ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ 3 ᠳ᠋ᠤᠭᠠᠷ ᠰᠠᠷ᠎ᠠ ᠶᠢᠨ | 20 ᠤ ᠡᠳᠦᠷ ᠬᠥᠬᠡᠬᠤᠲᠠ ᠳᠤ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠪᠠ᠃ | | | |  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ 3 ᠳ᠋ᠤᠭᠠᠷ ᠰᠠᠷ᠎ᠠ ᠶᠢᠨ | 20 ᠤ ᠡᠳᠦᠷ ᠬᠥᠬᠡᠬᠤᠲᠠ ᠳᠤ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠵᠤ ᠪᠠᠶᠢᠭ᠎ᠠ | ᠨᠢ | ᠲᠠᠯ᠎ᠠ ᠨᠤᠲᠤᠭ ᠤᠨ ᠡᠬᠦᠯᠨ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ | ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ ᠽᠧᠦ ᠯᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠤ ᠲᠠᠷᠠᠭ᠎ᠠ᠄ ︽ | ᠣᠳᠣᠬᠠᠨ ᠳᠤ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ | ᠤᠷᠤᠭᠰᠢᠯᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠵᠤ᠂ | ᠢᠯᠠᠩᠭᠤᠶ᠎ᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠢ᠃ ᠬᠤᠶᠠᠷ | ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠥᠪᠥᠷ ᠮᠣᠩᠭᠤᠯ ᠪᠣᠯᠣᠨ ᠤᠯᠤᠰ ᠤᠨ ᠡᠨᠧᠷᠭᠢ ᠶᠢᠨ | ᠪᠦᠯᠦᠭᠯᠡᠯ ᠤᠨ ᠬᠢᠨ ᠤ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠴᠤ ᠢᠷᠡᠭᠡᠳᠦᠢ ᠳᠤ ᠬᠠᠷᠢᠯᠴᠠᠨ ᠠᠰᠢᠭᠲᠠᠢ᠂ | ᠬᠠᠮᠳᠤ ᠪᠠᠷ ᠠᠰᠢᠭ ᠬᠦᠷᠳᠡᠬᠦ ᠠᠯᠤᠰ ᠢᠷᠡᠭᠡᠳᠦᠢ ᠲᠤᠶᠢᠯ ᠤᠨ ᠰᠠᠷᠠᠭᠤᠯ ᠳᠠᠷᠳᠠᠩ ᠪᠠᠶᠢᠨ᠎ᠠ᠃ ᠪᠢᠳᠡ ᠳᠤᠷᠠᠲᠠᠶ᠎ᠠ | ᠤᠯᠤᠰ ᠤᠨ ᠡᠨᠧᠷᠭᠢ ᠶᠢᠨ ᠪᠦᠯᠦᠭᠯᠡᠯ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ ᠨᠡᠭᠦᠷᠡᠰᠦ ᠪᠠᠷ | ᠲᠣᠰᠣ ᠦᠢᠯᠡᠳᠬᠦ ᠵᠡᠷᠭᠡ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠤᠭᠠᠳ ᠤᠯᠤᠰ ᠤᠨ ᠡᠨᠧᠷᠭᠢ ᠶᠢᠨ ᠠᠮᠤᠷ | ᠲᠦᠪᠰᠢᠨ ᠳᠤ ᠨᠡᠩ ᠰᠠᠶᠢᠨ ᠦᠢᠯᠡᠴᠢᠯᠡᠵᠦ ᠪᠠᠲᠤᠯᠠᠨ᠎ᠠ᠃ ᠡᠨᠧᠷᠭᠢ ᠬᠠᠳᠠᠭᠠᠯᠠᠬᠤ ᠪᠣᠯ ᠰᠢᠨ᠎ᠡ ᠡᠨᠧᠷᠭᠢ ᠶᠢᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠪᠣᠯᠣᠨ᠎ᠠ᠂ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠨ | ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠪᠠᠶᠢᠭᠠᠳ ᠰᠢᠨ᠎ᠡ | ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠬᠤ ᠶᠢ | ᠬᠦᠰᠡᠵᠦ ᠪᠠᠶᠢᠨ᠎ᠠ᠃ ᠪᠢᠳᠡ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠪᠦᠯᠦᠭᠯᠡᠯ ᠢ ᠪᠠᠭᠲᠠᠭᠠᠭᠰᠠᠨ ᠠᠵᠤ ᠠᠬᠤᠶᠢᠯᠠᠯ ᠤᠳ | ᠲᠤ ᠨᠡᠩ ᠰᠠᠶᠢᠳᠤᠷ ᠦᠢᠯᠡᠴᠢᠯᠡᠨ᠎ᠡ︾ ᠭᠡᠵᠡᠢ᠃ | ᠽᠧᠦ ᠯᠧᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠤ ᠬᠢᠨ ᠤ ᠤᠷᠳᠤ ᠬᠤᠭᠤᠴᠠᠭᠠᠨ ᠤ ᠲᠤᠷᠰᠢ ᠤᠯᠤᠰ ᠤᠨ ᠡᠨᠧᠷᠭᠢ ᠶᠢᠨ ᠪᠦᠯᠦᠭᠯᠡᠯ ᠳᠤ ᠳᠡᠮᠵᠢᠯᠭᠡ | ᠦᠵᠡᠭᠦᠯᠦᠭᠰᠡᠨ ᠳᠤ ᠲᠠᠯᠠᠷᠬᠠᠵᠤ ᠢᠯᠡᠳᠭᠡᠭᠰᠡᠨ ᠤ ᠬᠠᠮᠳᠤ᠄ ︽ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠨ | ᠥᠪᠥᠷ ᠮᠣᠩᠭᠤᠯ ᠳᠤ ᠬᠢ ᠪᠡᠯᠡ ᠣᠷᠣᠭᠤᠯᠤᠯᠲᠠ ᠪᠣᠯᠣᠨ ᠬᠦᠭᠵᠢᠬᠦᠯᠤᠯᠳᠡ ᠶᠢ ᠮᠠᠰᠢᠳᠠ ᠴᠢᠬᠤᠯᠠᠴᠢᠯᠠᠵᠤ | ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠭᠠᠳ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ | ᠭᠤᠣᠯᠳᠠᠭᠤᠯᠵᠤ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠠᠲᠤ ᠰᠠᠬᠢᠵᠤ ᠤᠯᠤᠰ ᠤᠨ ᠡᠨᠧᠷᠭᠢ ᠶᠢᠨ ᠠᠮᠤᠷ | ᠲᠦᠪᠰᠢᠨ ᠲᠣᠭᠲᠠᠭᠤᠨ ᠢᠶᠠᠷ ᠬᠠᠩᠭᠠᠬᠤ ᠶᠢ ᠴᠢᠷᠮᠠᠶᠢᠨ ᠪᠠᠳᠤᠯᠠᠪᠠ᠃ ᠤᠯᠤᠰ ᠤᠨ ᠡᠨᠧᠷᠭᠢ ᠶᠢᠨ ᠪᠦᠯᠦᠭᠯᠡᠯ ᠤᠨ | ᠬᠢᠨ ᠳᠠᠷᠠᠭᠠᠴᠢ ᠪᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠬᠦᠯᠤᠯᠳᠡ ᠶᠢᠨ | ᠲᠥᠯᠦᠪᠵᠢᠭᠦᠯᠭᠡ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠪᠦᠲᠦᠮᠵᠢᠲᠡᠢ ᠪᠡᠯᠡ ᠣᠷᠣᠭᠤᠯᠤᠯᠲᠠ ᠶᠢ | ᠢᠳᠡᠪᠬᠢᠲᠡᠢ ᠦᠷᠬᠡᠳᠬᠡᠨ ᠠᠵᠤ ᠦᠢᠯᠡᠰ ᠤᠨ ᠬᠠᠮᠵᠢᠯᠴᠠᠬᠤ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠤ | ᠪᠠᠶᠢᠭᠠᠳ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ᠂ ᠨᠡᠭᠦᠷᠡᠰᠦ ᠪᠠᠷ ᠲᠣᠰᠣ ᠦᠢᠯᠡᠳᠬᠦ | ᠮᠡᠷᠭᠡᠵᠢᠯ ᠢ ᠲᠡᠰ ᠳᠡᠪᠰᠢᠭᠦᠯᠬᠦ᠂ ᠰᠢᠨ᠎ᠡ ᠡᠨᠧᠷᠭᠢ ᠶᠢᠨ ᠰᠢᠨᠵᠢᠯᠡᠬᠦ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠬᠦᠷᠢᠶ᠎ᠡ | ᠴᠠᠷᠠᠭ᠎ᠠ ᠳᠤ ᠬᠢ ᠬᠤᠶᠠᠷ ᠲᠠᠯ᠎ᠠ ᠶᠢᠨ ᠬᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ | ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠴᠢᠷᠮᠠᠶᠢᠨ ᠳᠡᠮᠵᠢᠨ᠎ᠡ︾ ᠭᠡᠵᠤ | ᠢᠯᠡᠳᠬᠡᠪᠡ᠃ | ᠢᠦᠢ ᠯᠢ ᠰᠢᠨ ᠠᠭᠤᠯᠵᠠᠯᠲᠠ ᠳᠤ ᠤᠷᠤᠯᠴᠠᠵᠠᠢ᠃ | | | |