ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ  ᠤ ᠨᠡᠶᠢᠭᠡᠮᠯᠢᠭ ᠤᠨ ᠬᠢᠨ ᠬᠤᠭᠤᠴᠠᠭ᠎ᠠ ᠰᠤᠯᠢᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ ᠨᠡᠶᠢᠭᠡᠮᠯᠢᠭ ᠤᠨ ᠬᠢᠨ ᠳᠣᠯᠣᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠰᠢᠨ᠎ᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠰᠤᠩᠭᠤᠪᠠ᠃ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ  ᠨᠡᠶᠢᠭᠡᠮᠯᠢᠭ ᠤᠨ ᠬᠢᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠧᠩ ᠰᠢᠶᠣᠣ ᠶᠢᠩ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢ ᠴᠤᠸᠠᠨ ᠢᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠬᠤᠷᠠᠯ ᠳᠤ ᠤᠷᠤᠯᠴᠠᠪᠠ᠃
 W020240322616081247465.jpg  
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠳᠠᠷᠤᠭ᠎ᠠ ᠪᠦᠦ ᠴᠢᠩ ᠴᠢᠤᠸᠠᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠢᠨ ᠢ ᠲᠥᠯᠥᠭᠡᠯᠡᠨ ᠠᠵᠢᠯ ᠢᠶᠠᠨ ᠮᠡᠳᠡᠬᠦᠯᠪᠡ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠭᠡ ᠵᠠᠩᠭᠢ ᠪᠠ ᠰᠤᠳᠤᠯᠭᠠᠨ ᠤ ᠬᠡᠯᠲᠡᠰ ᠤᠨ ᠳᠠᠷᠤᠭ᠎ᠠ ᠵᠣᠣ ᠵᠢᠶᠧ ᠬᠤᠭᠤᠴᠠᠭ᠎ᠠ ᠰᠣᠯᠢᠬᠤ ᠴᠣᠬᠤᠯᠠᠪᠤᠷᠢ ᠶᠢ ᠨᠡᠶᠢᠲᠡᠯᠡᠪᠡ᠃ ᠬᠤᠷᠠᠯ ᠲᠡᠬᠡᠷ᠎ᠡ ᠪᠠᠰᠠ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ ᠨᠡᠶᠢᠭᠡᠮᠯᠢᠭ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ ᠨᠡᠶᠢᠭᠡᠮᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ  ᠨᠡᠶᠢᠭᠡᠮᠯᠢᠭ ᠤᠨ ᠭᠡᠰᠢᠭᠦᠨ ᠤ ᠬᠠᠮᠢᠶᠠᠷᠤᠯᠲᠠ ᠶᠢᠨ ᠠᠷᠭ᠎ᠠ︾ ︵ᠲᠦᠷ ᠬᠡᠷᠡᠭᠵᠢᠭᠦᠯᠬᠦ︶ ᠶᠢ ᠬᠢᠨᠠᠨ ᠵᠦᠪᠯᠡᠵᠤ ᠪᠠᠳᠤᠯᠠᠵᠠᠢ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠡᠷᠳᠡᠮ ᠰᠢᠨᠵᠢᠯᠡᠬᠡᠨ ᠤ ᠨᠡᠶᠢᠭᠡᠮᠯᠢᠭ ᠤᠨ ᠬᠢᠨ ︽ᠰᠣᠳᠣᠨ ᠪᠦᠲᠦᠭᠡᠯ ᠤᠨ ᠪᠠᠶᠢᠯᠳᠤᠬᠤ ᠪᠣᠳᠣᠯᠭ᠎ᠠ︾ ᠶᠢᠨ ᠢᠨᠵᠧᠨᠧᠷᠢᠩ ᠢ ᠢᠳᠡᠪᠬᠢᠲᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠰᠤᠳᠤᠯᠭᠠᠨ ᠤ ᠰᠡᠳᠦᠪ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠭᠠᠶᠢᠯᠢ ᠲᠠᠲᠠᠪᠤᠷᠢ ᠶᠢᠨ ᠳᠦᠷᠢᠮ ᠢ ᠲᠡᠭᠦᠯᠳᠡᠷᠵᠢᠭᠦᠯᠬᠦ᠂ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠦᠨ᠎ᠡ ᠦᠷᠳᠡᠭ ᠲᠠᠢ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠪᠦᠷᠢᠯᠳᠦᠭᠦᠯᠵᠡᠢ᠃ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠬᠢᠨ ᠤ ᠭᠠᠷᠭᠠᠭᠰᠠᠨ ︽ᠬᠤᠪᠣᠷ ᠰᠢᠷᠣᠢ ᠪᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠰᠤᠳᠤᠯᠤᠯ︾ ᠤᠨ ᠰᠡᠳᠦᠪ ᠨᠢ ᠬᠤᠪᠢ ᠬᠥᠮᠥᠨ ᠤ ᠨᠠᠶᠢᠳᠠᠯᠭ᠎ᠠ ᠶᠢᠨ ᠲᠥᠷᠥᠯ ᠵᠦᠢᠯ ᠢ ᠣᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠳᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠵᠡᠷᠭᠡ ᠣᠯᠠᠨ ᠰᠡᠳᠦᠪ ᠢ ᠨᠢᠭᠡᠨᠲᠡ ᠵᠠᠰᠠᠭ ᠤᠨ ᠣᠷᠳᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠪᠣᠯᠭᠠᠨ ᠬᠤᠪᠢᠷᠠᠭᠤᠯᠪᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号