ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠥᠯ ᠪᠠ ︽ᠬᠤᠶᠠᠷ ᠳᠡᠭᠡᠳᠦ ᠵᠡᠷᠬᠡ ᠶᠢᠨ ᠬᠤᠷᠢᠶ᠎ᠠ︾ ᠶᠢᠨ ᠠᠵᠢᠯ ᠤᠨ ᠢᠯᠡᠳᠬᠡᠯ ᠢ ᠳᠤᠭᠤᠶᠢᠯᠠᠩ ᠬᠤᠪᠢᠶᠠᠨ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2025/3/10
ᠰᠦᠨ ᠱᠤᠤ ᠴᠧᠩ᠂ ᠸᠠᠩ ᠯᠢ ᠰᠢᠶᠠ᠂ ᠶᠠᠩ ᠵᠧᠨ ᠦ᠋᠂ ᠪᠦ᠋ ᠰᠢᠶᠣᠣ ᠯᠢᠨ ᠨᠠᠷ ᠶᠠᠷᠢᠶ᠎ᠠ ᠲᠠᠯᠪᠢᠵᠠᠢ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ 3 ᠰᠠᠷ᠎ᠠ ᠶᠢᠨ 9 ᠤ ᠡᠳᠦᠷ  ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠯᠥᠭᠡᠯᠡᠭᠴᠢᠳ ᠤᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠥᠯ᠂ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠪᠠ ᠠᠷᠠᠳ ᠤᠨ ᠳᠡᠭᠡᠳᠦ ᠵᠡᠷᠬᠡ  ᠶᠢᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ ᠵᠦᠪᠯᠡᠯ᠎ᠡ᠃    ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠸᠠᠩ ᠯᠢ ᠰᠢᠶᠠ᠂ ᠶᠠᠩ ᠵᠧᠨ ᠦ᠋᠂ ᠪᠦ᠋ ᠰᠢᠶᠣᠣ ᠯᠢᠨ ᠵᠡᠷᠭᠡ ᠲᠥᠯᠥᠭᠡᠯᠡᠭᠴᠢ ᠮᠥᠨ ᠶᠠᠷᠢᠶ᠎ᠠ ᠲᠠᠯᠪᠢᠵᠤ᠂ ᠢᠦᠢ ᠯᠢ ᠰᠢᠨ᠂ ᠯᠢᠨ ᠱᠤᠤ ᠴᠦᠨ᠂ ᠵᠧᠩ ᠬᠤᠩ ᠹᠠᠨ᠂ ᠶᠠᠩ ᠶᠢᠨ ᠨᠠᠷ ᠦᠳᠡ ᠶᠢᠨ ᠡᠮᠦᠨᠡᠬᠢ ᠪᠠ ᠦᠳᠡ ᠶᠢᠨ ᠬᠤᠶᠢᠨᠠᠬᠢ ᠲᠥᠯᠥᠭᠡᠯᠡᠭᠴᠢᠳ ᠤᠨ ᠳᠤᠭᠤᠶᠢᠯᠠᠩ ᠤᠨ ᠬᠤᠷᠠᠯ ᠢ ᠡᠷᠬᠢᠯᠡᠪᠡ᠃ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶᠠᠨ ᠤ ᠳᠡᠳ᠋ ᠳᠠᠷᠤᠭ᠎ᠠ ᠾᠧ ᠰᠢᠶᠣᠣ ᠷᠦᠩ᠂ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶ᠎ᠠ᠂ ᠠᠷᠠᠳ ᠤᠨ ᠳᠡᠭᠡᠳᠦ ᠵᠡᠷᠬᠡ ᠶᠢᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠶᠡᠭᠡ ᠬᠤᠷᠠᠯ ᠤᠨ ᠪᠢᠴᠢᠭ ᠮᠠᠲ᠋ᠧᠷᠢᠶᠠᠯ ᠤᠨ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃   ᠲᠥᠯᠥᠭᠡᠯᠡᠭᠴᠢ ᠰᠦᠨ ᠱᠤᠤ ᠴᠧᠩ᠄ ︽ᠪᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠵᠡᠷᠬᠡ ᠶᠢᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠬᠤᠶᠠᠷ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠲᠤᠭ᠎ᠠ ᠪᠠᠷᠢᠮᠲᠠ ᠪᠠᠷ ᠶᠠᠷᠢᠵᠤ᠂ ᠵᠢᠱᠢᠶ᠎ᠡ ᠪᠠᠷ ᠬᠠᠤᠯᠢ ᠶᠢ ᠲᠠᠶᠢᠯᠪᠤᠷᠢᠯᠠᠭᠠᠳ ᠦᠭᠡ ᠥᠭᠦᠯᠡᠪᠦᠷᠢ ᠶᠢᠨ ᠳᠣᠲᠣᠷ᠎ᠠ ᠬᠠᠤᠯᠢᠵᠢᠯ ᠤᠨ ᠵᠣᠷᠢᠭ ᠰᠠᠨᠠᠭ᠎ᠠ ᠶᠢ ᠢᠯᠡᠷᠡᠬᠦᠯᠤᠨ ᠬᠠᠤᠯᠢ ᠴᠠᠭᠠᠵᠠ ᠶᠢᠨ ᠬᠦᠴᠦᠨ ᠢ ᠲᠠᠮᠵᠢᠭᠤᠯᠤᠭᠰᠠᠨ ᠪᠦᠬᠡᠳ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠶᠢ ᠢᠯᠡᠷᠡᠭᠦᠯᠪᠡ᠃ ᠥᠩᠭᠡᠷᠡᠭᠰᠡᠨ ᠨᠢᠭᠡ ᠵᠢᠯ ᠳᠤ ᠪᠦᠬᠦ ᠤᠯᠤᠰ ᠤᠨ ᠰᠢᠭᠦᠬᠦ ᠬᠤᠷᠢᠶ᠎ᠠ ᠪᠠᠶᠢᠴᠠᠭᠠᠬᠤ ᠰᠢᠰᠲ᠋ᠧᠮ ᠤᠨ ᠬᠢᠨ ᠨᠠᠮ ᠤᠨ ᠤᠳᠤᠷᠢᠳᠤᠯᠭ᠎ᠠ᠂ ᠠᠷᠠᠳ ᠤᠨ ᠲᠥᠯᠥᠭᠡ ᠬᠠᠤᠯᠢ ᠪᠠᠷᠢᠬᠤ ᠵᠠᠷᠴᠢᠮ ᠢ ᠪᠠᠷᠢᠮᠲᠠᠯᠠᠵᠤ ᠥᠭᠡᠷᠡᠴᠢᠯᠡᠯᠲᠡ ᠶᠢ ᠯᠠᠪᠳᠠᠭᠤᠨ ᠢᠶᠠᠷ  ᠠᠬᠢᠭᠤᠯᠤᠭᠠᠳ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠣᠯᠵᠠᠢ᠃ ︽ᠬᠤᠶᠠᠷ ᠳᠡᠭᠡᠳᠦ ᠵᠡᠷᠬᠡ ᠶᠢᠨ ᠬᠤᠷᠢᠶ᠎ᠠ︾ ᠶᠢᠨ ᠠᠵᠢᠯ ᠤᠨ ᠢᠯᠡᠳᠬᠡᠯ ᠳᠤ ᠡᠨᠡ ᠵᠢᠯ ᠤᠨ ᠰᠢᠭᠦᠬᠦ ᠬᠤᠷᠢᠶ᠎ᠠ ᠶᠢᠨ ᠪᠠᠶᠢᠴᠠᠭᠠᠬᠤ ᠠᠵᠢᠯ ᠢᠶᠠᠨ ᠪᠠᠶᠢᠷᠢᠯᠠᠭᠤᠯᠪᠠ᠂ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠶᠢᠳᠤᠷ ᠨᠠᠶᠢᠳᠠᠪᠤᠷᠢᠵᠢᠭᠤᠯᠤᠨ ᠬᠠᠤᠯᠢᠵᠢᠯ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ︾ ᠬᠡᠵᠡᠢ᠃     ᠲᠥᠯᠥᠭᠡᠯᠡᠭᠴᠢ  ᠸᠠᠩ ᠯᠢ ᠰᠢᠶᠠ᠄ ︽  ︿ᠬᠤᠶᠠᠷ ᠲᠡᠬᠡᠳᠤ ᠵᠡᠷᠬᠡ ᠶᠢᠨ ᠬᠤᠷᠢᠶ᠎ᠠ﹀ ᠶᠢᠨ ᠬᠢᠨ ᠤ ᠠᠵᠢᠯ ᠤᠨ ᠢᠯᠡᠳᠬᠡᠯ  ᠳᠤ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠡᠶᠢᠳᠡᠮ ᠲᠤᠭᠤᠰᠢᠯᠠᠭᠤᠯᠵᠤ᠂ ᠨᠠᠷᠢᠨ ᠪᠣᠳᠠᠲᠠᠢ ᠲᠤᠭ᠎ᠠ ᠪᠠᠷᠢᠮᠲᠠ᠂ ᠠᠮᠢᠳᠤᠯᠢᠭ ᠵᠢᠱᠢᠶ᠎ᠡ ᠪᠠᠷ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠮᠡᠳᠡᠭᠦᠯᠵᠦ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ᠂ ᠬᠠᠤᠯᠢ ᠪᠠᠷ ᠵᠠᠰᠠᠬᠤ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠤᠬᠠᠮᠰᠠᠷ ᠢ ᠢᠯᠡᠷᠡᠭᠦᠯᠵᠡᠢ᠂ ᠡᠨᠡ ᠪᠣᠯ ᠦᠵᠡᠯ ᠰᠠᠨᠠᠭᠠᠨ ᠤ ᠲᠤᠭ ᠢ ᠥᠨᠳᠥᠷ ᠮᠠᠨᠳᠤᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠠᠨ ᠲᠦᠮᠡᠨ ᠤ ᠠᠩᠬᠠᠷᠤᠯ ᠳᠤ ᠬᠠᠷᠢᠭᠤ ᠥᠭᠭᠦᠭᠰᠡᠨ ᠰᠠᠶᠢᠨ ᠮᠡᠳᠡᠭᠦᠯᠦᠯᠲᠡ ᠮᠥᠨ᠂ ᠪᠢ ᠪᠦᠷᠢᠮᠦᠰᠦᠨ ᠵᠥᠪᠰᠢᠶᠡᠷᠡᠨ᠎ᠡ᠃ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶ᠎ᠠ᠂ ᠠᠷᠠᠳ ᠤᠨ ᠳᠡᠭᠡᠳᠦ ᠵᠡᠷᠬᠡ ᠶᠢᠨ ᠪᠠᠶᠢᠴᠠᠭᠠᠬᠤ ᠬᠤᠷᠢᠶ᠎ᠠ ᠶᠢᠨ  ᠬᠢᠨ ᠥᠩᠭᠡᠷᠡᠭᠰᠡᠨ ᠨᠢᠭᠡ ᠵᠢᠯ ᠳᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠠᠨ ᠬᠦᠴᠦᠲᠡᠢ ᠪᠥᠭᠡᠳ ᠪᠦᠲᠦᠮᠵᠢᠲᠡᠶ᠂ ᠶᠡᠭᠡ ᠲᠠᠯ᠎ᠠ ᠳᠤ ᠦᠢᠯᠡᠴᠢᠯᠡᠨ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠬᠠᠤᠯᠢ ᠪᠠᠷᠢᠬᠤ ᠳᠤ ᠪᠠᠨ ᠰᠡᠳᠬᠢᠯ ᠲᠠᠯᠪᠢᠵᠤ ᠴᠢᠨᠠᠷᠯᠢᠭ ᠬᠥᠭᠵᠢᠯᠲᠡ ᠳᠤ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠲᠦᠰᠢᠭ ᠲᠤᠯᠭᠠᠭᠤᠷᠢ ᠶᠢ ᠬᠠᠩᠭᠠᠭᠰᠠᠨ ᠪᠠᠶᠢᠨ᠎ᠠ᠃ ᠪᠢᠳᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ   ᠴᠢᠩᠭᠠᠳᠬᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠲᠦᠷᠭᠡᠨ ᠦᠳᠳᠡᠷ ᠪᠤᠢ ᠪᠤᠯᠭᠠᠭᠠᠳ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠥᠪᠥᠷ ᠮᠣᠩᠭᠤᠯ ᠢ ᠴᠢᠷᠮᠠᠶᠢᠨ ᠪᠦᠲᠦᠭᠡᠨ ᠪᠠᠶᠢᠭᠤᠯᠤᠨ᠎ᠠ︾ ᠬᠡᠯ᠎ᠡ᠃    ᠲᠥᠯᠥᠭᠡᠯᠡᠭᠴᠢ ᠶᠠᠩ ᠵᠧᠨ ᠦ᠋᠄ ︽︿ᠬᠤᠶᠠᠷ ᠲᠡᠬᠡᠳᠤ ᠵᠡᠷᠬᠡ ᠶᠢᠨ ᠬᠤᠷᠢᠶ᠎ᠠ﹀ ᠶᠢᠨ ᠬᠢᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶ᠎ᠠ ᠪᠠ ᠠᠷᠠᠳ ᠤᠨ ᠲᠡᠬᠡᠳᠤ ᠵᠡᠷᠬᠡ ᠶᠢᠨ ᠪᠠᠶᠢᠴᠠᠭᠠᠬᠤ ᠬᠤᠷᠢᠶ᠎ᠠ ᠶᠢᠨ ᠬᠢᠨ ᠠᠵᠢᠯ ᠳᠤ ᠬᠤᠶᠠᠷ ᠲᠤᠪᠤᠶᠢᠮ᠎ᠠ ᠤᠨᠴᠠᠯᠢᠭ ᠢᠯᠡᠷᠡᠪᠡ᠄ ᠨᠢᠬᠡ ᠨᠢ᠂ ᠠᠷᠠᠳ ᠤᠨ ᠬᠠᠤᠯᠢ ᠴᠠᠭᠠᠵᠨ ᠶᠢᠨ ᠲᠦᠯᠤᠬᠡ ᠴᠢᠷᠮᠠᠶᠢᠵᠤ ᠭᠤᠤᠯᠴᠢ᠂ ᠰᠢᠳᠤᠷᠭᠤ ᠶᠤᠰᠤ ᠶᠢ ᠬᠠᠤᠯᠢ ᠴᠠᠭᠠᠵᠨ ᠶᠢᠨ ᠬᠡᠷᠡᠭ ᠪᠤᠯᠭᠠᠨ ᠢᠶᠠᠷ ᠠᠷᠠᠳ ᠲᠦᠮᠡᠨ ᠳᠤ ᠮᠡᠳᠡᠷᠡᠬᠦᠯᠪᠡ᠃ ᠬᠤᠶᠠᠷ  ᠲᠤ᠂  ᠶᠡᠭᠡ ᠲᠠᠯ᠎ᠠ ᠳᠤ ᠦᠢᠯᠡᠴᠢᠯᠡᠵᠦ ᠰᠢᠭᠦᠨ ᠲᠠᠰᠤᠯᠬᠤ ᠪᠠ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠪᠠᠳᠤᠯᠠᠯ᠎ᠠ᠃ ︿ᠰᠡᠷᠭᠡᠶᠢᠯᠡᠬᠦ ᠪᠣᠯ ᠬᠠᠮᠠᠭᠠᠯᠠᠵᠤ ᠪᠠᠶᠢᠭ᠎ᠠ ᠶᠠᠪᠤᠳᠠᠯ᠂ ᠵᠠᠯᠬᠠᠭᠠᠨ ᠰᠢᠢᠳᠬᠡᠬᠦ ᠪᠣᠯ ᠠᠪᠤᠷᠠᠵᠤ ᠪᠠᠶᠢᠭ᠎ᠠ ᠶᠠᠪᠤᠳᠠᠯ ᠮᠥᠨ﹀ ᠭᠡᠬᠦ ᠣᠶᠢᠯᠠᠭᠠᠭᠳᠠᠬᠤᠨ ᠢ ᠪᠠᠷᠢᠮᠳᠠᠯᠠᠨ ᠭᠡᠮᠲᠦᠭᠡᠬᠦ᠂ ᠨᠥᠵᠢᠳᠯᠡᠬᠦ᠂ ᠮᠡᠬᠡᠯᠡᠨ ᠬᠤᠳᠠᠯᠳᠤᠬᠤ ᠵᠡᠷᠭᠡ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠤ᠂ ᠨᠠᠰᠤᠨ ᠳᠤ ᠭᠦᠷᠦᠭᠰᠡᠳ ᠨᠢ ᠨᠠᠰᠤᠨ ᠳᠤ ᠥᠯᠥ ᠭᠦᠷᠦᠭᠰᠡᠳ ᠢᠶᠠᠨ ᠠᠶᠤᠯᠭᠠᠨ ᠰᠦᠷᠳᠡᠭᠦᠯᠬᠦ᠂ ᠥᠳᠥᠭᠡᠨ ᠲᠠᠲᠠᠬᠤ᠂ ᠵᠢᠭᠠᠨ ᠳᠣᠬᠢᠵᠤ ᠪᠠᠶᠢᠭᠠᠳ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠬᠦ ᠳᠤ ᠴᠢᠩᠭ᠎ᠠ ᠴᠣᠬᠢᠯᠲᠠ ᠥᠭᠴᠦ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠰᠠᠨᠠᠭᠤᠯᠤᠶ᠎ᠠ︾ ᠬᠡᠵᠡᠢ᠃  ᠲᠦᠯᠤᠬᠡᠯᠡᠭᠴᠢ ᠪᠦ᠋ ᠰᠢᠶᠣᠣ ᠯᠢᠨ᠄ ︽︿ᠬᠤᠶᠠᠷ ᠲᠡᠬᠡᠳᠤ ᠵᠡᠷᠬᠡ ᠶᠢᠨ ᠬᠤᠷᠢᠶ᠎ᠠ﹀ ᠶᠢᠨ ᠬᠢᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠨᠢᠭᠡ ᠵᠢᠯ ᠤᠨ ᠲᠤᠷᠰᠢ᠂ ᠠᠷᠠᠳ ᠤᠨ ᠳᠡᠭᠡᠳᠦ ᠵᠡᠷᠬᠡ ᠶᠢᠨ ᠰᠢᠭᠦᠬᠦ ᠬᠤᠷᠢᠶ᠎ᠠ᠂ ᠠᠷᠠᠳ ᠤᠨ ᠳᠡᠭᠡᠳᠦ ᠵᠡᠷᠬᠡ ᠶᠢᠨ ᠪᠠᠶᠢᠴᠠᠭᠠᠬᠤ ᠬᠤᠷᠢᠶ᠎ᠠ ᠶᠢᠨ ᠬᠢᠨ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠴᠠᠭᠠᠵᠠ ᠶᠢᠨ ᠠᠵᠢᠯ ᠳᠤ ᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠦᠬᠦ ᠲᠠᠯ᠎ᠠ ᠪᠠᠷ ᠴᠢᠨᠠᠷᠯᠢᠭ ᠬᠥᠭᠵᠢᠯᠲᠡ ᠶᠢ ᠪᠠᠲᠤᠯᠠᠬᠤ ᠬᠠᠤᠯᠢ ᠴᠠᠭᠠᠵᠠ ᠶᠢᠨ ᠲᠣᠭᠲᠠᠴᠠ ᠲᠡᠬᠦᠯᠳᠡᠷᠵᠢᠬᠦᠯᠤᠬᠡᠳ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠬᠠᠤᠯᠢᠵᠢᠯ ᠤᠨ ᠬᠦᠴᠦᠲᠡᠢ ᠪᠠᠲᠤᠯᠠᠭ᠎ᠠ ᠬᠠᠨᠭ᠍ᠭᠠᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠦᠷᠢᠮ ᠤᠨ ᠯᠤᠲᠤ ᠶᠡᠭᠡ ᠳᠠᠪᠠᠭᠤᠯᠢᠭ ᠢ ᠭᠦᠢᠴᠡᠳ ᠢᠯᠡᠷᠡᠬᠦᠯᠦᠭᠰᠡᠨ  ᠠᠴᠠ ᠨᠢ ︿ᠬᠤᠶᠠᠷ ᠢ  ᠲᠤᠬᠳᠠᠭᠠᠬᠰᠠᠨ﹀ ᠤ ᠰᠢᠢᠳᠪᠦᠷᠢᠯᠡᠭᠴᠢ ᠠᠴᠢ ᠬᠤᠯᠪᠣᠭᠳᠠᠯ ᠢ ᠤᠯᠠᠮ ᠭᠦᠨᠵᠡᠭᠡᠢ ᠤᠶᠢᠯᠠᠭᠠᠯ᠎ᠠ︾ ᠬᠡᠪᠡ᠃    ᠲᠠᠩ ᠴᠤᠤ᠂ ᠯᠢ ᠪᠢᠨ᠂ ᠯᠢᠦ ᠱᠤᠸᠠᠩ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠶᠠᠩ  ᠶᠢᠨ᠂ ᠶᠠᠩ ᠽᠥᠩ ᠷᠧᠨ᠂ ᠯᠢ ᠶᠦᠩ ᠵᠢᠶᠦ᠋ᠨ ᠵᠡᠷᠭᠡ ᠲᠥᠯᠥᠭᠡᠯᠡᠭᠴᠢ ᠦᠭᠡ ᠬᠡᠯᠡᠬᠦ ᠳᠤ ᠪᠠᠨ᠄ ︽︿ᠬᠤᠶᠠᠷ ᠲᠡᠬᠡᠳᠤ ᠵᠡᠷᠬᠡ ᠶᠢᠨ ᠬᠤᠷᠢᠶ᠎ᠠ﹀ ᠶᠢᠨ ᠬᠢᠨ ᠤ ᠠᠵᠢᠯ ᠤᠨ ᠢᠯᠡᠳᠬᠡᠯ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠡᠶᠢᠳᠡᠮ ᠲᠤᠭᠤᠰᠢᠯᠠᠭᠤᠯᠤᠨᠰᠠᠨ ᠪᠦᠬᠡᠳ ᠠᠵᠢᠯ ᠤᠨ ᠳ᠋ᠦᠡᠭᠨᠡᠯᠳᠡ ᠨᠢ ᠪᠤᠰᠤᠳᠴᠢ ᠪᠥᠭᠡᠳ ᠪᠥᠬᠦ ᠲᠠᠯ᠎ᠠ ᠪᠠᠷ᠂ ᠦᠨᠡᠨ ᠠᠴᠠ ᠵᠥᠪ ᠢ ᠡᠷᠢᠵᠦ᠂ ᠰᠠᠨᠠᠭᠤᠯᠭ᠎ᠠ ᠳᠤᠷᠠᠳᠬᠤ ᠰᠡᠳᠬᠢᠮᠵᠢ ᠨᠢ ᠲᠣᠳᠣᠷᠬᠠᠢ᠂ ᠪᠣᠳᠠᠲᠠᠢ ᠶᠢ ᠡᠷᠬᠢᠮᠯᠡᠬᠦ ᠨᠢ ᠬᠦᠴᠦᠲᠡᠢ᠂ ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠥᠷᠲᠡᠭ ᠤᠨ ᠬᠠᠨᠳᠤᠰᠢ᠂ ᠠᠷᠠᠳ ᠤᠨ ᠲᠥᠯᠥᠭᠡ ᠬᠠᠤᠯᠢ ᠪᠠᠷᠢᠬᠤ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠬᠦᠯᠦᠭᠰᠡᠨ ᠪᠤᠯᠬᠤᠷ ᠲᠤᠭ ᠢ ᠥᠨᠳᠥᠷ ᠮᠠᠨᠳᠤᠭᠤᠯᠵᠤ᠂ ᠬᠠᠤᠯᠢ ᠪᠠᠷ ᠵᠠᠰᠠᠬᠤ ᠶᠢ ᠪᠠᠳᠠᠷᠠᠭᠤᠯᠵᠤ᠂ ᠡᠭᠦᠷᠭᠡᠯᠡᠯ ᠢ ᠢᠯᠡᠷᠡᠭᠦᠯᠦᠭᠰᠡᠨ ᠰᠠᠶᠢᠨ ᠮᠡᠳᠡᠭᠦᠯᠦᠯᠲᠡ᠂ ᠡᠨᠡ ᠬᠤᠶᠠᠷ ᠢᠯᠡᠳᠬᠡᠯ ᠢ ᠪᠦᠷᠢᠮᠦᠰᠦᠨ ᠵᠥᠪᠰᠢᠶᠡᠷᠡᠨ᠎ᠡ︾ ᠬᠡᠵᠡᠬᠡᠯ᠎ᠡ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号