ᠣᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ 《ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ (2024— 2027
ᠣᠨ)》 ᠵᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
《ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ (2024 - 2027 ᠣᠨ)》 ᠵᠢᠨ ᠭᠣᠣᠯ ᠠᠭᠤᠯᠭ᠎ᠠ᠎ᠨᠢ ᠳᠣᠣᠷᠠᠬᠢ ᠮᠡᠲᠦ᠄
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠪᠦᠭᠦ ᠲᠠᠯ᠎ᠠ᠎ᠠᠴᠠ ᠪᠣᠳᠣᠯᠬᠢᠯᠠᠵᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠮᠥᠨ᠂ ᠰᠢᠨ᠎ᠡ ᠴᠠᠭ ᠦᠶ᠎ᠡ ᠰᠢᠨ᠎ᠡ ᠠᠶᠠᠨ᠎ᠳᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠭᠠᠷᠳᠠᠴᠠ ᠮᠥᠨ᠃ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠦᠲᠦᠮᠵᠢᠲᠡᠶ ᠠᠬᠢᠭᠤᠯᠬᠤ ᠵᠢᠨ ᠲᠥᠯᠥᠭᠡ᠂ ᠲᠣᠰ ᠲᠥᠯᠦᠪᠵᠢᠭᠦᠯᠭᠡ ᠵᠢ ᠲᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ ᠪᠦᠭᠦᠳᠡ ᠬᠤᠷᠠᠯ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ ᠵᠢ ᠲᠣᠭᠲᠠᠭ᠋ᠠᠨ᠂ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠬᠥᠳᠡᠭᠡ ᠲᠣᠰᠬᠣᠨ᠎ᠤ ᠬᠥᠮᠥᠨ ᠠᠮᠠ ᠵᠢᠨ ᠬᠡᠪᠴᠢᠶᠡᠵᠢᠯ᠎ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ᠎ᠪᠠᠷ ᠬᠣᠷᠢᠭ᠎ᠠ ᠱᠤᠭᠤᠮ ᠪᠤᠯᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠭᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠭᠦ᠂ ᠬᠥᠳᠡᠭᠡ ᠲᠣᠰᠬᠣᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠭᠦ᠎ᠪᠠᠷ ᠭᠣᠣᠯᠳᠠᠯᠭ᠎ᠠ ᠪᠣᠯᠭ᠋ᠠᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠠ
ᠥᠭᠡᠷᠡᠴᠢᠯᠡᠯᠲᠡ ᠵᠢᠨ ᠬᠣᠣᠰ ᠬᠥᠳᠡᠯᠭᠡᠭᠦᠷ᠎ᠢ ᠴᠢᠩᠭ᠋ᠠᠳᠬᠠᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠳᠬᠠᠨ᠂ ᠬᠥᠳᠡᠭᠡ ᠲᠣᠰᠬᠣᠨ᠎ᠤ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢ᠌ᠭᠤᠯᠤᠯᠲᠠ 《ᠲᠠᠪᠤ ᠵᠢ ᠬᠥᠭᠵᠢᠭᠦᠯᠦᠨ ᠮᠠᠨᠳᠤᠭᠤᠯᠬᠤ》 ᠵᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠨ᠂ ᠬᠥᠳᠡᠭᠡ ᠠᠵᠤ ᠠᠬᠤᠢ ᠵᠢᠨ ᠪᠦᠭᠦ ᠲᠠᠯ᠎ᠠ ᠵᠢᠨ ᠳᠡᠰ ᠳᠡᠪᠰᠢᠯᠲᠡ᠂ ᠬᠥᠳᠡᠭᠡ ᠲᠣᠰᠬᠣᠨ᠎ᠤ ᠪᠦᠭᠦ ᠲᠠᠯ᠎ᠠ ᠵᠢᠨ ᠳᠠᠪᠰᠢᠯᠲᠠ᠂ ᠲᠠᠷᠢᠶᠠᠴᠢᠳ᠎ᠤᠨ ᠪᠦᠭᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
ᠠᠵᠢᠯ᠎ᠤᠨ ᠳᠤᠮᠳᠠ᠎ᠪᠠᠨ ᠳᠣᠣᠷᠠᠬᠢ ᠶᠠᠪᠤᠳᠠᠯ᠎ᠢ ᠪᠡᠶᠡᠯᠡᠭᠦᠯᠬᠦ ᠬᠡᠷᠡᠭᠲᠡᠢ᠄ ᠨᠠᠮ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠳᠠᠬᠢ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠲᠠᠷᠢᠶᠠᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠬᠤ᠂ ᠲᠦᠷᠦᠯ ᠬᠤᠪᠢᠶᠠᠨ ᠲᠦᠷᠦ ᠵᠢᠨ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠬᠥᠮᠥᠨ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠬᠦ ᠵᠢ ᠪᠠᠷᠢᠮᠲᠠᠯᠠᠵᠤ᠂ ᠠᠯᠬᠤᠮ ᠲᠠᠷᠠᠭ᠎ᠠ᠎ᠲᠠᠢ᠎ᠪᠠᠷ ᠤᠷᠤᠭᠰᠢᠯᠠᠵᠤ᠂ ᠴᠤᠴᠠᠯᠲᠠ ᠦᠭᠡᠢ ᠴᠢᠷᠮᠠᠢ᠌ᠬᠤ ᠵᠢ ᠪᠠᠷᠢᠮᠲᠠᠯᠠᠬᠤ ᠬᠡᠷᠡᠭᠲᠡᠢ᠃ ᠲᠦᠭ ᠲᠦᠮᠡᠨ ᠲᠠᠷᠢᠶᠠᠴᠢᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠳᠠᠢ᠌ᠴᠢᠯᠠᠵᠤ᠂ ᠨᠢᠭᠡ ᠨᠢᠭᠡ ᠶᠠᠪᠤᠳᠠᠯ ᠵᠶ᠋ᠠᠷ ᠬᠢᠵᠦ᠂ ᠨᠢᠭᠡ ᠨᠢᠭᠡ ᠵᠢᠯ ᠵᠶ᠋ᠡᠷ ᠬᠢᠵᠦ᠂ ᠪᠠᠭ᠎ᠠ ᠠᠮᠵᠢᠯᠲᠠ ᠵᠢ ᠬᠤᠷᠠᠮᠳᠤᠭᠤᠯᠤᠨ ᠶᠡᠬᠡ ᠠᠮᠵᠢᠯᠲᠠ ᠪᠤᠯᠭ᠋ᠠᠬᠤ ᠬᠡᠷᠡᠭᠲᠡᠢ᠃ ᠠᠳᠠᠯᠢ ᠪᠤᠰᠤ ᠣᠷᠣᠨ ᠪᠦᠰᠡ ᠵᠢ ᠨᠢᠭᠡᠳᠦᠯᠲᠡᠢ ᠲᠥᠯᠥᠪᠵᠢᠭᠦᠯᠵᠦ᠂ ᠱᠠᠲᠤᠴᠢ ᠴᠢᠨᠠᠷᠲᠠᠢ ᠭᠣᠣᠯᠳᠠᠯᠭ᠎ᠠ᠎ᠲᠠᠢ ᠡᠭᠦᠷᠭᠡ ᠪᠣᠯᠣᠨ ᠠᠬᠢᠭᠤᠯᠬᠤ ᠴᠠᠭ᠎ᠤᠨ ᠳᠠᠷᠠᠭ᠋ᠠᠯᠠᠯ᠎ᠢ ᠵᠣᠬᠢᠰᠲᠠᠢ ᠲᠣᠭᠲᠠᠭ᠋ᠠᠵᠤ᠂ ᠪᠤᠰᠤᠳᠴᠢ ᠵᠢᠮ᠎ᠡ ᠶᠣᠰᠣ ᠵᠢ ᠭᠦᠨᠳᠦᠳᠭᠡᠵᠦ᠂ ᠬᠥᠭᠵᠢᠯᠲᠡ ᠵᠢᠨ ᠱᠠᠲᠤ ᠦᠶ᠎ᠡ᠎ᠠᠴᠠ ᠳᠠᠪᠠᠬᠤ ᠦᠭᠡᠢ᠂ ᠪᠣᠳᠠᠲᠠᠢ᠎ᠠᠴᠠ ᠰᠠᠯᠤᠩᠭᠢᠷᠠᠬᠤ ᠬᠠᠷᠠᠯᠲᠠ ᠵᠢ ᠳᠤᠷᠠᠳᠬᠤ ᠦᠭᠡᠢ ᠪᠠᠢ᠌ᠬᠤ ᠭᠡᠷᠡᠭᠲᠡᠢ;
ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠰᠢᠨ᠎ᠡ ᠭᠡᠯᠪᠡᠷᠢ ᠵᠢᠨ ᠬᠤᠳᠠ ᠪᠠᠯᠭ᠋ᠠᠰᠤᠵᠢᠯᠲᠠ ᠪᠣᠯᠣᠨ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠵᠢᠨ ᠵᠥᠷᠢᠶ᠎ᠡ ᠵᠢ ᠪᠠᠭ᠋ᠠᠰᠬᠠᠵᠤ᠂ ᠬᠤᠳᠠ ᠬᠥᠳᠡᠭᠡ ᠵᠢᠨ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠬᠤ ᠭᠡᠷᠡᠭᠲᠡᠢ; ᠬᠥᠳᠡᠭᠡ ᠲᠣᠰᠬᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠤᠯᠤᠰ ᠲᠦᠷᠦ ᠵᠢᠨ ᠪᠠᠢ᠌ᠭᠤᠯᠤᠯᠲᠠ᠂ ᠰᠣᠶᠣᠯ᠎ᠤᠨ ᠪᠠᠢ᠌ᠭᠤᠯᠤᠯᠲᠠ᠂ ᠨᠡᠢ᠌ᠭᠡᠮ᠎ᠤᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠨᠠᠮ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠣᠨ᠎ᠤ ᠪᠦᠭᠦ ᠲᠠᠯ᠎ᠠ ᠵᠢᠨ ᠳᠡᠭᠡᠭᠰᠢᠯᠡᠯᠲᠡ ᠵᠢ ᠪᠡᠶᠡᠯᠡᠭᠦᠯᠬᠦ ᠬᠡᠷᠡᠭᠲᠡᠢ᠃
ᠭᠣᠣᠯ ᠬᠠᠷᠠᠯᠲᠠ ᠪᠣᠯ᠄ 2027 ᠣᠨ ᠪᠤᠯᠬᠤ᠎ᠳᠤ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠮᠥᠨ ᠴᠢᠨᠠᠷ᠎ᠤᠨ ᠠᠬᠢᠴᠠ᠎ᠲᠠᠢ ᠪᠤᠯᠭ᠋ᠠᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠰᠢᠨ᠎ᠡ ᠳᠡᠭᠲᠡᠷ᠎ᠲᠤ ᠭᠠᠷᠭ᠋ᠠᠨ᠎ᠠ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠨᠡᠩ ᠪᠡᠬᠢᠵᠢᠭᠦᠯᠵᠦ᠂ ᠬᠥᠳᠡᠭᠡ ᠠᠵᠤ ᠠᠬᠤᠢ ᠵᠢᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠳᠤᠮᠳᠠᠳᠤᠴᠤᠳ᠎ᠤᠨ ᠪᠤᠳᠠᠭ᠋ᠠᠨ ᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠠᠳᠬᠤᠬᠤ ᠵᠢ
ᠪᠠᠲᠤᠯᠠᠨ᠎ᠠ; ᠬᠥᠳᠡᠭᠡ ᠲᠣᠰᠬᠣᠨ᠎ᠤ ᠠᠵᠤ ᠦᠢ᠍ᠯᠡᠰ᠎ᠢ ᠨᠠᠩ ᠢᠯᠡᠭᠦᠦ ᠬᠥᠭᠵᠢᠭᠦᠯᠵᠦ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠪᠦᠭᠦ ᠬᠡᠯᠬᠢᠶ᠎ᠡ ᠵᠢ ᠲᠠᠰ ᠳᠡᠪᠰᠢᠭᠦᠯᠬᠦ ᠵᠢ ᠪᠡᠶᠡᠯᠡᠭᠦᠯᠦᠨ᠎ᠡ; ᠬᠥᠳᠡᠭᠡ ᠲᠣᠰᠬᠣᠨ᠎ᠢ ᠨᠡᠩ ᠠᠮᠢ ᠠᠬᠤᠢ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠪᠤᠯᠭ᠋ᠠᠵᠤ᠂ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠢᠯᠡᠳᠲᠡ ᠰᠠᠢ᠌ᠵᠢᠷᠠᠭᠤᠯᠤᠨ᠂ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ ᠵᠢ ᠨᠡᠩ ᠪᠦᠷᠢᠨ ᠲᠡᠭᠦᠯᠳᠡᠷ ᠪᠤᠯᠭ᠋ᠠᠵᠤ᠂ ᠬᠤᠳᠠ ᠬᠥᠳᠡᠭᠡ ᠵᠢᠨ ᠤᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ; ᠬᠥᠳᠡᠭᠡ ᠲᠤᠰᠬᠤᠨ᠎ᠤ ᠬᠡᠪ ᠰᠤᠷᠲᠠᠯ ᠪᠣᠯᠪᠠᠰᠤᠨ᠎ᠢ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠢ᠍ᠴᠡᠳ ᠤᠯᠠᠮᠵᠢᠯᠠᠨ ᠬᠥᠭᠵᠢᠭᠦᠯᠵᠦ᠂ ᠲᠠᠷᠢᠶᠠᠴᠢᠳ᠎ᠤᠨ ᠶᠡᠷᠦᠩᠬᠡᠢ᠌ᠯᠡᠭᠰᠡᠨ ᠬᠡᠪ ᠪᠣᠯᠪᠠᠰᠤᠷᠠᠯ᠎ᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠎ᠡ; ᠬᠥᠳᠡᠭᠡ ᠲᠣᠰᠬᠣᠨ᠎ᠤ ᠵᠠᠰᠠᠯᠲᠠ ᠵᠢ ᠨᠡᠩ ᠪᠦᠲᠦᠮᠵᠢᠲᠡᠢ ᠪᠤᠯᠭ᠋ᠠᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠢᠯᠡᠳᠲᠡ ᠳᠡᠭᠡᠭᠰᠢᠯᠡᠭᠦᠯᠦᠨ᠎ᠡ; ᠲᠠᠷᠢᠶᠠᠴᠢᠳ᠎ᠤᠨ ᠠᠮᠢᠳᠤᠷᠠᠯ᠎ᠢ ᠨᠡᠩ ᠰᠠᠢ᠌ᠨ ᠰᠠᠢ᠌ᠬᠠᠨ ᠪᠤᠯᠭ᠋ᠠᠵᠤ᠂ ᠣᠷᠣᠯᠭ᠎ᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ᠎ᠢ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ᠎ᠢ ᠦᠨᠳᠦᠰᠦᠨ᠎ᠳᠡᠭᠡᠨ ᠪᠠᠢ᠌ᠭᠤᠯᠤᠨ᠎ᠠ᠃ ᠵᠡᠭᠦᠨ ᠬᠡᠰᠡᠭ᠎ᠤᠨ ᠬᠥᠭᠵᠢᠭᠰᠡᠨ ᠭᠠᠵᠠᠷ ᠣᠷᠣᠨ᠂ ᠳᠤᠮᠳᠠ ᠬᠡᠰᠡᠭ ᠪᠠᠷᠠᠭᠤᠨ ᠬᠡᠰᠡᠭ᠎ᠤᠨ ᠨᠥᠬᠥᠴᠡᠯ ᠪᠦᠷᠢᠳᠦᠭᠰᠡᠨ ᠲᠣᠮᠣ ᠳᠤᠮᠳᠠ ᠬᠤᠳᠠ ᠵᠢᠨ ᠲᠡᠭᠦᠷᠭᠡ ᠵᠢᠨ ᠬᠥᠳᠡᠭᠡ ᠲᠣᠰᠬᠣᠨ᠎ᠳᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠤᠷᠢᠳ ᠵᠶ᠋ᠠᠷ ᠦᠨᠳᠦᠰᠦᠨ᠎ᠳᠡᠭᠡᠨ ᠪᠡᠶᠡᠯᠡᠭᠦᠯᠦᠨ᠎ᠡ᠃ 2035 ᠣᠨ ᠪᠤᠯᠬᠤ᠎ᠳᠤ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠰᠢᠢ᠍ᠳᠪᠦᠷᠢᠲᠦ ᠴᠢᠨᠠᠷᠲᠠᠢ ᠠᠬᠢᠴᠠ᠎ᠲᠠᠢ ᠪᠤᠯᠭ᠋ᠠᠵᠤ᠂ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠬᠥᠳᠡᠭᠡ ᠲᠣᠰᠬᠣᠨ᠎ᠳᠤ ᠤᠳᠤ ᠦᠶ᠎ᠡ ᠵᠢᠨ ᠠᠮᠢᠳᠤᠷᠠᠯ᠎ᠤᠨ ᠨᠥᠬᠥᠴᠡᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
ᠬᠣᠶᠠᠷ᠂ ᠬᠣᠲᠠ ᠬᠥᠳᠡᠭᠡ ᠵᠢᠨ ᠬᠥᠭᠵᠢᠯᠲᠡ ᠵᠢᠨ ᠪᠠᠢ᠌ᠷᠢᠰᠢᠯ᠎ᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ ᠠᠬᠢᠭᠤᠯᠤᠨ᠎ᠠ
(ᠨᠢᠭᠡ) ᠬᠣᠲᠠ ᠬᠥᠳᠡᠭᠡ ᠵᠢᠨ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ᠎ᠡ᠃ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠴᠠ ᠵᠢᠨ ᠴᠢᠳᠠᠪᠤᠷᠢ ᠪᠠ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠠᠰᠢᠭᠯᠠᠬᠤ ᠲᠣᠬᠢᠷᠠᠮᠵᠢᠲᠠᠢ ᠴᠢᠨᠠᠷ᠎ᠤᠨ ᠦᠨᠡᠯᠡᠯᠲᠡ᠎ᠪᠠᠷ ᠰᠠᠭᠤᠷᠢ ᠪᠤᠯᠭ᠋ᠠᠵᠤ᠂ ᠬᠥᠳᠡᠭᠡ ᠠᠵᠤ ᠠᠬᠤᠢ᠂ ᠠᠮᠢ ᠠᠬᠤᠢ ᠪᠠ ᠬᠣᠲᠠ ᠪᠠᠯᠭ᠋ᠠᠰᠤᠨ᠎ᠤ ᠣᠷᠣᠨ ᠵᠠᠢ ᠵᠢ ᠰᠢᠯᠢᠳᠡᠭᠵᠢᠭᠦᠯᠦᠨ᠎ᠡ᠃ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠠ ᠬᠤᠳᠠ ᠪᠠᠯᠭ᠋ᠠᠰᠤᠨ᠎ᠤ ᠨᠡᠭᠡᠭᠡᠨ ᠠᠰᠢᠭᠯᠠᠯᠲᠠ ᠵᠢᠨ ᠵᠠᠭ᠋ᠠᠭ ᠬᠢᠵᠠᠭ᠋ᠠᠷ ᠵᠡᠷᠭᠡ ᠭᠣᠣᠯ ᠡᠵᠡᠮᠳᠡᠬᠦ ᠱᠤᠭᠤᠮ᠎ᠢ ᠴᠢᠩᠭ᠎ᠠ ᠰᠠᠬᠢᠵᠤ᠂ ᠰᠢᠶᠠᠨ᠎ᠤ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠬᠦ᠂ ᠡᠪᠳᠡᠬᠦ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠡᠷᠡᠰ ᠴᠡᠭᠴᠡᠯᠡᠨ ᠵᠠᠰᠠᠵᠤ᠂ ᠮᠤᠵᠢ ᠵᠢᠨ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠢ ᠡᠮᠬᠢ ᠵᠢᠷᠤᠮ᠎ᠲᠠᠢ᠎ᠪᠠᠷ ᠰᠡᠷᠭᠦᠭᠡᠵᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢᠨ ᠳᠤᠲᠠᠭᠤᠳᠠᠯ᠎ᠢ ᠠᠯᠬᠤᠮ ᠠᠯᠬᠤᠮ ᠵᠶ᠋ᠠᠷ ᠭᠦᠢ᠍ᠴᠡᠳ ᠨᠥᠬᠥᠪᠦᠷᠢᠯᠡᠨ᠎ᠡ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢ᠎ᠲᠠᠢ ᠪᠠᠢ᠌ᠯᠭ᠋ᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ ᠲᠣᠭᠲᠠᠴᠠ ᠵᠢ ᠲᠡᠭᠦᠯᠳᠡᠷᠵᠢᠭᠦᠯᠦᠨ ᠨᠥᠬᠥᠪᠦᠷᠢᠯᠡᠵᠦ᠂ ᠲᠠᠷᠢᠶᠠᠨ ᠭᠠᠵᠠᠷ᠎ᠤᠨ ᠣᠷᠭ᠋ᠠᠨᠢᠭ ᠪᠣᠳᠠᠰ᠎ᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠪᠠᠲᠤᠯᠠᠭ᠎ᠠ᠎ᠲᠠᠢ᠂ ᠶᠠᠰᠤ ᠴᠢᠨᠠᠷ᠎ᠨᠢ ᠳᠡᠭᠡᠭᠰᠢᠯᠡᠯᠲᠡ᠎ᠲᠠᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠲᠠᠷᠢᠶᠠᠨ ᠭᠠᠵᠠᠷ᠎ᠤᠨ ᠲᠠᠷᠢᠮᠠᠯ ᠲᠠᠷᠢᠬᠤ ᠵᠢ ᠪᠠᠲᠤᠯᠠᠬᠤ ᠦᠨᠳᠦᠰᠦᠨ ᠲᠠᠷᠢᠮᠠᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠪᠦᠭᠦ ᠤᠯᠤᠰ᠎ᠤᠨ ᠲᠠᠷᠢᠶᠠᠨ ᠭᠠᠵᠠᠷ᠎ᠤᠨ ᠲᠠᠷᠢᠮᠠᠯ᠎ᠤᠨ ᠬᠡᠷᠡᠭᠴᠡᠭᠡ ᠵᠢᠨ《ᠨᠢᠭᠡ ᠬᠠᠭᠤᠳᠠᠰᠤ ᠵᠢᠷᠤᠭ》᠎ᠢ ᠵᠣᠬᠢᠶᠠᠨ᠎ᠠ᠃ ᠬᠥᠳᠡᠭᠡ ᠲᠣᠰᠬᠣᠨ᠎ᠤ ᠴᠢᠳᠠᠪᠬᠢ ᠪᠣᠯᠣᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠪᠣᠯᠣᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ ᠵᠡᠷᠭᠡ ᠲᠠᠯ᠎ᠠ᠎ᠪᠠᠷ᠎ᠬᠢ ᠣᠨᠴᠠᠭ᠋ᠠᠢ ᠴᠢᠳᠠᠪᠬᠢ ᠵᠢ ᠭᠦᠢ᠍ᠴᠡᠳ ᠪᠠᠳᠠᠷᠠᠭᠤᠯᠤᠨ᠎ᠠ᠃ 《ᠳᠣᠯᠣᠭ᠋ᠠᠨ ᠣᠷᠣᠨ ᠬᠣᠷᠢᠨ ᠭᠤᠷᠪᠠᠨ ᠪᠦᠰᠡ》᠎ᠪᠠᠷ ᠭᠣᠣᠯ ᠴᠣᠭᠴᠠ ᠪᠤᠯᠭ᠋ᠠᠬᠰᠠᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠣᠣᠯ ᠭᠠᠷᠤᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠵᠤ ᠦᠢ᠍ᠯᠡᠰ᠎ᠤᠨ ᠪᠦᠰᠡ ᠵᠢ ᠪᠦᠲᠦᠭᠡᠨ ᠪᠠᠢ᠌ᠭᠤᠯᠤᠨ᠎ᠠ᠃ 《ᠭᠤᠷᠪᠠᠨ ᠣᠷᠣᠨ ᠳᠥᠷᠪᠡᠨ ᠪᠦᠰᠡ》 ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃ ᠬᠥᠳᠡᠭᠡ ᠲᠣᠰᠬᠣᠨ᠎ᠤ ᠦᠵᠡᠮᠵᠢ ᠵᠢᠨ ᠣᠨᠴᠠᠯᠢᠭ᠎ᠢ ᠬᠠᠳᠠᠭ᠋ᠠᠯᠠᠵᠤ᠂ ᠲᠠᠷᠢᠶᠠᠯᠠᠬᠤ ᠪᠣᠯᠪᠠᠰᠤᠨ᠎ᠢ ᠦᠷᠭᠦᠯᠵᠢᠯᠡᠭᠦᠯᠦᠨ᠎ᠡ᠃
