ᠰᠢ ᠶᠢᠨ ᠫᠢᠡᠭ ᠶᠡᠷᠤᠩᠭᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠨ ᠦᠬᠦᠯᠡᠯᠳᠡ
ᠨᠡᠶᠢᠲᠡᠯᠡᠭᠰᠡᠨ ᠴᠠᠭ᠄
2025/3/26
    ᠠᠷᠠᠳ ᠤᠨ ᠠᠮᠢᠳᠤᠷᠠᠯ ᠪᠣᠯ ᠬᠠᠮᠤᠭ ᠤᠨ ᠲᠤᠮᠤ ᠤᠯᠤᠰ ᠲᠦᠷᠦ᠃ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠠᠷᠠᠳ ᠣᠯᠠᠨ ᠤ ᠪᠠᠭ᠎ᠠ ᠶᠠᠪᠤᠳᠠᠯ ᠢ ᠮᠠᠨ ᠤ ᠶᠡᠭᠡ ᠶᠠᠪᠤᠳᠠᠯ ᠢᠶᠠᠨ ᠪᠣᠯᠭᠠᠵᠤ᠂ ᠠᠷᠠᠳ ᠤᠯᠠᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠠᠴᠠ ᠭᠠᠷᠳᠠᠨ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠤᠴᠢᠷ ᠶᠠᠪᠤᠳᠠᠯ ᠠᠴᠠ ᠡᠬᠢᠯᠡᠨ ᠠᠳᠬᠤᠵᠤ᠂ ᠪᠦᠬᠦ ᠲᠠᠯ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ ᠢ ᠲᠡᠳᠬᠦᠵᠤ ᠲᠤᠰᠠᠯᠠᠬᠤ ᠠᠵᠢᠯ ᠢ ᠴᠢᠬᠤᠯᠠᠴᠢᠯᠠᠵᠤ᠂ ᠨᠡᠶᠢᠭᠡᠮ ᠤᠨ ᠪᠠᠳᠤᠯᠠᠭ᠎ᠠ ᠶᠢᠨ ᠤᠯᠠᠨ ᠲᠡᠰ ᠳᠠᠪᠬᠤᠷᠭ᠎ᠠ ᠪᠦᠬᠦᠢ ᠰᠢᠰᠲ᠋ᠧᠮ ᠢ ᠦᠳᠳᠡᠷ ᠪᠠᠶᠢᠭᠤᠯᠤᠭᠠᠳ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ  ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠪᠠᠷᠢᠮᠳᠠᠯᠠᠭᠠᠳ ᠠᠷᠠᠳ ᠤᠨ ᠠᠮᠢᠳᠤᠷᠠᠯ ᠤᠨ  ᠪᠠᠳᠤᠯᠠᠭ᠎ᠠ ᠶᠢ ᠤᠨᠢᠨ ᠳᠡᠭᠡᠷ᠎ᠡ ᠨᠢ ᠨᠠᠷᠢᠯᠢᠭᠵᠢᠭᠤᠯᠬᠤ ᠶᠢ ᠠᠬᠢᠭᠤᠯᠬᠤ ᠬᠡᠷᠡᠭᠲᠡᠢ᠃  —  2018 ᠣᠨ ᠤ 4 ᠳ᠋ᠤᠬᠡᠷ ᠰᠠᠷ᠎ᠠ ᠶᠢᠨ 24 ᠠᠴᠠ 28 ᠳᠤ ᠰᠢ ᠶᠢᠨ ᠫᠢᠩ ᠶᠡᠷᠦᠩᠬᠡᠢ ᠱᠦᠵᠢ ᠬᠤᠪᠧᠢ  ᠳᠤ ᠰᠢᠨᠵᠢᠯᠡᠨ ᠪᠠᠶᠢᠴᠠᠭᠠᠬᠤ ᠳᠤ ᠪᠠᠨ ᠬᠡᠯᠡᠭᠰᠡᠨ ᠦᠭᠡ   ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠤᠨ ᠶᠠᠪᠤᠳᠠᠯ ᠤᠨ ᠬᠠᠨᠳᠤᠰᠢ ᠮᠥᠨ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠣᠯ ᠬᠦᠭᠵᠢᠬᠦᠯᠤᠯᠳᠡ ᠶᠢᠨ ᠦᠨᠳᠦᠰᠦᠨ ᠵᠣᠷᠢᠯᠭ᠎ᠠ᠃ ᠠᠷᠠᠳ ᠤᠨ ᠠᠮᠢᠳᠤᠷᠠᠯ ᠤᠨ ᠠᠵᠢᠯ ᠢ ᠬᠢᠬᠦ ᠳᠤ ᠡᠩ ᠲᠡᠷᠢᠭᠦᠨ ᠳᠤ ᠠᠷᠠᠳ ᠤᠨ ᠲᠥᠯᠥᠭᠡ ᠵᠢᠳᠬᠦᠬᠦ ᠰᠡᠳᠬᠢᠯᠭᠡ ᠲᠠᠢ ᠪᠠᠶᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠤᠷᠢᠯᠡᠨ  ᠬᠦᠭᠵᠢᠬᠦᠯᠤᠯᠳᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠬᠦᠯᠤᠯᠳᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠣᠷᠣᠯᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠣᠷᠴᠢᠨ ᠲᠣᠭᠤᠷᠢᠨ᠂ ᠢᠳᠡᠭᠡᠨ ᠤᠮᠳᠠᠭᠠᠨ᠂ ᠡᠮ ᠲᠠᠩ ᠤᠨ ᠠᠶᠤᠯ ᠦᠬᠡᠢ᠂ ᠨᠡᠶᠢᠭᠡᠮ ᠤᠨ ᠠᠮᠤᠷ ᠲᠦᠪᠰᠢᠨ ᠵᠡᠷᠭᠡ ᠠᠰᠠᠭᠤᠳᠠᠯ ᠢ ᠴᠢᠩᠭ᠎ᠠ ᠠᠳᠬᠤᠵᠤ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ — 2018 ᠣᠨ ᠤ 6 ᠳ᠋ᠤᠭᠠᠷ ᠰᠠᠷ᠎ᠠ ᠶᠢᠨ 12 ᠠᠴᠠ 14 ᠳᠤ ᠰᠢ ᠶᠢᠨ ᠫᠢᠩ ᠶᠡᠷᠦᠩᠬᠡᠢ ᠱᠦᠵᠢ ᠱᠠᠨᠳᠦ᠋ᠩ ᠳᠤ ᠠᠵᠢᠯ ᠪᠠᠶᠢᠴᠠᠭᠠᠬᠤ ᠳᠤ ᠪᠠᠨ ᠬᠡᠯᠡᠭᠰᠡᠨ ᠦᠭᠡ   ᠭᠠᠴᠠᠭᠠᠨ ᠤ ᠳᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠩ ᠳᠠᠳᠬᠠᠯ ᠢ ᠦᠬᠡᠷᠡᠴᠢᠯᠡᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃    — 2018 ᠣᠨ ᠤ 6 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ ᠶᠡᠷᠦᠩᠬᠡᠢ ᠱᠦᠵᠢ ᠰᠢ ᠶᠢᠨ ᠫᠢᠩ ᠱᠠᠨᠳᠦ᠋ᠩ ᠳᠤ ᠠᠵᠢᠯ ᠪᠠᠶᠢᠴᠠᠭᠠᠬᠤ ᠳᠤ ᠪᠠᠨ ᠬᠡᠯᠡᠭᠰᠡᠨ ᠦᠭᠡ    ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ ᠨᠤᠲᠤᠭ ᠤᠨ ᠪᠣᠯᠪᠠᠰᠤᠨ ᠰᠤᠷᠲᠠᠯ᠂ ᠠᠶᠢᠯ ᠭᠡᠷ ᠤᠨ ᠰᠠᠶᠢᠬᠠᠨ ᠰᠤᠷᠲᠠᠯ᠂ ᠠᠷᠠᠳ ᠢᠷᠬᠡᠳ ᠤᠨ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠬᠤ ᠬᠡᠷᠡᠭᠲᠡᠢ᠃   — 2018 ᠣᠨ ᠤ 8 ᠳ᠋ᠤᠭᠠᠷ ᠰᠠᠷ᠎ᠠ ᠶᠢᠨ 21 ᠤ ᠡᠳᠦᠷ ᠰᠢ ᠶᠢᠨ ᠫᠢᠩ ᠶᠡᠷᠦᠩᠬᠡᠢ ᠱᠦᠵᠢ ᠶᠢᠨ ᠪᠥᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠳᠡᠭᠡᠷ᠎ᠡ ᠬᠡᠯᠡᠭᠰᠡᠨ ᠦᠭᠡ    ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠡᠯ᠎ᠡ ᠲᠦᠷᠦᠯ ᠤᠨ ᠡᠯ᠎ᠡ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠢᠨ ᠪᠤᠯᠤᠨ ᠢᠨᠲ᠋ᠧᠷ ᠰᠦᠯᠵᠢᠶᠡᠨ ᠤ ᠬᠢᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠠᠵᠢᠯ ᠢ ᠰᠦᠪᠡᠭᠴᠢᠯᠡᠬᠡᠳ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠤ ᠬᠢ ᠨᠠᠮ ᠤᠨ ᠤᠷᠢᠶᠠᠯᠠᠬᠤ ᠬᠦᠴᠦᠨ ᠪᠣᠯᠣᠨ ᠨᠢᠭᠲᠠᠷᠠᠭᠤᠯᠬᠤ ᠬᠦᠴᠦᠨ ᠢ ᠥᠷᠭᠡᠳᠬᠡᠬᠦ ᠬᠡᠷᠡᠭᠲᠡᠢ᠃    — 2018 ᠣᠨ ᠤ 7 ᠳ᠋ᠤᠭᠠᠷ ᠰᠠᠷ᠎ᠠ ᠶᠢᠨ 3 ᠤ ᠡᠳᠦᠷ ᠰᠢ ᠶᠢᠨ ᠫᠢᠩ ᠶᠡᠷᠦᠩᠬᠡᠢ ᠱᠦᠵᠢ ᠶᠢᠨ ᠪᠥᠬᠦ ᠤᠯᠤᠰ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠳᠡᠭᠡᠷ᠎ᠡ ᠬᠡᠯᠡᠭᠰᠡᠨ ᠦᠭᠡ        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号