢᠨᠵᠢᠯᠡᠬᠦ ᠮᠡᠷᠭᠡᠵᠢᠯ ᠢᠶᠠᠷ ᠰᠣᠨᠣᠷ ᠲᠤ ᠲᠤᠰᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠶ᠎ᠡ︾ ᠭᠡᠳᠡᠭ ᠢᠶᠠᠷ ᠭᠤᠣᠯ ᠰᠡᠳᠦᠪ ᠪᠣᠯᠭᠠᠵᠤ᠂ ᠰᠣᠨᠣᠷ ᠤᠨ ᠰᠠᠭᠠᠳ ᠲᠠᠢ ᠨᠡᠶᠢᠲᠡ 30 ᠭᠠᠷᠤᠢ ᠬᠦᠮᠦᠰ ᠤᠨ ᠰᠤᠨᠤᠷ ᠢ ᠲᠤᠬᠠᠢ ᠶᠢᠨ ᠲᠠᠯᠠᠪᠤᠷ ᠤᠨ ᠪᠠᠶᠢᠴᠠᠭᠠᠬᠤ ᠶᠢᠨ ᠬᠠᠮᠳᠤ ᠰᠣᠨᠣᠷ ᠲᠤᠳᠤᠤᠡᠬᠠᠭᠤᠷ ᠲᠠᠭᠠᠷᠠᠭᠤᠯᠵᠤ ᠦᠭᠴᠡᠢ᠃ ᠠᠵᠢᠯᠯᠠᠭ᠎ᠠ ᠳᠤ ᠤᠷᠤᠯᠴᠠᠬᠰᠠᠳ ᠪᠠ ᠵᠡᠮᠳᠡᠭᠴᠦᠳ ᠤᠨ ᠲᠥᠯᠥᠭᠡᠯᠡᠭᠴᠢᠳ ᠵᠢᠱᠢᠶ᠎ᠡ ᠦᠵᠡᠭᠦᠯᠬᠦ ᠲᠥᠪ ᠤᠨ ᠳᠡᠯᠭᠡᠨ  ᠦᠵᠡᠬᠦᠯᠵᠤ ᠪᠠᠶᠢᠭ᠎ᠠ ᠲᠤᠰᠠᠯᠠᠬᠤ ᠪᠠᠭᠠᠵᠢ ᠶᠢ ᠲᠣᠭᠤᠷᠢᠨ ᠦᠵᠡᠵᠦ᠂ ᠵᠢᠱᠢᠶ᠎ᠡ ᠦᠵᠡᠭᠦᠯᠬᠦ ᠲᠥᠪ ᠤᠨ ᠵᠡᠮᠳᠡᠭᠴᠦᠳ ᠤᠨ ᠠᠰᠠᠷᠠᠮᠵᠢ ᠶᠢᠨ ᠦᠢᠯᠡᠰ ᠪᠠ ᠲᠤᠰᠠᠯᠠᠬᠤ ᠪᠠᠭᠠᠵᠢ ᠢ ᠳᠡᠯᠭᠡᠷᠡᠭᠦᠯᠬᠦ ᠠᠵᠢᠯ ᠢ ᠬᠥᠭᠵᠢᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠦᠨᠡᠯᠡᠬᠦ ᠶᠢᠨ ᠬᠠᠮᠲᠤ ᠵᠢᠱᠢᠶ᠎ᠡ ᠦᠵᠡᠭᠦᠯᠬᠦ ᠲᠥᠪ ᠤᠨ ᠢᠷᠡᠭᠡᠳᠦᠢ ᠶᠢᠨ ᠬᠥᠭᠵᠢᠯᠲᠡ ᠳᠤ ᠪᠦᠲᠦᠭᠡᠯᠴᠢ ᠰᠠᠨᠠᠯ ᠳᠤᠷᠠᠳᠴᠠᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号