(ᠬᠣᠶᠠᠷ) ᠬᠣᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠵᠢᠨ ᠬᠥᠳᠡᠭᠡ᠎ᠠᠴᠠ ᠰᠢᠯᠵᠢᠭᠰᠡᠳᠢ ᠬᠣᠳᠠ ᠵᠢᠨ ᠠᠷᠠᠳ ᠪᠤᠯᠭ᠋ᠠᠬᠤ ᠠᠵᠢᠯᠯᠠᠭ᠎ᠠ ᠵᠢ ᠬᠡᠷᠡᠭᠵᠢᠭᠦᠯᠵᠦ᠂ ᠪᠠᠢ᠌ᠩᠭᠤ ᠰᠠᠭᠤᠭ᠎ᠠ ᠭᠠᠵᠠᠷ᠎ᠲᠤ ᠡᠷᠦᠭᠡ ᠠᠮᠠ ᠳᠠᠩᠰᠠᠯᠠᠭᠤᠯᠬᠤ᠎ᠳᠤ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠬᠡᠷᠡᠭᠵᠢᠭᠦᠯᠵᠦ᠂ 《ᠬᠥᠮᠥᠨ ᠭᠠᠵᠠᠷ ᠰᠢᠷᠣᠢ ᠮᠥᠩᠭᠥ ᠵᠢ ᠬᠣᠯᠪᠣᠭᠳᠠᠭᠤᠯᠬᠤ》 ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠬᠣᠳᠠ ᠪᠠᠯᠭ᠋ᠠᠰᠤᠨ᠎ᠤ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠵᠢ ᠪᠤᠢ ᠪᠦᠬᠦᠢ ᠪᠠᠢ᠌ᠩᠭᠤ ᠰᠠᠭᠤᠭ᠎ᠠ ᠬᠥᠮᠥᠨ ᠠᠮᠠ᠎ᠳᠤ ᠨᠡᠢ᠌ᠳᠡᠮ ᠪᠦᠷᠬᠦᠭᠦᠯᠬᠦ ᠵᠢ ᠠᠬᠢᠭᠤᠯᠤᠨ᠎ᠠ᠃ ᠬᠣᠲᠠ᠎ᠳᠤ ᠡᠷᠦᠭᠡ ᠠᠮᠠ ᠣᠷᠣᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠭᠠᠵᠠᠷ ᠰᠢᠷᠣᠢ ᠵᠢᠨ ᠡᠷᠬᠡ ᠠᠰᠢᠭ᠎ᠢ ᠪᠠᠲᠤᠯᠠᠵᠤ᠂ ᠬᠣᠲᠠ᠎ᠳᠤ ᠡᠷᠦᠭᠡ ᠠᠮᠠ ᠣᠷᠣᠭᠰᠠᠨ ᠲᠠᠷᠢᠶᠠᠴᠢᠳ᠎ᠤᠨ ᠭᠠᠵᠠᠷ ᠰᠢᠷᠣᠢ ᠳᠠᠭ᠋ᠠᠭ᠋ᠠᠴᠢᠯᠠᠬᠤ ᠡᠷᠬᠡ᠂ ᠣᠷᠣᠨ ᠰᠠᠭᠤᠴᠠ ᠵᠢᠨ ᠭᠠᠵᠠᠷ᠎ᠢ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠵᠢ ᠬᠤᠪᠢᠶᠠᠷᠢᠯᠠᠬᠤ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠰᠠᠢ᠌ᠨ ᠳᠤᠷ᠎ᠠ᠎ᠠᠴᠠ᠎ᠪᠠᠨ ᠲᠥᠯᠥᠪᠦᠷᠢ᠎ᠲᠠᠢ᠎ᠪᠠᠷ ᠤᠬᠤᠷᠢᠨ ᠭᠠᠷᠬᠤ ᠠᠷᠭ᠎ᠠ ᠵᠢ ᠰᠦᠪᠡᠭᠴᠢᠯᠡᠨ ᠪᠠᠢ᠌ᠭᠤᠯᠤᠨ᠎ᠠ᠃ ᠬᠤᠲᠠ ᠬᠥᠳᠡᠭᠡ ᠵᠢᠨ ᠨᠢᠭᠡᠳᠦᠯᠲᠡᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠵᠠᠬ᠎ᠠ ᠳᠡᠯᠭᠡᠭᠦᠷ᠎ᠢ ᠪᠠᠢ᠌ᠭᠤᠯᠤᠨ᠎ᠠ᠃ ᠴᠢᠳᠠᠪᠤᠷᠢᠲᠠᠨ᠂ ᠮᠡᠷᠭᠡᠵᠢᠯ ᠵᠡᠷᠭᠡ ᠡᠯᠧᠮᠧᠨ᠋ᠲ᠎ᠤᠨ ᠵᠢᠷᠤᠮᠵᠢᠩᠭᠤᠢ ᠡᠮᠬᠢ ᠳᠢᠭᠯᠢᠮ᠎ᠲᠠᠢ᠎ᠪᠠᠷ ᠬᠥᠳᠡᠭᠡ ᠲᠣᠰᠬᠣᠨ ᠲᠡᠢ᠌ᠰᠢ ᠰᠢᠯᠵᠢᠭᠦ ᠵᠢ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠳᠤ ᠬᠣᠲᠠ ᠬᠥᠳᠡᠭᠡ ᠵᠢᠨ ᠬᠣᠶᠠᠷ ᠡᠰᠢᠲᠦ ᠪᠦᠲᠦᠴᠡ ᠵᠢ ᠤᠷᠢᠳ ᠵᠶ᠋ᠠᠷ ᠡᠪᠳᠡᠵᠦ᠂ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠤ ᠲᠥᠯᠦᠪᠵᠢᠭᠦᠯᠭᠡ᠂ ᠪᠦᠲᠦᠭᠡᠨ ᠪᠠᠢ᠌ᠭᠤᠯᠤᠯᠲᠠ ᠪᠠ ᠵᠠᠰᠠᠯᠲᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠣᠲᠠ ᠬᠥᠳᠡᠭᠡ ᠵᠢᠨ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ ᠵᠢ ᠠᠬᠢᠭᠤᠯᠤᠨ᠎ᠠ᠃ ᠳᠤᠮᠳᠠ ᠬᠡᠰᠡᠭ ᠪᠠ ᠪᠠᠷᠠᠭᠤᠨ ᠬᠡᠰᠡᠭ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠣᠣᠯ ᠭᠠᠷᠤᠯᠲᠠ ᠵᠢᠨ ᠣᠷᠣᠨ᠎ᠤ ᠰᠢᠶᠠᠨ᠎ᠤ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠲᠡᠮᠵᠢᠨ᠎ᠠ᠃ ᠰᠢᠶᠠᠩ ᠪᠠᠯᠭ᠋ᠠᠰᠤ ᠵᠢ ᠬᠥᠳᠡᠭᠡ ᠲᠣᠰᠬᠣᠨ᠎ᠤ ᠵᠠᠰᠠᠯᠲᠠ ᠵᠢᠨ ᠲᠥᠪ᠂ ᠬᠥᠳᠡᠭᠡ ᠲᠣᠰᠬᠣᠨ᠎ᠤ ᠦᠢ᠍ᠯᠡᠴᠢᠯᠡᠭᠡᠨ᠎ᠤ ᠲᠥᠪ᠂ ᠬᠥᠳᠡᠭᠡ ᠲᠣᠰᠬᠣᠨ᠎ᠤ ᠠᠵᠤ ᠠᠬᠤᠢ ᠵᠢᠨ ᠲᠥᠪ ᠪᠣᠯᠭ᠋ᠠᠨ ᠪᠠᠢ᠌ᠭᠤᠯᠤᠨ᠎ᠠ᠃ ᠰᠢᠶᠠᠨ᠎ᠤ ᠬᠡᠪᠴᠢᠶᠡᠨ᠎ᠤ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠣᠳᠣ ᠦᠶ᠎ᠡ ᠵᠢᠨ ᠲᠠᠷᠢᠵᠤ ᠲᠡᠵᠢᠭᠡᠬᠦ ᠦᠢ᠍ᠯᠡᠰ ᠪᠣᠯᠣᠨ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢ᠍ᠯᠡᠰ ᠵᠶ᠋ᠡᠷ ᠰᠠᠭᠤᠷᠢ ᠪᠣᠯᠭ᠋ᠠᠨ᠂ ᠰᠢᠶᠠᠨ᠎ᠤ ᠬᠣᠲᠠ᠎ᠪᠠᠷ ᠬᠦᠢ᠍ᠰᠦ ᠪᠤᠯᠭ᠋ᠠᠬᠰᠠᠨ᠂ ᠵᠢᠵᠢᠭ ᠬᠣᠲᠠ ᠪᠠᠯᠭ᠋ᠠᠰᠤ᠎ᠪᠠᠷ ᠵᠠᠩᠭᠢᠯᠠᠭ᠎ᠠ ᠵᠢᠨ ᠴᠡᠭ ᠪᠤᠯᠭ᠋ᠠᠬᠰᠠᠨ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠰᠢᠰᠲ᠋ᠧᠮ᠎ᠢ ᠴᠣᠭᠴᠠᠯᠠᠨ ᠪᠠᠢ᠌ᠭᠤᠯᠤᠨ᠎ᠠ᠃ ᠡᠯ᠎ᠡ ᠲᠥᠷᠥᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠰᠢᠶᠠᠨ᠎ᠤ ᠬᠡᠪᠴᠢᠶᠡᠨ᠎ᠤ ᠠᠵᠤ ᠦᠢ᠍ᠯᠡᠰ᠎ᠤᠨ ᠲᠥᠪᠯᠡᠷᠡᠨ ᠬᠥᠭᠵᠢᠬᠦ ᠵᠢ ᠬᠥᠲᠥᠯᠥᠨ ᠵᠢᠯᠣᠭᠣᠳᠤᠨ᠎ᠠ᠃
(ᠭᠤᠷᠪᠠ) ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠥᠷᠥᠯ ᠬᠤᠪᠢᠶᠠᠨ ᠠᠬᠢᠭᠤᠯᠤᠨ᠎ᠠ᠃ ᠠᠢ᠌ᠯ ᠲᠣᠰᠬᠣᠨ᠎ᠢ ᠲᠥᠷᠥᠯ ᠬᠤᠪᠢᠶᠠᠬᠤ ᠪᠠᠷᠢᠮᠵᠢᠶ᠎ᠠ ᠵᠢ ᠨᠠᠷᠢᠯᠢᠭᠵᠢᠭᠤᠯᠵᠤ᠂ ᠬᠥᠭᠵᠢᠯᠲᠡ ᠵᠢᠨ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ᠃ ᠲᠥᠪᠯᠡᠷᠡᠭᠦᠯᠦᠨ ᠳᠡᠭᠡᠭᠰᠢᠯᠡᠭᠦᠯᠭᠦ ᠲᠥᠷᠥᠯ᠎ᠤᠨ ᠠᠢ᠌ᠯ ᠲᠣᠰᠬᠣᠨ᠎ᠳᠤ ᠠᠵᠤ ᠦᠢ᠍ᠯᠡᠰ᠎ᠤᠨ ᠬᠥᠭᠵᠢᠯᠲᠡ ᠵᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠰᠠᠭᠤᠷᠢ ᠲᠥᠬᠦᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠦᠨ᠎ᠡ; ᠬᠣᠲᠠ ᠵᠢᠨ ᠲᠡᠭᠦᠷᠭᠡ ᠵᠢᠨ ᠠᠭᠤᠰᠤᠯᠴᠠᠭᠰᠠᠨ ᠲᠥᠷᠥᠯ᠎ᠤᠨ ᠠᠢ᠌ᠯ ᠲᠣᠰᠬᠣᠨ᠎ᠳᠤ ᠬᠣᠲᠠ ᠬᠥᠳᠡᠭᠡ ᠵᠢ ᠨᠢᠭᠡ ᠴᠣᠭᠴᠠᠵᠢᠭᠤᠯᠬᠤ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠠᠭᠢᠭᠤᠯᠤᠨ᠎ᠠ; ᠣᠨᠴᠠᠯᠢᠭᠲᠤ ᠬᠠᠮᠠᠭ᠋ᠠᠯᠠᠯᠲᠠ ᠵᠢᠨ ᠲᠥᠷᠥᠯ᠎ᠤᠨ ᠠᠢ᠌ᠯ ᠲᠣᠰᠬᠣᠨ᠎ᠤ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠢ᠌ᠲᠡ ᠵᠢᠨ ᠣᠷᠴᠢᠨ ᠲᠣᠭᠣᠷᠢᠨ᠎ᠢ ᠭᠣᠣᠯᠳᠠᠯᠭ᠎ᠠ᠎ᠲᠠᠢ ᠰᠠᠢ᠌ᠵᠢᠷᠠᠭᠤᠯᠤᠨ᠎ᠠ; ᠨᠡᠭᠦᠯᠭᠡᠬᠦ ᠪᠠ ᠬᠠᠰᠤᠵᠤ ᠨᠡᠢ᠌ᠯᠡᠭᠦᠯᠬᠦ ᠲᠥᠷᠥᠯ᠎ᠤᠨ ᠠᠢ᠌ᠯ ᠲᠣᠰᠬᠣᠨ᠎ᠳᠤ ᠨᠡᠭᠦᠯᠭᠡᠬᠦ ᠪᠠ ᠬᠠᠰᠤᠵᠤ ᠨᠡᠢ᠌ᠯᠡᠭᠦᠯᠬᠦ ᠵᠢ ᠡᠮᠬᠢ ᠵᠢᠷᠤᠮ᠎ᠲᠠᠢ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠵᠢᠯ ᠣᠯᠭᠣᠯᠲᠠ ᠣᠷᠣᠯᠭ᠎ᠠ ᠵᠢᠨ ᠨᠡᠮᠡᠭᠳᠡᠯ ᠪᠠ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠨ᠎ᠡ᠃ ᠣᠬᠣᠷ ᠬᠤᠭᠤᠴᠠᠭ᠋ᠠᠨ᠎ᠤ ᠳᠣᠲᠣᠷ᠎ᠠ ᠮᠠᠭ᠋ᠠᠳᠯᠠᠬᠤ᠎ᠳᠤ ᠬᠦᠴᠢᠷᠲᠡᠢ ᠠᠢ᠌ᠯ ᠲᠣᠰᠬᠣᠨ᠎ᠳᠤ ᠠᠵᠢᠭᠯᠠᠬᠤ ᠪᠠ ᠨᠤᠲᠠᠯᠠᠬᠤ ᠴᠠᠭ᠎ᠢ ᠭᠦᠢ᠍ᠴᠡᠳ ᠦᠯᠡᠳᠡᠭᠡᠵᠦ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠭᠣᠣᠯᠳᠠᠯᠭ᠎ᠠ᠎ᠲᠠᠢ ᠪᠠᠲᠤᠯᠠᠨ᠎ᠠ᠃
(ᠳᠥᠷᠪᠡ) ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠤᠨ ᠠᠬᠢᠭᠤᠯᠤᠨ᠎ᠠ᠃ ᠰᠢᠯᠵᠢᠯᠲᠡ ᠵᠢᠨ ᠬᠤᠭᠤᠴᠠᠭ᠋ᠠᠨ᠎ᠳᠤ ᠭᠣᠣᠯ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠵᠤ᠂ ᠳᠠᠭᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠯᠲᠡ ᠵᠢ ᠰᠠᠢ᠌ᠲᠤᠷ ᠠᠳᠬᠤᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ ᠬᠥᠮᠥᠨ ᠠᠮᠠ ᠵᠢ ᠬᠠᠮᠤᠷᠤᠭᠰᠠᠨ ᠳᠠᠭᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠭᠡᠢ᠌ᠯᠡᠬᠦ ᠪᠠᠢ᠌ᠩᠭᠤᠵᠢᠭᠰᠠᠨ ᠲᠣᠭᠲᠠᠴᠠ ᠵᠢ ᠲᠡᠭᠦᠯᠳᠡᠷᠵᠢᠭᠦᠯᠵᠦ᠂ ᠬᠡᠪᠴᠢᠶᠡᠵᠢᠯ᠎ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠯ ᠡᠭᠦᠰᠬᠦ ᠦᠭᠡᠢ ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠵᠦ᠂ ᠠᠵᠤ ᠦᠢ᠍ᠯᠡᠰ᠎ᠤᠨ ᠬᠥᠭᠵᠢᠯᠲᠡ᠎ᠳᠤ ᠬᠡᠷᠡᠭᠰᠡᠬᠦ ᠢᠵᠢ ᠪᠦᠷᠢᠳᠦᠭᠦᠯᠬᠦ ᠲᠤᠨᠤᠭ ᠲᠥᠬᠦᠭᠡᠷᠦᠮᠵᠢ ᠵᠢ ᠤᠷᠢᠳ ᠵᠶ᠋ᠠᠷ ᠪᠠᠢ᠌ᠷᠢᠰᠢᠭᠤᠯᠤᠨ᠎ᠠ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠪᠤᠢ᠌ᠵᠢᠯᠲᠠ ᠵᠢᠨ ᠴᠢᠨᠠᠷ ᠵᠶ᠋ᠠᠷ ᠰᠠᠢ᠌ᠨ᠂ ᠳᠠᠢ᠌ᠴᠢᠯᠠᠬᠤ ᠬᠦᠴᠦᠨ ᠵᠶ᠋ᠡᠷ ᠴᠢᠩᠭ᠎ᠠ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠵᠤ᠂ ᠣᠨᠴᠠᠯᠢᠭᠲᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠠᠵᠤ ᠦᠢ᠍ᠯᠡᠰ᠎ᠤᠨ ᠬᠥᠭᠵᠢᠯᠲᠡ᠎ᠳᠤ ᠣᠷᠤᠯᠴᠠᠬᠤ ᠪᠠ ᠠᠰᠢᠭ ᠣᠷᠣᠯᠭ᠎ᠠ ᠵᠢ ᠬᠤᠪᠢᠶᠠᠨ ᠡᠳ᠋ᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ᠂ ᠴᠡᠭ ᠲᠣᠭᠲᠠᠭ᠋ᠠᠨ ᠬᠠᠪᠰᠤᠷᠤᠨ ᠲᠡᠳᠬᠦᠨ᠎ᠡ᠃ ᠭᠠᠷ ᠬᠣᠯᠪᠣᠨ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠠᠬᠢᠭᠤᠯᠵᠤ᠂ ᠠᠵᠤ ᠠᠬᠤᠢ ᠬᠠᠷᠢᠴᠠᠩᠭᠤᠢ ᠬᠥᠭᠵᠢᠭᠰᠡᠨ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠳᠤ ᠬᠦᠷᠴᠦ ᠠᠵᠤ ᠦᠢ᠍ᠯᠡᠰ ᠵᠶ᠋ᠡᠨ ᠬᠠᠮᠲᠤ᠎ᠪᠠᠷ ᠬᠥᠭᠵᠢᠭᠦᠯᠬᠦ ᠵᠢ ᠵᠣᠷᠢᠭᠵᠢᠭᠤᠯᠤᠨ᠎ᠠ᠃ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠡᠢ᠌ᠰᠢ ᠬᠤᠪᠢᠷᠠᠭᠤᠯᠬᠤ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ᠎ᠤ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠳᠦᠷᠢᠮ᠎ᠢ ᠪᠠᠢ᠌ᠭᠤᠯᠵᠤ᠂ ᠬᠥᠳᠡᠯᠮᠦᠷᠢᠯᠡᠬᠦ ᠴᠢᠳᠠᠪᠤᠷᠢ᠎ᠲᠠᠢ ᠬᠥᠮᠥᠨ ᠠᠮᠠ᠎ᠳᠤ ᠠᠵᠤ ᠦᠢ᠍ᠯᠡᠰ ᠵᠶ᠋ᠡᠷ ᠠᠵᠢᠯ ᠣᠯᠭᠣᠬᠤ ᠵᠡᠷᠭᠡ ᠨᠡᠭᠡᠭᠡᠯᠲᠡ ᠵᠢᠨ ᠮᠠᠶᠢᠭ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ; ᠬᠥᠳᠡᠯᠮᠦᠷᠢᠯᠡᠬᠦ ᠴᠢᠳᠠᠪᠤᠷᠢ᠎ᠪᠠᠷ ᠳᠤᠲᠠᠮᠠᠭ᠂ ᠠᠵᠤ ᠦᠢ᠍ᠯᠡᠰ᠎ᠤᠨ ᠠᠵᠢᠯ ᠣᠯᠭᠣᠯᠲᠠ᠎ᠪᠠᠷ ᠳᠠᠮᠵᠢᠨ ᠲᠣᠭᠲᠠᠭᠤᠨ ᠣᠷᠣᠯᠭ᠎ᠠ ᠣᠯᠵᠤ ᠳᠡᠢ᠌ᠯᠭᠦ ᠦᠭᠡᠢ ᠬᠥᠮᠥᠨ ᠠᠮᠠ᠎ᠳᠤ ᠪᠣᠯ ᠬᠠᠮᠢᠶ᠎ᠠ ᠪᠦᠬᠦᠢ ᠨᠡᠢ᠌ᠭᠡᠮ᠎ᠤᠨ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠤᠯᠤᠰ᠎ᠠᠴᠠ ᠪᠡᠯᠡ ᠣᠷᠣᠭᠤᠯᠵᠤ ᠡᠳ᠋ ᠬᠥᠷᠥᠩᠭᠡ ᠪᠦᠷᠢᠯᠳᠦᠭᠰᠡᠨ ᠤᠷᠲᠤ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠬᠠᠷᠠᠬᠠᠨ ᠬᠥᠭᠵᠢᠭᠡᠳᠦᠢ ᠭᠠᠵᠠᠷ ᠣᠷᠣᠨ᠎ᠤ ᠰᠢᠶᠠᠨ᠎ᠤ ᠬᠡᠪᠴᠢᠶ᠎ᠡ ᠵᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠠᠪᠰᠤᠷᠤᠨ ᠲᠡᠳᠬᠦᠵᠦ ᠬᠠᠮᠵᠢᠯᠴᠠᠬᠤ ᠲᠣᠭᠲᠠᠴᠠ ᠵᠢᠨ ᠰᠢᠨ᠎ᠡ ᠵᠢ ᠡᠭᠦᠳᠦᠨ᠎ᠡ᠃
ᠭᠤᠷᠪᠠ᠂ ᠣᠲᠣ ᠦᠶ᠎ᠡ ᠵᠢᠨ ᠬᠥᠳᠡᠭᠡ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠠᠮᠤ ᠪᠤᠳᠠᠭ᠎ᠠ ᠵᠢᠨ ᠠᠮᠤᠷ ᠲᠦᠪᠰᠢᠨ᠎ᠤ ᠰᠠᠭᠤᠷᠢ ᠵᠢ ᠪᠦᠭᠦ ᠲᠠᠯ᠎ᠠ᠎ᠪᠠᠷ ᠪᠡᠬᠢᠵᠢᠭᠦᠯᠦᠨ᠎ᠡ
(ᠲᠠᠪᠤ) ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠲᠦᠪᠰᠢᠨ᠎ᠢ ᠳᠡᠭᠡᠭᠰᠢᠯᠡᠭᠦᠯᠦᠨ᠎ᠠ᠃ ᠤᠯᠤᠰ᠎ᠤᠨ ᠠᠮᠤ ᠪᠤᠳᠠᠭ᠎ᠠ ᠵᠢᠨ ᠠᠮᠤᠷ ᠲᠦᠪᠰᠢᠨ᠎ᠢ ᠪᠠᠲᠤᠯᠠᠬᠤ ᠶᠠᠪᠤᠳᠠᠯ᠎ᠢ ᠤᠳᠤ ᠦᠶ᠎ᠡ ᠵᠢᠨ ᠲᠠᠷᠢᠶᠠᠯᠠᠩ᠎ᠤᠨ ᠪᠦᠲᠦᠭᠡᠨ ᠪᠠᠢ᠌ᠭᠤᠯᠤᠯᠲᠠ ᠵᠢᠨ ᠲᠡᠷᠢᠭᠦᠨ ᠴᠢᠬᠤᠯᠠ ᠡᠭᠦᠷᠭᠡ ᠪᠤᠯᠭ᠋ᠠᠵᠤ᠂ ᠠᠮᠤ ᠪᠤᠳᠠᠭ᠎ᠠ ᠵᠢᠨ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠲᠠᠯᠠᠪᠠᠢ ᠵᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠵᠢᠨ ᠤᠨᠠᠯᠲᠠ ᠵᠢ ᠨᠡᠮᠡᠭᠳᠡᠭᠦᠯᠬᠦ ᠬᠣᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠵᠢ 17.5 ᠳ᠋ᠦᠩᠰᠢᠭᠤᠷ ᠮᠦ᠍ ᠣᠷᠴᠢᠮ᠎ᠳᠤ ᠲᠣᠭᠲᠠᠪᠤᠷᠢᠵᠢᠭᠤᠯᠬᠤ ᠵᠢ ᠪᠠᠲᠤᠯᠠᠨ᠎ᠠ᠃ ᠰᠢᠨ᠎ᠡ ᠨᠢᠭᠡ ᠡᠭᠡᠯᠵᠢ ᠵᠢᠨ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠭᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠭᠦ ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠬᠦ ᠴᠢᠳᠠᠪᠤᠷᠢ ᠵᠢ 1.4 ᠲᠦᠮᠡᠨ ᠳ᠋ᠦᠩᠰᠢᠭᠤᠷ ᠵᠢᠩ᠎ᠳᠤ ᠲᠣᠭᠲᠠᠭᠤᠨ ᠵᠢᠡᠷ ᠬᠦᠷᠭᠡᠬᠦ ᠵᠢ ᠠᠬᠢᠭᠤᠯᠤᠨ᠎ᠠ᠃ ᠤᠯᠤᠰ᠎ᠤᠨ ᠰᠢᠷ᠎ᠠ ᠪᠤᠷᠴᠠᠭ ᠪᠠ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠭᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ 《ᠬᠣᠯᠢᠰᠢᠨ ᠢᠳᠡᠭᠡᠨ》᠎ᠢ ᠬᠤᠲᠠ ᠵᠢᠨ ᠳᠠᠷᠤᠭ᠎ᠠ ᠬᠠᠷᠢᠭᠤᠴᠠᠬᠤ ᠳᠦᠷᠢᠮ᠎ᠢ ᠪᠣᠳᠠᠲᠠᠢ᠌ᠵᠢᠭᠤᠯᠵᠤ᠂ ᠲᠣᠮᠣ ᠬᠥᠳᠡᠭᠡ ᠠᠵᠤ ᠠᠬᠤᠢ ᠵᠢᠨ ᠦᠵᠡᠯᠲᠡ᠂ ᠬᠠᠮ ᠢᠳᠡᠭᠡᠨ᠎ᠤ ᠦᠵᠡᠯᠲᠡ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭ᠋ᠠᠰᠤᠨ᠎ᠤ ᠠᠵᠤ ᠠᠬᠤᠢ ᠵᠢ ᠵᠡᠷᠭᠡ᠎ᠪᠠᠷ ᠬᠥᠭᠵᠢᠭᠦᠯᠵᠦ᠂ ᠤᠯᠠᠨ ᠡᠰᠢᠵᠢᠭᠰᠡᠨ ᠢᠳᠡᠭᠡᠨ᠎ᠤ ᠬᠠᠩᠭ᠋ᠠᠯᠭ᠎ᠠ ᠵᠢᠨ ᠰᠢᠰᠲ᠋ᠧᠮ᠎ᠢ ᠪᠠᠢ᠌ᠭᠤᠯᠤᠨ᠎ᠠ᠃ ᠬᠥᠪᠥᠩ᠎ᠤᠨ ᠬᠠᠷᠠᠯᠲᠠᠲᠤ ᠦᠨ᠎ᠡ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠰᠢᠬᠢᠷᠯᠢᠭ ᠲᠠᠷᠢᠮᠠᠯ᠂ ᠪᠠᠢ᠌ᠭ᠋ᠠᠯᠢ ᠵᠢᠨ ᠭᠣᠮ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠵᠠᠬ᠎ᠠ ᠳᠡᠯᠭᠡᠭᠦᠷ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ᠎ᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠢ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠪᠠ ᠲᠦᠷᠦ ᠵᠢᠨ ᠪᠣᠳᠣᠯᠭ᠎ᠠ ᠵᠢᠨ ᠴᠢᠨᠠᠷᠲᠠᠢ᠎ᠪᠠᠷ ᠬᠤᠳᠠᠯᠳᠤᠨ ᠠᠪᠴᠤ ᠨᠥᠭᠡᠴᠡᠯᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠨᠥᠭᠡᠴᠡᠯᠡᠬᠦ ᠰᠢᠰᠲ᠋ᠧᠮ ᠪᠠ ᠳᠦᠷᠢᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ᠂ ᠪᠦᠭᠦ ᠬᠡᠯᠬᠢᠶ᠎ᠡ᠎ᠪᠠᠷ ᠠᠷᠪᠢᠯᠠᠵᠤ ᠬᠣᠬᠢᠷᠠᠯ᠎ᠢ ᠪᠠᠭ᠋ᠠᠰᠬᠠᠬᠤ ᠠᠵᠢᠯ᠎ᠢ ᠠᠬᠢᠭᠤᠯᠵᠤ᠂ ᠠᠮᠢᠳᠤ ᠭᠠᠬᠠᠢ᠂ ᠬᠥᠪᠥᠩ᠂ ᠰᠢᠬᠢᠷ᠎ᠤᠨ ᠵᠠᠬ᠎ᠠ ᠳᠡᠯᠭᠡᠭᠦᠷ᠎ᠤᠨ ᠡᠵᠡᠮᠳᠡᠯ ᠲᠣᠬᠢᠷᠠᠭᠤᠯᠭ᠎ᠠ ᠵᠢᠨ ᠲᠣᠭᠲᠠᠴᠠ ᠵᠢ ᠰᠢᠯᠢᠳᠡᠭᠵᠢᠭᠦᠯᠦᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃
