ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠵᠠᠰᠠᠭ ᠤᠨ ᠣᠷᠳᠣᠨ ᠬᠤᠳᠠᠯᠳᠤᠨ ᠠᠪᠬᠤ ᠠᠵᠢᠯ ᠤᠨ ᠲᠤᠬᠠᠢ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠬᠦᠴᠤᠳᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/1
     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠨ ᠵᠠᠰᠠᠭ ᠤᠨ ᠣᠷᠳᠣᠨ ᠬᠤᠳᠠᠯᠳᠤᠨ ᠠᠪᠬᠤ ᠠᠵᠢᠯᠯᠠᠭ᠎ᠠ ᠶᠢᠨ ᠬᠠᠮᠢᠶᠠᠷᠤᠯᠲᠠ ᠬᠢᠨᠠᠯᠲᠠ ᠶᠢ ᠵᠢᠷᠤᠮᠵᠢᠭᠤᠯᠬᠤ ᠶᠢᠨ ᠲᠥᠯᠥᠭᠡ 2022 ᠣᠨ ᠳᠤ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ 2023 ᠣᠨ ᠳᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠣᠲᠣᠭᠠᠳᠤ ᠶᠢᠨ ᠡᠵᠡᠮᠳᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠢ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ 2023 ᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦᠯ ᠵᠦᠢᠯ 153᠂ ᠵᠣᠭᠤᠰ ᠤᠨ ᠲᠤᠭ᠎ᠠ ᠨᠢ 2021 ᠲᠦᠮᠡᠨ ᠲᠥᠭᠦᠷᠢᠭ ᠲᠤ ᠬᠦᠷᠴᠡᠢ᠂ ᠡᠭᠦᠨ ᠳᠤ ᠵᠠᠰᠠᠭ ᠤᠨ ᠣᠷᠳᠣᠨ ᠲᠥᠪᠯᠡᠷᠡᠭᠦᠯᠦᠨ ᠬᠤᠳᠠᠯᠳᠤᠨ ᠠᠪᠬᠤ ᠵᠦᠢᠯ 58᠂ ᠲᠠᠷᠠᠬᠠᠢ ᠪᠤᠲᠠᠷᠬᠠᠢ ᠬᠤᠳᠠᠯᠳᠤᠨ ᠠᠪᠬᠤ ᠵᠦᠢᠯ 95  ᠪᠠᠶᠢᠬᠰᠠᠨ ᠤ ᠲᠤᠳᠤᠷ᠎ᠠ 100 ᠲᠦᠮᠡ ᠠᠴᠠ ᠳᠣᠷᠣᠭᠰᠢᠬᠢ  ᠨᠢ 98% ᠶᠢ ᠡᠵᠡᠯᠡᠵᠦ᠂  ᠪᠤᠢ ᠪᠦᠬᠦᠢ ᠬᠤᠳᠠᠯᠳᠤᠨ ᠠᠪᠬᠤ ᠠᠵᠢᠯᠯᠠᠭ᠎ᠠ ᠳᠤ ᠴᠥᠮ ︽ᠤᠷᠢᠳ ᠢᠶᠠᠷ ᠲᠥᠰᠥᠪᠯᠡᠵᠦ᠂ ᠳᠠᠷᠠᠭ᠎ᠠ ᠨᠢ ᠲᠥᠯᠥᠪᠯᠡᠵᠦ᠂ ᠳᠠᠷᠠᠭ᠎ᠠ ᠨᠢ ᠬᠤᠳᠠᠯᠳᠤᠨ ᠠᠪᠬᠤ︾ ᠵᠠᠷᠴᠢᠮ ᠢ ᠪᠠᠷᠢᠮᠲᠠᠯᠠᠨ᠂ ᠲᠥᠰᠥᠪ ᠢᠶᠠᠷ ᠲᠥᠯᠥᠪᠯᠡᠭᠡ ᠶᠢ ᠬᠢᠵᠠᠭᠠᠷᠯᠠᠬᠤ᠂ ᠲᠥᠯᠥᠪᠯᠡᠭᠡ ᠪᠠᠷ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠨ ᠠᠪᠬᠤ ᠪᠠᠷ ᠵᠣᠭᠤᠰ ᠥᠭᠬᠦ ᠶᠢ ᠬᠢᠵᠠᠭᠠᠷᠯᠠᠬᠤ ᠶᠢ ᠪᠠᠷᠢᠮᠲᠠᠯᠠᠵᠤ᠂ ᠲᠥᠰᠥᠪ ᠠᠴᠠ ᠳᠠᠪᠠᠭᠤᠯᠤᠨ ᠬᠤᠳᠠᠯᠳᠤᠨ ᠠᠪᠬᠤ ᠠᠵᠢᠯᠯᠠᠭ᠎ᠠ ᠶᠢ ᠴᠢᠩᠭ᠎ᠠ ᠬᠤᠷᠢᠬᠯᠠᠬᠰᠠᠨ ᠪᠠᠶᠢᠨ᠎ᠠ᠃    ᠳᠣᠲᠣᠭᠠᠳᠤ ᠶᠢᠨ ᠡᠵᠡᠮᠳᠡᠯ ᠢ ᠴᠢᠩᠭᠠᠳᠬᠠᠬᠤ ᠶᠢᠨ ᠵᠡᠷᠬᠡ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠬᠤᠯᠠᠴᠢᠯᠠᠪᠠ᠃  ᠬᠤᠳᠠᠯᠳᠤᠭᠠᠨ ᠤ ᠢᠲᠡᠭᠡᠯ ᠠᠯᠳᠠᠭᠰᠠᠨ ᠮᠡᠳᠡᠭᠡ ᠵᠠᠩᠭᠢ ᠪᠠ ᠰᠡᠷᠡᠮᠵᠢᠯᠡᠭᠦᠯᠦᠨ ᠰᠠᠨᠠᠭᠤᠯᠬᠤ ᠪᠠᠷ ᠳᠠᠮᠵᠢᠭᠤᠯᠤᠨ᠂ ᠡᠷᠡᠭᠦᠯ ᠪᠤᠰᠤ ᠬᠠᠩᠭᠠᠯᠭ᠎ᠠ ᠶᠢᠨ ᠬᠤᠳᠠᠯᠳᠤᠭᠠᠴᠢᠨ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠬᠢᠭᠡᠳ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠠᠴᠠ ᠵᠠᠶᠢᠯᠠᠰᠬᠢᠬᠦ ᠶᠢᠨ ᠬᠠᠮᠲᠤ ᠢᠲᠡᠭᠡᠯ ᠠᠯᠳᠠᠭᠰᠠᠨ ᠠᠵᠢᠯᠯᠠᠭ᠎ᠠ ᠶᠢ ᠢᠯᠡᠴᠢᠯᠡᠬᠦ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠬᠤᠳᠠᠯᠳᠤᠨ ᠠᠪᠬᠤ ᠠᠵᠢᠯᠯᠠᠭ᠎ᠠ ᠶᠢᠨ ᠢᠯᠡ ᠲᠣᠳᠣ᠂ ᠢᠲᠡᠭᠡᠮᠵᠢᠲᠡᠢ ᠪᠠᠶᠢᠬᠤ ᠶᠢ  ᠪᠠᠳᠤᠯᠠᠪᠠ᠃ ᠡᠯᠧᠺᠲᠷᠣᠨ ᠪᠠᠲᠤᠯᠠᠭ᠎ᠠ ᠶᠢᠨ ᠪᠢᠴᠢᠭ ᠤᠨ ᠠᠷᠭ᠎ᠠ ᠶᠢ ᠢᠳᠡᠪᠬᠢᠲᠡᠢ ᠪᠠᠷ ᠶᠠᠪᠤᠭᠤᠯᠵᠤ᠂ ᠬᠠᠩᠭᠠᠯᠭ᠎ᠠ ᠶᠢᠨ ᠬᠤᠳᠠᠯᠳᠤᠭᠠᠴᠢᠨ  ᠯᠤᠭ᠎ᠠ ᠶᠢᠨ ᠠᠷᠠᠯᠵᠢᠶᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠯᠵᠢᠶᠠᠨ ᠤ ᠲᠦᠭᠰᠢᠭᠦᠷᠢ ᠶᠢ ᠪᠠᠭᠤᠷᠠᠭᠤᠯᠤᠨ᠂ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠳᠤᠯᠠᠪᠠ᠃ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠵᠠᠰᠠᠭ ᠤᠨ ᠣᠷᠳᠣᠨ ᠬᠤᠳᠠᠯᠳᠤᠨ ᠠᠪᠬᠤ ᠠᠵᠢᠯᠯᠠᠭ᠎ᠠ ᠶᠢᠨ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ  ᠪᠡᠶᠡᠯᠡᠬᠦᠯᠪᠡ᠃ ᠬᠤᠳᠠᠯᠳᠤᠨ ᠠᠪᠬᠤ ᠲᠤᠰᠬᠠᠢ ᠲᠤᠰᠢᠶᠠᠯᠲᠠᠨ ᠤ  ᠲᠦᠪᠯᠡᠷᠡᠬᠦᠯᠦᠭᠰᠡᠨ ᠪᠤᠯᠪᠠᠰᠤᠷᠠᠯ ᠳᠤ ᠢᠳᠡᠪᠬᠢᠲᠡᠢ ᠣᠷᠣᠯᠴᠠᠵᠤ᠂ ᠲᠥᠷᠥ ᠶᠢᠨ ᠪᠣᠳᠣᠯᠭ᠎ᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠠᠵᠢᠯᠯᠠᠬᠤ ᠴᠢᠳᠠᠪᠤᠷᠢ ᠪᠠᠨ ᠲᠠᠰᠤᠷᠠᠯ ᠦᠬᠡᠢ ᠲᠡᠭᠡᠭᠰᠢᠯᠡᠬᠦᠯᠦᠭᠰᠡᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号