ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 2024 ᠣᠨ ᠤ ᠪᠥᠬᠦ ᠤᠯᠤᠰ ᠤᠨ ᠨᠢᠭᠦᠯᠡᠰᠦᠩᠭᠦᠢ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2024/4/1
    ᠠᠷᠠᠳ ᠤᠨ ᠶᠠᠪᠤᠳᠠᠯ ᠤᠨ ᠶᠠᠮᠤᠨ ᠤ ᠬᠢᠨ 3 ᠳ᠋ᠤᠭᠠᠷ ᠰᠠᠷ᠎ᠠ ᠶᠢᠨ 28 ᠤ ᠡᠳᠦᠷ 2024 ᠣᠨ ᠤ ᠪᠥᠬᠦ ᠤᠯᠤᠰ ᠤᠨ ᠨᠢᠭᠦᠯᠡᠰᠦᠩᠭᠦᠢ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠵᠠᠩ ᠴᠦᠨ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠢᠭᠦᠯᠡᠰᠦᠩᠭᠦᠢ ᠶᠢᠨ ᠦᠢᠯᠡᠰ ᠢ ᠠᠬᠢᠭᠤᠯᠬᠤ ᠵᠤᠷᠭᠠᠨ ᠤ ᠳᠠᠷᠤᠭ᠎ᠠ ᠵᠢᠶᠠ ᠰᠢᠶᠣᠣ ᠵᠢᠦ ᠬᠤᠷᠠᠯ ᠢ ᠡᠷᠭᠢᠯᠡᠪᠡ᠃ ᠯᠢᠶᠣᠤᠨᠢᠩ᠂ ᠵᠢᠶᠠᠩᠰᠤ ᠵᠡᠷᠭᠡ 6 ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠪᠣᠯᠣᠨ ᠴᠢᠩᠳᠣᠣ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠸᠧᠨᠵᠸᠤ ᠬᠤᠳᠠ ᠶᠢᠨ ᠯᠦ ᠴᠧᠩ ᠲᠣᠭᠤᠷᠢᠭ ᠤᠨ ᠬᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠪᠤᠶᠢᠵᠢᠯᠲᠠ ᠶᠢ ᠠᠬᠢᠭᠤᠯᠬᠤ᠂ ᠬᠢᠨᠠᠨ ᠬᠠᠮᠢᠶᠠᠷᠤᠯᠲᠠ ᠶᠢ ᠵᠢᠷᠤᠮᠵᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠡᠷᠭᠡ ᠲᠠᠯ᠎ᠠ ᠪᠠᠷ ᠲᠤᠷᠰᠢᠯᠭ᠎ᠠ ᠪᠠᠨ ᠰᠤᠯᠢᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ ᠬᠤᠷᠠᠯ ᠳᠤ ᠣᠷᠣᠯᠴᠠᠵᠠᠢ᠃
   W020240329378953601318.png  
    ᠬᠤᠷᠠᠯ ᠲᠡᠬᠡᠷ᠎ᠡ ᠰᠢ ᠶᠢᠨ ᠫᠢᠩ ᠶᠡᠷᠦᠩᠬᠡᠢ ᠱᠦᠵᠢ ᠠᠷᠠᠳ ᠤᠨ ᠶᠠᠪᠤᠳᠠᠯ ᠪᠠ ᠨᠢᠭᠦᠯᠡᠰᠦᠩᠭᠦᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠠᠷᠠᠳ ᠤᠨ ᠶᠠᠪᠤᠳᠠᠯ ᠤᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ 2023 ᠣᠨ ᠤ ᠨᠢᠭᠦᠯᠡᠰᠦᠩᠭᠦᠢ ᠶᠢᠨ ᠠᠵᠢᠯ ᠤᠨ ᠠᠮᠵᠢᠯᠲᠠ ᠪᠦᠲᠦᠮᠵᠢ ᠶᠢ ᠳ᠋ᠦᠩᠨᠡᠵᠦ᠂ 2024 ᠣᠨ ᠤ ᠨᠢᠭᠦᠯᠡᠰᠦᠩᠭᠦᠢ ᠶᠢᠨ ᠠᠵᠢᠯ ᠤᠨ ᠡᠭᠦᠷᠭᠡ ᠶᠢ ᠪᠠᠶᠢᠷᠢᠯᠠᠭᠤᠯᠪᠠ᠃
W020240329378953652767.png
     ᠳᠡᠳ᠋ ᠰᠠᠶᠢᠳ ᠵᠠᠩ ᠴᠦᠨ ᠱᠧᠩ᠄ ︽ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ  ᠬᠢᠨ ᠨᠢᠭᠦᠯᠡᠰᠦᠩᠭᠦᠢ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠵᠢᠷᠤᠮᠵᠢᠭᠤᠯᠤᠨ ᠬᠢᠨᠠᠯᠲᠠ ᠲᠠᠯᠪᠢᠬᠤ ᠪᠠ ᠬᠥᠭᠵᠢᠯᠲᠡ ᠶᠢ ᠠᠬᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠬᠦᠭᠵᠢᠬᠦᠯᠤᠯᠳᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠨ᠂ ᠲᠥᠪ ᠶᠣᠰᠣ ᠶᠢ ᠰᠠᠬᠢᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃    ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ 2024 ᠣᠨ ᠤ ᠨᠢᠭᠦᠯᠡᠰᠦᠩᠭᠦᠢ ᠶᠢᠨ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠂ ᠨᠢᠭᠡ ᠳᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠳᠣᠪᠤᠶᠢᠯᠭᠠᠵᠤ᠂ ᠨᠢᠭᠦᠯᠡᠰᠦᠩᠭᠦᠢ ᠶᠢᠨ ᠦᠢᠯᠡᠰ ᠲᠤ ᠬᠢ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠬᠡᠷᠡᠭᠲᠡᠢ᠃ ᠬᠤᠶᠠᠷ ᠲᠤ᠂ ᠨᠢᠭᠦᠯᠡᠰᠦᠩᠭᠦᠢ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠢ ᠶᠡᠭᠡ ᠪᠠᠷ ᠦᠷᠨᠢᠬᠦᠯᠤᠨ᠎ᠡ᠃  ᠭᠤᠷᠪᠠ ᠳᠤ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠢᠭᠦᠯᠡᠰᠦᠩᠭᠦᠢ ᠶᠢᠨ ᠦᠢᠯᠡᠰ ᠢ ᠤᠯᠠᠨ ᠨᠡᠶᠢᠲᠡ ᠳᠤ ᠨᠡᠩ ᠢᠳᠡᠬᠡᠮᠵᠢᠳᠡᠢ ᠪᠤᠯᠭᠠᠬᠤ ᠬᠡᠷᠡᠭᠳᠡᠢ᠃ ᠲᠦᠷᠪᠡ ᠳᠤ᠂ ᠨᠢᠭᠦᠯᠡᠰᠦᠩᠭᠦᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ ᠤᠬᠠᠭᠤᠯᠤᠨ ᠬᠥᠬᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠨᠢᠭᠦᠯᠡᠰᠦᠩᠭᠦᠢ ᠶᠢᠨ ᠬᠦᠭᠵᠢᠬᠦᠯᠤᠯᠳᠡ ᠶᠢᠨ ᠰᠢᠨ᠎ᠡ ᠵᠠᠬᠪᠤᠷ ᠢ ᠡᠬᠦᠳᠤᠨ᠂ ᠨᠢᠭᠦᠯᠡᠰᠦᠩᠭᠦᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠳᠡᠢ︾ ᠭᠡᠵᠡᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号