ᠠᠷᠠᠳ ᠤᠨ ᠶᠠᠪᠤᠳᠠᠯ ᠤᠨ ᠬᠢᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/3/18
     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ     ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ 2024 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ︽ᠬᠤᠶᠠᠷ ᠢ ᠲᠣᠬᠢᠶᠠᠯᠳᠤᠯ ᠢᠶᠠᠷ ᠪᠠᠶᠢᠴᠠᠭᠠᠬᠤ᠂ ᠨᠢᠭᠡ ᠶᠢ ᠢᠯᠡᠵᠢᠬᠦᠯᠬᠦ︾ ᠰᠠᠯᠠᠭ᠎ᠠ ᠮᠥᠴᠢᠷ ᠤᠨ ᠳᠣᠲᠣᠭᠠᠳᠤ ᠶᠢᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠮᠠᠲ᠋ᠧᠷᠢᠶᠠᠯ ᠢ ᠪᠠᠶᠢᠴᠠᠭᠠᠬᠤ᠂ ᠲᠠᠯᠠᠪᠤᠷ  ᠢ ᠨᠢ ᠪᠠᠶᠢᠴᠠᠭᠠᠨ ᠦᠵᠡᠬᠦ ᠵᠡᠷᠭᠡ ᠠᠷᠭ᠎ᠠ  ᠪᠠᠷ ᠦᠬᠠᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠶᠢᠭᠡᠮᠯᠢᠭ ᠵᠡᠷᠭᠡ ᠰᠢᠨ᠎ᠡ ᠪᠠᠷ ᠲᠠᠩᠰᠠᠯᠠᠭᠤᠯᠤᠬᠰᠠᠨ ᠬᠤᠲᠠ ᠶᠢᠨ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ ᠪᠠ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ 3 ᠪᠠᠶᠢᠳᠠᠯ ᠢ ᠬᠠᠤᠯᠢ ᠶᠤᠰᠤᠭᠠᠷ ᠪᠠᠶᠢᠴᠠᠭᠠᠬᠰᠠᠨ ᠪᠠᠶᠢᠨ᠎ᠠ᠃     ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ︾ ᠡᠷᠭᠢᠯᠡᠵᠦ᠂ ᠲᠤᠰᠬᠠᠢ ᠮᠡᠷᠭᠡᠵᠢᠯᠲᠡᠨ ᠢ ᠤᠷᠢᠵᠤ ︽︿ᠵᠢᠷᠭᠤᠭᠠᠨ ᠥᠭᠦᠯᠡᠪᠦᠷᠢ﹀ ᠶᠢᠨ ᠪᠣᠳᠠᠲᠤ ᠣᠳᠬ᠎ᠠ ᠪᠠ ᠶᠣᠰᠣ ᠤᠴᠢᠷ ᠢ ᠰᠤᠷᠤᠯᠴᠠᠵᠤ ᠨᠠᠮ ᠢ ᠳᠠᠭᠠᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ︾ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠬᠢᠴᠢᠶᠡᠯ ᠤᠷᠤᠪᠠ᠂ ᠤᠷᠳᠤᠰ ᠬᠤᠲᠠ ᠶᠢᠨ ᠲᠣᠰ ᠱᠠᠲᠤᠨ ᠤ 500 ᠭᠠᠷᠤᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ᠃              ᠨᠡᠶᠢᠭᠡᠮ ᠤᠨ ᠲᠤᠰᠠᠯᠠᠮᠵᠢ ᠶᠢᠨ ᠬᠢᠨ      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ 7 ᠰᠠᠯᠠᠭ᠎ᠠ ᠮᠥᠴᠢᠷ ᠤᠨ ᠬᠢᠨ ᠬᠠᠮᠲᠤᠷᠠᠨ ᠤᠷᠴᠢᠮ ᠳᠤ ︽ᠵᠠᠰᠠᠭ ᠤᠨ ᠣᠷᠳᠣᠨ ᠤ  ᠲᠤᠰᠠᠯᠠᠮᠵᠢ ᠪᠠ ᠨᠢᠭᠦᠯᠡᠰᠦᠩᠭᠦᠢ ᠶᠢᠨ ᠦᠢᠯᠡᠰ ᠤᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ  ᠶᠢ ᠴᠢᠩᠭᠠᠳᠬᠠᠬᠤ ᠲᠤᠬᠠᠢ ᠠᠷᠭ᠎ᠠ ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ  ᠲᠤᠰᠠᠯᠠᠮᠵᠢ ᠪᠠ ᠨᠢᠭᠦᠯᠡᠰᠦᠩᠭᠦᠢ ᠶᠢᠨ  ᠲᠡᠳᠬᠦᠮᠵᠢ ᠶᠢᠨ ᠠᠵᠢᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠬᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠬᠦᠴᠦᠨ ᠪᠠ ᠨᠡᠶᠢᠭᠡᠮ ᠤᠨ  ᠲᠤᠰᠠᠯᠠᠮᠵᠢ ᠶᠢᠨ ᠠᠷᠭ᠎ᠠ ᠶᠢ ᠰᠢᠨᠡᠳᠬᠡᠬᠦ᠂ ᠣᠨᠴᠠᠯᠢᠭᠲᠤ ᠨᠢᠭᠦᠯᠡᠰᠦᠩᠭᠦᠢ ᠶᠢᠨ ᠠᠵᠢᠯᠯᠠᠭ᠎ᠠ ᠪᠠ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠬᠦᠴᠦᠨ ᠤ ᠨᠡᠶᠢᠭᠡᠮ ᠤᠨ ᠲᠤᠰᠠᠯᠠᠮᠵᠢ ᠳᠤ ᠣᠷᠣᠯᠴᠠᠬᠤ ᠶᠢ ᠳᠡᠮᠵᠢᠬᠦ ᠠᠵᠢᠯ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ 6 ᠲᠠᠯ᠎ᠠ ᠪᠠᠷ 17 ᠵᠤᠷᠪᠤᠰ ᠪᠣᠳᠠᠲᠠᠢ ᠠᠷᠭ᠎ᠠ ᠳᠤᠷᠠᠳᠪᠠ᠃            ᠨᠡᠶᠢᠭᠡᠮ ᠤᠨ ᠶᠠᠪᠤᠳᠠᠯ ᠤᠨ ᠬᠢᠨ     ᠪᠤᠭᠤᠲᠤ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠭᠠᠯ ᠤᠨᠳᠠᠷᠠᠭᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠯᠵᠢᠶᠡᠨ ᠤ ᠳᠠᠬᠢᠯᠭ᠎ᠠ᠂ ᠰᠣᠷᠭᠤᠭ ᠴᠡᠴᠡᠭ ᠤᠨ ᠳᠠᠬᠢᠯᠭ᠎ᠠ᠂ ᠭᠡᠷ ᠪᠦᠯᠢ ᠪᠠᠷ ᠢᠶᠠᠨ ᠲᠤᠷᠠᠳᠬᠠᠬᠤ ᠵᠡᠷᠭᠡ ᠪᠣᠯᠪᠠᠰᠤᠨ ᠳᠣᠣᠷ᠎ᠠ ᠨᠡᠭᠦᠷᠡᠰᠦᠲᠥ᠋ᠷᠥᠭᠴᠢᠲᠦ ᠳᠠᠬᠢᠯᠭ᠎ᠠ ᠶᠢᠨ ᠠᠷᠭ᠎ᠠ ᠶᠢ ᠤᠬᠠᠭᠤᠯᠪᠠ᠃ ᠪᠠᠰᠨ ᠮᠣᠳᠣ  ᠲᠠᠷᠢᠬᠤ᠂ ᠠᠯᠤᠰ ᠠᠴᠠ  ᠲᠠᠬᠢᠬᠤ᠂ ᠰᠣᠩᠭᠤᠳᠠᠭ ᠵᠣᠬᠢᠶᠠᠯ ᠢ ᠤᠩᠰᠢᠬᠤ ᠵᠡᠷᠭᠡ ᠠᠷᠭ᠎ᠠ  ᠪᠠᠷ ᠨᠥᠭᠴᠢᠭᠰᠡᠳ ᠢ ᠳᠤᠷᠠᠰᠤᠨ ᠰᠠᠨᠠᠭᠠᠯᠵᠠᠭᠤᠯᠬᠤ ᠶᠢ ᠰᠠᠨᠠᠭᠠᠴᠢᠯᠠᠨ᠂ ᠤᠯᠠᠮᠵᠢᠯᠠᠯᠲᠤ ᠳᠠᠬᠢᠯᠭ᠎ᠠ ᠶᠢᠨ ᠠᠷᠭ᠎ᠠ ᠶᠢ ᠴᠥᠭᠡᠳᠬᠡᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠬᠢᠯᠭ᠎ᠠ ᠪᠠ ᠣᠯᠠᠨ ᠲᠦᠮᠡᠨ ᠤ ᠬᠡᠭᠡᠷ᠎ᠡ ᠭᠠᠳᠠᠨ᠎ᠠ ᠭᠠᠯ ᠠᠯᠳᠠᠬᠤ  ᠶᠢ ᠡᠷᠳᠡ ᠠᠴᠠ ᠰᠡᠷᠬᠡᠶᠢᠯᠡᠵᠤ ᠡᠬᠢᠯᠡᠭᠰᠡᠨ ᠪᠠᠶᠢᠨ᠎ᠠ᠃           ᠨᠢᠬᠦᠯᠡᠰᠤᠩᠭᠦᠢ ᠶᠢᠨ ᠦᠢᠯᠡᠰ ᠤᠨ ᠬᠢᠨ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ  ᠢ ᠨᠢᠭᠦᠯᠡᠰᠦᠩᠭᠦᠢ ᠶᠢᠨ ᠬᠠᠤᠯᠢ ᠶᠢ ᠰᠤᠷᠤᠯᠴᠠᠵᠤ ᠤᠬᠠᠭᠤᠯᠤᠨ  ᠲᠤᠭᠤᠰᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃             
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号