ᠮᠠᠨ ᠤ ᠣᠷᠣᠨ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠢᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 4 ᠳ᠋ᠤᠬᠡᠷ ᠰᠠᠷ᠎ᠠ ᠶᠢᠨ 11 ᠤ ᠡᠳᠦᠷ ᠮᠠᠨ ᠤ ᠤᠷᠤᠨ ᠤ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠲᠡᠬᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠠᠮᠢᠳᠤᠷᠠᠯ ᠤᠨ ᠦᠨᠳᠦᠰᠦᠨ  ᠪᠠᠳᠤᠯᠠᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ 2023 ᠣᠨ ᠤ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠪᠥᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠵᠠᠳᠠᠯᠤᠨ ᠮᠠᠭᠠᠳᠯᠠᠵᠤ᠂ 2024 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠠᠩ ᠲᠢᠶᠠᠨ ᠶᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠲᠤᠰᠬᠠᠢ  ᠲᠤᠰᠠᠯᠠᠮᠵᠢ ᠶᠢᠨ ᠠᠵᠢᠯ ᠥᠷᠨᠢᠭᠦᠯᠦᠭᠰᠡᠨ ᠪᠠᠶᠢᠳᠠᠯ ᠢᠶᠠᠨ ᠰᠣᠯᠢᠯᠴᠠᠪᠠ᠃
W020240412327462372943_ORIGIN.png
    ᠬᠤᠷᠠᠯ ᠲᠡᠬᠡᠷ᠎ᠡ᠄ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠬᠡᠴᠢ ᠶᠢᠨ ᠬᠢᠨ ᠤ ᠬᠠᠮᠵᠢᠯᠴᠠᠭ᠎ᠠ ᠪᠠᠷ ᠪᠦᠬᠦ ᠣᠷᠣᠨ ᠤ 2023 ᠣᠨ ᠤ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠲᠠᠯ᠎ᠠ ᠶᠢ ᠪᠦᠷᠬᠦᠭᠰᠡᠨ᠂ ᠲᠡᠰ ᠲᠦᠷᠦᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ ᠲᠤᠰᠠᠯᠠᠮᠵᠢ ᠶᠢᠨ ᠪᠠᠶᠢᠷᠢᠰᠢᠯ ᠢ ᠦᠨᠳᠦᠰᠦᠨ ᠳᠤ ᠪᠠᠨ ᠪᠦᠷᠢᠯᠳᠦᠭᠦᠯᠵᠦ᠂ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠨᠡᠮᠡᠭᠳᠡᠬᠦᠯᠪᠡ᠃   ᠡᠯ᠎ᠡ ᠪᠦᠷᠢᠯᠳᠦᠭᠦᠨ ᠨᠢᠬᠡᠴᠢ ᠶᠢᠨ ᠬᠢᠨ ᠥᠪᠡᠷᠲᠡᠭᠡᠨ ᠵᠠᠰᠠᠬᠤ ᠣᠷᠣᠨ ᠤ ︿ᠬᠤᠶᠠᠷ ᠶᠡᠭᠡ ᠶᠠᠪᠤᠳᠠᠯ﹀ ᠢ ᠰᠠᠶᠢᠲᠤᠷ ᠬᠢᠬᠦ ᠪᠠ ︿ᠰᠢᠨ᠎ᠡ ᠵᠠᠮ ᠢ ᠨᠡᠭᠡᠭᠡᠵᠦ᠂ ᠳᠤᠮᠳᠠ  ᠲᠦᠪᠰᠢᠨ ᠳᠤ ᠤᠷᠤᠬᠤ﹀ ᠬᠠᠷᠠᠯᠲᠠ ᠶᠢᠨ ᠲᠣᠭᠤᠷᠢᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠢᠨ ᠤ ᠲᠠᠷᠬᠠᠭᠠᠭᠰᠠᠨ ︽ᠣᠷᠣᠯᠭ᠎ᠠ ᠪᠠᠭ᠎ᠠ ᠬᠦᠮᠦᠰ ᠤᠨ ᠬᠦᠳᠡᠯᠤᠩᠬᠦᠢ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ ᠲᠡᠰ ᠲᠦᠷᠦᠯ ᠬᠤᠪᠢᠶᠠᠭᠰᠠᠨ ᠨᠡᠶᠢᠭᠡᠮ ᠤᠨ ᠲᠤᠰᠠᠯᠠᠮᠵᠢ ᠶᠢᠨ ᠠᠵᠢᠯ ᠢ ᠰᠠᠶᠢᠲᠤᠷ ᠬᠢᠬᠦ ᠲᠤᠬᠠᠢ ᠰᠠᠨᠠᠯ︾  ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠭᠤᠣᠯᠳᠠᠯᠭ᠎ᠠ ᠲᠠᠢ ᠳᠦᠷᠢᠮ ᠤᠨ ᠥᠭᠡᠷᠡᠴᠢᠯᠡᠯᠲᠡ ᠶᠢ ᠭᠤᠷᠪᠠᠨ ᠲᠠᠯ᠎ᠠ ᠪᠠᠷ ᠭᠦᠨᠵᠡᠭᠡᠶᠢᠷᠡᠭᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ︿ᠰᠠᠭᠤᠷᠢ ᠶᠢ ᠪᠠᠲᠤᠯᠠᠬᠤ﹀ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠳᠬᠠᠬᠤ ᠬᠡᠷᠡᠭᠳᠡᠢ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ᠂ ᠵᠠᠷᠤᠯᠭ᠎ᠠ ᠶᠡᠬᠡᠳᠡᠢ ᠬᠦᠴᠢᠷᠳᠡᠯ ᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ ᠶᠢ ᠦᠳᠳᠤᠷ ᠰᠤᠳᠤᠯᠤᠨ ᠲᠣᠭᠲᠠᠭᠠᠵᠤ᠂ ᠣᠷᠣᠯᠭ᠎ᠠ ᠪᠠᠭ᠎ᠠ ᠬᠦᠮᠦᠰ ᠢ ᠪᠥᠬᠦ ᠲᠠᠯ᠎ᠠ ᠪᠠᠷ ᠮᠠᠭᠠᠳᠯᠠᠨ ᠲᠣᠭᠲᠠᠭᠠᠬᠤ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠨᠭ᠍ᠭᠠᠬᠤ ᠬᠡᠷᠡᠭᠳᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠬᠦᠯᠳᠡᠷᠵᠢᠬᠦᠯᠤᠨ᠎ᠡ᠃ ᠬᠤᠶᠠᠷ ᠲᠤ᠂ ︿ᠦᠨᠳᠦᠰᠦᠨ ᠪᠠᠳᠤᠯᠠᠭ᠎ᠠ﹀ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠠᠶᠢᠲᠤᠷ ᠬᠢᠨ᠎ᠡ᠃ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ  ᠲᠤᠰᠠᠯᠠᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠢ  ᠳᠤ ᠨᠢ ᠴᠤᠭᠯᠠᠭᠤᠯᠤᠨ᠂ ︿ᠨᠢᠭᠡ ᠡᠷᠦᠬᠡ ︵ᠬᠥᠮᠥᠨ︶ ᠳᠤ ᠨᠢᠭᠡ ᠵᠦᠢᠯ ᠤᠨ ᠲᠤᠰᠠᠯᠠᠮᠵᠢ ᠶᠢᠨ ᠠᠷᠭ᠎ᠠ ᠶᠢᠨ ᠬᠡᠯᠬᠢᠶ᠎ᠡ﹀ ᠶᠢ ᠪᠣᠶ ᠪᠣᠯᠭᠠᠨ᠎ᠠ᠃ ︿ᠲᠣᠮᠣ ᠳ᠋ᠠᠶᠢᠲ᠋ᠠ ᠶᠢᠨ ᠬᠠᠷᠢᠴᠠᠭᠤᠯᠤᠯ + ᠭᠠᠨᠭ᠌ ᠲᠦᠷᠤᠬᠡ﹀ ᠪᠠᠷ ᠳᠠᠮᠵᠢᠭᠤᠯᠤᠨ ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢ ᠴᠠᠭ ᠲᠤᠬᠠᠢ ᠳᠤ ᠨᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠬᠥᠳᠡᠯᠦᠩᠭᠦᠢ ᠬᠢᠨᠠᠨ ᠬᠡᠮᠵᠢᠵᠦ ᠰᠡᠷᠡᠮᠵᠢᠯᠡᠭᠦᠯᠬᠦ ᠲᠤᠬᠳᠠᠴᠨ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠬᠢᠨᠠᠨ ᠬᠡᠮᠵᠢᠭᠳᠡᠬᠦ ᠡᠲᠡᠭᠡᠳ ᠤᠨ ᠭᠡᠷ ᠪᠦᠯᠢ ᠶᠢᠨ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠰᠢᠢᠳᠪᠦᠷᠢᠯᠡᠵᠦ᠂ ᠶᠡᠷᠦᠩᠬᠡᠶᠢᠯᠡᠨ ᠲᠤᠰᠠᠯᠠᠵᠤ᠂ ᠲᠤᠰᠬᠠᠢ ᠵᠦᠢᠯ ᠢᠶᠠᠷ ᠲᠤᠰᠠᠯᠠᠬᠤ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ᠂ ᠵᠠᠷᠤᠯᠭ᠎ᠠ ᠶᠢᠨ ᠲᠠᠯ᠎ᠠ ᠪᠠᠷ ᠬᠦᠴᠢᠷᠳᠡᠯᠲᠡᠢ ᠭᠡᠷ ᠪᠦᠯᠢ ᠶᠢᠨ ᠪᠦᠷᠢᠯᠳᠦᠭᠦᠨ ᠲᠡᠶᠢᠰᠢ ᠤᠷᠲᠤᠳᠬᠠᠵᠤ᠂ ᠱᠠᠲᠤᠯᠠᠨ ᠲᠤᠰᠠᠯᠠᠬᠤ ᠪᠠᠶᠢᠷᠢᠰᠢᠯ ᠢ ᠪᠣᠶ ᠪᠣᠯᠭᠠᠨ᠎ᠠ᠃ ᠭᠤᠷᠪᠠ ᠳᠤ᠂ ︿ᠰᠠᠭᠤᠷᠢ ᠶᠢ ᠰᠠᠶᠢᠲᠤᠷ ᠪᠠᠲᠤᠯᠠᠬᠤ﹀ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︿ᠭᠤᠷᠪᠠᠨ ᠨᠢᠭᠡ﹀ ᠶᠢ ᠨᠠᠶᠢᠳᠠᠪᠤᠷᠢᠵᠢᠭᠤᠯᠬᠤ ᠠᠴᠠ ᠭᠠᠷᠳᠠᠵᠤ᠂ ︿ᠬᠤᠶᠠᠷ ᠰᠢᠯᠢᠳᠡᠭ﹀ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ ᠃ ︿ᠨᠢᠭᠡ ᠰᠠᠯᠠᠭ᠎ᠠ ᠮᠥᠴᠢᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ﹀ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠬᠦᠴᠦᠯᠡᠨ ᠪᠣᠶ ᠪᠣᠯᠭᠠᠵᠤ᠂ ᠲᠤᠰᠠᠯᠠᠮᠵᠢ  ᠶᠢᠨ ᠦᠢᠯᠡᠴᠢᠯᠡᠭᠡᠨ ᠤ ︿ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ﹀ ᠶᠢ ᠪᠡᠶᠡᠯᠡᠭᠦᠯᠬᠦ ᠶᠢ ᠠᠬᠢᠭᠤᠯᠤᠨ᠎ᠠ᠃ ︿ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠮᠡᠳᠡᠭᠡ ᠵᠠᠩᠭᠢ ᠶᠢᠨ ᠰᠢᠰᠲ᠋ᠧᠮ﹀ ᠢ ᠪᠦᠷᠢᠨᠰᠢᠭᠦᠯᠦᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠥᠷᠨᠢᠭᠦᠯᠦᠨ᠎ᠡ᠃ ︿ᠲᠤᠰᠠᠯᠠᠮᠵᠢ ᠶᠢᠨ ᠶᠡᠷᠦᠩᠬᠡᠶᠢᠯᠡᠭᠰᠡᠨ ᠲᠠᠪᠴᠠᠩ︾  ᠢ ᠪᠠᠶᠢᠭᠤᠯᠵᠤ᠂  ᠲᠤᠰᠠᠯᠠᠮᠵᠢ ᠶᠢᠨ ᠵᠦᠢᠯᠡᠰ ᠢ ᠪᠥᠬᠦ ᠶᠠᠪᠤᠴᠠ ᠳᠤ ᠲᠤᠭᠤᠰᠢᠳᠠᠢ ᠭᠦᠢᠴᠡᠳᠬᠡᠬᠦ ᠶᠢ ᠪᠡᠶᠡᠯᠡᠬᠦᠯᠬᠦ ᠬᠡᠷᠡᠭᠳᠡᠢ︾ ᠬᠡᠵᠡᠢ᠃    ᠬᠤᠷᠠᠯ ᠲᠡᠬᠡᠷ᠎ᠡ ︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾ ᠪᠣᠯᠣᠨ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ 2024 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠤᠰᠠᠯᠠᠮᠵᠢ ᠶᠢᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠪᠦᠷᠢᠯᠳᠦᠭᠦᠨ᠂ ᠬᠤᠯᠪᠣᠭᠠᠴᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号