ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ᠶᠢ ᠰᠤᠷᠤᠯᠴᠠᠨ ᠲᠤᠭᠤᠰᠢᠯᠠᠭᠤᠯᠬᠤ ᠵᠢᠱᠢᠶ᠎ᠡ ᠦᠵᠡᠭᠦᠯᠬᠦ ᠰᠦᠯᠵᠢᠶᠡᠨ ᠤ ᠪᠣᠯᠪᠠᠰᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/4/1
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠠᠷᠠᠳ ᠤᠨ ᠶᠠᠪᠤᠳᠠᠯ ᠤᠨ ᠶᠠᠮᠤᠨ ᠤ ᠪᠣᠯᠪᠠᠰᠤᠷᠠᠯ ᠤᠨ ᠲᠥᠪ ᠤᠨ ᠡᠷᠭᠢᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ︾ ︵︽ᠨᠢᠭᠦᠯᠡᠰᠦᠩᠭᠦᠢ ᠶᠢᠨ ᠬᠠᠤᠯᠢ︾ ᠭᠡᠵᠦ  ᠲᠦᠬᠦᠮᠴᠢᠯᠡᠶ᠎ᠡ ︶ ᠶᠢ ᠰᠤᠷᠤᠯᠴᠠᠨ ᠲᠤᠭᠤᠰᠢᠯᠠᠭᠤᠯᠬᠤ ᠰᠦᠯᠵᠢᠶᠡᠨ ᠳᠡᠭᠡᠷᠡᠬᠢ ᠪᠣᠯᠪᠠᠰᠤᠷᠠᠯ ᠡᠷᠬᠢᠯᠡᠬᠦ ᠲᠤᠬᠢᠷᠠᠭᠤᠯᠭ᠎ᠠ ᠪᠠᠷ 3 ᠳ᠋ᠤᠭᠠᠷ ᠰᠠᠷ᠎ᠠ ᠶᠢᠨ 26 ᠤ ᠦᠳᠡ ᠶᠢᠨ ᠡᠮᠦᠨ᠎ᠡ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠨᠢᠬᠡᠴᠢ ᠶᠢᠨ ᠠᠵᠢᠯᠲᠠᠨ ᠢ ᠵᠤᠬᠢᠶᠠᠨ ᠪᠠᠶᠢᠭᠤᠯᠤᠨ ᠪᠤᠯᠪᠠᠰᠤᠷᠠᠯ ᠡᠬᠢᠯᠡᠬᠦ ᠶᠣᠰᠣᠯᠠᠯ ᠳᠤ ᠤᠷᠤᠯᠴᠠᠭᠤᠯᠤᠬᠰᠠᠨ ᠪᠦᠬᠡᠳ ᠬᠠᠮᠲᠤ ᠪᠣᠯᠪᠠᠰᠤᠷᠠᠯ ᠬᠦᠷᠳᠡᠬᠡᠪᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠠᠯᠠᠭ᠎ᠠ ︵ᠲᠠᠰᠤᠭ︶ ᠶᠢᠨ ᠬᠠᠷᠢᠭᠤᠴᠠᠯᠭᠠᠲᠠᠨ ᠪᠠ ᠠᠵᠢᠯᠲᠠᠨ ᠨᠡᠶᠢᠲᠡ 180 ᠬᠥᠮᠥᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠣᠯᠴᠠᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠥᠩ ᠸᠧᠢ ᠴᠦᠨ ᠬᠤᠷᠠᠯ ᠳᠤ ᠢᠷᠡᠵᠦ ᠰᠤᠷᠤᠯᠴᠠᠪᠠ᠃
W020240329373295454300.png
   ᠲᠣᠰ ᠠᠩᠭᠢ ᠡᠬᠢᠯᠡᠬᠦ ᠶᠣᠰᠣᠯᠠᠯ ᠢ ᠳᠤᠮᠳᠠᠳᠤ ᠤᠯᠤᠰ ᠤᠨ ᠠᠷᠠᠳ ᠤᠨ ᠶᠠᠪᠤᠳᠠᠯ ᠤᠨ ᠴᠢᠳᠠᠪᠤᠷᠢᠲᠠᠨ ᠤ ᠰᠦᠯᠵᠢᠶᠡᠨ ᠤ ᠳᠡᠭᠡᠳᠦ ᠰᠤᠷᠭᠠᠭᠤᠯᠢ ᠳᠤ ᠲᠦᠰᠢᠭᠯᠡᠨ᠂ ᠭᠤᠣᠯ ᠬᠤᠪᠢᠶᠠᠷᠢ ᠬᠤᠷᠠᠯ ᠤᠨ ᠲᠠᠯᠠᠪᠠᠶ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢᠨ ᠬᠠᠮᠲᠤᠷᠠᠨ ᠬᠥᠳᠡᠯᠦᠯᠴᠡᠬᠦ ᠠᠷᠭ᠎ᠠ ᠪᠠᠷ ᠥᠷᠨᠢᠭᠦᠯᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠳᠤᠮᠳᠠᠳᠤ ᠶᠢᠨ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ ᠤᠨ ᠳᠠᠷᠤᠭ᠎ᠠ ᠬᠥᠩ ᠫᠦ᠋ ᠭᠤᠸᠠᠩ ᠨᠥᠬᠦᠷ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ︽ᠰᠠᠶᠢᠨ ᠬᠠᠤᠯᠢ ᠪᠠᠷ ᠰᠠᠶᠢᠲᠤᠷ ᠵᠠᠰᠠᠵᠤ ᠰᠢᠨ᠎ᠡ ᠴᠠᠭ ᠦᠶ᠎ᠡ ᠶᠢᠨ ᠨᠢᠭᠦᠯᠡᠰᠦᠩᠭᠦᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠤᠪ ᠢᠶᠠᠷ ᠬᠠᠪᠰᠤᠷᠤᠨ ᠵᠢᠯᠤᠭᠤᠳᠪᠠ᠃ ᠪᠡᠭᠡᠵᠢᠩ ᠤᠨ ᠨᠡᠶᠢᠭᠡᠮ ᠤᠨ ᠬᠠᠮᠢᠶᠠᠷᠤᠯᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠠᠷᠠᠳ ᠤᠨ ᠶᠠᠪᠤᠳᠠᠯ ᠤᠨ ᠶᠠᠮᠤᠨ ᠤ ᠪᠣᠯᠪᠠᠰᠤᠷᠠᠯ ᠤᠨ ᠲᠥᠪ︶ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ︵ᠳᠡᠳ᠋ ᠡᠷᠬᠢᠯᠡᠭᠴᠢ︶ ᠯᠢ ᠶᠠᠨ ᠪᠢᠩ ᠨᠥᠬᠦᠷ ᠠᠩᠭᠢ ᠡᠬᠢᠯᠡᠬᠦ ᠶᠣᠰᠣᠯᠠᠯ ᠢ ᠡᠷᠭᠢᠯᠡᠪᠡ᠃

