ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠢᠨᠠᠨ ᠪᠤᠳᠤᠬᠤ ᠠᠵᠢᠯ ᠳᠤ | ᠴᠢᠬᠤᠯᠠ ᠵᠢᠭᠠᠪᠤᠷᠢ ᠥᠭᠴᠦ ᠂ ᠬᠢᠨᠠᠨ ᠪᠤᠳᠤᠬᠤ ᠠᠵᠢᠯ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ | ᠴᠢᠬᠤᠯᠠ ᠪᠦᠷᠢᠯᠳᠦᠭᠦᠨ ᠬᠡᠰᠡᠭ ᠮᠥᠨ ᠃ ᠣᠶᠢᠷ᠎ᠠ ᠶᠢᠨ ᠵᠢᠯ ᠠᠴᠠ ᠬᠢᠨᠠᠨ ᠪᠤᠳᠤᠬᠤ ᠪᠠᠶᠢᠭᠤᠯᠭ᠎ᠠ ᠨᠠᠮ ᠪᠣᠯᠣᠨ ᠤᠯᠤᠰ ᠤᠨ | ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠠᠵᠤ ᠠᠬᠤᠢ ᠳᠤ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ | ᠰᠠᠭᠤᠷᠢᠯᠠᠵᠤ ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠂ ᠤᠯᠤᠰ ᠤᠨ ᠠᠵᠤ ᠠᠬᠤᠢ ᠶᠢᠨ ᠠᠮᠤᠷ | ᠲᠦᠪᠰᠢᠨ ᠢ ᠬᠠᠮᠠᠭᠠᠯᠠᠬᠤ ᠂ ᠠᠶᠤᠯ ᠲᠦᠭᠰᠢᠭᠦᠷᠢ ᠭᠡᠮ ᠰᠣᠭᠤᠭ ᠢ ᠢᠯᠡᠷᠡᠭᠦᠯᠬᠦ ᠂ ᠢᠯᠵᠢᠷᠡᠯ ᠢ ᠡᠰᠡᠷᠭᠦᠴᠡᠵᠦ ᠰᠠᠮᠠᠭᠤᠷᠠᠯ ᠢ | ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠰᠢᠨ᠎ᠡ ᠠᠶᠠᠨ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠲᠥᠪ ᠬᠤᠷᠢᠶ᠎ᠠ ᠶᠢᠨ ᠬᠢᠨᠠᠨ ᠪᠤᠳᠤᠬᠤ | ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠭᠤᠣᠯ ᠬᠠᠷᠢᠭᠤᠴᠠᠯᠭ᠎ᠠ ᠭᠤᠣᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ ᠂ ᠲᠥᠪᠯᠡᠷᠡᠩᠭᠦᠢ ᠨᠢᠭᠡᠳᠦᠯᠲᠡᠢ ᠂ ᠪᠦᠭᠦ ᠲᠠᠯ᠎ᠠ ᠶᠢ ᠬᠠᠮᠤᠷᠤᠭᠰᠠᠨ ᠂ ᠡᠷᠬᠡ ᠰᠦᠷᠲᠦ | ᠥᠨᠳᠥᠷ ᠪᠦᠲᠦᠮᠵᠢᠲᠡᠢ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠰᠢᠰᠲ᠋ᠧᠮ ᠢ ᠬᠦᠴᠦᠯᠡᠨ ᠪᠠᠶᠢᠭᠤᠯᠵᠤ ᠂ ᠬᠢᠨᠠᠨ | ᠪᠣᠳᠣᠯᠲᠠ ᠶᠢᠨ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠴᠢᠨᠠᠷ | ᠰᠠᠶᠢᠲᠠᠢ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ | ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯ ᠵᠢᠴᠢ ᠪᠦᠭᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ | ᠲᠡᠷᠢᠭᠦᠨ ᠤ ᠬᠠᠮᠲᠤ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 1 ᠰᠠᠷ᠎ᠠ ᠶᠢᠨ 10 ᠠᠴᠠ | 11 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠬᠤᠷᠠᠯ ᠳᠡᠭᠡᠷ᠎ᠡ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠵᠤ ᠂ ᠪᠦᠭᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ 80 ᠲᠡᠷᠢᠭᠦᠨ ᠤ ᠬᠠᠮᠲᠤ ᠂ 45 | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ ᠃ | |