ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠠᠷᠠᠳ ᠤᠨ ᠶᠠᠪᠤᠳᠠᠯ ᠤᠨ ᠬᠢᠨ ᠭᠠᠪᠰᠢᠭᠠᠶᠢᠯᠠᠵᠤ ᠪᠠᠶᠢᠨ᠎ᠠ  — ︽ᠶᠡᠭᠡ ᠬᠠᠶᠢᠷ᠎ᠠ ᠶᠢᠨ ᠤᠮᠠᠷᠠᠲᠤ ᠬᠢᠯᠢ᠂ ᠪᠤᠶᠠᠨᠰᠠᠭ ᠦᠢᠯᠡᠰ ᠲᠡᠶᠢᠰᠢ︾ ᠬᠡᠮᠡᠬᠦ ᠬᠠᠪᠤᠷ  ᠤᠨ ᠠᠵᠢᠯᠯᠠᠭ᠎ᠠ ᠶᠢᠨ ᠲᠤᠬᠠᠢ ᠰᠢᠷᠢᠰ ᠮᠡᠳᠡᠭᠡᠯᠡᠯ ︵ᠬᠤᠶᠠᠷ︶
ᠨᠡᠶᠢᠲᠡᠯᠡᠭᠰᠡᠨ ᠴᠠᠭ᠄
2024/3/13
    3 ᠳ᠋ᠤᠭᠠᠷ ᠰᠠᠷ᠎ᠠ ᠶᠢᠨ 5 ᠤ ᠡᠳᠦᠷ ᠪᠣᠯ ᠵᠢᠷᠠᠨ ᠨᠢᠬᠡᠳᠡᠬᠢ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠪᠣᠯᠣᠨ᠎ᠠ᠂ ᠪᠦᠬᠦ ᠣᠷᠣᠨ ᠤ ᠡᠯ᠎ᠡ ᠭᠠᠵᠠᠷ ᠤᠨ ᠨᠡᠶᠢᠭᠡᠮ ᠤᠨ ᠠᠵᠢᠯ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠪᠠᠶᠢᠭᠤᠯᠤᠮᠵᠢ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠢᠨ ᠤᠷᠢᠶᠠᠯᠠᠭ᠎ᠠ ᠶᠢ ᠴᠤᠤᠷᠢᠶᠠᠲᠤᠨ᠂ ᠭᠡᠷ ᠢ ᠨᠢ ᠴᠡᠪᠡᠷᠯᠡᠬᠦ᠂ ᠠᠯᠪᠠᠨ ᠵᠢᠷᠤᠮ ᠤᠨ ᠡᠮᠴᠢᠯᠡᠭᠡ᠂ ᠭᠠᠯ ᠤᠨ ᠠᠶᠤᠯ ᠢ ᠰᠡᠷᠬᠡᠶᠢᠯᠡᠬᠦ ᠲᠤᠬᠠᠢ ᠤᠬᠠᠭᠤᠯᠭ᠎ᠠ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠤᠨ᠂ ᠪᠣᠳᠠᠲᠠᠢ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠵᠠᠢ᠃ᠪᠤᠭᠤᠲᠤ ᠬᠤᠲᠠ ᠶᠢᠨ ᠵᠢᠤᠶᠤᠸᠠᠨ ᠲᠣᠭᠤᠷᠢᠭ ᠤᠨ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡ ᠶᠢᠨ ᠬᠢᠨ ᠶᠤᠸᠠᠨ ᠵᠧᠦ ᠨᠡᠶᠢᠭᠡᠮ ᠲᠣᠭᠤᠷᠢᠭ ᠤᠨ ᠬᠢᠨ ᠲᠠᠢ ᠬᠠᠮᠲᠤᠷᠠᠨ ︽ᠯᠧᠢ ᠹᠧᠩ ᠤᠨ ᠵᠣᠷᠢᠭ ᠰᠠᠨᠠᠭ᠎ᠠ  ᠶᠢ ᠪᠠᠳᠠᠷᠠᠭᠤᠯᠵᠤ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠪᠠᠶᠢᠭᠤᠯᠬᠤ︾ ᠯᠧᠢ ᠹᠧᠩ ᠠᠴᠠ ᠰᠤᠷᠤᠯᠴᠠᠬᠤ ᠡᠳᠦᠷ ᠤᠨ ᠰᠠᠶᠢᠨ ᠳᠤᠷ᠎ᠠ ᠶᠢᠨ ᠠᠵᠢᠯᠯᠠᠭ᠎ᠠ  ᠶᠢ ᠥᠷᠨᠢᠭᠦᠯᠵᠦ᠂ ᠨᠡᠶᠢᠭᠡᠮ ᠤᠨ ᠠᠵᠢᠯᠲᠠᠨ ᠪᠠ ᠰᠠᠶᠢᠨ ᠲᠤᠷᠠᠴᠤᠤᠯ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ ᠦᠳᠡᠬᠦᠰ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠡᠪᠡᠷᠯᠡᠬᠦ ᠶᠢᠨ ᠬᠠᠮᠳᠤ ᠪᠡᠶ᠎ᠡ ᠶᠢᠨ ᠪᠠᠶᠢᠳᠠᠯ ᠢ ᠨᠢᠮᠪᠠᠢ ᠯᠠᠪᠯᠠᠵᠤ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢ  ᠠᠰᠠᠭᠤᠨ ᠰᠤᠷᠠᠪᠠ᠃ ᠲᠡᠳᠡᠨ ᠤ ᠳᠣᠲᠣᠨᠣ ᠬᠠᠯᠠᠮᠵᠢᠯᠠᠯ᠂ ᠪᠣᠳᠠᠲᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢᠴᠢᠳ ᠤᠨ ᠰᠠᠶᠢᠨ ᠦᠨᠡᠯᠡᠯᠲᠡ ᠪᠠ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃   ᠲᠦᠩᠯᠢᠶᠣᠣ ᠬᠤᠲᠠ ᠶᠢᠨ ᠨᠡᠶᠢᠭᠡᠮ ᠤᠨ ᠠᠵᠢᠯ ᠤᠨ ᠨᠡᠶᠢᠭᠡᠮᠯᠢᠭ᠂ ᠬᠤᠷᠴᠢᠨ ᠲᠣᠭᠤᠷᠢᠭ ᠤᠨ ᠵᠡᠭᠦᠨ ᠲᠡᠭᠦᠷᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ  ᠬᠢᠨ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠨᠡᠶᠢᠭᠡᠮ ᠤᠨ ᠠᠵᠢᠯᠳᠠᠳ ᠪᠡᠶᠡᠳᠡᠨ ᠤᠷᠤᠯᠴᠠᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠬᠤᠯᠪᠣᠬᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠵᠡᠮᠳᠡᠭ ᠪᠠ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠤᠳᠠᠭᠠᠨ ᠴᠢᠨᠠᠷᠲᠠᠢ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠶᠢᠨ ᠬᠠᠮᠲᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠲᠠᠢ ᠨᠠᠰᠤᠲᠠᠶᠢᠴᠤᠳ ᠲᠤ ᠲᠤᠰᠬᠠᠢ ᠪᠠᠶᠢᠴᠠᠭᠠᠯᠲᠠ ᠬᠢᠵᠤ ᠦᠭᠭᠦ ᠪᠠᠷ ᠪᠤᠯᠵᠤᠬᠰᠠᠨ ᠤ ᠬᠠᠮᠳᠤ ᠨᠡᠶᠢᠭᠡᠮ ᠤᠨ ᠠᠵᠢᠯᠲᠠᠨ ᠪᠠᠰᠠ ᠡᠲᠡᠭᠡᠷ ᠨᠠᠰᠤᠲᠠᠶᠢᠴᠤᠳ ᠤᠨ ᠡᠮᠦᠨ᠎ᠡ ᠠᠴᠠ ᠲᠤᠰᠬᠠᠢ ᠮᠡᠷᠭᠡᠵᠢᠯ ᠤᠨ ᠡᠮᠴᠢ ᠠᠴᠠ ᠡᠪᠡᠳᠴᠢᠨ ᠤ ᠪᠠᠶᠢᠳᠠᠯ᠂ ᠡᠳᠦᠷ ᠲᠤᠲᠤᠮ ᠤᠨ ᠡᠷᠡᠭᠦᠯᠵᠢᠯ ᠤᠨ ᠠᠷᠭ᠎ᠠ ᠪᠠ ᠬᠤᠯᠪᠣᠭᠳᠠᠯ ᠪᠦᠬᠦᠢ ᠡᠷᠡᠭᠦᠯ ᠮᠡᠨᠳᠦ ᠶᠢᠨ ᠮᠡᠳᠡᠯᠭᠡ ᠶᠢ ᠠᠰᠠᠭᠤᠨ ᠯᠠᠪᠯᠠᠵᠠᠢ᠃   ᠤᠯᠠᠭᠠᠨᠬᠠᠳᠠ ᠬᠤᠳᠠ ᠶᠢᠨ ᠦᠷᠳᠡᠬᠡᠨ ᠤ ᠡᠮᠦᠨᠡᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠦᠷᠳᠡᠭᠡ᠂ ᠤᠯᠠᠭᠠᠨᠬᠠᠳᠠ ᠬᠤᠳᠠ ᠶᠢᠨ ︽ᠯᠠᠩ ᠲᠦ᠋︾ ᠠᠪᠤᠷᠠᠨ ᠲᠤᠰᠠᠯᠠᠬᠤ ᠠᠩᠭᠢ ᠶᠢᠨ ᠬᠢᠨ ᠵᠤᠤ ᠤᠳᠠ ᠨᠡᠶᠢᠭᠡᠮ ᠲᠣᠭᠤᠷᠢᠭ ᠤᠨ ᠬᠢᠨ ᠲᠠᠢ ᠬᠠᠮᠲᠤᠷᠠᠨ ︽ᠯᠧᠢ ᠹᠸᠡᠭ ᠠᠴᠠ ᠰᠤᠷᠤᠯᠴᠠᠨ ᠪᠣᠯᠪᠠᠰᠤᠨ ᠢᠶᠠᠷ ᠥᠪᠡᠷ ᠢ ᠪᠠᠨ ᠦᠢᠯᠡᠳᠦᠯᠭᠡᠵᠢᠭᠦᠯᠬᠦ ᠠᠵᠢᠯᠯᠠᠭ᠎ᠠ︾ ᠥᠷᠨᠢᠭᠦᠯᠵᠦ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠭᠠᠯ ᠤᠨ ᠠᠶᠤᠯ ᠠᠴᠠ ᠵᠠᠶᠢᠯᠠᠬᠤ ᠰᠣᠷᠢᠯᠲᠠ᠂ ᠠᠯᠪᠠᠨ ᠵᠢᠷᠤᠮ ᠤᠨ ᠡᠮᠴᠢᠯᠡᠭᠡ ᠪᠣᠯᠣᠨ ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠶᠢᠨ ᠯᠠᠪᠯᠠᠯᠭ᠎ᠠ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠰᠠᠭᠤᠭᠠᠯᠢ ᠠᠷᠠᠳ ᠤᠨ ᠠᠶᠤᠯ ᠦᠬᠡᠢ ᠶᠢᠨ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠠᠭᠤᠷ ᠠᠮᠢᠰᠬᠤᠯ ᠪᠣᠯᠣᠨ ᠪᠣᠯᠪᠠᠰᠤᠨ ᠳᠦᠷᠰᠦ ᠪᠠᠶᠢᠳᠠᠯ ᠢ ᠢᠯᠡᠷᠡᠭᠦᠯᠪᠡ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号