    ᠲᠣᠰ ᠵᠢᠱᠢᠶ᠎ᠡ ᠦᠵᠡᠭᠦᠯᠬᠦ ᠰᠦᠯᠵᠢᠶᠡᠨ ᠤ ᠪᠣᠯᠪᠠᠰᠤᠷᠠᠯ ᠤᠨ ᠠᠩᠭᠢ ᠶᠢᠨ ᠬᠤᠭᠤᠴᠠᠭ᠎ᠠ ᠨᠢ 32 ᠬᠤᠨᠤᠭ᠂

ᠡᠨᠡ ᠪᠣᠯ ᠠᠷᠠᠳ ᠤᠨ ᠶᠠᠪᠤᠳᠠᠯ ᠤᠨ ᠶᠠᠮᠤᠨ ᠤ ᠬᠢᠨ ᠵᠠᠰᠠᠪᠤᠷᠢ ᠣᠷᠣᠭᠤᠯᠤᠭᠰᠠᠨ ︽ᠨᠢᠭᠦᠯᠡᠰᠦᠩᠭᠦᠢ ᠶᠢᠨ ᠬᠠᠤᠯᠢ︾

 ᠶᠢᠨ ᠲᠤᠬᠠᠢ  ᠦᠷᠨᠢᠬᠦᠯᠵᠤ ᠪᠠᠶᠢᠭ᠎ᠠ ᠠᠩᠬᠠᠨ ᠤ ᠶᠡᠭᠡ ᠬᠡᠪᠴᠢᠶᠡᠨ ᠤ᠂ ᠰᠢᠰᠲ᠋ᠧᠮᠲᠦ ᠪᠣᠯᠪᠠᠰᠤᠷᠠᠯ ᠪᠣᠯᠣᠨ᠎ᠠ᠂

ᠰᠢᠭᠤᠳ ᠨᠡᠪᠲᠡᠷᠡᠭᠦᠯᠬᠦ ᠪᠠ ᠵᠠᠬᠢᠶᠠᠯᠠᠭ᠎ᠠ ᠶᠢᠨ ᠬᠢᠴᠢᠶᠡᠯ ᠢ ᠤᠶᠠᠯᠳᠤᠭᠤᠯᠬᠤ ᠠᠷᠭ᠎ᠠ ᠪᠠᠷ ᠵᠠᠰᠠᠪᠤᠷᠢ ᠣᠷᠣᠭᠤᠯᠤᠭᠰᠠᠨ

︽ᠨᠢᠭᠦᠯᠡᠰᠦᠩᠭᠦᠢ ᠶᠢᠨ ᠬᠠᠤᠯᠢ︾ ᠶᠢᠨ ᠴᠢᠬᠤᠯᠠ ᠶᠡᠭᠡ ᠠᠴᠢ ᠬᠤᠯᠪᠣᠭᠳᠠᠯ᠂ ᠨᠠᠶᠢᠳᠠᠪᠤᠷᠢᠵᠢᠭᠤᠯᠬᠤ ᠠᠷᠭ᠎ᠠ᠂

ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠭᠦᠨᠵᠡᠭᠡᠢ ᠵᠠᠳᠠᠯᠬᠤ ᠪᠠᠷ ᠪᠣᠶ᠃

     

 

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号