(ᠵᠢᠷᠭᠤᠭ᠎ᠠ) ᠲᠠᠷᠢᠶᠠᠯᠠᠩ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠠᠬᠢ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠨᠥᠬᠥᠴᠡᠯ ᠪᠦᠷᠢᠯᠳᠦᠭᠦᠯᠦᠭᠰᠡᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ ᠵᠶ᠋ᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠬᠤ ᠵᠢ ᠠᠬᠢᠭᠤᠯᠵᠤ᠂ ᠪᠦᠲᠦᠭᠡᠨ ᠪᠠᠢ᠌ᠭᠤᠯᠬᠤ ᠪᠠᠷᠢᠮᠵᠢᠶ᠎ᠠ ᠪᠠ ᠶᠠᠰᠤ ᠴᠢᠨᠠᠷ᠎ᠢ ᠳᠡᠭᠡᠭᠰᠢᠯᠡᠭᠦᠯᠦᠨ᠂ ᠪᠦᠲᠦᠭᠡᠨ ᠪᠠᠢ᠌ᠭᠤᠯᠬᠤ᠂ ᠰᠢᠯᠭ᠋ᠠᠨ ᠠᠪᠬᠤ᠂ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠡᠷᠭᠡ ᠵᠢᠨ ᠪᠦᠲᠦᠭᠡᠨ ᠪᠠᠢ᠌ᠭᠤᠯᠵᠤ ᠬᠠᠮᠢᠶᠠᠷᠴᠤ ᠬᠠᠮᠠᠭ᠋ᠠᠯᠠᠬᠤ᠎ᠳᠤ ᠣᠷᠤᠯᠴᠠᠬᠤ ᠵᠢ ᠳᠠᠮᠵᠢᠵᠤ ᠬᠥᠲᠥᠯᠥᠨ ᠵᠢᠯᠣᠭᠣᠳᠤᠨ᠎ᠠ᠃ ᠲᠠᠷᠢᠶᠠᠨ ᠭᠠᠵᠠᠷ᠎ᠤᠨ ᠭᠠᠵᠠᠷ᠎ᠤᠨ ᠬᠦᠴᠦᠨ᠎ᠤ ᠬᠠᠮᠠᠭ᠋ᠠᠯᠠᠯᠲᠠ ᠵᠢᠨ ᠨᠥᠬᠥᠪᠦᠷᠢ ᠵᠢ ᠲᠠᠷᠬᠠᠭ᠋ᠠᠬᠤ ᠪᠣᠯᠣᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠬᠣᠯᠪᠣᠭᠳᠠᠭᠤᠯᠬᠤ ᠵᠢ ᠰᠦᠪᠡᠭᠴᠢᠯᠡᠨ᠎ᠡ᠃ ᠤᠯᠤᠰ᠎ᠤᠨ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠤᠰᠤᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠥᠭᠡᠷᠡᠴᠢᠯᠡᠯᠲᠡ ᠵᠢ ᠲᠦᠷᠭᠡᠳᠬᠡᠨ᠎ᠡ᠃ ᠤᠳᠤ ᠦᠶ᠎ᠡ ᠵᠢᠨ ᠲᠥᠬᠥᠭᠡᠷᠦᠮᠵᠢᠲᠦ ᠲᠠᠷᠢᠶᠠᠯᠠᠩ᠎ᠢ ᠬᠥᠭᠵᠢᠭᠦᠯᠵᠦ᠂ ᠲᠥᠬᠥᠭᠡᠷᠦᠮᠵᠢᠲᠦ ᠲᠠᠷᠢᠵᠦ ᠲᠡᠵᠢᠭᠡᠬᠦ ᠦᠢ᠍ᠯᠡᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠠᠭᠰᠠᠭ᠋ᠠᠵᠤ ᠬᠠᠳᠠᠭ᠋ᠠᠬᠤ᠂ ᠪᠠᠷᠠᠭ᠋ᠠᠨ᠎ᠤ ᠭᠦᠢ᠍ᠯᠭᠡᠭᠡ ᠵᠡᠷᠭᠡ ᠲᠤᠨᠤᠭ ᠲᠥᠬᠦᠭᠡᠷᠦᠮᠵᠢ ᠵᠢ ᠲᠡᠭᠦᠯᠳᠡᠷᠵᠢᠭᠦᠯᠦᠨ᠎ᠡ᠃ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠩ᠎ᠤᠨ ᠴᠠᠭ ᠠᠭᠤᠷ᠎ᠤᠨ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠨ᠂ ᠠᠮᠢᠲᠠᠨ ᠤᠷᠭᠤᠮᠠᠯ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠲᠠᠷᠢᠮᠠᠯ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ ᠪᠠ ᠠᠮᠢᠲᠠᠨ᠎ᠤ ᠬᠢᠵᠢᠭ᠎ᠢ ᠰᠡᠷᠭᠡᠢ᠌ᠯᠡᠬᠦ ᠰᠢᠰᠲ᠋ᠧᠮ᠎ᠢ ᠪᠦᠷᠢᠨᠰᠢᠭᠦᠯᠦᠨ᠎ᠡ᠃
(ᠳᠣᠯᠣᠭ᠎ᠠ) ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠣᠯᠣᠨ ᠲᠣᠨᠣᠭᠯᠠᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠰᠢᠯᠢᠳᠡᠭᠵᠢᠭᠦᠯᠵᠦ᠂ ᠰᠠᠭᠤᠷᠢ ᠰᠤᠳᠤᠯᠭ᠋ᠠᠨ ᠪᠠ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠰᠤᠳᠤᠯᠭ᠋ᠠᠨ᠎ᠤ ᠪᠠᠢ᠌ᠭᠤᠯᠤᠮᠵᠢ ᠵᠢ ᠲᠣᠭᠲᠠᠪᠤᠷᠢᠲᠠᠢ ᠳᠡᠮᠵᠢᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠷᠦᠯ ᠬᠤᠪᠢᠶᠠᠨ ᠦᠨᠡᠯᠡᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠴᠢᠬᠤᠯᠠ ᠶᠡᠬᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠠᠭᠤᠷᠢ ᠲᠥᠬᠦᠭᠡᠷᠦᠮᠵᠢ ᠵᠢ ᠪᠦᠲᠦᠭᠡᠨ ᠪᠠᠢ᠌ᠭᠤᠯᠵᠤ᠂ ᠠᠩᠬᠠᠨ᠎ᠤ ᠡᠭᠦᠳᠦᠯᠲᠡ ᠵᠢᠨ ᠴᠢᠨᠠᠷᠲᠠᠢ ᠰᠤᠳᠤᠯᠭ᠋ᠠᠨ᠎ᠢ ᠴᠢᠩᠭ᠋ᠠᠳᠬᠠᠨ᠎ᠠ; ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠡᠷᠴᠢᠮ᠎ᠢ ᠴᠢᠩᠭ᠋ᠠᠷᠠᠭᠤᠯᠵᠤ᠂ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠢ ᠴᠢᠩᠭ᠋ᠠᠳᠬᠠᠨ᠎ᠠ; ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠵᠦ᠂ ᠦᠷ᠎ᠡ ᠡᠳ᠋᠎ᠤᠨ ᠡᠬᠢ ᠪᠠᠶᠠᠯᠢᠭ᠎ᠢ ᠬᠠᠳᠠᠭ᠋ᠠᠯᠠᠵᠤ ᠬᠢᠨᠠᠨ ᠲᠣᠭᠲᠠᠭ᠋ᠠᠬᠤ ᠵᠡᠷᠭᠡ ᠲᠥᠬᠦᠭᠡᠷᠦᠮᠵᠢ ᠵᠢᠨ ᠲᠠᠪᠴᠠᠩ᠎ᠢ ᠪᠠᠢ᠌ᠭᠤᠯᠤᠨ᠎ᠠ; ᠭᠣᠣᠯᠯᠠᠬᠤ ᠦᠷ᠎ᠡ ᠵᠢᠨ ᠢᠷᠡᠯᠲᠡ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠲᠦᠷᠭᠡᠳᠬᠡᠨ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠷᠠᠭᠤᠯᠵᠤ᠂ ᠲᠣᠮᠣ ᠭᠡᠯᠪᠡᠷᠢ ᠵᠢᠨ ᠦᠷ᠎ᠡ ᠵᠢᠨ ᠦᠢ᠍ᠯᠡᠰ᠎ᠤᠨ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃ ᠲᠠᠷᠢᠶᠠᠯᠠᠩ᠎ᠤᠨ ᠮᠠᠰᠢᠨ ᠲᠣᠨᠣᠭᠯᠠᠯ᠎ᠤᠨ ᠳᠤᠲᠠᠭᠤᠳᠠᠯ᠎ᠢ ᠨᠥᠬᠥᠪᠦᠷᠢᠯᠡᠬᠦ ᠠᠵᠢᠯᠯᠠᠭ᠎ᠠ ᠵᠢ ᠬᠡᠷᠡᠭᠵᠢᠭᠦᠯᠵᠦ᠂ ᠲᠣᠮᠣ ᠭᠡᠯᠪᠡᠷᠢ ᠵᠢᠨ ᠳᠡᠭᠡᠳᠦ ᠲᠠᠰ᠎ᠤᠨ ᠣᠶᠤᠨᠴᠢ ᠲᠠᠷᠢᠶᠠᠯᠠᠩ᠎ᠤᠨ ᠮᠠᠰᠢᠨ ᠪᠠ ᠳᠣᠪᠣᠷᠬᠠᠭ ᠠᠭᠤᠯᠠᠷᠬᠠᠭ ᠣᠷᠣᠨ᠎ᠳᠤ ᠲᠣᠬᠢᠷᠠᠬᠤ ᠵᠢᠵᠢᠭ ᠭᠡᠯᠪᠡᠷᠢ ᠵᠢᠨ ᠮᠠᠰᠢᠨ ᠮᠧᠬᠠᠨᠢᠭ ᠵᠡᠷᠭᠡ ᠲᠠᠷᠢᠶᠠᠯᠠᠩ᠎ᠤᠨ ᠮᠠᠰᠢᠨ ᠲᠣᠨᠣᠭᠯᠠᠯ ᠪᠠ ᠵᠠᠩᠭᠢᠯᠠᠭ᠎ᠠ ᠵᠢᠨ ᠭᠣᠣᠯ ᠰᠡᠯᠪᠢᠭ ᠲᠣᠨᠣᠭ᠎ᠢ ᠰᠤᠳᠤᠯᠤᠨ ᠨᠡᠭᠡᠭᠡᠵᠦ ᠬᠡᠷᠡᠭᠯᠡᠬᠦ ᠵᠢ ᠲᠦᠷᠭᠡᠳᠭᠡᠨ᠎ᠡ; ᠣᠶᠤᠨᠴᠢ ᠲᠠᠷᠢᠶᠠᠯᠠᠩ᠎ᠢ ᠶᠡᠬᠡ᠎ᠪᠠᠷ ᠭᠦᠭᠵᠢᠭᠦᠯᠦᠨ᠎ᠡ; ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃
(ᠨᠠᠢ᠍ᠮᠠ) ᠠᠮᠤ ᠪᠤᠳᠠᠭ᠎ᠠ ᠵᠢᠨ ᠦᠢ᠍ᠯᠡᠳᠪᠦᠷᠢᠯᠡᠯ᠎ᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠠᠮᠤ ᠪᠤᠳᠠᠭ᠎ᠠ ᠲᠠᠷᠢᠳᠠᠭ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠢᠨ ᠦᠢ᠍ᠯᠡᠳᠪᠦᠷᠢᠯᠡᠯ᠎ᠤᠨ ᠨᠥᠬᠥᠪᠦᠷᠢ ᠵᠢ ᠲᠡᠭᠦᠯᠳᠡᠷᠵᠢᠭᠦᠯᠦᠨ᠂ ᠨᠠᠭ᠋ᠠᠲᠤ ᠵᠠᠬ᠎ᠠ ᠵᠢᠨ ᠬᠤᠳᠠᠯᠳᠤᠨ ᠠᠪᠬᠤ ᠦᠨ᠎ᠡ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠲᠠᠷᠢᠶᠠᠯᠠᠩ᠎ᠤᠨ ᠬᠡᠷᠡᠭᠰᠡᠯ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠠᠮᠤ ᠪᠤᠳᠠᠭ᠎ᠠ ᠵᠢᠨ ᠲᠠᠷᠢᠮᠠᠯ᠎ᠤᠨ ᠪᠦᠷᠢᠨ ᠥᠪᠡᠷ᠎ᠤᠨ ᠦᠷᠳᠡᠭ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠤᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠨᠥᠬᠥᠴᠡᠯ᠎ᠲᠠᠢ ᠮᠤᠵᠢ ᠵᠢᠨ ᠵᠦᠷᠢᠶᠡᠴᠢᠯᠡᠭᠰᠡᠨ ᠳᠠᠭ᠋ᠠᠳᠬᠠᠯ᠎ᠤᠨ ᠰᠦᠢ᠍ᠳᠬᠡᠯ᠎ᠤᠨ ᠨᠥᠬᠥᠪᠦᠷᠢ ᠵᠢᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠵᠣᠷᠢᠭᠵᠢᠭᠤᠯᠤᠨ᠂ ᠠᠮᠤ ᠪᠤᠳᠠᠭ᠎ᠠ ᠵᠢᠨ ᠭᠠᠷᠤᠯᠲᠠ ᠶᠡᠬᠡᠲᠡᠢ ᠰᠢᠶᠠᠨ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠠᠮᠤ ᠪᠤᠳᠠᠭ᠎ᠠ ᠵᠢᠨ ᠭᠣᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢᠨ ᠨᠥᠬᠥᠪᠦᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠢᠨ ᠭᠣᠣᠯ ᠭᠠᠷᠤᠯᠲᠠ ᠵᠢᠨ ᠣᠷᠣᠨ᠎ᠳᠠᠬᠢ ᠳᠡᠮᠵᠢᠯᠭᠡ ᠵᠢ ᠴᠢᠩᠭ᠋ᠠᠳᠬᠠᠨ᠂ ᠠᠮᠤ ᠪᠤᠳᠠᠭ᠎ᠠ ᠵᠢᠨ ᠭᠠᠷᠤᠯᠲᠠ ᠵᠢᠨ ᠲᠣᠮᠣ ᠰᠢᠶᠠᠨ᠎ᠢ ᠱᠠᠩᠨᠠᠨ ᠬᠥᠬᠢᠭᠦᠯᠬᠦ ᠪᠡᠯᠡ ᠮᠥᠩᠭᠥ ᠵᠢᠨ ᠬᠡᠪᠴᠢᠶ᠎ᠡ ᠵᠢ ᠵᠦᠢ ᠵᠣᠬᠢᠰᠲᠠᠢ ᠲᠣᠬᠢᠷᠠᠭᠤᠯᠵᠤ᠂ ᠠᠮᠤ ᠪᠤᠳᠠᠭ᠎ᠠ ᠵᠢᠨ ᠭᠠᠷᠤᠯᠲᠠ ᠵᠢᠨ ᠲᠣᠮᠣ ᠰᠢᠶᠠᠨ᠎ᠤ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠦᠨ᠂ ᠠᠮᠤ ᠪᠤᠳᠠᠭ᠎ᠠ ᠵᠢᠨ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠣᠷᠣᠨ᠎ᠤ ᠮᠤᠵᠢ ᠵᠢᠨ ᠬᠣᠭᠣᠷᠣᠨᠳᠣᠭᠢ ᠬᠥᠨᠳᠡᠯᠡᠨ ᠴᠢᠭᠯᠡᠯ᠎ᠤᠨ ᠠᠰᠢᠭ ᠲᠤᠰᠠ ᠵᠢᠨ ᠨᠥᠬᠥᠪᠦᠷᠢ ᠵᠢᠨ ᠲᠣᠭᠲᠠᠴᠠ ᠵᠢ ᠨᠢᠭᠡᠳᠦᠯᠲᠡᠢ ᠲᠥᠯᠥᠪᠵᠢᠭᠦᠯᠦᠨ ᠪᠠᠢ᠌ᠭᠤᠯᠵᠤ᠂ ᠲᠣᠭᠲᠠᠭᠤᠨ ᠬᠠᠮᠵᠢᠯᠴᠠᠭ᠎ᠠ ᠵᠢᠨ ᠬᠠᠷᠢᠴᠠᠭ᠎ᠠ ᠵᠢ ᠪᠠᠢ᠌ᠭᠤᠯᠤᠨ ᠪᠦᠷᠢᠨᠰᠢᠭᠦᠯᠦᠨ᠎ᠡ᠃
