ᠬᠥᠬᠡᠬᠤᠲᠠ᠂ ᠪᠠᠶᠠᠨᠨᠠᠭᠤᠷ ᠬᠤᠲᠠ᠂ ᠦᠬᠠᠢ ᠬᠤᠲᠠ ᠵᠡᠷᠭᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠬᠢᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠣᠷᠴᠢᠮ ᠳᠤ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠲᠡᠳ ᠲᠠᠢ | ᠬᠠᠮᠲᠤ ᠪᠠᠷ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ᠂ ᠴᠢᠳᠠᠪᠤᠷᠢ ᠶᠢᠨ ᠳᠡᠭᠡᠭᠰᠢᠯᠡᠯᠲᠡ ᠪᠠ ᠨᠠᠷᠠᠲᠤ ᠲᠡᠮᠳᠡᠭᠲᠦ ᠶᠢᠨ | ᠪᠠᠶᠢᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ ᠬᠢᠨᠠᠨ ᠵᠢᠯᠤᠭᠤᠳᠴᠤ ᠦᠨᠡᠯᠡᠬᠦ ᠠᠵᠢᠯ ᠥᠷᠨᠢᠭᠦᠯᠪᠡ᠃ ᠲᠣᠰ | ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠡᠶᠢᠭᠡᠮ ᠤᠨ ᠠᠵᠢᠯ ᠢ ᠵᠢᠷᠤᠮᠵᠢᠭᠤᠯᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠵᠦᠢᠯᠡᠰ ᠤᠨ ᠲᠤᠰᠬᠠᠶᠢᠵᠢᠬᠤ᠂ ᠨᠠᠷᠢᠯᠢᠭ ᠣᠨᠣᠴᠠᠲᠠᠢ ᠪᠣᠯᠬᠤ ᠲᠦᠪᠰᠢᠨ ᠢ ᠳᠡᠭᠡᠭᠰᠢᠯᠡᠭᠦᠯᠦᠨ᠂ | ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠦᠢᠯᠡᠴᠢᠯᠡᠭᠡᠨ ᠤ ᠬᠠᠮ ᠬᠦᠴᠦᠨ ᠢ | ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠶᠢᠵᠢᠷᠠᠭᠤᠯᠬᠤ ᠳᠤ ᠪᠤᠢ᠃ | ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ ᠪᠠ | ᠶᠠᠷᠢᠯᠴᠠᠬᠤ ᠪᠠᠷ ᠳᠠᠮᠵᠢᠭᠤᠯᠤᠨ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠭᠢᠯᠡᠬᠦ ᠭᠠᠵᠠᠷ︶ | ᠶᠢᠨ ᠨᠡᠶᠢᠭᠡᠮ ᠤᠨ ᠠᠵᠢᠯ ᠤᠨ ᠥᠷᠲᠡᠭᠡ ᠶᠢ ᠬᠢᠨᠠᠨ ᠵᠢᠯᠤᠭᠤᠳᠴᠤ ᠦᠨᠡᠯᠡᠬᠡᠳ ᠨᠡᠶᠢᠭᠡᠮ ᠤᠨ ᠠᠵᠢᠯ ᠤᠨ | ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠲᠥᠷᠥᠯ ᠵᠦᠢᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ | ᠠᠵᠢᠯ ᠤᠨ ᠦᠷ᠎ᠡ ᠪᠦᠲᠦᠭᠡᠯ ᠪᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠭᠦᠢᠴᠡᠳ ᠣᠶᠢᠯᠠᠭᠠᠨ᠂ | ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠭᠤᠣᠯᠳᠠᠯᠭ᠎ᠠ ᠲᠠᠢ | ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠪᠠ᠃ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠪᠠ ᠳᠠᠭᠠᠭᠠᠨ ᠠᠪᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠠᠵᠢᠯᠲᠠᠳ ᠬᠠᠷᠢᠶᠠᠲᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰᠬᠠᠢ | ᠦᠢᠯᠡᠴᠢᠯᠡᠭᠡ ᠥᠷᠨᠢᠭᠦᠯᠬᠦ ᠲᠤᠬᠠᠢ ᠲᠤᠷᠰᠢᠯᠭ᠎ᠠ ᠶᠢᠨ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃ ᠬᠢᠨᠠᠨ | ᠵᠢᠯᠤᠭᠤᠳᠬᠤ ᠳᠤᠭᠤᠶᠢᠯᠠᠩ ᠤᠨ ᠬᠢᠨ᠄ ︽ᠳᠦᠷᠢᠮ ᠤᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ᠂ ᠨᠠᠷᠢᠯᠢᠭ ᠣᠨᠣᠴᠠᠲᠠᠢ ᠦᠢᠯᠡᠴᠢᠯᠡᠭᠡ ᠪᠠ ᠨᠢᠭᠦᠯᠡᠰᠦᠩᠭᠦᠢ ᠶᠢᠨ ᠡᠬᠢ ᠪᠠᠶᠠᠯᠢᠭ ᠤᠨ ᠬᠤᠯᠪᠣᠭᠠᠰᠤ | ᠪᠣᠯ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ | ᠵᠦᠢᠯ ᠢ ᠥᠷᠨᠢᠭᠦᠯᠬᠦ ᠶᠢᠨ ᠴᠢᠬᠤᠯᠠ ᠭᠤᠭᠴᠤᠭ᠎ᠠ ᠮᠥᠨ᠂ ᠨᠡᠶᠢᠭᠡᠮ ᠤᠨ ᠠᠵᠢᠯ ᠤᠨ ᠥᠷᠲᠡᠭᠡ ᠶᠢᠨ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︿ᠬᠥᠮᠥᠨ ᠳᠤ ᠴᠢᠳᠠᠪᠤᠷᠢ ᠣᠯᠭᠤᠵᠤ ᠣᠯᠠᠨ | ᠲᠦᠮᠡᠨ ᠳᠤ ᠦᠢᠯᠡᠴᠢᠯᠡᠬᠦ﹀ ᠦᠢᠯᠡᠴᠢᠯᠡᠭᠡᠨ ᠤ ᠤᠶᠢᠯᠠᠭᠠᠬᠳᠠᠬᠤᠨ ᠢ ᠪᠠᠷᠢᠮᠲᠠᠯᠠᠨ᠂ ᠨᠡᠶᠢᠭᠡᠮ ᠲᠣᠭᠤᠷᠢᠭ ᠤᠨ ᠡᠬᠢ | ᠪᠠᠶᠠᠯᠢᠭ ᠢ ᠢᠳᠡᠪᠬᠢᠲᠡᠢ ᠪᠠᠷ ᠡᠮᠬᠢᠯᠡᠨ᠂ ︿ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ﹀ ᠦᠢᠯᠡᠳᠦᠯ ᠢ | ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠬᠦᠰᠡᠵᠦ | ᠪᠠᠶᠢᠨ᠎ᠠ︾ ᠬᠡᠵᠡᠢ᠃ | | | | | | | | | | |