ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠢᠨ᠎ᠡ ᠲᠤᠰᠢᠶᠠᠯ ᠡᠭᠦᠷᠭᠡᠯᠡᠭᠰᠡᠨ ᠪᠠ ᠠᠵᠢᠯ ᠰᠢᠯᠵᠢᠭᠰᠡᠨ ᠺᠠᠳ᠋ᠷᠴᠤᠳ ᠤᠨ ᠬᠠᠮᠲᠤ ᠶᠢᠨ ᠶᠠᠷᠢᠯᠴᠠᠭ᠎ᠠ ᠪᠠ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 3 ᠳ᠋ᠤᠭᠠᠷ ᠰᠠᠷ᠎ᠠ ᠶᠢᠨ 18 ᠤ ᠡᠳᠦᠷ ᠰᠢᠨ᠎ᠡ ᠲᠤᠰᠢᠶᠠᠯ ᠡᠭᠦᠷᠭᠡᠯᠡᠭᠰᠡᠨ ᠪᠠ ᠠᠵᠢᠯ ᠰᠢᠯᠵᠢᠭᠰᠡᠨ ᠺᠠᠳ᠋ᠷᠴᠤᠳ ᠤᠨ ᠬᠠᠮᠲᠤ ᠶᠢᠨ ᠶᠠᠷᠢᠯᠴᠠᠭ᠎ᠠ  ᠪᠠ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠰᠠᠭᠤᠭ᠎ᠠ ᠨᠡᠶᠢᠭᠡᠮ ᠤᠨ ᠠᠵᠢᠯ ᠤᠨ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠠᠩ ᠭᠤᠸᠠᠨ ᠹᠦ᠋ ᠰᠢᠨ᠎ᠡ ᠲᠤᠰᠢᠶᠠᠯ ᠡᠭᠦᠷᠭᠡᠯᠡᠭᠰᠡᠨ ᠺᠠᠳ᠋ᠷ ᠲᠠᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠵᠤ᠂ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠴᠢᠩ ᠯᠦ ᠬᠤᠷᠠᠯ ᠢ ᠡᠷᠭᠢᠯᠡᠪᠡ᠃
微信图片_20240320131803.jpg
     ᠬᠤᠷᠠᠯ ᠲᠡᠬᠡᠷ᠎ᠡ ᠪᠦᠬᠦ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠤᠯᠤᠰ ᠲᠥᠷᠥ ᠶᠢᠨ ᠰᠠᠭᠤᠷᠢ ᠪᠠᠨ ᠪᠠᠲᠤᠳᠬᠠᠵᠤ᠂ ᠤᠬᠠᠮᠰᠠᠷ ᠠᠴᠠ ᠪᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠢᠮᠠᠭᠲᠠ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠪᠣᠯᠣᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠬᠤᠶᠠᠷ ᠢ ᠲᠤᠬᠳᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠡᠵᠡᠮᠰᠢᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠡᠯ᠎ᠡ ᠵᠦᠢᠯ ᠤᠨ ᠠᠵᠢᠯ ᠤᠨ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤᠳᠬᠠᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠬᠠᠮᠰᠠᠷ ᠠᠴᠠ ᠪᠠᠨ ᠨᠠᠮᠴᠢ ᠴᠢᠨᠠᠷ ᠢᠶᠠᠷ ᠪᠠᠲᠤ ᠴᠢᠩᠭ᠎ᠠ᠂ ᠠᠷᠠᠳ ᠲᠦᠮᠡᠨ ᠳᠤ ᠪᠤᠶᠠᠨ ᠦᠢᠯᠡᠳᠬᠦ ᠦᠢᠯᠡᠴᠢᠯᠡᠭᠴᠢ ᠪᠣᠯᠵᠤ᠂ ᠢᠮᠠᠬᠳᠠ ᠠᠷᠠᠳ ᠲᠦᠮᠡᠨ ᠢ ᠲᠡᠬᠡᠳᠤᠯᠡᠨ᠂ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ᠣᠶᠢᠯᠠᠭᠠᠭᠳᠠᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ᠤᠯᠠᠨ ᠲᠦᠮᠡᠨ ᠤ  ᠪᠠᠴᠢᠮᠳᠠᠯ ᠬᠦᠴᠢᠷᠳᠡᠯ ᠵᠤᠪᠠᠨᠢᠯ ᠢ ᠰᠡᠳᠬᠢᠯ ᠲᠠᠯᠪᠢᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠠᠷᠠᠳ ᠤᠨ ᠶᠠᠪᠤᠳᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠤᠨ ᠰᠢᠨ᠎ᠡ ᠬᠦᠴᠦᠨ ᠪᠣᠯᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠤᠷᠤᠭᠰᠢᠯᠠᠨ ᠳᠠᠪᠰᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠴᠢᠩᠭ᠎ᠠ᠂ ᠦᠨᠡᠨ᠂ ᠨᠠᠷᠢᠨ᠂ ᠪᠣᠳᠠᠲᠠᠢ᠂ ᠲᠦᠷᠭᠡᠨ︾ ᠠᠵᠢᠯ ᠤᠨ ᠰᠤᠷᠲᠠᠯ ᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ᠂ ︽ᠵᠢᠷᠭᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠵᠡᠷᠭᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ  ᠶᠤᠰᠣᠴᠢᠯᠠᠨ ᠨᠠᠶᠢᠳᠠᠪᠤᠷᠢᠵᠢᠭᠤᠯᠵᠤ᠂ ᠣᠨ ᠤ ᠭᠤᠣᠯᠳᠠᠯᠭ᠎ᠠ ᠲᠠᠢ ᠠᠵᠢᠯ ᠢᠶᠠᠨ ᠴᠢᠨᠠᠷ ᠰᠠᠶᠢᠲᠠᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠤᠨ ᠪᠥᠬᠦ ᠲᠠᠯ᠎ᠠ ᠪᠠᠷ ᠳᠠᠪᠰᠢᠵᠤ ᠲᠠᠰ ᠳᠡᠪᠰᠢᠬᠦ ᠶᠢ ᠠᠬᠢᠭᠤᠯᠬᠤ ᠬᠡᠷᠡᠭᠳᠡᠢ᠃ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠤᠬᠠᠮᠰᠠᠷ ᠠᠴᠠ ᠪᠠᠨ ᠠᠷᠢᠭᠤᠨ ᠴᠢᠬᠡᠴᠢ᠂ ᠠᠵᠢᠯ ᠬᠢᠳᠡᠭ ᠺᠠᠳ᠋ᠷ ᠪᠣᠯᠵᠤ᠂ ᠵᠢᠷᠦᠬᠡᠰᠢᠶᠡᠬᠦ ᠶᠢ ᠮᠡᠳᠡᠵᠦ᠂ ᠨᠡᠷ᠎ᠡ ᠲᠦᠷᠦ ᠪᠠᠨ ᠬᠠᠶᠢᠷᠠᠯᠠᠵᠤ᠂ ᠪᠡᠶ᠎ᠡ ᠪᠠᠨ ᠪᠠᠷᠢᠬᠤ ᠶᠢ ᠴᠢᠬᠤᠯᠠᠴᠢᠯᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠲᠡᠮᠡᠴᠡᠯ ᠤᠨ ᠦᠡᠭᠭᠡ ᠲᠦᠷᠰᠤ ᠪᠠᠷ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠷᠠᠳ ᠤᠨ ᠶᠠᠪᠤᠳᠠᠯ ᠤᠨ ᠬᠢᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢᠨ᠎ᠡ ᠲᠤᠰᠢᠶᠠᠯ ᠡᠭᠦᠷᠭᠡᠯᠡᠭᠰᠡᠨ 8 ᠺᠠᠳ᠋ᠷ ᠦᠨᠳᠦᠰᠦᠨ ᠬᠠᠤᠯᠢ ᠳᠤ ᠲᠠᠩᠭᠠᠷᠢᠭᠯᠠᠵᠤ᠂ 4 ᠺᠠᠳ᠋ᠷ ᠤᠨ ᠲᠥᠯᠥᠭᠡᠯᠡᠭᠴᠢ ᠣᠪᠣᠷ ᠢᠶᠠᠨ ᠢᠯᠡᠳᠬᠡᠵᠡᠢ᠃    ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠪᠠ ᠬᠡᠰᠡᠭ ᠵᠠᠯᠠᠭᠤ ᠺᠠᠳ᠋ᠷ ᠬᠤᠷᠠᠯ ᠳᠤ ᠤᠷᠤᠯᠴᠠᠬᠰᠠᠨ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号