ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ᠶᠢᠨ ᠬᠢᠨ ᠨᠠᠰᠤᠳᠠᠶᠢᠴᠤᠳ ᠢ ᠡᠭᠦᠳᠡᠨ ᠳᠤ ᠨᠢ ᠠᠰᠠᠷᠠᠭᠠᠳ  ᠠᠮᠢᠳᠤᠷᠠᠯ ᠳᠤ ᠨᠢ ᠦᠡᠭᠭᠡ ᠨᠡᠮᠡᠵᠤ ᠪᠠᠶᠢᠨ᠎ᠠ
ᠨᠡᠶᠢᠲᠡᠯᠡᠭᠰᠡᠨ ᠴᠠᠭ᠄
2024/3/18
     ᠳᠥᠭᠦᠮ ᠳᠥᠲᠡ ᠦᠨᠳᠤᠰᠤᠨ ᠡᠮᠴᠢᠯᠡᠭᠡ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠡᠬᠦᠳᠡᠨ ᠳᠤ ᠬᠡᠨ ᠡᠳ᠋ᠯᠡᠵᠤ᠂ ᠡᠯ᠎ᠡ ᠵᠦᠢᠯ ᠤᠨ ᠵᠤᠭ᠎ᠠ ᠴᠡᠩᠭᠡᠬᠦᠨ ᠤ ᠠᠵᠢᠯᠯᠠᠭ᠎ᠠ ᠳᠤ ᠤᠷᠤᠯᠴᠠᠭᠠᠳ ᠁ ᠣᠷᠳᠣᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠬᠤᠲᠠ ᠬᠥᠳᠡᠭᠡ ᠭᠡᠰᠡᠨ ᠦᠭᠡᠢ᠂ ᠨᠠᠰᠤᠲᠠᠶᠢᠴᠤᠳ ᠥᠲᠡᠯᠦᠭᠡ ᠨᠠᠰᠤ ᠪᠠᠨ ᠵᠢᠷᠭᠠᠯᠳᠠᠢ ᠦᠡᠭᠭᠡᠷᠡᠬᠦᠯᠵᠤ ᠪᠠᠶᠢᠨ᠎ᠠ᠃      ᠭᠠᠳᠠᠨ᠎ᠠ ᠶᠠᠰᠤ ᠶᠠᠩᠬᠢᠨᠠᠮ᠎ᠠ ᠬᠦᠢᠲᠡᠨ ᠪᠣᠯᠪᠠᠴᠤ ᠦᠷᠤᠬᠡᠨ ᠳᠤ ᠦᠶᠦᠭ ᠲᠤᠯᠠᠭᠠᠬᠠᠨ ᠪᠠᠶᠢᠯ᠎ᠠ᠃ 2023 ᠣᠨ ᠤ ᠡᠪᠦᠯ ᠡᠵᠡᠨ ᠬᠤᠷᠤᠭ᠎ᠠ ᠬᠤᠰᠢᠭᠤᠨ ᠤ ᠬᠤᠳᠤᠩ ᠤᠨ ᠰᠦᠮ᠎ᠡ ᠭᠠᠴᠠᠭ᠎ᠠ ︵合同庙嘎查︶ ᠶᠢᠨ ᠨᠠᠰᠤᠵᠢᠯ ᠤᠨ ᠠᠰᠠᠷᠠᠮᠵᠢ ᠶᠢᠨ ᠨᠡᠭᠦᠳᠡᠯ ᠦᠢᠯᠡᠴᠢᠯᠡᠭᠡᠨ ᠤ ᠥᠷᠲᠡᠭᠡᠨ ᠤ ᠠᠵᠢᠯᠲᠠᠳ ᠬᠦᠷ ᠴᠠᠰᠤ᠂ ᠬᠠᠬᠢᠷ ᠬᠦᠢᠲᠡᠨ ᠢ ᠦᠯᠤ ᠬᠠᠶᠢᠬᠤᠷᠤᠨ᠂ ᠬᠦᠳᠡᠯᠵᠤ ᠪᠠᠷᠢᠬᠤ ᠳᠤ ᠪᠠᠨ ᠲᠦᠬᠦᠮ ᠦᠬᠡᠢ ᠯᠢᠦ ᠶᠦᠩ ᠮᠢᠩ ᠨᠠᠰᠤᠳᠠᠨ  ᠤ ᠳᠤ ᠢᠷᠡᠵᠤ ᠬᠦᠵᠦᠭᠦᠦ ᠶᠢ ᠨᠢ ᠨᠤᠬᠤᠯᠵᠤ ᠦᠭᠭᠦᠭᠰᠡᠨ ᠮᠦᠷᠳᠡᠬᠡᠨ ᠴᠤᠩᠬᠤᠨ ᠤ ᠰᠢᠯ ᠢ ᠨᠢ ᠵᠦᠯᠭᠦᠵᠦ᠂ ᠭᠡᠷ ᠲᠡᠷᠬᠡ ᠶᠢ ᠨᠢ ᠴᠡᠪᠡᠷᠯᠡᠵᠤ ᠦᠭᠪᠡ᠃       ᠯᠢᠦ ᠶᠦᠩ ᠮᠢᠩ᠄ ︽ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨ ᠤ ᠮᠠᠨ ᠤ ᠬᠡᠷ ᠲᠤ ᠨᠠᠰᠤᠵᠢᠯᠲᠠ ᠶᠢᠨ ᠥᠭᠡᠷᠡᠴᠢᠯᠡᠯᠲᠡ ᠬᠢᠵᠤ ᠦᠭᠭᠦᠭᠰᠡᠨ ᠠᠴᠠ ᠭᠠᠳᠠᠨ᠎ᠠ᠂ ᠦᠢᠯᠡᠴᠢᠯᠡᠭᠡᠨ ᠤ ᠥᠷᠲᠡᠭᠡᠨ ᠤ ᠠᠵᠢᠯᠳᠠᠳ ᠦᠷᠭᠦᠯᠵᠢ ᠢᠷᠡᠵᠦ ᠮᠢᠨᠤ ᠴᠢᠰᠤᠨ ᠳᠠᠷᠤᠯᠲᠠ᠂ ᠴᠢᠰᠤᠨ ᠤ ᠰᠢᠬᠢᠷ ᠢ ᠪᠠᠶᠢᠴᠠᠭᠠᠵᠤ ᠦᠭᠳᠡᠭ ᠪᠦᠬᠡᠳ ᠬᠦᠵᠤᠬᠦᠤ ᠰᠡᠬᠡᠷ ᠢ ᠢᠯᠢᠵᠤ ᠨᠤᠬᠤᠯᠵᠤ ᠦᠭᠳᠡᠭ ᠲᠤ ᠨᠢ ᠴᠢᠩ ᠰᠡᠳᠬᠢᠯ ᠠᠴᠠ ᠠᠴᠠ ᠲᠠᠯᠠᠷᠬᠠᠵᠤ ᠶᠠᠪᠤᠳᠠᠭ ᠰᠢᠤ ︾ ᠭᠡᠵᠤ ᠲᠤᠬᠳᠤᠯᠤᠨ ᠶᠠᠷᠢᠵᠤ ᠪᠠᠶᠢᠯ᠎ᠠ᠃    ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ ᠡᠳᠦᠷ ᠤᠨ ᠭᠤᠷᠪᠠᠨ ᠡᠷᠡᠨ ᠤ ᠬᠤᠭᠤᠯᠠ ᠲᠡᠳᠤᠢ ᠪᠢᠰᠢ᠂ ᠨᠠᠰᠤᠲᠠᠶᠢᠴᠤᠳ ᠤᠨ ᠬᠡᠷᠡᠭᠴᠡᠭᠡ ᠶᠢ ᠨᠡᠩ ᠤᠯᠠᠨ ᠬᠥᠮᠥᠰ ᠤᠨ ᠠᠩᠬᠠᠷᠤᠯ ᠳᠤ ᠪᠠᠨ ᠠᠪᠬᠤ ᠴᠢᠬᠤᠯᠠᠳᠠᠢ ᠶᠤᠮ᠃ ᠣᠶᠢᠯᠠᠭᠠᠭᠰᠠᠨ ᠢᠶᠠᠷ᠂  ᠰᠤᠪᠤᠷᠭ᠎ᠠ ᠪᠠᠯᠭᠠᠰᠤᠨ ᠤ ᠬᠤᠳᠤᠩ ᠤᠨ ᠰᠦᠮ᠎ᠡ ᠭᠠᠴᠠᠭ᠎ᠠ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠨ 892 ᠬᠥᠮᠥᠨ ᠪᠤᠢ ᠶᠢᠨ ᠲᠤᠳᠤᠷ᠎ᠠ 111 ᠨᠢ ᠭᠤᠤᠨᠢ ᠨᠠᠰᠤᠲᠠᠨ ᠶᠤᠮ᠃ ᠡᠵᠡᠨ ᠬᠤᠷᠤᠭ᠎ᠠ ᠬᠤᠰᠢᠭᠤᠨ ᠤ ᠬᠢᠨ ᠨᠠᠰᠤᠲᠠᠶᠢᠴᠤᠳ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ 2023 ᠣᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠭᠦᠳᠡᠯ ᠥᠷᠲᠡᠭᠡ ᠪᠠᠶᠢᠭᠤᠯᠵᠤ᠂ ᠬᠤᠳᠤᠩ ᠤᠨ ᠰᠦᠮ᠎ᠡ ᠭᠠᠴᠠᠭ᠎ᠠ᠂ ᠶᠠᠩ ᠵᠢᠶᠠ ᠬᠤᠸ ᠲᠣᠰᠬᠤᠨ᠂ ᠵᠠᠵᠠᠢ ᠶᠢᠨ ᠰᠦᠮ᠎ᠡ ᠲᠣᠰᠬᠤᠨ᠂  ᠠᠰᠠᠷ ᠤᠨ ᠰᠢᠯᠢ ᠲᠣᠰᠬᠤᠨ ᠵᠡᠷᠭᠡ 10 ᠭᠠᠴᠠᠭ᠎ᠠ ᠲᠤᠰᠬᠤᠨ ᠢ ᠬᠠᠮᠤᠷᠴᠠᠢ᠃ ᠡᠭᠦᠨ ᠤ ᠬᠠᠮᠲᠤ 10 ᠭᠠᠴᠠᠭ᠎ᠠ ᠲᠣᠰᠬᠤᠨ ᠤ  ᠬᠡᠷ  ᠤᠨ ᠮᠤᠬᠤᠷ ᠰᠠᠬᠢᠬᠰᠠᠨ᠂  ᠦᠳᠡᠬᠦᠰ᠂ ᠭᠠᠭᠴᠠᠭᠠᠷ ᠰᠠᠭᠤᠭ᠎ᠠ᠂  ᠪᠡᠶ᠎ᠡ ᠳᠤ ᠪᠠᠨ ᠵᠦᠪ ᠦᠬᠡᠢ ᠨᠠᠰᠤᠲᠠᠶᠢᠴᠤᠳ ᠲᠤ ᠨᠢᠭᠡ ᠬᠥᠮᠥᠨ ᠳᠤ ᠨᠢᠭᠡ ᠲᠠᠰ ᠢᠶᠠᠷ ᠭᠡᠷ ᠲᠤ ᠨᠢ ᠬᠦᠷᠴᠦ ᠦᠢᠯᠡᠴᠢᠯᠡᠬᠦ᠂ ᠡᠳᠦᠷ ᠲᠤᠲᠤᠮ ᠤᠨ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠵᠤ ᠦᠭᠬᠦ ᠠᠵᠢᠯᠯᠭ᠎ᠠ ᠶᠢ ᠥᠷᠨᠢᠭᠦᠯᠵᠦ᠂ ᠤᠯᠠᠭᠠᠨ ᠤ ᠭᠠᠳᠠᠨᠠᠬᠢ ᠬᠥᠯ ᠵᠠᠰᠠᠯᠭ᠎ᠠ᠂ ᠴᠢᠰᠤᠨ ᠳᠠᠷᠤᠯᠲᠠ ᠶᠢ ᠬᠡᠮᠵᠢᠬᠦ᠂ ᠬᠦᠵᠤᠬᠦᠤ ᠰᠡᠬᠡᠷ ᠢ ᠨᠢ ᠢᠯᠢᠵᠤ ᠨᠤᠬᠤᠯᠬᠤ᠂ ᠴᠢᠰᠤᠨ ᠤ ᠰᠢᠬᠢᠷ᠂ ᠴᠢᠰᠤᠨ ᠤ ᠬᠦᠴᠢᠯᠲᠥ᠋ᠷᠥᠭᠴᠢ ᠶᠢ ᠨᠢ ᠪᠠᠶᠢᠴᠠᠭᠠᠵᠤ ᠦᠭᠭᠦ ᠠᠵᠢᠯᠯᠠᠭ᠎ᠠ ᠦᠷᠨᠢᠬᠦᠯᠳᠡᠭ ᠪᠠᠶᠢᠯ᠎ᠠ ᠃ ᠪᠠᠰᠠ ᠨᠠᠰᠤᠲᠠᠶᠢᠴᠤᠳ ᠤᠨ ᠰᠢᠯ ᠢ ᠨᠢ ᠵᠦᠯᠬᠦᠵᠤ᠂ ᠭᠡᠷ ᠲᠡᠷᠬᠡ ᠶᠢ ᠨᠢ ᠴᠡᠪᠡᠷᠯᠡᠬᠦ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠬᠤ᠂ ᠲᠦᠷᠦᠭᠰᠡᠨ ᠡᠳᠦᠷ ᠤᠨ ᠪᠠᠶᠠᠷ ᠤᠨ ᠮᠡᠨᠳᠤ ᠬᠦᠷᠭᠡᠬᠦ ᠵᠡᠷᠭᠡ  ᠦᠢᠯᠡᠴᠢᠯᠡᠭᠡ ᠬᠦᠷᠳᠡᠭᠡᠳᠡᠭ᠃    ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠮᠠ ᠬᠤᠩ ᠬᠠᠢ᠄ ︽ᠪᠢᠳᠡ 10 ᠲᠣᠰᠬᠤᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠭᠦᠳᠡᠯ ᠥᠷᠲᠡᠭᠡ ᠶᠢ ᠠᠮᠵᠢᠯᠲᠠ ᠲᠠᠢ ᠪᠠᠶᠢᠭᠤᠯᠵᠤ᠂ 2024 ᠣᠨ ᠳᠤ᠂ ᠬᠤᠨᠢᠴᠢᠨ ᠭᠤᠤᠯ ᠪᠠᠯᠭᠠᠰᠤᠨ ᠤ  ᠬᠤᠨᠢᠴᠢᠨ ᠭᠤᠤᠯ  ᠲᠤᠰᠬᠤᠨ ︵红庆河镇红庆河村︶᠂ ᠵᠠᠰᠠᠭ ᠪᠠᠯᠭᠠᠰᠤᠨ ᠤ ᠮᠦᠡᠭᠭᠡᠴᠢ ᠭᠠᠴᠠᠭ᠎ᠠ ︵札萨克镇门克庆嘎查︶᠂ ᠤᠯᠠᠭᠠᠨᠮᠥᠷᠡᠨ ᠪᠠᠯᠭᠠᠰᠤᠨ ᠤ ᠴᠠᠭᠠᠨ ᠰᠤᠭᠤ ᠲᠣᠰᠬᠤᠨ ︵乌兰木伦镇查干苏村︶ ᠳᠤ ︽ᠨᠠᠮ ᠤᠨ ᠪᠠᠶᠢᠭᠤᠯᠤᠯᠲᠠ + ᠨᠠᠰᠤᠵᠢᠯ ᠤᠨ ᠠᠰᠠᠷᠠᠮᠵᠢ︾ ᠵᠠᠭᠪᠤᠷ ᠢᠶᠠᠷ ᠭᠠᠴᠠᠭ᠎ᠠ ᠲᠤᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠭᠠᠴᠠᠭ᠎ᠠ ᠲᠤᠰᠬᠤᠨ ᠪᠤᠯᠭᠠᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠭᠦᠳᠡᠯ ᠥᠷᠲᠡᠭᠡ ᠨᠢᠬᠡ ᠶᠢ ᠪᠠᠶᠢᠭᠤᠯᠵᠤ᠂ ᠪᠦᠷᠬᠦᠯᠳᠡ ᠪᠠᠷ ᠤᠯᠠᠨ ᠲᠤᠰᠬᠤᠨ ᠢ ᠲᠠᠶᠢᠴᠢᠯᠠᠵᠤ᠂ ᠣᠯᠠᠨ ᠲᠣᠰᠬᠤᠨ ᠢ ᠬᠤᠯᠪᠤᠭᠠᠯᠠᠨ ᠪᠠᠶᠢᠭᠤᠯᠬᠤ ᠶᠢ ᠪᠠᠶᠢᠳᠠᠯ ᠢ ᠪᠤᠢ ᠪᠤᠯᠭᠠᠨ᠎ᠠ︾ ᠭᠡᠵᠦ ᠶᠠᠷᠢᠵᠤ ᠪᠠᠶᠢᠯ᠎ᠠ᠃    ᠨᠠᠰᠤᠵᠢᠯ ᠤᠨ ᠦᠢᠯᠡᠴᠢᠯᠡᠭᠡ ᠪᠣᠯ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠤᠨ ᠬᠠᠮᠤᠭ ᠤᠨ ᠴᠢᠬᠤᠯᠠ ᠠᠭᠤᠯᠭ᠎ᠠ ᠶᠢᠨ ᠨᠢᠭᠡ ᠶᠤᠮ᠃ ᠡᠵᠡᠨ ᠬᠤᠷᠤᠭ᠎ᠠ ᠬᠤᠰᠢᠭᠤᠨ ᠤ 60 ᠨᠠᠰᠤᠨ ᠠᠴᠠ ᠳᠡᠭᠡᠭᠰᠢᠬᠢ ᠨᠠᠰᠤᠳᠠᠳ 37469 ᠪᠠᠶᠢᠵᠤ᠂ ᠪᠥᠬᠦ ᠬᠥᠮᠥᠨ ᠠᠮᠠ ᠶᠢᠨ 15.11% ᠶᠢ ᠡᠵᠡᠯᠡᠵᠦ ᠪᠣᠶ᠂ 65 ᠠᠴᠠ ᠳᠡᠭᠡᠭᠰᠢᠬᠢ ᠨᠠᠰᠤᠳᠠᠳ 24113 ᠪᠠᠶᠢᠵᠤ᠂ 9.72% ᠢ ᠡᠵᠡᠯᠡᠨ᠎ᠡ᠃ ᠬᠥᠮᠥᠨ ᠠᠮᠠ ᠶᠢᠨ ᠨᠠᠰᠤᠵᠢᠯᠲᠠ ᠶᠢᠨ ᠪᠠᠶᠢᠳᠠᠯ ᠢ ᠢᠳᠡᠪᠬᠢᠲᠡᠢ ᠠᠷᠭᠠᠴᠠᠭᠠᠬᠤ ᠶᠢᠨ ᠲᠥᠯᠥᠭᠡ ᠡᠵᠡᠨ ᠬᠤᠷᠤᠭ᠎ᠠ ᠬᠤᠰᠢᠭᠤᠨ ᠤ ᠬᠢᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ︵ᠲᠣᠰᠬᠤᠨ︶ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠬᠥᠭᠵᠢᠭᠦᠯᠬᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠤᠶᠠᠨ ᠵᠢᠷᠭᠠᠯ ᠢ ᠨᠡᠮᠡᠭᠳᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠪᠥᠬᠦ ᠬᠤᠰᠢᠭᠤᠨ ᠤ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃    ᠨᠠᠰᠤᠵᠢᠯ ᠤᠨ ᠠᠰᠠᠷᠠᠮᠵᠢ ᠶᠢᠨ ᠭᠠᠵᠠᠷ ᠲᠤ ᠢᠷᠡᠵᠤ ᠰᠠᠭᠤᠬᠤ ᠵᠥᠪᠰᠢᠶᠡᠷᠡᠯ ᠢ ᠠᠭᠤᠵᠢᠭᠤ ᠪᠣᠯᠭᠠᠬᠤ᠂ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ᠂ ᠭᠠᠵᠠᠷ ᠰᠢᠷᠣᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ ᠢ ᠠᠮᠢᠳᠤᠯᠢᠬᠵᠢᠭᠤᠯᠬᠤ᠂ ᠲᠠᠪᠴᠠᠩ ᠤᠨ ᠪᠠᠶᠢᠭᠤᠯᠤᠯᠲᠠ ᠪᠠ ᠡᠩᠨᠡᠭᠡ ᠶᠢᠨ ᠴᠣᠭᠴᠠᠯᠠᠯᠲᠠ ᠵᠡᠷᠭᠡ ᠣᠯᠠᠨ ᠲᠠᠯ᠎ᠠ ᠪᠠᠷ ᠠᠵᠢᠯ ᠤᠨ ᠰᠡᠳᠬᠢᠮᠵᠢ ᠪᠠᠨ ᠲᠠᠰᠤᠷᠠᠯᠲᠠ ᠦᠭᠡᠢ ᠰᠢᠨᠡᠳᠬᠡᠵᠤ᠂ ︽ᠭᠡᠷ ᠲᠤ ᠨᠢ ᠬᠦᠷᠴᠤ ᠠᠰᠠᠷᠠᠬᠤ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠬᠤ︾ ᠣᠯᠠᠨ ᠡᠰᠢᠵᠢᠭᠰᠡᠨ᠂ ᠵᠢᠷᠤᠮᠵᠢᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠬᠤᠰᠢᠭᠤᠨ ᠤ ᠲᠠᠰ᠂ ᠪᠠᠯᠭᠠᠰᠤᠨ ᠤ ᠲᠠᠰ᠂ ᠨᠡᠶᠢᠭᠡᠮ ᠲᠣᠭᠤᠷᠢᠭ ᠤᠨ ᠲᠠᠰ ᠤᠨ ᠪᠥᠬᠦ ᠲᠠᠯ᠎ᠠ ᠶᠢᠨ᠂ ᠪᠦᠬᠦᠨ ᠢ ᠬᠠᠮᠤᠷᠤᠭᠰᠠᠨ ︽ᠭᠤᠷᠪᠠᠨ ᠲᠠᠰ︾ ᠤᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠰᠢᠰᠲ᠋ᠧᠮ ᠢ  ᠪᠦᠷᠢᠯᠳᠤᠬᠦᠯᠵᠤ᠂ ᠪᠠᠯᠭᠠᠰᠤᠨ ᠤ ᠲᠠᠰ ᠤᠨ ᠭᠡᠷ ᠲᠤ ᠨᠢ ᠬᠦᠷᠴᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 6 ᠶᠢ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠳᠤ 7 ᠪᠠᠯᠭᠠᠰᠤ᠂ 23 ᠬᠤᠲᠠ ᠪᠠᠯᠭᠠᠰᠤᠨ ᠤ ᠬᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠤᠭᠤᠯᠨ ᠤᠮᠳᠠ ᠳᠤ ᠲᠤᠰᠠᠯᠠᠬᠤ ᠴᠡᠭ ᠢ ᠪᠦᠬᠦᠨ ᠢ ᠬᠠᠮᠤᠷᠴᠤ ᠴᠢᠳᠠᠪᠠ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号