ᠦᠬᠠᠶ ᠬᠤᠲᠠ ᠶᠢᠨ ᠬᠢᠨ ︽ᠴᠠᠭᠠᠨ ᠰᠠᠷ᠎ᠠ ᠶᠢ ᠪᠠᠶᠠᠷᠯᠠᠨ ᠤᠭᠲᠤᠵᠤ ᠤᠬᠳᠤᠨ ᠬᠠᠯᠠᠮᠵᠢ ᠬᠦᠷᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠨᠠᠰᠤᠲᠠᠨ ᠢᠶᠠᠨ ᠬᠦᠨᠳᠦᠯᠡᠬᠦ ᠰᠠᠷ᠎ᠠ ᠰᠢᠨ᠎ᠡ ᠶᠢᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠪᠡ
ᠨᠡᠶᠢᠲᠡᠯᠡᠭᠰᠡᠨ ᠴᠠᠭ᠄
2024/3/15
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ  ᠪᠠᠳᠠᠷᠠᠭᠤᠯᠵᠤ᠂ ᠪᠠᠶᠠᠷ  ᠪᠠᠶᠠᠰᠤᠯ ᠲᠠᠢ ᠥᠯᠵᠡᠢ ᠪᠡᠯᠭᠡ ᠲᠠᠢ᠂ ᠪᠣᠯᠪᠠᠰᠤᠨ ᠡᠶ᠎ᠡ ᠵᠣᠬᠢᠴᠠᠩᠭᠤᠢ ᠪᠠᠶᠠᠷ ᠤᠨ ᠡᠳᠦᠷ ᠤᠨ ᠬᠥᠭ ᠠᠮᠢᠰᠬᠤᠯ ᠢ ᠪᠤᠢ  ᠪᠤᠯᠭᠠᠨ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠨᠡᠶᠢᠭᠡᠮ ᠤᠨ ᠣᠷᠴᠢᠨ ᠲᠣᠭᠤᠷᠢᠨ ᠢ  ᠡᠭᠦᠳᠬᠦ ᠶᠢᠨ ᠲᠥᠯᠥᠭᠡ ᠮᠠᠨ ᠤ ᠣᠷᠣᠨ ᠤ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠨᠠᠰᠤᠵᠢᠯ ᠤᠨ  ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨ ᠂ ᠴᠠᠭᠠᠨ ᠰᠠᠷ᠎ᠠ ᠶᠢᠨ ᠲᠠᠰᠢᠷᠠᠮ  ᠢᠶᠠᠷ ᠠᠷᠭ᠎ᠠ ᠤᠬᠠᠭᠠᠨ ᠰᠦᠪᠡᠭᠴᠢᠯᠡᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠪᠠᠶᠢᠭᠤᠯᠤᠮᠵᠢ ᠶᠢᠨ ᠨᠠᠰᠤᠲᠠᠶᠢᠴᠤᠳ ᠲᠤ ᠰᠠᠷ᠎ᠠ  ᠰᠢᠨ᠎ᠡ ᠶᠢᠨ ᠮᠡᠨᠳᠦᠴᠢᠯᠡᠯ ᠪᠠ ᠵᠦᠩᠨᠡᠯ ᠳᠡᠪᠰᠢᠭᠦᠯᠬᠦ ᠶᠢᠨ ᠬᠠᠮᠳᠤ ᠭᠤᠶᠢᠳᠠ ᠰᠠᠶᠢᠬᠠᠨ  ᠠᠵᠢᠯᠯᠠᠭ᠎ᠠ  ᠲᠤᠬᠢᠷᠠᠭᠤᠯᠵᠤ᠂ ᠪᠠᠶᠢᠭᠤᠯᠤᠮᠵᠢ ᠳᠤ ᠰᠠᠭᠤᠭ᠎ᠠ ᠨᠠᠰᠤᠲᠠᠶᠢᠴᠤᠳ ᠲᠤ ᠵᠢᠯ ᠴᠠᠭᠠᠨ ᠰᠠᠷ᠎ᠠ ᠶᠢᠨ ᠰᠠᠶᠢᠬᠠᠨ ᠢ ᠡᠳ᠋ᠯᠡᠭᠦᠯᠦᠯ᠎ᠡ᠃      ᠦᠬᠠᠢ ᠬᠤᠳᠠ ᠶᠢᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠤ ᠨᠠᠰᠤᠳᠠᠶᠢᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠠᠵᠢᠯᠯᠠᠭ᠎ᠠ ᠶᠢ 12 ᠤᠳᠠᠭ᠎ᠠ ᠥᠷᠨᠢᠭᠦᠯᠵᠡᠢ᠃ ᠦᠬᠠᠢ ᠬᠤᠳᠠ ᠶᠢᠨ  ᠠᠷᠠᠳ ᠤᠨ ᠶᠠᠪᠤᠳᠠᠯ ᠤᠨ  ᠲᠣᠪᠴᠢᠶ᠎ᠠ ᠶᠢᠨ ᠬᠢᠨ ᠨᠠᠰᠤᠲᠠᠶᠢᠴᠤᠳ ᠤᠨ ᠠᠵᠢᠯ ᠤᠨ ᠠᠯᠪᠠᠨ ᠬᠡᠷ ᠤᠨ ᠬᠢᠨ ᠲᠠᠢ ᠬᠠᠮᠲᠤᠷᠠᠨ ᠪᠦᠬᠦ ᠬᠤᠳᠠ ᠶᠢᠨ ᠬᠡᠰᠡᠭ  ᠦᠳᠡᠬᠦᠰ᠂ ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠢ 3 ᠤᠳᠠᠭ᠎ᠠ  ᠡᠷᠬᠢᠨ ᠦᠵᠡᠵᠤ᠂ 30 ᠤᠳᠠᠭ᠎ᠠ ᠲᠣᠬᠤᠨᠢᠭᠤᠯᠵᠤ᠂ ᠨᠡᠶᠢᠳᠡ 5.6 ᠲᠦᠮᠡᠨ ᠲᠥᠭᠦᠷᠢᠭ ᠤᠨ ᠲᠤᠬᠤᠨᠢᠭᠤᠯᠭ᠎ᠠ ᠶᠢᠨ ᠮᠥᠩᠭᠦ ᠲᠠᠷᠬᠠᠭᠠᠵᠤ᠂ ᠨᠠᠰᠤᠲᠠᠶᠢᠴᠤᠳ ᠲᠤ ᠴᠢᠩ ᠰᠡᠳᠬᠢᠯ ᠤᠨ ᠮᠡᠨᠳᠦᠴᠢᠯᠡᠯ ᠪᠠ  ᠰᠠᠷ᠎ᠠ  ᠰᠢᠨ᠎ᠡ ᠶᠢᠨ ᠵᠥᠩᠨᠡᠯ ᠢᠶᠠᠨ ᠳᠡᠪᠰᠢᠭᠦᠯᠵᠦ᠂ ᠰᠠᠷ᠎ᠠ ᠰᠢᠨ᠎ᠡ ᠪᠡ ᠠᠮᠤᠷ ᠠᠮᠤᠭᠤᠯᠠᠩ ᠥᠯᠵᠡᠢ ᠪᠡᠯᠭᠡ ᠲᠠᠢ ᠥᠩᠭᠡᠷᠡᠭᠦᠯᠬᠦ ᠶᠢ ᠵᠥᠩᠨᠡᠪᠡ᠃       ᠦᠬᠠᠢ ᠬᠤᠳᠠ ᠶᠢᠨ ︽ᠢ ᠡᡁᠧ︾ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠲᠠᠩᠭᠢᠮ ᠳᠤ ︽ᠰᠠᠷ᠎ᠠ ᠰᠢᠨ᠎ᠡ ᠪᠠᠷ ᠨᠠᠰᠤᠲᠠᠨ ᠢᠶᠠᠨ ᠬᠦᠨᠳᠦᠯᠡᠵᠦ ᠬᠠᠯᠠᠮᠵᠢ ᠶᠢ ᠬᠦᠷᠬᠡᠨ᠂ ᠪᠠᠶᠠᠷ ᠬᠦᠷ ᠲᠠᠢ ᠴᠠᠭᠠᠯᠠᠶ᠎ᠠ︾ ᠭᠡᠬᠦ ᠭᠤᠣᠯ ᠰᠡᠳᠦᠪᠲᠦ ᠲᠣᠬᠤᠨᠢᠭᠤᠯᠬᠤ ᠲᠣᠭᠯᠠᠯᠲᠠ ᠡᠷᠬᠢᠯᠡᠪᠡ᠂ ᠪᠦᠵᠢᠭ ︽ᠦᠩᠭᠡ ᠶᠢᠨ ᠴᠡᠴᠡᠭ ᠮᠢᠷᠠᠯᠵᠠᠭᠰᠠᠨ ᠪᠠᠳᠠᠷᠠᠯᠲᠤ ᠡᠷᠢᠨ︾᠂ ᠮᠤᠷᠢᠨ ᠬᠤᠭᠤᠷ  ᠤᠨ ᠬᠦᠭᠵᠢᠮ ︽ᠬᠥᠯᠥᠨ ᠪᠤᠶᠢᠷ ᠤᠨ ᠲᠠᠯ᠎ᠠ ᠨᠤᠲᠤᠭ︾᠂ ᠤᠳᠤ ᠦᠶ᠎ᠡ ᠶᠢᠨ ᠪᠡᠭᠡᠵᠢᠩ ᠵᠦᠴᠦᠭᠡ ︽ᠱᠠ ᠵᠢᠶᠠ ᠪᠠᠩ︾᠂  ᠤᠶᠢᠭᠤᠷ ᠪᠥᠵᠢᠭ ︽ᠭᠤᠶᠤ ᠬᠡᠦᠬᠡᠨ︾᠂ ᠮᠠᠨᠵᠤ ᠲᠡᠷᠯᠢᠭ ᠤᠨ ᠦᠵᠡᠬᠦᠯᠤᠯᠬᠡ ︽ᠦᠬᠠᠢ ᠨᠠᠭᠤᠷ︾ ᠵᠡᠷᠭᠡ ᠬᠦᠷ ᠬᠦᠭᠵᠢᠶᠡᠨ ᠲᠠᠢ ᠲᠣᠭᠯᠠᠯᠲᠠ ᠪᠠᠷ  ᠨᠠᠰᠤᠲᠠᠨ ᠢᠶᠠᠨ  ᠬᠦᠨᠳᠦᠯᠡᠵᠦ ᠬᠠᠶᠢᠷᠠᠯᠠᠬᠤ  ᠰᠡᠳᠬᠢᠯ ᠢᠶᠠᠨ ᠢᠯᠡᠳᠬᠡᠯ᠎ᠡ᠃     ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠢᠨ ᠲᠤᠰ ᠲᠣᠭᠤᠷᠢᠭ ᠤᠨ ᠰᠣᠶᠣᠯ ᠤᠨ ᠲᠣᠪᠴᠢᠶ᠎ᠠ ᠶᠢᠨ ᠬᠢᠨ  ᠲᠠᠢ ᠬᠠᠮᠳᠤᠷᠠᠨ ᠦᠬᠠᠢ ᠬᠤᠳᠠ ᠶᠢᠨ ᠤᠷᠠᠨ ᠪᠢᠴᠢᠯᠭᠡᠲᠡᠨ ᠢ ᠤᠷᠢᠵᠤ ︽ᠬᠡᠰᠢᠭ ᠪᠤᠶᠠᠨ ᠳᠡᠯᠭᠡᠷᠡᠭᠰᠡᠨ ᠴᠠᠭᠠᠨ ᠰᠠᠷ᠎ᠠ ᠪᠠᠨ ᠤᠭᠲᠤᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠵᠡᠢ᠂᠂ ᠲᠤᠬᠠᠢ  ᠶᠢᠨ  ᠲᠠᠯᠠᠪᠤᠷ  ᠲᠤ  ᠬᠥᠭᠵᠢᠶᠡᠨᠲᠥ  ᠠᠭᠤᠷ ᠠᠮᠢᠰᠬᠤᠯ ᠢᠶᠠᠷ ᠪᠢᠯᠬᠠᠵᠤ ᠂ ᠪᠢᠷ ᠪᠡᠬᠡᠰ ᠤᠨ ᠠᠩᠭᠢᠯᠤᠮ᠎ᠠ ᠦᠨᠤᠷ ᠰᠡᠩᠭᠢᠨᠡᠨ᠎ᠡ ᠂ ᠤᠷᠠᠨ ᠪᠢᠴᠢᠯᠬᠡᠳᠡᠳ ᠵᠣᠬᠢᠶᠠᠨ ᠪᠦᠲᠦᠭᠡᠬᠦ ᠶᠢᠨ ᠳᠠᠭᠠᠤ ᠨᠠᠰᠤᠲᠠᠶᠢᠴᠤᠳ ᠲᠠᠢ  ᠶᠠᠷᠢᠯᠴᠠᠵᠤ᠂ ᠤᠷᠠᠨ ᠪᠢᠴᠢᠯᠭᠡ ᠶᠢᠨ ᠤᠷ᠎ᠠ ᠮᠡᠷᠭᠡᠵᠢᠯ ᠂ ᠬᠤᠣᠰ ᠤᠶᠠᠩᠭ᠎ᠠ ᠶᠢᠨ ᠰᠣᠶᠣᠯ ᠢ ᠲᠠᠶᠢᠯᠪᠤᠷᠢᠯᠠᠵᠤ᠂  ᠳᠤᠮᠳᠠᠳᠤ ᠰᠠᠷ᠎ᠠ ᠰᠢᠨ᠎ᠡ᠂ ᠳᠤᠮᠳᠠᠳᠤ ᠤᠨ ᠦᠨᠦᠷ ᠠᠮᠲᠠ᠂ ᠳᠤᠮᠳᠠᠳᠤ ᠤᠨ ᠬᠠᠶᠢᠷ᠎ᠠ ᠶᠢ ᠤᠷᠠᠨ ᠪᠦᠳᠤᠭᠡᠯ ᠳᠤ  ᠪᠠᠨ ᠠᠭᠤᠰᠬᠠᠵᠤ᠂ ᠨᠠᠰᠤᠲᠠᠶᠢᠴᠤᠳ ᠲᠤ  ᠰᠠᠷ᠎ᠠ  ᠰᠢᠨ᠎ᠡ ᠶᠢᠨ ᠵᠥᠩᠨᠡᠯ  ᠳᠡᠪᠰᠢᠭᠦᠯᠪᠡ᠃    ᠦᠬᠠᠢ ᠬᠤᠳᠠ ᠶᠢᠨ ᠤᠳᠠ ᠲᠣᠭᠤᠷᠢᠭ ᠤᠨ ︽ᠱᠧᠤ ᠺᠠᠩ ᠢ︾ ᠰᠤᠪᠢᠯᠠᠯᠲᠠ ᠶᠢᠨ ᠬᠦᠷᠢᠶᠡᠯᠡᠩ ᠤᠨ ᠬᠢᠨ ᠲᠣᠭᠤᠷᠢᠭ ᠤᠨ ᠢᠶᠠᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢ ᠤᠷᠢᠵᠤ ᠴᠠᠭᠠᠨ ᠰᠠᠷ᠎ᠠ   ᠪᠠᠨ ᠤᠭᠲᠤᠬᠤ ︽ᠲᠦᠭ ᠲᠦᠮᠡᠨ ᠡᠷᠤᠬᠡ ᠳᠤ ᠲᠦᠮᠡᠨ ᠪᠤᠶᠠᠨ ᠢ ᠳᠡᠯᠭᠡᠷᠡᠭᠦᠯᠬᠦ︾ ᠤᠷᠠᠨ ᠰᠠᠶᠢᠬᠠᠨ ᠤ ᠰᠠᠶᠢᠨ ᠳᠤᠷ᠎ᠠ ᠶᠢᠨ ᠠᠵᠢᠯᠯᠠᠭ᠎ᠠ    ᠦᠷᠨᠢᠬᠦᠯᠵᠤ ᠂ ︽  ᠡᠪ ᠬᠠᠮᠳᠤ ᠨᠠᠮ ᠡ᠂ ᠬᠠᠶᠢᠷᠠᠲᠤ ᠡᠵᠢ ᠮᠢᠨᠢ︾ ︽  ᠤᠯᠠᠭᠠᠨ  ᠭᠦᠢᠯᠡᠰᠤᠨ  ᠤ ᠮᠠᠭᠳᠠᠭᠠᠯ︾ ᠭᠡᠬᠦ ᠳᠠᠭᠤᠤ ︽  ᠲᠠᠯᠠᠷᠬᠠᠯ︾  ᠭᠡᠬᠦ  ᠤᠶᠠᠩᠭᠠᠯᠠᠯ᠂ ︽ᠮᠢᠩᠭᠠᠨ ᠭᠠᠵᠠᠷ ᠤᠨ ᠬᠢᠯᠢ ᠬᠢᠵᠠᠭᠠᠷ︾ ᠂ ︽ᠤᠯᠠᠭᠠᠨ ᠲᠤᠭ ᠤᠨ ᠬᠠᠳᠬᠤᠮᠠᠯ︾  ᠭᠡᠬᠦ  ᠪᠥᠵᠢᠭ ᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠵᠡᠷᠭᠡ  ᠨᠠᠰᠤᠲᠠᠶᠢᠴᠤᠳ ᠤᠨ ᠬᠠᠮᠲᠤ ᠶᠢᠨ ᠳᠠᠭᠤᠤ ᠨᠢ ᠲᠤᠬᠠᠢ ᠶᠢᠨ ᠲᠠᠯᠠᠪᠠᠢ  ᠶᠢ ᠵᠢᠯ ᠴᠠᠭᠠᠨ ᠰᠠᠷ᠎ᠠ ᠶᠢᠨ ᠠᠭᠤᠷ ᠠᠮᠢᠰᠬᠤᠯ᠂ ᠪᠠᠶᠠᠷ  ᠪᠠᠶᠠᠰᠤᠯ ᠢᠶᠠᠷ ᠪᠢᠯᠬᠠᠭᠤᠯᠵᠤ  ᠂ ᠨᠠᠰᠤᠲᠠᠶᠢᠴᠤᠳ ᠴᠤ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ  ᠲᠠᠢ ᠪᠠᠶᠢᠯ᠎ᠠ᠃              
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号