ᠳᠥᠷᠪᠡ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ
(ᠶᠢᠰᠦ) ᠤᠳᠤ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠤᠨ᠎ᠠ᠃ ᠣᠲᠣ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠢ ᠪᠣᠢ᠌ᠵᠢᠭᠤᠯᠵᠤ᠂ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢ᠌ᠲᠤᠷ ᠬᠢᠵᠦ᠂ ᠬᠥᠳᠡᠭᠡ ᠲᠣᠰᠬᠣᠨ᠎ᠤ ᠳᠠᠷᠢᠵᠤ ᠲᠡᠵᠢᠭᠡᠬᠦ ᠦᠢ᠍ᠯᠡᠰ᠂ ᠡᠳ᠋ᠰᠢᠭᠦᠯᠵᠦ ᠪᠤᠯᠪᠠᠰᠤᠷᠠᠭᠤᠯᠬᠤ ᠭᠦᠢ᠍ᠯᠭᠡᠭᠡᠨ᠎ᠤ ᠦᠢ᠍ᠯᠡᠰ᠂ ᠵᠤᠭ᠎ᠠ ᠰᠡᠯᠡᠭᠦᠴᠡᠯ ᠵᠢᠭᠤᠯᠴᠢᠯᠠᠯ᠎ᠤᠨ ᠦᠢ᠍ᠯᠡᠰ᠂ ᠬᠥᠳᠡᠭᠡ ᠲᠣᠰᠬᠣᠨ᠎ᠤ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠬᠦᠨ᠎ᠤ ᠭᠣᠣᠯ ᠭᠠᠷᠤᠯᠲᠠ ᠵᠢᠨ ᠣᠷᠣᠨ ᠪᠠ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ ᠵᠶ᠋ᠠᠷ ᠭᠣᠣᠯᠳᠠᠯᠭ᠎ᠠ ᠪᠤᠯᠭ᠋ᠠᠵᠤ᠂ ᠣᠲᠣ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠣᠩᠭᠢᠯ᠎ᠢ ᠪᠠᠢ᠌ᠭᠤᠯᠵᠤ᠂ ᠬᠥᠳᠡᠭᠡ ᠠᠵᠤ ᠠᠬᠤᠢ ᠵᠢᠨ ᠲᠥᠷᠥᠯ ᠲᠡᠮᠳᠡᠭ᠎ᠤᠨ ᠰᠢᠯᠢᠳᠡᠭ ᠪᠦᠲᠦᠭᠡᠭᠳᠡᠬᠦᠨ᠎ᠢ ᠪᠣᠢ᠌ᠵᠢᠭᠤᠯᠬᠤ ᠲᠥᠯᠥᠪᠯᠡᠭᠡ ᠵᠢ ᠬᠡᠷᠡᠭᠵᠢᠭᠦᠯᠦᠨ᠎ᠡ᠃ ᠠᠵᠤ ᠦᠢ᠍ᠯᠡᠰ᠎ᠤᠨ ᠬᠡᠯᠬᠢᠶ᠎ᠡ ᠵᠢ ᠵᠣᠬᠢᠶᠠᠨ ᠪᠠᠢ᠌ᠭᠤᠯᠬᠤ ᠠᠷᠭ᠎ᠠ ᠮᠠᠶᠢᠭ᠎ᠢ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠵᠢᠨ ᠠᠵᠤ ᠦᠢ᠍ᠯᠡᠰᠵᠢᠭᠰᠡᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ᠂ ᠠᠵᠤ ᠠᠬᠤᠢ᠌ᠯᠠᠯ᠎ᠨᠢ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠬᠠᠮᠵᠢᠯᠴᠠᠨ ᠬᠠᠮᠲᠤ᠎ᠪᠠᠷ ᠪᠠᠢ᠌ᠭᠤᠯᠬᠤ ᠵᠢ ᠳᠡᠮᠵᠢᠨ᠎ᠡ᠃ ᠠᠵᠤ ᠦᠢ᠍ᠯᠡᠰ᠎ᠤᠨ ᠬᠥᠭᠵᠢᠯᠲᠡ ᠵᠢᠨ ᠠᠴᠢᠶᠠᠯᠠᠪᠤᠷᠢ ᠵᠢ ᠪᠠᠢ᠌ᠭᠤᠯᠤᠨ ᠬᠦᠴᠦᠷᠬᠡᠭᠵᠢᠭᠦᠯᠵᠦ᠂ ᠰᠢᠶᠠᠨ᠎ᠤ ᠬᠡᠪᠴᠢᠶᠡᠨ᠎ᠤ ᠬᠥᠳᠡᠭᠡ ᠲᠣᠰᠬᠣᠨ᠎ᠤ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠢ ᠬᠥᠭᠵᠢᠭᠦᠯᠦᠨ᠎ᠡ᠃
(ᠠᠷᠪᠠ) ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ᠌ᠷᠡᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠬᠦᠨ᠎ᠢ ᠪᠤᠯᠪᠠᠰᠤᠷᠠᠭᠤᠯᠬᠤ ᠦᠢ᠍ᠯᠡᠰ᠎ᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠵᠦ᠂ ᠭᠣᠣᠯ ᠭᠠᠷᠤᠯᠲᠠ ᠵᠢᠨ ᠣᠷᠣᠨ᠎ᠤ᠎ᠬᠢᠨ ᠪᠤᠯᠪᠠᠰᠤᠷᠠᠭᠤᠯᠬᠤ ᠠᠵᠤ ᠦᠢ᠍ᠯᠡᠰ᠎ᠤᠨ ᠬᠦᠷᠢᠶᠡᠯᠡᠩ ᠪᠠᠢ᠌ᠭᠤᠯᠬᠤ ᠵᠢ ᠲᠡᠮᠵᠢᠨ᠎ᠠ᠃ ᠭᠦᠢ᠍ᠯᠭᠡᠭᠡᠨ᠎ᠤ ᠭᠣᠣᠯᠯᠠᠭᠴᠢ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠢ ᠥᠭᠡᠷᠡᠴᠢᠯᠡᠨ ᠳᠡᠭᠡᠭᠰᠢᠯᠡᠭᠦᠯᠵᠦ᠂ ᠬᠣᠲᠠ ᠵᠢᠨ ᠲᠡᠭᠦᠷᠭᠡ ᠵᠢᠨ ᠲᠣᠮᠣ ᠬᠥᠮᠥᠷᠭᠡ ᠵᠢᠨ ᠰᠠᠭᠤᠷᠢᠨ᠎ᠢ ᠪᠠᠢ᠌ᠷᠢᠰᠢᠭᠤᠯᠤᠨ ᠪᠠᠢ᠌ᠭᠤᠯᠵᠤ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠢ᠌ᠲᠠᠢ ᠬᠥᠭᠵᠢᠯᠲᠡ ᠵᠢᠨ ᠢᠨᠵᠧᠨᠧᠷᠢᠩ᠎ᠢ ᠬᠡᠷᠡᠭᠵᠢᠭᠦᠯᠦᠨ᠎ᠡ᠃ ᠲᠠᠷᠢᠶᠠᠯᠠᠩ᠎ᠤᠨ ᠶᠠᠪᠤᠳᠠᠯ᠎ᠢ ᠪᠡᠶᠡᠴᠢᠯᠡᠨ ᠣᠢ᠌ᠯᠠᠭ᠋ᠠᠬᠤ ᠵᠡᠷᠭᠡ ᠰᠢᠨ᠎ᠡ ᠡᠵᠡᠩᠨᠡᠯᠲᠡ ᠵᠢᠨ ᠭᠡᠯᠪᠡᠷᠢ ᠵᠢ ᠡᠮᠬᠢ ᠵᠢᠷᠤᠮ᠎ᠲᠠᠢ᠎ᠪᠠᠷ ᠬᠥᠭᠵᠢᠭᠦᠯᠵᠦ᠂ ᠤᠳᠤ ᠦᠶ᠎ᠡ ᠵᠢᠨ ᠲᠠᠷᠢᠶᠠᠯᠠᠩ᠂ ᠵᠤᠭ᠎ᠠ ᠰᠡᠯᠡᠭᠦᠴᠡᠯ ᠵᠢᠭᠤᠯᠴᠢᠯᠠᠯ᠂ ᠬᠥᠳᠡᠭᠡ ᠵᠢᠨ ᠨᠡᠢ᠌ᠭᠡᠮ ᠲᠣᠭᠣᠷᠢᠭ᠎ᠤᠨ ᠠᠭᠤᠰᠤᠯᠴᠠᠨ ᠬᠥᠭᠵᠢᠬᠦ ᠭᠡᠯᠪᠡᠷᠢ ᠵᠢ ᠰᠦᠪᠡᠭᠴᠢᠯᠡᠨ᠎ᠡ᠃
(ᠠᠷᠪᠠᠨ ᠨᠢᠭᠡ) ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠳᠬᠠᠨ᠎ᠠ᠃ ᠬᠥᠯᠥᠰᠦᠨ ᠲᠠᠷᠢᠶᠠᠴᠢᠳ᠎ᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠲᠥᠷᠥ ᠵᠢᠨ ᠪᠣᠳᠣᠯᠭ᠎ᠠ ᠪᠠ ᠡᠷᠬᠡ ᠠᠰᠢᠭ᠎ᠢ ᠪᠠᠲᠤᠯᠠᠬᠤ ᠲᠣᠭᠲᠠᠴᠠ ᠵᠢ ᠨᠠᠢ᠌ᠳᠠᠪᠤᠷᠢᠵᠢᠭᠤᠯᠵᠤ᠂ ᠮᠡᠷᠭᠡᠵᠢᠯ᠎ᠤᠨ ᠪᠣᠯᠪᠠᠰᠤᠷᠠᠯ ᠪᠠ ᠠᠵᠢᠯ ᠣᠯᠭᠣᠬᠤ ᠦᠢ᠍ᠯᠡᠴᠢᠯᠡᠭᠡ ᠵᠢ ᠴᠢᠩᠭ᠋ᠠᠳᠬᠠᠨ᠂ ᠨᠤᠲᠤᠭ᠎ᠲᠠᠭᠠᠨ ᠪᠤᠴᠠᠵᠤ ᠠᠵᠢᠯ ᠬᠢᠵᠦ ᠦᠢ᠍ᠯᠡᠰ ᠪᠣᠰᠬᠠᠬᠤ ᠵᠢ ᠳᠡᠮᠵᠢᠵᠦ᠂ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠲᠥᠷᠥᠯ ᠵᠦᠢ᠍ᠯ᠎ᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠠᠵᠤ ᠦᠢ᠍ᠯᠡᠰ᠎ᠤᠨ ᠬᠡᠯᠬᠢᠶ᠎ᠡ ᠵᠢᠨ ᠠᠰᠢᠭ ᠲᠤᠰᠠ ᠵᠢ ᠬᠣᠯᠪᠣᠯᠳᠤᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠲᠠᠷᠢᠶᠠᠯᠠᠩ᠎ᠤᠨ ᠠᠵᠤ ᠦᠢ᠍ᠯᠡᠰᠵᠢᠭᠰᠡᠨ ᠬᠣᠯᠪᠣᠭ᠋ᠠᠲᠤ ᠴᠣᠭᠴᠠ ᠵᠢ ᠬᠥᠭᠵᠢᠭᠦᠯᠵᠦ᠂ ᠠᠵᠤ ᠠᠬᠤᠢ᠌ᠯᠠᠯ ᠬᠢᠭᠡᠳ ᠵᠢᠵᠢᠭ ᠲᠠᠷᠢᠶᠠᠯᠠᠬᠤ ᠡᠷᠦᠭᠡ ᠵᠢᠨ ᠠᠰᠢᠭ ᠲᠤᠰᠠ ᠵᠢ ᠬᠣᠯᠪᠣᠭᠳᠠᠭᠤᠯᠬᠤ᠎ᠪᠠᠨ ᠴᠢᠩᠭ᠋ᠠᠳᠬᠠᠬᠤ ᠵᠢ ᠬᠥᠲᠥᠯᠥᠨ ᠵᠢᠯᠤᠭᠣᠳᠴᠤ᠂ ᠨᠡᠮᠡᠭᠳᠡᠯ ᠥᠷᠲᠡᠭ᠎ᠤᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢ ᠲᠠᠷᠢᠶᠠᠯᠠᠬᠤ ᠡᠷᠦᠭᠡ ᠲᠡᠢ᠌ᠰᠢ ᠬᠡᠯᠪᠡᠢ᠌ᠯᠭᠡᠬᠦ ᠵᠢ ᠠᠬᠢᠭᠤᠯᠤᠨ᠎ᠠ᠃ ᠰᠢᠨ᠎ᠡ ᠭᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠬᠠᠮᠢᠶ᠎ᠠ ᠪᠦᠬᠦᠢ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠲᠠᠷᠢᠶᠠᠴᠢᠨ ᠡᠷᠦᠭᠡ ᠵᠢ ᠳᠠᠢ᠌ᠴᠢᠯᠠᠨ ᠣᠷᠣᠯᠭ᠎ᠠ ᠵᠢ᠎ᠨᠢ ᠨᠡᠮᠡᠭᠳᠡᠭᠦᠯᠬᠦ᠎ᠲᠠᠢ ᠬᠣᠯᠪᠣᠭᠳᠠᠭᠤᠯᠬᠤ ᠵᠢ ᠠᠬᠢᠭᠤᠯᠤᠨ᠎ᠠ᠃
(ᠠᠷᠪᠠᠨ ᠬᠣᠶᠠᠷ) ᠬᠥᠳᠡᠭᠡ ᠲᠣᠰᠬᠣᠨ᠎ᠤ ᠬᠡᠷᠡᠭᠯᠡᠭᠡ ᠵᠢ ᠪᠦᠭᠦ ᠲᠠᠯ᠎ᠠ᠎ᠪᠠᠷ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠪᠠ ᠪᠠᠷᠠᠭ᠋ᠠᠨ᠎ᠤ ᠭᠦᠢ᠍ᠯᠭᠡᠭᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ᠂ ᠰᠢᠶᠠᠨ᠎ᠤ ᠬᠡᠪᠴᠢᠶᠡᠨ᠎ᠤ ᠲᠥᠪᠯᠡᠷᠡᠭᠦᠯᠦᠨ ᠬᠤᠳᠠᠯᠳᠤᠨ ᠠᠪᠴᠤ ᠨᠢᠭᠡᠳᠦᠯᠲᠡᠢ ᠬᠦᠷᠭᠡᠬᠦ ᠲᠥᠪ᠎ᠢ ᠪᠠᠢ᠌ᠭᠤᠯᠵᠤ᠂ ᠠᠶᠠᠨᠴᠢᠳ᠎ᠤᠨ ᠵᠥᠭᠡᠭᠡᠪᠦᠷᠢ ᠪᠠᠷᠠᠭ᠋ᠠᠨ᠎ᠤ ᠭᠦᠢ᠍ᠯᠭᠡᠭᠡ ᠰᠢᠤᠳᠠᠨ᠎ᠤ ᠶᠠᠪᠤᠳᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠬᠡᠷᠡᠭᠯᠡᠭᠡ ᠵᠢᠨ ᠪᠠᠭᠲᠠᠭ᠋ᠠᠮᠵᠢ ᠵᠢ ᠲᠦᠷᠭᠡᠳᠬᠡᠨ᠎ᠡ᠃ ᠬᠥᠳᠡᠭᠡ ᠲᠣᠰᠬᠣᠨ᠎ᠳᠤ ᠬᠠᠨᠳᠤᠭᠤᠯᠤᠭᠰᠠᠨ ᠪᠦᠲᠦᠭᠡᠭᠳᠡᠬᠦᠨ᠎ᠤ ᠰᠢᠨ᠎ᠡ ᠵᠢ ᠡᠭᠦᠳᠬᠦ ᠪᠠ ᠡᠵᠡᠩᠨᠡᠨ ᠪᠣᠷᠣᠯᠠᠭᠤᠯᠬᠤ ᠡᠷᠴᠢᠮ᠎ᠢ ᠴᠢᠩᠭ᠋ᠠᠷᠠᠭᠤᠯᠤᠨ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠪᠣᠬᠢᠷᠳᠤᠯ ᠦᠭᠡᠢ ᠣᠶᠤᠨᠴᠢ ᠭᠡᠷ᠎ᠤᠨ ᠴᠠᠭᠢᠯᠭ᠋ᠠᠨ ᠬᠡᠷᠡᠭᠰᠡᠯ ᠵᠡᠷᠭᠡ ᠵᠢ ᠬᠥᠳᠡᠭᠡ ᠪᠠᠭᠤᠯᠭ᠋ᠠᠬᠤ ᠵᠢ ᠳᠠᠮᠵᠢᠵᠤ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠂ ᠮᠡᠳᠡᠭᠡ ᠵᠠᠩᠭᠢ ᠵᠢᠨ ᠬᠡᠷᠡᠭᠯᠡᠭᠡ ᠵᠢ ᠵᠣᠷᠢᠭᠵᠢᠭᠤᠯᠵᠤ᠂ ᠬᠡᠷᠡᠭᠯᠡᠭᠡ ᠵᠢᠨ ᠳᠡᠰ ᠳᠡᠪᠰᠢᠬᠦ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠴᠡᠪᠡᠷᠰᠢᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠬᠡᠷᠡᠭᠯᠡᠭᠡᠨ᠎ᠤ ᠢᠵᠢ ᠪᠦᠷᠢᠳᠦᠭᠦᠯᠦᠭᠰᠡᠨ ᠲᠤᠨᠤᠭ ᠲᠥᠬᠦᠭᠡᠷᠦᠮᠵᠢ ᠵᠢ ᠲᠡᠭᠦᠯᠳᠡᠷᠵᠢᠭᠦᠯᠦᠨ᠎ᠡ᠃
ᠲᠠᠪᠤ᠂ ᠬᠥᠳᠡᠭᠡ ᠲᠣᠰᠬᠣᠨ᠎ᠤ ᠴᠢᠳᠠᠪᠤᠷᠢᠲᠠᠨ᠎ᠢ ᠶᠡᠬᠡ᠎ᠪᠠᠷ ᠬᠥᠮᠥᠵᠢᠭᠦᠯᠵᠦ᠂ ᠡᠯ᠎ᠡ ᠲᠥᠷᠥᠯ᠎ᠤᠨ ᠴᠢᠳᠠᠪᠤᠷᠢᠲᠠᠨ᠎ᠢ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠭᠤᠯᠤᠨ᠎ᠠ
(ᠠᠷᠪᠠᠨ ᠭᠤᠷᠪᠠ) ᠬᠥᠳᠡᠭᠡ ᠲᠣᠰᠬᠣᠨ᠎ᠤ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠤᠨ᠎ᠠ᠃ ᠥᠨᠳᠥᠷ ᠬᠡᠪ ᠪᠣᠯᠪᠠᠰᠤᠷᠠᠯ ᠪᠦᠬᠦᠢ ᠲᠠᠷᠢᠶᠠᠴᠢᠨ᠎ᠢ ᠬᠥᠮᠥᠵᠢᠭᠦᠯᠬᠦ ᠲᠥᠯᠥᠪᠯᠡᠭᠡ ᠪᠠ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠳᠠᠭ᠋ᠠᠭᠤᠯᠤᠭᠴᠢ ᠵᠢ ᠬᠥᠮᠥᠵᠢᠭᠦᠯᠬᠦ 《ᠲᠦᠷᠦᠭᠦᠴᠢ ᠭᠠᠯᠠᠭᠤ》 ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠵᠠᠯᠠᠭᠤ ᠲᠠᠷᠢᠶᠠᠴᠢᠨ ᠪᠠ ᠰᠢᠨ᠎ᠡ ᠭᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢ ᠪᠣᠯᠪᠠᠰᠤᠷᠠᠭᠤᠯᠤᠨ ᠵᠢᠯᠤᠭᠣᠳᠬᠤ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠪᠣᠳᠠᠲᠤ ᠬᠡᠷᠡᠭᠴᠡᠭᠡᠲᠦ ᠴᠢᠳᠠᠪᠤᠷᠢᠲᠠᠨ᠎ᠤ ᠳᠠᠭ᠋ᠠᠭᠤᠯᠤᠭᠴᠢ ᠵᠢ ᠪᠤᠯᠪᠠᠰᠤᠷᠠᠭᠤᠯᠬᠤ ᠲᠥᠯᠥᠪᠯᠡᠭᠡ ᠵᠢ ᠬᠡᠷᠡᠭᠵᠢᠭᠦᠯᠦᠨ᠎ᠡ᠃ ᠵᠠᠯᠠᠭᠤᠴᠤᠳ᠎ᠤᠨ ᠬᠥᠳᠡᠭᠡ ᠲᠣᠰᠬᠣᠨ᠎ᠳᠤ ᠣᠴᠢᠵᠤ ᠬᠥᠭᠵᠢᠬᠦ ᠪᠠ ᠠᠵᠢᠯ ᠣᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠂ ᠵᠠᠯᠠᠭᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠢᠵᠢᠭ ᠬᠦᠷᠢᠶ᠎ᠡ ᠵᠡᠷᠭᠡ ᠭᠡᠯᠪᠡᠷᠢ᠎ᠪᠠᠷ ᠳᠠᠮᠵᠢᠭᠤᠯᠵᠤ᠂ ᠬᠥᠳᠡᠭᠡ ᠠᠵᠤ ᠠᠬᠤᠢ᠎ᠳᠤ ᠬᠣᠯᠪᠣᠭᠳᠠᠬᠤ ᠰᠤᠷᠭ᠋ᠠᠨ ᠬᠥᠮᠦᠵᠢᠯ ᠪᠣᠯᠣᠨ ᠦᠢ᠍ᠯᠡᠳᠪᠦᠷᠢᠯᠡᠯ᠎ᠤᠨ ᠦᠢ᠍ᠯᠡᠳᠦᠯᠭᠡ ᠵᠢ ᠨᠢᠭᠲᠠ ᠤᠶᠠᠯᠳᠤᠭᠤᠯᠬᠤ ᠵᠢ ᠠᠬᠢᠭᠤᠯᠤᠨ᠎ᠠ᠃ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠦᠢ᠍ᠯᠡᠴᠢᠯᠡᠭᠡᠨ᠎ᠤ ᠣᠨᠴᠠ ᠤᠷᠢᠬᠤ ᠲᠥᠯᠥᠪᠯᠡᠭᠡ ᠵᠢ ᠬᠡᠷᠡᠭᠵᠢᠭᠦᠯᠵᠦ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠴᠢᠳᠠᠪᠤᠷᠢᠲᠠᠨ᠎ᠢ ᠬᠥᠮᠥᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠨᠴᠠ ᠲᠣᠮᠢᠯᠠᠭᠰᠠᠨ ᠡᠩᠨᠡᠭᠡ ᠵᠢ ᠪᠤᠵᠠᠭ᠋ᠠᠢ᠌ᠷᠠᠭᠤᠯᠤᠨ᠎ᠠ᠃ ᠬᠥᠳᠡᠭᠡ ᠲᠣᠰᠬᠣᠨ᠎ᠤ ᠤᠯᠠᠨ ᠨᠡᠢ᠌ᠲᠡ ᠵᠢᠨ ᠦᠢ᠍ᠯᠡᠴᠢᠯᠡᠭᠡ ᠪᠠ ᠵᠠᠰᠠᠯᠲᠠ ᠵᠢᠨ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠤ ᠲᠥᠯᠥᠪᠯᠡᠭᠡ ᠪᠠ ᠴᠢᠳᠠᠪᠤᠷᠢᠲᠠᠨ᠎ᠤ ᠲᠤᠯᠭ᠋ᠠᠭᠤᠷᠢᠯᠠᠯ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠶᠡᠷᠦᠩᠬᠡᠢ ᠰᠠᠯᠠᠭ᠋ᠠᠨ᠎ᠤ ᠡᠮᠴᠢ ᠵᠢᠨ ᠣᠨᠴᠠᠭ᠋ᠠᠢ ᠠᠵᠢᠯ᠎ᠤᠨ ᠪᠠᠢ᠌ᠷᠢ ᠵᠢᠨ ᠲᠥᠯᠥᠪᠯᠡᠭᠡ᠂ ᠵᠠᠬᠢᠶᠠᠯᠠᠭ᠎ᠠ ᠵᠢᠨ ᠮᠠᠶᠢᠭ᠎ᠤᠨ ᠬᠠᠨᠳᠤᠯᠭ᠎ᠠ᠎ᠲᠠᠢ ᠠᠨᠠᠭ᠋ᠠᠬᠤ ᠤᠬᠠᠭ᠋ᠠᠨ᠎ᠤ ᠰᠤᠷᠤᠬ᠍ᠴᠢ ᠵᠢ ᠰᠦᠢ᠍ᠳᠬᠡᠯ ᠬᠤᠷᠢᠶᠠᠬᠤ ᠦᠭᠡᠢ᠎ᠪᠠᠷ ᠬᠥᠮᠥᠵᠢᠭᠦᠯᠬᠦ ᠵᠡᠷᠭᠡ ᠵᠢ ᠥᠷᠨᠢᠭᠦᠯᠵᠦ᠂ ᠬᠥᠳᠡᠭᠡ ᠲᠣᠰᠬᠣᠨ᠎ᠤ ᠡᠮᠴᠢ ᠵᠢ ᠵᠢᠩᠬᠢᠨᠢ ᠲᠤᠰᠬᠠᠢ(ᠲᠤᠰᠠᠯᠠᠭᠴᠢ) ᠡᠮᠴᠢ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠬᠥᠳᠡᠭᠡ ᠲᠣᠰᠬᠣᠨ᠎ᠤ ᠬᠠᠤᠯᠢ ᠴᠠᠭ᠋ᠠᠵᠠ ᠵᠢᠨ ᠴᠢᠳᠠᠪᠤᠷᠢᠲᠠᠨ ᠪᠠ ᠬᠡᠦᠬᠡᠳ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠨ᠎ᠠ᠃
(ᠠᠷᠪᠠᠨ ᠳᠥᠷᠪᠡ) ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠬᠥᠳᠡᠭᠡ ᠠᠵᠤ ᠠᠬᠤᠢ᠎ᠳᠤ ᠬᠣᠯᠪᠣᠭᠳᠠᠬᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠥᠬᠥᠴᠡᠯ᠎ᠳᠤ ᠨᠡᠢ᠌ᠴᠡᠬᠦ ᠭᠠᠴᠠᠭ᠋ᠠᠨ᠎ᠤ ᠺᠠᠳ᠋ᠷ᠂ ᠲᠠᠷᠢᠶᠠᠴᠢᠨ ᠵᠡᠷᠭᠡ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠨᠡᠷ᠎ᠡ ᠮᠡᠳᠡᠭᠦᠯᠦᠨ ᠰᠢᠯᠭ᠋ᠠᠭᠤᠯᠬᠤ ᠵᠢ ᠵᠣᠷᠢᠭᠵᠢᠭᠤᠯᠵᠤ᠂ 《ᠨᠢᠭᠡ ᠲᠣᠰᠬᠣᠨ᠎ᠳᠤ ᠨᠢᠭᠡ ᠣᠶᠤᠲᠠᠨ᠎ᠲᠠᠢ ᠪᠠᠢ᠌ᠬᠤ》 ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠦᠨ᠎ᠡ᠃ ᠬᠥᠳᠡᠭᠡ ᠠᠵᠤ ᠠᠬᠤᠢ᠎ᠳᠤ ᠬᠣᠯᠪᠣᠭᠳᠠᠬᠤ ᠪᠣᠯᠪᠠᠰᠤᠷᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠪᠣᠯᠪᠠᠰᠤᠷᠠᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ᠂ ᠬᠡᠷᠡᠭᠴᠡᠭᠡ ᠶᠣᠰᠣᠭ᠋ᠠᠷ ᠪᠤᠯᠪᠠᠰᠤᠷᠠᠭᠤᠯᠬᠤ ᠵᠢ ᠬᠡᠷᠡᠭᠵᠢᠭᠦᠯᠦᠨ᠎ᠡ᠃ ᠬᠥᠳᠡᠭᠡ ᠲᠣᠰᠬᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠨᠠᠰᠤᠨ᠎ᠳᠤ ᠭᠦᠷᠦᠭᠰᠡᠳ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠲᠣᠭ᠋ᠠᠴᠢᠯᠠᠭᠰᠠᠨ ᠴᠢᠳᠠᠪᠤᠷᠢᠲᠠᠨ᠂ ᠡᠯᠧᠺᠲᠷᠣᠨ ᠬᠤᠳᠠᠯᠳᠤᠭ᠋ᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠨ᠎ᠠ᠃
(ᠠᠷᠪᠠᠨ ᠲᠠᠪᠤ) ᠬᠥᠳᠡᠭᠡ ᠲᠣᠰᠬᠣᠨ᠎ᠤ ᠴᠢᠳᠠᠪᠤᠷᠢᠲᠠᠨ᠎ᠤ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠴᠢᠳᠠᠪᠤᠷᠢᠲᠠᠨ᠎ᠢ ᠬᠥᠳᠡᠭᠡ ᠲᠣᠰᠬᠣᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠦᠢ᠍ᠯᠡᠴᠢᠯᠡᠭᠦᠯᠬᠦ ᠳᠦᠷᠢᠮ᠎ᠢ ᠪᠠᠢ᠌ᠭᠤᠯᠵᠤ᠂ ᠨᠤᠲᠤᠭ᠎ᠲᠠᠭᠠᠨ ᠪᠤᠴᠠᠭᠰᠠᠨ ᠬᠥᠮᠥᠰ᠂ ᠴᠡᠷᠢᠭ᠎ᠠᠴᠠ ᠬᠠᠯᠠᠭᠳᠠᠭᠰᠠᠳ᠂ ᠠᠵᠢᠯ᠎ᠠᠴᠠ᠎ᠪᠠᠨ ᠠᠮᠠᠷᠠᠭᠰᠠᠨ ᠲᠤᠰᠬᠠᠢ ᠮᠡᠷᠭᠡᠵᠢᠯᠲᠡᠨ ᠵᠡᠷᠭᠡ ᠵᠢᠨ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠣᠷᠤᠯᠴᠠᠬᠤ ᠵᠢ ᠳᠡᠮᠵᠢᠵᠦ᠂ ᠰᠢᠶᠠᠨ᠎ᠤ ᠬᠡᠪᠴᠢᠶᠡᠨ᠎ᠤ ᠴᠢᠳᠠᠪᠤᠷᠢᠲᠠᠨ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠳᠦᠷᠢᠮ᠎ᠢ ᠪᠦᠷᠢᠨᠰᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠡᠮᠴᠢᠯᠡᠭᠡ᠂ ᠰᠤᠷᠭ᠋ᠠᠨ ᠬᠥᠮᠦᠵᠢᠯ᠎ᠤᠨ ᠺᠠᠳ᠋ᠷ ᠴᠢᠳᠠᠪᠤᠷᠢᠲᠠᠨ᠎ᠤ 《ᠪᠦᠯᠭᠦᠮ ᠪᠠᠢ᠌ᠭᠤᠯᠬᠤ ᠮᠠᠶᠢᠭ》 ᠵᠢᠡᠷ ᠬᠠᠪᠰᠤᠷᠤᠨ ᠲᠡᠳᠬᠦᠬᠦ ᠵᠢ ᠠᠬᠢᠭᠤᠯᠵᠤ᠂ ᠣᠶᠤᠲᠠᠳ᠎ᠤᠨ ᠪᠠᠷᠠᠭᠤᠨ ᠣᠷᠣᠨ᠎ᠳᠤ ᠰᠠᠢ᠌ᠨ ᠳᠤᠷ᠎ᠠ᠎ᠠᠴᠠ᠎ᠪᠠᠨ ᠦᠢ᠍ᠯᠡᠴᠢᠯᠡᠬᠦ ᠲᠥᠯᠥᠪᠯᠡᠭᠡ ᠵᠢ ᠬᠡᠷᠡᠭᠵᠢᠭᠦᠯᠦᠨ᠎ᠡ᠃ ᠬᠥᠳᠡᠭᠡ ᠲᠣᠰᠬᠣᠨ᠎ᠤ ᠴᠢᠳᠠᠪᠤᠷᠢᠲᠠᠨ᠎ᠢ ᠳᠡᠰ ᠲᠥᠷᠥᠯ ᠬᠤᠪᠢᠶᠠᠨ ᠦᠨᠡᠯᠡᠬᠦ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠡᠯ᠎ᠡ ᠭᠠᠵᠠᠷ᠎ᠢ ᠬᠥᠲᠥᠯᠥᠨ ᠵᠢᠯᠤᠭᠣᠳᠴᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠬᠠᠨᠳᠤᠯᠭ᠎ᠠ᠎ᠲᠠᠢ᠎ᠪᠠᠷ ᠦᠨᠡᠯᠡᠬᠦ᠂ ᠬᠠᠨᠳᠤᠯᠭ᠎ᠠ᠎ᠲᠠᠢ᠎ᠪᠠᠷ ᠬᠡᠷᠡᠭᠯᠡᠬᠦ ᠵᠢ ᠬᠡᠷᠡᠭᠵᠢᠭᠦᠯᠦᠨ᠎ᠡ᠃ ᠡᠯ᠎ᠡ ᠲᠥᠷᠥᠯ᠎ᠤᠨ ᠴᠢᠳᠠᠪᠤᠷᠢᠲᠠᠨ᠎ᠤ ᠬᠥᠳᠡᠭᠡ ᠲᠣᠰᠬᠣᠨ᠎ᠳᠤ ᠣᠷᠤᠯᠴᠠᠬᠤ ᠵᠢ ᠵᠣᠷᠢᠭᠵᠢᠭᠤᠯᠵᠤ᠂ ᠨᠤᠲᠤᠭ᠎ᠲᠠᠭᠠᠨ ᠪᠤᠴᠠᠭᠰᠠᠳ ᠪᠠ ᠬᠥᠳᠡᠭᠡ ᠪᠠᠭᠤᠭᠰᠠᠳ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠨᠥᠬᠥᠴᠡᠯ᠎ᠳᠤ ᠨᠡᠢ᠌ᠴᠡᠬᠦ ᠨᠤᠲᠤᠭ᠎ᠲᠠᠭᠠᠨ ᠪᠤᠴᠠᠭᠰᠠᠳ ᠪᠠ ᠦᠢ᠍ᠯᠡᠰ ᠪᠣᠰᠬᠠᠵᠤ ᠠᠵᠢᠯ ᠬᠢᠭᠰᠡᠳ᠎ᠢ ᠬᠥᠳᠡᠭᠡ ᠠᠵᠤ ᠠᠬᠤᠢ᠎ᠳᠤ ᠬᠣᠯᠪᠣᠭᠳᠠᠭᠰᠠᠨ ᠪᠣᠯᠪᠠᠰᠤᠷᠠᠯ ᠬᠦᠷᠲᠡᠭᠡᠬᠦ ᠬᠦᠷᠢᠶ᠎ᠡ ᠬᠡᠪᠴᠢᠶ᠎ᠡ᠎ᠳᠤ ᠣᠷᠣᠭᠤᠯᠤᠨ᠎ᠠ᠃
