ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ
ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠠᠴᠠ ᠲᠦᠷᠦᠭᠦᠬᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠦᠨᠳᠦᠰᠦᠨ ᠵᠠᠷᠴᠢᠮ ᠪᠠ ᠬᠠᠷᠠᠯᠲᠠ ᠡᠭᠦᠷᠭᠡ ᠵᠡᠷᠭᠡ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠵᠠᠬ᠎ᠠ ᠳᠡᠯᠭᠡᠭᠦᠷ᠎ᠤᠨ
ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠂ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ ᠪᠠ ᠤᠰᠤᠨ᠎ᠤ ᠡᠬᠢ ᠪᠠᠶᠠᠯᠢᠭ᠎ᠤᠨ ᠬᠠᠲᠠᠭᠤ ᠴᠢᠩᠭ᠎ᠠ ᠬᠢᠵᠠᠭ᠋ᠠᠷᠯᠠᠯ᠎ᠢ ᠴᠢᠩᠭ᠋ᠠᠳᠬᠠᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠪᠠ᠃
《ᠬᠡᠷᠡᠭᠵᠢᠭᠦᠯᠬᠦ ᠰᠠᠨᠠᠯ》᠎ᠳᠤ᠂ ᠤᠰᠤ ᠬᠡᠷᠡᠭᠯᠡᠬᠦ ᠡᠷᠬᠡ ᠵᠢᠨ ᠠᠩᠬᠠᠨ᠎ᠤ ᠬᠤᠪᠢᠶᠠᠷᠢᠯᠠᠯᠲᠠ ᠪᠠ ᠲᠣᠳᠣᠷᠬᠠᠢ᠌ᠯᠠᠯᠲᠠ ᠵᠢ ᠲᠦᠷᠭᠡᠳᠬᠡᠬᠦ᠂ ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠬᠤ᠂ ᠤᠰᠤ ᠬᠡᠷᠡᠭᠯᠡᠬᠦ
ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠢ᠌ᠭᠤᠯᠬᠤ᠂ ᠬᠢᠨᠠᠨ ᠬᠡᠮᠵᠢᠬᠦ ᠪᠠ ᠬᠢᠨᠠᠨ ᠬᠠᠮᠢᠶᠠᠷᠬᠤ ᠵᠢ ᠴᠢᠩᠭ᠋ᠠᠳᠬᠠᠬᠤ ᠵᠡᠷᠭᠡ 4 ᠲᠠᠯ᠎ᠠ ᠵᠢᠨ ᠪᠣᠳᠠᠲᠠᠢ ᠠᠵᠢᠯ᠎ᠤᠨ ᠡᠭᠦᠷᠭᠡ ᠵᠢ ᠲᠣᠳᠣᠷᠬᠠᠢ᠌ᠯᠠᠵᠤ᠂ ᠡᠯ᠎ᠡ ᠠᠢ᠌ᠮᠠᠭ ᠬᠣᠲᠠ᠂ ᠬᠣᠰᠢᠭᠤ ᠰᠢᠶᠠᠨ ᠬᠣᠲᠠ ᠲᠣᠭᠣᠷᠢᠭ᠎ᠤᠨ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠨᠥᠬᠥᠴᠡᠯ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠳᠠᠲᠤ ᠪᠠᠢ᠌ᠳᠠᠯ ᠵᠢᠡᠨ ᠦᠨᠳᠦᠰᠦᠯᠡᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠦᠨ᠎ᠡ ᠬᠠᠩᠰᠢ ᠵᠢᠨ ᠪᠦᠷᠢᠯᠳᠦᠯ ᠪᠠ ᠠᠰᠢᠭ ᠲᠤᠰᠠ ᠵᠢᠨ ᠨᠥᠬᠥᠪᠦᠷᠢ ᠵᠢᠨ ᠲᠣᠭᠲᠠᠴᠠ ᠪᠠᠢ᠌ᠭᠤᠯᠬᠤ ᠵᠢ ᠵᠣᠷᠢᠭᠵᠢᠭᠤᠯᠵᠤ᠂ ᠰᠤᠯᠠ ᠲᠠᠯᠪᠢᠭᠳᠠᠵᠤ ᠪᠠᠢ᠌ᠭ᠎ᠠ ᠤᠰᠤ ᠬᠡᠷᠡᠭᠯᠡᠬᠦ ᠡᠷᠬᠡ ᠵᠢ ᠴᠢᠯᠦᠭᠡᠲᠡᠢ ᠪᠤᠯᠭ᠋ᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠣᠯᠠᠨ ᠵᠦᠢ᠍ᠯ᠎ᠤᠨ ᠭᠡᠯᠪᠡᠷᠢ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠭᠪᠤᠷ᠎ᠢ ᠬᠡᠷᠡᠭᠵᠢᠭᠦᠯᠦᠨ᠂ ᠨᠠᠩ ᠬᠥᠭᠵᠢᠶᠡᠨ᠎ᠲᠠᠢ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠣᠢ᠌ᠵᠢᠭᠤᠯᠤᠨ᠎ᠠ ᠭᠡᠵᠦ ᠳᠤᠷᠠᠳᠴᠠᠢ᠃
《ᠬᠡᠷᠡᠭᠵᠢᠭᠦᠯᠬᠦ ᠰᠠᠨᠠᠯ》᠎ᠳᠤ᠂ 2027 ᠣᠨ ᠪᠤᠯᠲᠠᠯ᠎ᠠ ᠤᠰᠤ ᠬᠡᠷᠡᠭᠯᠡᠬᠦ ᠡᠷᠬᠡ ᠵᠢᠨ ᠠᠩᠬᠠᠨ᠎ᠤ ᠬᠤᠪᠢᠶᠠᠷᠢᠯᠠᠯᠲᠠ᠂ ᠲᠣᠳᠣᠷᠬᠠᠢ᠌ᠯᠠᠯᠲᠠ ᠪᠠ ᠠᠷᠠᠯᠵᠢᠶᠠᠨ᠎ᠤ ᠬᠠᠮᠢᠶᠠᠷᠤᠯᠲᠠ ᠵᠢᠨ ᠳᠦᠷᠢᠮ᠎ᠢ ᠦᠨᠳᠦᠰᠦᠨ᠎ᠳᠡᠭᠡᠨ ᠪᠠᠢ᠌ᠭᠤᠯᠤᠨ ᠪᠦᠷᠢᠨᠰᠢᠭᠦᠯᠵᠦ᠂ ᠬᠣᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠵᠢᠡᠷ ᠨᠢᠭᠡᠴᠢ ᠪᠤᠯᠭ᠋ᠠᠬᠰᠠᠨ ᠣᠷᠣᠨ ᠪᠦᠰᠡ ᠵᠢᠨ ᠠᠩᠬᠠᠨ᠎ᠤ ᠤᠰᠤᠨ᠎ᠤ ᠡᠷᠬᠡ ᠪᠠ ᠤᠰᠤ ᠲᠠᠲᠠᠵᠤ ᠬᠡᠷᠡᠭᠯᠡᠬᠦ ᠡᠷᠦᠭᠡ᠂ ᠤᠰᠤᠯᠠᠯᠲᠠ ᠵᠢᠨ ᠤᠰᠤ ᠬᠡᠷᠡᠭᠯᠡᠬᠦ ᠡᠷᠦᠭᠡ ᠵᠡᠷᠭᠡ ᠤᠰᠤ ᠬᠡᠷᠡᠭᠯᠡᠬᠦ ᠡᠷᠬᠡ ᠵᠢ ᠲᠣᠳᠣᠷᠬᠠᠢ ᠪᠤᠯᠭ᠋ᠠᠵᠤ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠬᠥᠭᠵᠢᠶᠡᠨ᠎ᠲᠠᠢ ᠵᠠᠬ᠎ᠠ ᠳᠡᠯᠭᠡᠭᠦᠷ᠎ᠢ ᠪᠠᠢ᠌ᠭᠤᠯᠤᠨ᠂ ᠣᠯᠠᠨ ᠲᠥᠷᠥᠯ ᠭᠡᠯᠪᠡᠷᠢ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠭᠪᠤᠷ᠎ᠢ ᠰᠦᠪᠡᠭᠴᠢᠯᠡᠨ ᠪᠦᠷᠢᠯᠳᠦᠭᠦᠯᠦᠨ᠎ᠡ; 2035 ᠣᠨ ᠪᠤᠯᠲᠠᠯ᠎ᠠ ᠬᠠᠷᠢᠶᠠᠯᠠᠯ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠭᠢᠯᠲᠡ ᠰᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠤᠰᠤ ᠬᠡᠷᠡᠭᠯᠡᠬᠦ ᠡᠷᠬᠡ ᠵᠢᠨ ᠳᠦᠷᠢᠮ᠎ᠤᠨ ᠰᠢᠰᠲ᠋ᠧᠮ᠎ᠢ ᠪᠦᠭᠦ ᠲᠠᠯ᠎ᠠ᠎ᠪᠠᠷ ᠪᠠᠢ᠌ᠭᠤᠯᠵᠤ᠂ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ ᠦᠢ᠍ᠯᠡᠳᠦᠯ᠎ᠢ ᠪᠦᠭᠦ ᠲᠠᠯ᠎ᠠ᠎ᠪᠠᠷ ᠪᠠᠳᠠᠷᠠᠭᠤᠯᠤᠨ᠎ᠠ ᠭᠡᠵᠦ ᠳᠤᠷᠠᠳᠴᠠᠢ᠃