ᠮᠠᠨ ᠤ ᠤᠷᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠯᠦᠭᠡ ︽ᠥᠪᠥᠷ ᠮᠣᠩᠭᠤᠯ ᠤᠨ ᠪᠥᠬᠦ ᠤᠯᠤᠰ ᠤᠨ ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠭᠡᠬᠦ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2025/2/20
ᠰᠦᠨ ᠱᠤᠤ ᠴᠧᠩ᠂ ᠯᠢ ᠰᠢᠶᠣᠣ ᠬᠤᠩ ᠶᠠᠷᠢᠶ᠎ᠠ ᠲᠠᠯᠪᠢᠵᠤ᠂ ᠸᠠᠩ ᠯᠢ ᠰᠢᠶᠠ ᠬᠤᠷᠠᠯ ᠢ ᠡᠷᠬᠢᠯᠡᠪᠡ     ᠮᠠᠨ ᠤ ᠤᠷᠤᠨ ᠪᠤᠯᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ 2 ᠳ᠋ᠤᠭᠠᠷ ᠰᠠᠷ᠎ᠠ ᠶᠢᠨ 19 ᠤ ᠡᠳᠦᠷ ᠬᠥᠬᠡᠬᠤᠲᠠ ᠳᠤ ︽ᠥᠪᠥᠷ ᠮᠣᠩᠭᠤᠯ ᠤᠨ ᠪᠥᠬᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠭᠡᠬᠦ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠯᠢ ᠰᠢᠶᠣᠣ ᠬᠤᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃
W020250220304944078438_ORIGIN.jpg
   ᠮᠠᠨ ᠤ ᠤᠷᠤᠨ ᠪᠤᠯᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ 2 ᠳ᠋ᠤᠭᠠᠷ ᠰᠠᠷ᠎ᠠ ᠶᠢᠨ 19 ᠤ ᠡᠳᠦᠷ ᠬᠥᠬᠡᠬᠤᠲᠠ ᠳᠤ ︽ᠥᠪᠥᠷ ᠮᠣᠩᠭᠤᠯ ᠤᠨ ᠪᠥᠬᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠭᠡᠬᠦ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠯᠢ ᠰᠢᠶᠣᠣ ᠬᠤᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ     ᠲᠠᠯ᠎ᠠ ᠨᠤᠲᠤᠭ ᠤᠨ ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ    ᠬᠤᠷᠠᠯ ᠳᠡᠭᠡᠷ᠎ᠡ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠤᠳᠤᠯᠭᠠᠨ ᠤ ᠰᠡᠳᠦᠪ ᠤᠨ ᠲᠥᠷᠥᠯ ᠵᠦᠢᠯ ᠤᠨ ᠭᠦᠢᠴᠡᠳᠬᠡᠬᠦ ᠳᠤᠭᠤᠶᠢᠯᠠᠩ ᠤᠨ ᠳᠠᠷᠤᠭ᠎ᠠ ᠯᠦ ᠴᠦᠨ ᠹᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠴᠢᠶᠠᠩ᠂ ᠱᠣᠸ ᠠᠨ ᠯᠢᠨ᠂ ᠬᠠᠭᠤᠷᠠᠢ ᠵᠠᠮ ᠤᠨ ᠴᠡᠷᠢᠭ᠂ ᠳ᠋ᠦ᠋ ᠶᠠᠨ ᠯᠢᠶᠠᠩ ᠰᠤᠳᠤᠯᠭᠠᠨ ᠤ ᠰᠡᠳᠦᠪ ᠤᠨ ᠦᠷ᠎ᠡ ᠪᠦᠲᠦᠭᠡᠯ ᠢᠶᠠᠨ ᠲᠠᠨᠢᠯᠴᠠᠭᠤᠯᠵᠤ᠂ ᠥᠪᠥᠷ ᠮᠣᠩᠭᠤᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠬᠡᠷᠬᠢᠨ ᠨᠠᠩ ᠰᠠᠶᠢᠨ ᠪᠠᠳᠠᠷᠠᠭᠤᠯᠵᠤ ᠤᠯᠤᠰ ᠤᠨ ᠴᠢᠨᠠᠷᠯᠢᠭ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃    ᠯᠢ ᠰᠢᠶᠣᠣ ᠬᠤᠩ᠄ ︽ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠮᠠᠰᠢ ᠰᠠᠶᠢᠨ᠂ ᠴᠢᠬᠤᠯᠠ ᠶᠡᠭᠡ ᠵᠥᠪᠯᠡᠯᠭᠡ ᠥᠭᠴᠦ ᠦᠨᠡᠯᠡᠬᠦ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠤᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠭᠰᠠᠭᠠᠷ ᠢᠷᠡᠪᠡ᠃ ᠨᠢᠳᠤᠨᠤᠨ ᠥᠪᠥᠷ ᠮᠣᠩᠭᠤᠯ ᠢᠨᠵᠧᠨᠧᠷᠢᠩ ᠤᠨ ᠬᠦᠷᠢᠶᠡᠯᠡᠩ ᠳᠤ ᠨᠠᠶᠢᠳᠠᠵᠤ ︿ᠥᠪᠥᠷ ᠮᠣᠩᠭᠤᠯ ᠤᠨ ᠪᠥᠬᠦ ᠤᠯᠤᠰ ᠤᠨ ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ﹀ ᠶᠢᠨ ᠰᠤᠳᠤᠯᠭᠠᠨ ᠢ ᠥᠷᠨᠢᠭᠦᠯᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠮᠠᠰᠢᠳᠠ ᠴᠢᠬᠤᠯᠠᠴᠢᠯᠠᠨ ᠤᠯᠤᠰ ᠤᠨ ᠱᠠᠭᠠᠷᠳᠠᠯᠭ᠎ᠠ ᠳᠤ ᠴᠢᠭᠯᠡᠭᠦᠯᠦᠨ ᠡᠨᠧᠷᠭᠢ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠲᠤᠭ᠎ᠠ ᠪᠠᠷᠢᠮᠲᠠ ᠶᠢᠨ ᠪᠤᠳᠤᠬᠤ ᠴᠢᠳᠠᠪᠤᠷᠢ᠂ ᠰᠠᠭᠤᠷᠢ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠭᠦᠨᠵᠡᠭᠡᠢ ᠪᠦᠬᠡᠳ ᠰᠢᠰᠲ᠋ᠧᠮ ᠲᠠᠢ  ᠪᠠᠶᠢᠴᠠᠭᠠᠨ ᠰᠤᠳᠤᠯᠤᠭᠠᠳ ᠱᠠᠳᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠲᠠᠷᠠᠭᠠᠴᠢ ᠪᠠᠷ ᠥᠪᠥᠷ ᠮᠣᠩᠭᠤᠯ ᠲᠠᠢ ᠦᠷᠭᠦᠯᠵᠢᠯᠡᠨ ᠭᠠᠷ ᠬᠤᠯᠪᠣᠯᠴᠠᠨ᠂ ᠣᠲᠣ ᠶᠢᠨ ᠪᠠᠶᠢᠭ᠎ᠠ ᠰᠤᠳᠤᠯᠭᠠᠨ ᠤ ᠠᠭᠤᠯᠭ᠎ᠠ ᠳᠤ ᠴᠢᠭᠯᠡᠭᠦᠯᠦᠨ ᠤᠯᠠᠮ  ᠭᠦᠨᠵᠡᠭᠡᠶᠢᠷᠡᠭᠦᠯᠦᠨ ᠳᠡᠭᠡᠭᠰᠢᠯᠡᠭᠦᠯᠦᠭᠡᠳ᠂ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠳᠤ ᠨᠠᠩ ᠪᠠᠲᠤ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠨ᠎ᠠ︾ ᠬᠡᠵᠡᠢ᠃   ᠰᠦᠨ ᠱᠤᠤ ᠴᠧᠩ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠥᠪᠥᠷ ᠮᠣᠩᠭᠤᠯ ᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠢᠯᠡᠷᠬᠡᠶᠢᠯᠡᠭᠰᠡᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠬᠢᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠰᠦᠨᠨ ᠱᠤᠤ ᠴᠸᠡᠭ᠄ ︽ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠬᠠᠮᠲᠤᠷᠠᠨ ᠰᠤᠳᠤᠯᠭᠠᠨ ᠤ ᠰᠡᠳᠦᠪ ᠤᠨ ᠰᠤᠳᠤᠯᠭᠠᠨ ᠥᠷᠨᠢᠭᠦᠯᠬᠦ ᠨᠢ ᠪᠢᠳᠡᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠥᠷ ᠮᠣᠩᠭᠤᠯ ᠤᠨ ᠤᠯᠤᠰ ᠤᠨ  ᠴᠢᠨᠠᠷᠯᠢᠭ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ᠃ ᠡᠨᠡ ᠤᠳᠠᠭ᠎ᠠ ᠶᠢᠨ ᠰᠤᠳᠤᠯᠭᠠᠨ ᠤ ᠦᠷ᠎ᠡ ᠪᠦᠲᠦᠭᠡᠯ ᠨᠢ ᠨᠠᠮ ᠤᠨ ᠲᠥᠪ ᠬᠤᠷᠢᠶᠠᠨ ᠤ ᠥᠪᠥᠷ ᠮᠣᠩᠭᠤᠯ  ᠳᠤ ᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂  ᠪᠠᠷᠠᠭᠠᠯᠬᠢᠯᠠᠯ ᠤᠨ  ᠪᠠ ᠰᠢᠨᠵᠢᠯᠡᠬᠦ ᠤᠬᠠᠭᠠᠨᠴᠢ  ᠪᠦᠬᠡᠳ ᠵᠢᠯᠣᠭᠤᠳᠤᠯᠭ᠎ᠠ ᠶᠢᠨ ᠴᠢᠨᠠᠷᠲᠠᠢ ᠰᠠᠨᠠᠭᠤᠯᠭ᠎ᠠ ᠲᠤᠷᠠᠳᠤᠬᠰᠠᠨ ᠨᠢ ᠮᠠᠨ ᠤ ᠣᠷᠣᠨ ᠤ ᠬᠥᠭᠵᠢᠯᠲᠡ ᠶᠢᠨ ᠱᠠᠭᠠᠷᠳᠠᠯᠭ᠎ᠠ ᠲᠠᠢ  ᠮᠠᠰᠢ ᠨᠡᠶᠢᠴᠡᠵᠤ ᠪᠠᠶᠢᠨ᠎ᠠ ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠰᠡᠳᠦᠪ ᠲᠤ ᠳᠤᠷᠠᠳᠤᠭᠰᠠᠨ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠲᠠᠢ ᠬᠠᠷᠢᠴᠠᠭᠤᠯᠤᠨ᠂ ᠲᠣᠰ ᠰᠠᠯᠠᠭ᠎ᠠ ᠮᠥᠴᠢᠷ ᠲᠣᠰ ᠬᠦᠷᠢᠶ᠎ᠡ ᠴᠠᠷᠠᠭ᠎ᠠ ᠳᠤ ᠶᠠᠭᠤ ᠬᠢᠵᠦ ᠳᠡᠶᠢᠯᠬᠦ ᠶᠢ ᠭᠦᠨᠵᠡᠭᠡᠢ ᠰᠤᠳᠤᠯᠵᠤ᠂ ︽ᠪᠠᠶᠢᠯᠳᠤᠭᠠᠨ︾ ᠢ ᠤᠷᠢᠳ ᠢᠶᠠᠷ ᠬᠢᠵᠦ᠂ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠬᠤ ᠬᠡᠷᠡᠭᠲᠡᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠣᠭᠲᠠᠭᠠᠬᠤ ᠯᠤᠭ᠎ᠠ ᠤᠶᠠᠯᠳᠤᠭᠤᠯᠤᠨ᠂ ᠰᠡᠳᠦᠪ ᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠨᠦᠬᠡᠴᠨ ᠬᠦᠴᠦᠨ ᠢ ᠠᠭᠤᠳᠠᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠴᠢᠨᠠᠷᠯᠢᠭ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠪᠠ ᠢᠨᠵᠧᠨᠧᠷᠢᠩ ᠤᠨ ᠲᠥᠷᠥᠯ ᠵᠦᠢᠯ ᠪᠣᠯᠭᠠᠨ ᠬᠤᠪᠢᠷᠠᠭᠤᠯᠬᠤ ᠬᠡᠷᠡᠭᠲᠡᠢ︾ ᠭᠡᠵᠤ ᠱᠠᠭᠠᠷᠳᠠᠪᠠ᠃   ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ ᠳ᠋ᠧᠩ ᠰᠢᠸ ᠰᠢᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠦᠨ ᠯᠢ ᠯᠢ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ  ᠰᠦᠨ ᠵᠢᠶᠦ᠋ᠨ ᠴᠢᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号