ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠡᠪᠯᠡᠯ ᠤᠨ ᠬᠤᠷᠢᠶ᠎ᠠ  ᠶᠢᠨ ᠬᠢᠨ ︽ᠤᠯᠤᠰ ᠤᠨ ᠠᠮᠤᠷ ᠲᠦᠪᠰᠢᠨ ᠤ ᠲᠦᠯᠤᠬᠡ ᠵᠠᠯᠠᠭᠤᠰ ᠪᠢᠳᠡ ᠭᠠᠪᠰᠢᠭᠠᠶᠢᠯᠠᠶ᠎ᠠ︾ ᠭᠡᠬᠦ ᠭᠤᠣᠯ ᠰᠡᠳᠦᠪᠲᠦ ᠡᠪᠯᠡᠯ ᠤᠨ ᠡᠳᠤᠷ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/16
   ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠲᠤᠬᠠᠢ ᠪᠦᠲᠦᠭᠡᠯᠴᠢ ᠲᠤᠷᠠᠳᠤᠯᠭ᠎ᠠ ᠶᠢ ᠲᠤᠷᠠᠳᠤᠬᠰᠠᠨ 10 ᠵᠢᠯ ᠤᠨ ᠣᠶ ᠪᠣᠯᠣᠨ ᠶᠢᠰᠦᠳᠡᠬᠢ ︽4 ·15︾ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠳᠤ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ  ᠪᠠᠷ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ  ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠡᠪᠯᠡᠯ ᠤᠨ ᠬᠤᠷᠢᠶ᠎ᠠ ᠶᠢᠨ ᠬᠢᠨ 4 ᠳ᠋ᠤᠬᠡᠷ ᠰᠠᠷ᠎ᠠ ᠶᠢᠨ 12 ᠤᠨ ᠡᠳᠦᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠪᠠᠶᠢᠭᠤᠯᠭ᠎ᠠ ᠶᠢᠨ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶᠠᠨ ᠤ ᠪᠠᠶᠢᠭᠤᠯᠭ᠎ᠠ ᠶᠢᠨ ᠡᠪᠯᠡᠯ ᠤᠨ ᠬᠤᠷᠢᠶ᠎ᠠ ᠶᠢᠨ ᠬᠢᠨ ᠲᠠᠢ ᠬᠠᠮᠳᠤᠷᠠᠨ ︽ᠤᠯᠤᠰ ᠤᠨ ᠠᠮᠤᠷ ᠲᠦᠪᠰᠢᠨ ᠤ ᠲᠦᠯᠤᠬᠡ ᠵᠠᠯᠠᠭᠤᠰ ᠪᠢᠳᠡ ᠭᠠᠪᠰᠢᠭᠠᠶᠢᠯᠠᠶ᠎ᠠ︾ ᠭᠡᠬᠦ ᠭᠤᠣᠯ ᠰᠡᠳᠦᠪᠲᠦ ᠡᠪᠯᠡᠯ ᠤᠨ ᠡᠳᠤᠷ  ᠤᠨ ᠠᠵᠢᠯᠯᠠᠭ᠎ᠠ ᠦᠷᠨᠢᠬᠦᠯᠪᠡ᠃ ᠤᠯᠤᠰ ᠤᠨ ᠠᠮᠤᠷ ᠲᠦᠪᠰᠢᠨ ᠤ ᠲᠤᠬᠠᠢ ᠭᠤᠣᠯ ᠰᠡᠳᠦᠪᠲᠦ ᠲᠠᠶᠢᠯᠤᠮᠵᠢ᠂ ᠤᠯᠤᠰ ᠤᠨ ᠠᠮᠤᠷ ᠲᠦᠪᠰᠢᠨ ᠤ ᠲᠤᠬᠠᠢ ᠭᠤᠣᠯ ᠰᠡᠳᠦᠪᠲᠦ ᠺᠢᠨᠣ᠋ ᠦᠵᠡᠬᠦ᠂ ᠤᠯᠤᠰ ᠤᠨ ᠠᠮᠤᠷ ᠲᠦᠪᠰᠢᠨ ᠤ ᠲᠤᠬᠠᠢ ᠮᠡᠳᠡᠯᠬᠡ ᠶᠢᠨ ᠠᠰᠠᠭᠤᠯᠤᠳᠠ ᠶᠢ ᠬᠠᠷᠢᠭᠤᠯᠬᠤ᠂ ᠤᠯᠤᠰ ᠤᠨ ᠠᠮᠤᠷ ᠲᠦᠪᠰᠢᠨ ᠤ ᠲᠤᠬᠠᠢ ᠭᠤᠤᠯ ᠰᠡᠳᠤᠪᠳᠤ ᠦᠵᠡᠬᠦᠯᠤᠯᠬᠡ ᠶᠢ ᠰᠤᠨᠢᠷᠬᠠᠬᠤ ᠪᠠᠷ ᠳᠠᠮᠵᠢᠭᠤᠯᠵᠤ᠂ ᠵᠠᠯᠠᠭᠤᠴᠤᠳ ᠲᠤ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠭᠦᠨᠵᠡᠭᠡᠢ ᠰᠤᠷᠤᠯᠴᠠᠭᠤᠯᠤᠨ᠂ ᠲᠡᠳᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠣᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ ᠵᠣᠷᠢᠭᠲᠠᠢ ᠪᠠᠷ ᠬᠠᠷᠢᠭᠤᠴᠠᠯᠭ᠎ᠠ ᠡᠬᠦᠷᠬᠡᠯᠡᠬᠦ ᠲᠡᠶᠢᠰᠢ ᠲᠠᠭᠠᠭᠤᠯᠪᠠ᠃
W020240415600578709779.jpg    ᠣᠯᠠᠨ ᠢᠶᠠᠷ ᠢᠶᠠᠨ᠄ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠣᠯᠣᠨ ᠤᠯᠤᠰ ᠤᠨ ᠠᠮᠤᠷ
ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ ᠤᠨ ᠦᠵᠡᠯᠲᠡ ᠪᠠᠨ ᠴᠢᠩᠭᠠᠷᠠᠭᠤᠯᠵᠤ᠂ ᠬᠤᠪᠢᠰᠬᠠᠯᠳᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠬᠠᠷᠢᠭᠤᠴᠠᠯᠭ᠎ᠠ ᠪᠠ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠤ ᠡᠷᠡᠰ ᠬᠠᠮᠠᠭᠠᠯᠠᠭᠴᠢ ᠪᠣᠯᠵᠤ᠂ ᠤᠯᠤᠰ ᠤᠨ ᠠᠮᠤᠷ ᠲᠦᠪᠰᠢᠨ ᠢ ᠬᠤᠬᠢᠷᠠᠭᠤᠯᠬᠤ ᠦᠵᠡᠭᠳᠡᠯ ᠪᠤᠯᠤᠨ ᠠᠵᠢᠯᠯᠠᠭ᠎ᠠ ᠶᠢ ᠡᠷᠡᠰ ᠡᠰᠡᠷᠭᠦᠴᠡᠬᠦ ᠪᠠ ᠤᠬᠠᠮᠰᠠᠷ ᠠᠴᠠ ᠪᠠᠨ ᠬᠤᠷᠢᠭᠯᠠᠵᠤ᠂ ᠠᠷᠠᠳ ᠤᠨ ᠶᠠᠪᠤᠳᠠᠯ ᠤᠨ ᠵᠠᠯᠠᠭᠤᠴᠤᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠬᠤ ᠪᠠ ᠪᠠᠲᠤ ᠪᠠᠬᠢ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠨ᠎ᠠ︾ ᠬᠡᠵᠡᠬᠡᠪᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号