ᠠᠷᠠᠳ ᠤᠨ ᠶᠠᠪᠤᠳᠠᠯ ᠤᠨ ᠶᠠᠮᠤᠨ | ᠠᠷᠠᠳ ᠤᠨ ᠶᠠᠪᠤᠳᠠᠯ ᠤᠨ ᠶᠠᠮᠤᠨ ᠤ ᠬᠡᠦᠬᠡᠳ ᠤᠨ ᠠᠰᠠᠷᠠᠮᠵᠢ ᠶᠢᠨ ᠵᠤᠷᠭᠠᠨ ᠤ ᠬᠢᠨ ᠤᠷᠴᠢᠮ ᠳᠤ ︽ | ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠵᠦᠭᠯᠡᠭᠦᠷ ︵ | ᠰᠠᠨᠠᠯ ᠬᠤᠷᠢᠶᠠᠬᠤ ᠨᠣᠣᠷᠠᠭ︶︾ ᠤᠨ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ ᠪᠠᠶᠢᠨ᠎ᠠ᠂ ᠰᠠᠨᠠᠯ ᠦᠭᠭᠦ ᠴᠠᠭ 2024 ᠣᠨ ᠤ 10 ᠳ᠋ᠤᠭᠠᠷ | ᠰᠠᠷ᠎ᠠ ᠶᠢᠨ 16 ᠤ ᠡᠳᠦᠷ ᠲᠠᠭᠤᠰᠤᠨ᠎ᠠ᠃ | ᠨᠠᠰᠤᠵᠢᠯ ᠤᠨ ᠦᠢᠯᠡᠴᠢᠯᠡᠭᠡ | ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ 12 ᠰᠠᠯᠠᠭ᠎ᠠ ᠮᠥᠴᠢᠷ | ᠤᠨ ᠬᠢᠨ ᠬᠠᠮᠲᠤᠷᠠᠨ ︽ᠬᠥᠬᠡᠬᠤᠲᠠ ᠶᠢᠨ ᠨᠠᠰᠤᠲᠠᠶᠢᠴᠤᠳ ᠤᠨ ᠬᠤᠭᠤᠯᠠ ᠤᠮᠳᠠ ᠶᠢᠨ ᠦᠢᠯᠡᠴᠢᠯᠡᠭᠡ ᠶᠢ | ᠢᠳᠡᠪᠬᠢᠲᠡᠢ ᠬᠥᠭᠵᠢᠭᠦᠯᠬᠦ ᠠᠵᠢᠯᠯᠠᠭ᠎ᠠ ᠶᠢᠨ ᠲᠥᠰᠥᠯ︾ ᠢ ᠲᠤᠭᠤᠷᠪᠢᠵᠤ᠂ ︽ᠬᠤᠪᠢ ᠬᠥᠮᠥᠨ ᠨᠢᠬᠡ ᠬᠡᠰᠡᠭ | ᠭᠠᠷᠭᠠᠬᠤ᠂ ᠠᠵᠤ ᠠᠬᠤᠶᠢᠯᠠᠯ ᠨᠢᠬᠡ ᠬᠡᠰᠡᠭ ᠭᠠᠷᠭᠠᠬᠤ᠂ ᠵᠠᠰᠠᠭ ᠤᠨ ᠣᠷᠳᠣᠨ ᠠᠴᠠ ᠨᠢᠭᠡ ᠬᠡᠰᠡᠭ ᠢ | ᠨᠥᠬᠦᠪᠦᠷᠢᠯᠡᠬᠦ᠂ ᠬᠠᠮᠲᠤ ᠨᠡᠶᠢᠲᠡ ᠠᠴᠠ ᠨᠢᠭᠡ ᠬᠡᠰᠡᠭ ᠨᠡᠮᠡᠬᠦ᠂ ᠨᠡᠶᠢᠭᠡᠮ ᠨᠡᠶᠢᠳᠡ ᠶᠢᠨ ᠬᠢᠨ ᠨᠢᠭᠡ ᠬᠡᠰᠡᠭ | ᠬᠠᠨᠳᠢᠪᠯᠡᠬᠤ︾ ᠤᠯᠠᠨ ᠡᠰᠢᠲᠦ ᠪᠡᠯᠡ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠳᠤ ᠰᠢᠬᠢᠳᠬᠡᠬᠡᠷᠢ ᠮᠠᠶ᠋ᠢᠭ ᠤᠨ ᠬᠠᠭᠤᠴᠢᠨ ᠬᠤᠭᠤᠯᠠᠨ ᠭᠡᠷ ᠪᠠᠶᠢᠭᠤᠯᠬᠤ᠂ ᠰᠤᠯᠠ | ᠪᠠᠶᠢᠬᠤ ᠭᠡᠷ ᠪᠠᠶᠢᠰᠢᠩ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠤᠯᠠᠨ ᠠᠷᠭ᠎ᠠ ᠬᠡᠯᠪᠡᠷᠢ ᠪᠠᠷ | ᠳᠠᠮᠵᠢᠭᠤᠯᠵᠤ᠂ 2024 ᠣᠨ ᠳᠤ 292 ᠨᠠᠰᠤᠲᠠᠶᠢᠴᠤᠳ ᠲᠤ ᠲᠤᠰᠠᠯᠠᠬᠤ ᠬᠤᠭᠤᠯᠠᠨ ᠭᠡᠷ ᠢ ᠰᠢᠨ᠎ᠡ ᠪᠠᠷ | ᠨᠡᠮᠡᠭᠳᠡᠭᠦᠯᠬᠦ ᠪᠠᠷ ᠲᠦᠯᠦᠪᠯᠡᠬᠡᠳ ᠣᠳᠣᠬᠠᠨ ᠳᠤ 186 ᠬᠤᠭᠤᠯᠠᠨ ᠭᠡᠷ ᠢ ᠪᠠᠶᠢᠭᠤᠯᠵᠤ ᠳᠠᠭᠤᠰᠬᠠᠪᠠ᠃ | ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ | ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠬᠠᠷᠢᠶ᠎ᠠ ᠣᠷᠣᠨ ᠤ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ︽ᠰᠣᠩᠭᠤᠳᠠᠭ ᠪᠦᠲᠦᠭᠡᠯ ᠢ ᠳᠠᠬᠢᠨ ᠳᠠᠪᠲᠠᠬᠤ︾ ᠰᠤᠪᠠᠭ ᠤᠨ ᠪᠦᠷᠬᠦᠴᠡ ᠶᠢᠨ | ᠠᠵᠢᠯ ᠥᠷᠨᠢᠭᠦᠯᠬᠦ ᠶᠢ ᠵᠢᠯᠤᠭᠤᠳᠴᠤ᠂ ᠲᠧᠯᠸᠢᠰ ᠤᠨ ᠳᠣᠬᠢᠶ᠎ᠠ ᠶᠢ ᠭᠥᠯᠢᠶᠡᠨ ᠠᠪᠬᠤ ᠠᠷᠭ᠎ᠠ ᠵᠠᠮ᠂ ᠮᠠᠰᠢᠨ | ᠨᠡᠬᠡᠭᠳᠡᠬᠦ ᠨᠢ ᠤᠳᠠᠭᠠᠨ᠂ ᠠᠵᠢᠯᠯᠠᠭᠤᠯᠬᠤ ᠨᠢ ᠪᠤᠳᠤᠯᠢᠶᠠᠨᠲᠠᠢ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ ᠵᠡᠷᠭᠡ | ᠲᠠᠯ᠎ᠠ ᠳᠤ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠬᠦ ᠶᠢᠨ ᠬᠠᠮᠲᠤ ᠰᠤᠪᠠᠭ ᠤᠨ ᠪᠦᠷᠬᠦᠴᠡ ᠶᠢᠨ ᠠᠵᠢᠯ | ᠬᠢᠵᠦ᠂ ᠨᠠᠰᠤᠲᠠᠶᠢᠴᠤᠳ ᠤᠨ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠬᠡ ᠠᠯᠬᠤᠮ ᠪᠠᠶᠠᠯᠢᠭᠵᠢᠭᠤᠯᠵᠠᠢ᠃ | ᠣᠳᠣᠬᠠᠨ ᠳᠤ ᠨᠢᠭᠡᠨᠲᠡ 73 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠲᠤᠰ | ᠠᠵᠢᠯᠯᠠᠭ᠎ᠠ ᠶᠢ ᠬᠢᠵᠤ ᠲᠠᠭᠤᠰᠬᠠᠪᠠ᠃ | ᠬᠡᠦᠬᠡᠳ ᠤᠨ ᠠᠰᠠᠷᠠᠮᠵᠢ | ᠪᠤᠭᠤᠲᠤ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ᠲᠤᠰᠬᠠᠢ ᠡᠷᠡᠭᠦᠯᠵᠢᠯ ᠤᠨ | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠨᠡᠶᠢᠲᠡ ᠶᠢᠨ ᠠᠰᠠᠷᠠᠮᠵᠢ ᠶᠢᠨ ᠬᠡᠯᠪᠡᠷᠢ ᠪᠠᠷ ᠬᠡᠦᠬᠡᠳ ᠤᠳ ᠲᠤ | ᠦᠭᠡ ᠬᠡᠯᠡ ᠪᠠ ᠮᠥᠴᠢ ᠶᠢᠨ ᠪᠣᠯᠪᠠᠰᠤᠷᠠᠯ ᠬᠠᠨᠭ᠍ᠭᠠᠵᠤ ᠪᠠᠶᠢᠨ᠎ᠠ᠃ ᠲᠤᠰᠬᠠᠢ ᠮᠡᠷᠭᠡᠵᠢᠯ ᠤᠨ ᠡᠷᠡᠭᠦᠯᠵᠢᠯ ᠤᠨ | ᠪᠣᠯᠪᠠᠰᠤᠷᠠᠯ ᠢᠶᠠᠷ ᠳᠡᠮᠵᠢᠨ ᠦᠭᠡ ᠬᠡᠯᠡᠨ ᠤ ᠪᠤᠶᠢᠵᠢᠯᠲᠠ ᠤᠳᠠᠭᠠᠨ᠂ ᠲᠠᠩ ᠣᠪᠣᠭᠲᠤ ᠶᠢᠨ ᠬᠠᠮ ᠬᠡᠮ ᠵᠡᠷᠭᠡ ᠦᠭᠡ | ᠬᠡᠯᠡᠨ ᠤ ᠰᠠᠭᠠᠳ ᠲᠠᠢ ᠬᠡᠦᠬᠡᠳ ᠱᠠᠲᠤ ᠦᠶ᠎ᠡ ᠶᠢᠨ ᠴᠢᠨᠠᠷᠲᠠᠢ ᠡᠷᠡᠭᠦᠯᠵᠢᠯ ᠤᠨ ᠬᠠᠷᠠᠯᠲᠠ ᠶᠢ ᠪᠡᠶᠡᠯᠡᠭᠦᠯᠪᠡ᠃ | ᠲᠠᠷᠢᠬᠢᠨ ᠤ ᠰᠠ ᠵᠡᠷᠭᠡ ᠮᠥᠴᠢ ᠨᠢ ᠰᠠᠭᠠᠳ ᠲᠠᠢ ᠬᠡᠦᠬᠡᠳ ᠤᠨ ᠦᠶ᠎ᠡ ᠶᠢᠨ ᠬᠥᠳᠡᠯᠭᠡᠭᠡᠨ ᠤ ᠬᠡᠮᠵᠢᠶ᠎ᠡ᠂ | ᠪᠤᠯᠴᠢᠩ ᠤᠨ ᠬᠦᠴᠦ᠂ ᠲᠡᠰᠪᠦᠷᠢ ᠨᠢ ᠮᠡᠳᠡᠭᠳᠡᠮ᠎ᠡ ᠰᠠᠶᠢᠵᠢᠷᠠᠪᠠ᠃ ᠡᠭᠦᠨ ᠠᠴᠠ ᠭᠠᠳᠠᠨ᠎ᠠ ᠪᠤᠭᠤᠲᠤ ᠬᠤᠲᠠ ᠶᠢᠨ | ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ | ᠪᠠᠳᠠᠷᠠᠭᠤᠯᠵᠤ᠂ ᠡᠷᠡᠭᠦᠯ ᠮᠡᠨᠳᠦ ᠶᠢ ᠭᠡᠷ ᠲᠤ ᠨᠢ ᠬᠦᠷᠭᠡᠵᠦ᠂ ᠨᠡᠶᠢᠭᠡᠮ ᠤᠨ ᠬᠦᠴᠢᠷᠳᠡᠯ ᠲᠠᠢ ᠭᠡᠷ ᠪᠦᠯᠢ ᠶᠢᠨ | ᠵᠡᠮᠳᠡᠭ ᠬᠡᠦᠬᠡᠳ ᠲᠤ ᠡᠷᠡᠭᠦᠯᠵᠢᠯ ᠤᠨ ᠪᠣᠯᠪᠠᠰᠤᠷᠠᠯ ᠢ 600 ᠭᠠᠷᠤᠢ ᠬᠥᠮᠥᠨ ᠤᠳᠠᠭ᠎ᠠ ᠬᠠᠩᠭᠠᠵᠤ᠂ ᠰᠦᠢᠳᠬᠡᠯ | ᠥᠯᠥ ᠬᠤᠷᠢᠶᠠᠬᠤ ᠰᠤᠷᠭᠠᠨ ᠬᠥᠮᠦᠵᠢᠯ ᠤᠨ ᠵᠢᠯᠣᠭᠤᠳᠤᠯᠭ᠎ᠠ ᠪᠠᠷᠤᠭ 700 ᠬᠢᠴᠢᠶᠡᠯ ᠤᠨ ᠴᠠᠭ ᠬᠠᠩᠭᠠᠭᠰᠠᠨ | ᠪᠠᠶᠢᠨ᠎ᠠ᠃ | ᠨᠢᠬᠦᠯᠡᠰᠤᠩᠭᠦᠢ ᠶᠢᠨ ᠦᠢᠯᠡᠰ | ᠤᠯᠠᠭᠠᠨᠬᠠᠳᠠ ᠬᠤᠲᠠ ᠶᠢᠨ ᠬᠢᠨ ᠵᠠᠰᠠᠭ ᠤᠨ ᠣᠷᠳᠣᠨ ᠤ ᠲᠤᠰᠠᠯᠠᠮᠵᠢ ᠪᠠ ᠨᠢᠭᠦᠯᠡᠰᠦᠩᠭᠦᠢ ᠶᠢᠨ ᠲᠡᠳᠬᠦᠮᠵᠢ | ᠶᠢ ᠪᠦᠲᠦᠮᠵᠢᠲᠡᠶ ᠵᠣᠯᠭᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ︽ᠵᠠᠰᠠᠭ ᠤᠨ ᠣᠷᠳᠣᠨ ᠤ ᠲᠤᠰᠠᠯᠠᠮᠵᠢ ᠪᠠ | ᠨᠢᠭᠦᠯᠡᠰᠦᠩᠭᠦᠢ ᠶᠢᠨ ᠲᠡᠳᠬᠦᠮᠵᠢ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠬᠤ ᠲᠥᠰᠥᠯ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠨᠢᠭᠦᠯᠡᠰᠦᠩᠭᠦᠢ ᠶᠢᠨ ᠬᠦᠴᠦᠨ ᠤ ᠨᠡᠶᠢᠭᠡᠮ ᠤᠨ ᠲᠤᠰᠠᠯᠠᠮᠵᠢ ᠶᠢᠨ ᠠᠵᠢᠯ ᠳᠤ ᠣᠷᠣᠯᠴᠠᠬᠤ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠪᠡ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠢᠳᠡᠪᠬᠢᠲᠡᠢ ᠪᠠᠷ ᠴᠤᠤᠷᠢᠶᠠᠳᠤᠬᠰᠠᠨ ᠤ | ᠲᠤᠳᠤᠷ᠎ᠠ ᠬᠤᠩᠱᠠᠨ ᠲᠣᠭᠤᠷᠢᠭ ᠤᠨ ᠬᠢᠨ ᠵᠡᠮᠳᠡᠭᠴᠦᠳ ᠢ ᠲᠤᠰᠠᠯᠠᠬᠤ ︽ᠵᠢᠭᠦᠷ︾ ᠲᠥᠯᠥᠪᠯᠡᠭᠡ ᠵᠡᠷᠭᠡ ᠠᠯᠢ | ᠤᠯᠠᠨ ᠬᠠᠪᠰᠤᠷᠤᠨ ᠲᠡᠳᠬᠦᠬᠦ ᠲᠦᠷᠦᠯ ᠵᠦᠢᠯ ᠢ ᠬᠡᠷᠡᠭᠵᠢᠭᠦᠯᠪᠡ᠃ ᠠᠷᠤ ᠬᠤᠷᠴᠢᠨ ᠬᠤᠰᠢᠭᠤᠨ ᠤ ᠬᠢᠨ ︽ | ᠰᠡᠳᠬᠢᠯ ᠤᠨ ᠤᠭ ᠠᠴᠠ ᠪᠠᠨ ᠲᠤᠰᠠᠯᠠᠬᠤ︾ ᠨᠠᠷᠠᠲᠤ ᠲᠡᠮᠳᠡᠭᠲᠦ ᠶᠢ ᠡᠭᠦᠳᠴᠦ᠂ ᠨᠢᠭᠦᠯᠡᠰᠦᠩᠭᠦᠢ ᠶᠢᠨ | ᠦᠢᠯᠡᠰ ᠤᠨ ᠲᠡᠳᠬᠦᠮᠵᠢ ᠶᠢᠨ ᠮᠥᠩᠭᠦ ᠶᠢ ᠨᠡᠶᠢᠲᠡ 53.8 ᠲᠦᠮᠡᠨ ᠲᠥᠭᠦᠷᠢᠭ ᠣᠷᠣᠭᠤᠯᠵᠤ᠂ 3370 | ᠬᠦᠴᠢᠷᠳᠡᠯᠲᠡᠢ ᠬᠥᠮᠥᠰ ᠲᠤ ᠠᠰᠢᠭ ᠬᠦᠷᠲᠡᠭᠡᠪᠡ᠃ | | | | | | | | | | | |