ᠶᠡᠷᠤᠩᠭᠡᠶᠢᠯᠡᠭᠰᠡᠨ ᠮᠡᠳᠡᠭᠡ
ᠨᠡᠶᠢᠲᠡᠯᠡᠭᠰᠡᠨ ᠴᠠᠭ᠄
2024/4/17
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ 4 ᠳ᠋ᠤᠬᠡᠷ ᠰᠠᠷ᠎ᠠ ᠶᠢᠨ 15 ᠤ ᠡᠳᠦᠷ 19 ᠳ᠋ᠤᠬᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠲᠡᠬᠡᠷ᠎ᠡ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ  ᠪᠤᠯᠤᠨ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾  ᠢ ᠰᠤᠷᠤᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠢᠨ ᠤ ︽ᠪᠦᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾  ᠢ ᠳᠠᠷᠤᠮᠠᠯᠯᠠᠨ ᠲᠠᠷᠬᠠᠭᠠᠪᠠ᠃ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠭᠰᠠᠨ ᠤ ᠬᠠᠮᠲᠤ ᠲᠢᠩᠬᠢᠮ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠠᠵᠢᠯ ᠢ ᠪᠠᠶᠢᠷᠢᠯᠠᠭᠤᠯᠪᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ᠄    ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 4 ᠳ᠋ᠤᠬᠡᠷ ᠰᠠᠷ᠎ᠠ ᠶᠢᠨ 17 ᠤ ᠡᠳᠦᠷ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠳᠤ ᠰᠠᠨᠠᠭᠠᠴᠢᠯᠠᠭ᠎ᠠ ᠭᠠᠷᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠤᠬᠠᠮᠰᠠᠷ ᠢ ᠪᠣᠶ ᠪᠣᠯᠭᠠᠵᠤ᠂ ᠣᠲᠣ ᠦᠶ᠎ᠡ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠥᠪᠡᠷ ᠢ ᠪᠠᠨ ᠬᠠᠮᠢᠶᠠᠷᠬᠤ ᠲᠣᠭᠲᠠᠴᠠ ᠶᠢ ᠪᠦᠷᠢᠯᠳᠤᠬᠦᠯᠬᠦ ᠬᠡᠷᠡᠭᠳᠡᠢ᠂ ᠪᠡᠶ᠎ᠡ ᠪᠠᠨ ᠪᠠᠷᠢᠬᠤ ᠤᠬᠠᠮᠰᠠᠷ ᠢᠶᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ ᠬᠡᠵᠡᠢ᠃    ᠨᠡᠶᠢᠭᠡᠮ ᠤᠨ ᠲᠤᠰᠠᠯᠠᠮᠵᠢ ᠶᠢᠨ ᠲᠠᠯ᠎ᠠ ᠪᠠᠷ᠄    ᠤᠯᠠᠭᠠᠨᠴᠠᠪ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠤᠷᠴᠢᠮ ᠳᠤ 2024 ᠣᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠡᠶᠢᠭᠡᠮ ᠤᠨ ᠲᠤᠰᠠᠯᠠᠮᠵᠢ ᠶᠢᠨ 1511 ᠲᠤᠰᠠᠯᠠᠬᠴᠢ  ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠲᠠᠭᠤᠰᠬᠠᠪᠠ᠃ ᠪᠣᠯᠪᠠᠰᠤᠷᠠᠯ ᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠲᠡᠵᠢᠭᠡᠬᠦ᠂ ᠲᠦᠷ ᠤᠨ ᠲᠤᠰᠠᠯᠠᠮᠵᠢ ᠵᠡᠷᠭᠡ ᠡᠯ᠎ᠡ ᠵᠦᠢᠯ ᠤᠨ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠦᠷᠨᠢᠬᠦᠯᠪᠡ᠃    ᠨᠠᠰᠤᠵᠢᠯ ᠤᠨ ᠦᠢᠯᠡᠴᠢᠯᠡᠭᠡ ᠶᠢᠨ ᠲᠠᠯ᠎ᠠ ᠪᠠᠷ᠄ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠢᠳᠡᠪᠬᠢᠲᠡᠢ ᠬᠡᠷᠡᠭᠵᠢᠭᠦᠯᠵᠦ᠂ ︽ᠨᠢᠭᠡ ᠡᠷᠦᠬᠡ ᠳᠤ ᠨᠢᠭᠡ ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠯᠲᠡ ᠶᠢᠨ ᠰᠡᠳᠬᠢᠮᠵᠢ ᠶᠢᠨ ᠲᠣᠭᠤᠷᠢᠨ ᠳᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠬᠦ ᠶᠢᠰᠦᠨ ᠲᠥᠷᠥᠯ ᠤᠨ ᠣᠨᠴᠠ ᠬᠦᠴᠢᠷᠳᠡᠯᠲᠡᠢ ᠨᠠᠰᠤᠲᠠᠶᠢᠴᠤᠳ ᠲᠤ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠵᠦ᠂ ᠨᠢᠭᠡᠳᠦᠭᠡᠷ ᠤᠯᠠᠷᠢᠯ ᠳᠤ ᠨᠢᠭᠡᠨᠲᠡ 552 ᠡᠷᠦᠬᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠨ ᠤ ᠬᠠᠷᠠᠯᠲᠠ ᠶᠢᠨ 69% ᠳᠤ ᠬᠥᠷᠪᠡ᠃  
 
ᠢᠷᠡᠯᠲᠡ᠄ ᠥᠪᠥᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号