ᠵᠢᠷᠭᠤᠭ᠎ᠠ᠂ ᠬᠥᠳᠡᠭᠡ ᠲᠤᠰᠬᠤᠨ᠎ᠤ ᠰᠣᠶᠣᠯ᠎ᠢ ᠬᠥᠭᠵᠢᠭᠦᠯᠵᠦ᠂ ᠰᠢᠨ᠎ᠡ ᠴᠠᠭ ᠦᠶ᠎ᠡ ᠵᠢᠨ ᠬᠥᠳᠡᠭᠡ ᠨᠤᠲᠤᠭ᠎ᠤᠨ ᠪᠣᠯᠪᠠᠰᠤᠨ ᠰᠤᠷᠲᠠᠯ᠎ᠢ ᠪᠣᠢ᠌ᠵᠢᠭᠤᠯᠤᠨ᠎ᠠ
(ᠠᠷᠪᠠᠨ ᠵᠢᠷᠭᠤᠭ᠎ᠠ) ᠬᠥᠳᠡᠭᠡ ᠲᠣᠰᠬᠣᠨ᠎ᠤ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠳᠡᠭᠡᠭᠰᠢᠯᠡᠭᠦᠯᠦᠨ᠎ᠡ᠃
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠵᠣᠬᠢᠶᠠᠨ ᠪᠠᠢ᠌ᠭᠤᠯᠤᠨ ᠰᠤᠷᠤᠯᠴᠠᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠢ᠌ᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢᠨ ᠤᠬᠠᠭᠤᠯᠭ᠎ᠠ ᠬᠥᠮᠦᠵᠢᠯ᠎ᠢ ᠥᠷᠭᠡᠨ ᠵᠶ᠋ᠡᠷ ᠥᠷᠨᠢᠭᠦᠯᠵᠦ᠂ 《ᠨᠠᠮ᠎ᠤᠨ ᠦᠭᠡ ᠵᠢ ᠰᠣᠨᠣᠰᠴᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ ᠵᠶ᠋ᠠᠨ᠎ᠲᠠᠭᠠᠨ ᠤᠷᠤᠭᠰᠢᠯᠠᠬᠤ》 ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠨ᠎ᠠ᠃ ᠬᠥᠳᠡᠭᠡ ᠨᠤᠲᠤᠭ᠎ᠤᠨ ᠪᠣᠯᠪᠠᠰᠤᠨ ᠰᠤᠷᠲᠠᠯ᠎ᠤᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠤᠯᠭ᠋ᠠᠵᠤ᠂ ᠪᠣᠯᠪᠠᠰᠤᠨ᠎ᠢ ᠪᠣᠢ᠌ᠵᠢᠭᠤᠯᠬᠤ᠂ ᠪᠣᠯᠪᠠᠰᠤᠨ᠎ᠢ ᠦᠢ᠍ᠯᠡᠳᠦᠯᠭᠡᠵᠢᠭᠦᠯᠬᠦ᠂ ᠪᠣᠯᠪᠠᠰᠤᠨ᠎ᠢ ᠡᠭᠦᠳᠦᠨ ᠪᠠᠢ᠌ᠭᠤᠯᠬᠤ ᠠᠵᠢᠯ᠎ᠢ ᠴᠢᠩᠭ᠋ᠠᠳᠬᠠᠨ᠎ᠠ᠃ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠰᠠᠢ᠌ᠲᠤᠷ ᠬᠢᠵᠦ᠂ ᠹᠧᠣᠳᠠᠯ᠎ᠤᠨ ᠮᠤᠬᠤᠷ ᠪᠢᠰᠢᠷᠡᠯ᠎ᠢ ᠡᠰᠡᠷᠭᠦᠴᠡᠨ᠎ᠡ᠃ ᠦᠨᠡᠨᠴᠢ ᠢᠲᠡᠭᠡᠮᠵᠢ ᠵᠢᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠦᠨᠡᠨᠴᠢ ᠢᠲᠡᠭᠡᠮᠵᠢ ᠲᠤᠲᠠᠭᠳᠠᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠲᠤᠰᠬᠠᠢ ᠵᠠᠰᠠᠬᠤ ᠠᠵᠢᠯ᠎ᠢ ᠭᠦᠨᠵᠡᠭᠡᠢ᠌ᠷᠡᠭᠦᠯᠵᠦ᠂ ᠵᠠᠯᠠᠭᠤᠴᠤᠳ ᠪᠠᠭ᠋ᠠᠴᠤᠳ᠎ᠤᠨ ᠦᠵᠡᠯ ᠰᠠᠨᠠᠭ᠎ᠠ ᠶᠣᠰᠣ ᠰᠤᠷᠲᠠᠬᠤᠨ᠎ᠤ ᠬᠥᠮᠦᠵᠢᠯ᠎ᠢ ᠴᠢᠩᠭ᠋ᠠᠳᠬᠠᠵᠤ᠂ ᠨᠠᠰᠤᠨ᠎ᠳᠤ ᠦᠯᠦ ᠭᠦᠷᠦᠭᠰᠡᠳ᠎ᠤᠨ ᠰᠦᠯᠵᠢᠶᠡᠨ᠎ᠤ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠨ᠎ᠠ᠃ ᠬᠠᠭᠤᠴᠢᠨ ᠪᠣᠯᠬᠢ ᠵᠠᠩ ᠳᠠᠳᠬᠠᠯ᠎ᠢ ᠥᠭᠡᠷᠡᠴᠢᠯᠡᠬᠦ ᠵᠢ ᠦᠷᠭᠦᠯᠵᠢᠯᠡᠨ ᠠᠬᠢᠭᠤᠯᠵᠤ᠂ ᠰᠠᠢ᠌ᠨ ᠰᠠᠢ᠌ᠬᠠᠨ ᠨᠤᠲᠤᠭ᠎ᠤᠨ ᠰᠤᠷᠲᠠᠯ ᠭᠡᠷ᠎ᠤᠨ ᠰᠤᠷᠲᠠᠯ ᠠᠷᠠᠳ᠎ᠤᠨ ᠰᠤᠷᠲᠠᠯ᠎ᠢ ᠪᠠᠳᠠᠷᠠᠭᠤᠯᠤᠨ᠂ ᠲᠣᠰᠬᠣᠨ᠎ᠤ ᠠᠷᠠᠳ᠎ᠤᠨ ᠳᠦᠷᠢᠮ ᠲᠣᠭᠲᠠᠭ᠋ᠠᠯ᠎ᠢ ᠵᠢᠷᠤᠮᠯᠠᠨ ᠳᠦᠷᠢᠮ ᠲᠣᠭᠲᠠᠭ᠋ᠠᠯ᠎ᠢ ᠰᠠᠬᠢᠬᠤ ᠵᠢ ᠬᠥᠲᠥᠯᠥᠨ ᠵᠢᠯᠤᠭᠣᠳᠴᠤ᠂ ᠶᠡᠬᠡ ᠬᠡᠮᠵᠢᠶᠡᠨ᠎ᠤ ᠪᠣᠭᠲᠣᠯᠠᠬᠤ ᠪᠡᠯᠡᠭ ᠠᠪᠬᠤ᠂ ᠬᠤᠷᠢᠮ ᠣᠷᠣᠰᠢᠭᠤᠯᠭ᠎ᠠ ᠵᠢ ᠶᠡᠬᠡ᠎ᠪᠠᠷ ᠬᠢᠬᠦ᠂ ᠰᠤᠯᠠ ᠲᠠᠷᠠᠬᠠᠢ ᠳᠤᠷ᠎ᠠ᠎ᠪᠠᠷ ᠣᠷᠣᠰᠢᠭᠤᠯᠬᠤ ᠵᠡᠷᠭᠡ ᠲᠣᠪᠣᠢ᠌ᠮ᠎ᠠ ᠠᠰᠠᠭᠤᠳᠠᠯ᠎ᠢ ᠵᠠᠰᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠭ ᠬᠤᠷᠢᠮᠢ ᠰᠢᠨ᠎ᠡ ᠮᠠᠶᠢᠭ ᠵᠶ᠋ᠡᠷ ᠡᠷᠭᠢᠯᠡᠭᠦ᠂
ᠣᠷᠣᠰᠢᠭᠤᠯᠭ᠎ᠠ ᠵᠢᠨ ᠶᠠᠪᠤᠳᠠᠯ᠎ᠢ ᠳᠥᠭᠥᠮᠴᠢᠯᠡᠨ ᠬᠢᠬᠦ᠂ ᠨᠠᠰᠤᠲᠠᠨ ᠵᠶ᠋ᠠᠨ ᠠᠴᠢᠯᠠᠵᠤ ᠲᠥᠷᠥᠯ ᠰᠠᠳᠤᠨ ᠵᠶ᠋ᠠᠨ ᠬᠠᠢ᠌ᠷᠠᠯᠠᠬᠤ ᠵᠡᠷᠭᠡ ᠬᠢᠵᠠᠭ᠋ᠠᠷᠯᠠᠬᠤ ᠴᠢᠨᠠᠷᠲᠠᠢ ᠵᠢᠷᠤᠮᠵᠢᠯ ᠪᠠ ᠰᠠᠨᠠᠭ᠋ᠠᠴᠢᠯᠠᠭ᠎ᠠ ᠵᠢᠨ ᠴᠢᠨᠠᠷᠲᠠᠢ ᠪᠠᠷᠢᠮᠵᠢᠶ᠎ᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠨᠡᠢ᠌ᠲᠡ ᠵᠢᠨ ᠤᠩᠭᠤᠨ (ᠴᠢᠨᠳᠠᠷ᠎ᠤᠨ ᠲᠠᠩᠬᠢᠮ)᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠠᠬᠢᠭᠤᠯᠵᠤ᠂ ᠤᠳᠤ ᠦᠶ᠎ᠡ ᠵᠢᠨ ᠪᠣᠯᠪᠠᠰᠤᠨ ᠣᠷᠣᠰᠢᠭᠤᠯᠭ᠎ᠠ ᠵᠢᠨ ᠰᠢᠨ᠎ᠡ ᠰᠤᠷᠲᠠᠯ᠎ᠢ ᠪᠣᠢ᠌ᠵᠢᠭᠤᠯᠤᠨ᠎ᠠ᠃
(ᠠᠷᠪᠠᠨ ᠳᠣᠯᠣᠭ᠎ᠠ) ᠬᠥᠳᠡᠭᠡ ᠲᠣᠰᠬᠣᠨ᠎ᠤ ᠰᠣᠶᠣᠯ᠎ᠤᠨ ᠠᠮᠢ ᠠᠬᠤᠢ ᠵᠢ ᠳᠠᠭᠢᠨ ᠴᠣᠭᠴᠠᠯᠠᠨ᠎ᠠ᠃ ᠰᠣᠶᠣᠯ᠎ᠤᠨ ᠦᠢ᠍ᠯᠡᠴᠢᠯᠡᠭᠡ ᠪᠠ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠲᠣᠭᠲᠠᠴᠠ ᠵᠢ ᠰᠢᠯᠢᠳᠡᠭᠵᠢᠭᠦᠯᠵᠦ᠂ ᠰᠣᠶᠣᠯ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠤᠳᠠ ᠬᠥᠳᠡᠭᠡ ᠵᠢᠨ 《ᠬᠠᠪᠰᠤᠷᠤᠯᠴᠠᠭ᠎ᠠ ᠪᠠᠢ᠌ᠭᠤᠯᠬᠤ᠂ ᠰᠣᠶᠣᠯ᠎ᠢ ᠪᠤᠢ ᠪᠤᠯᠭ᠋ᠠᠬᠤ》 ᠪᠠᠢ᠌ᠩᠭᠤᠵᠢᠭᠰᠠᠨ ᠲᠣᠭᠲᠠᠴᠠ ᠵᠢ ᠪᠦᠷᠢᠨᠰᠢᠭᠦᠯᠵᠦ᠂ ᠬᠥᠳᠡᠭᠡ ᠲᠣᠰᠬᠣᠨ᠎ᠤ ᠰᠣᠶᠣᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠠᠬᠢᠭᠤᠯᠵᠤ᠂ ᠲᠠᠷᠢᠶᠠᠯᠠᠩ᠎ᠤᠨ ᠣᠨᠴᠠᠯᠢᠭ ᠪᠦᠬᠦᠢ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠨᠢᠭᠦᠯᠦᠨ᠎ᠡ᠃ ᠣᠯᠠᠨ ᠨᠡᠢ᠌ᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠰᠢᠯᠢᠳᠡᠭ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠢ᠌ᠭᠤᠯᠵᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠬᠡᠷᠡᠭᠵᠢᠭᠦᠯᠵᠦ᠂ ᠣᠯᠠᠨ ᠲᠦᠮᠡᠨ᠎ᠤ ᠤᠳᠬ᠎ᠠ ᠤᠷᠠᠯᠢᠭ᠎ᠤᠨ ᠪᠦᠯᠭᠦᠮ ᠨᠡᠢ᠌ᠲᠡ ᠵᠢ ᠬᠥᠮᠥᠵᠢᠭᠦᠯᠵᠦ ᠬᠥᠲᠥᠯᠥᠨ ᠵᠢᠯᠤᠭᠣᠳᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠬᠥᠳᠡᠭᠡ ᠲᠣᠰᠬᠣᠨ᠎ᠤ ᠰᠣᠶᠣᠯ᠎ᠤᠨ ᠵᠢᠭ᠋ᠠᠨ ᠵᠢᠯᠣᠭᠣᠳᠤᠭᠴᠢ ᠵᠢᠨ ᠬᠠᠮᠢᠶ᠎ᠠ ᠪᠦᠬᠦᠢ ᠠᠵᠢᠯ᠎ᠢ ᠥᠷᠨᠢᠭᠦᠯᠵᠦ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪ (ᠭᠠᠵᠠᠷ᠂ ᠥᠷᠲᠡᠭᠡ)᠎ᠤᠨ ᠬᠣᠯᠪᠤᠭ᠋ᠠᠯᠠᠨ ᠬᠥᠳᠡᠯᠦᠯᠴᠡᠵᠦ ᠥᠨᠳᠥᠷ ᠪᠦᠲᠦᠮᠵᠢᠲᠡᠶ᠎ᠪᠠᠷ ᠠᠵᠢᠯᠯᠠᠬᠤ ᠵᠢ ᠠᠬᠢᠭᠤᠯᠵᠤ᠂ ᠲᠠᠷᠢᠶᠠᠴᠢᠨ ᠠᠢ᠌ᠯ᠎ᠤᠨ ᠨᠣᠮ᠎ᠤᠨ ᠥᠷᠥᠭᠡ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠤᠨ᠎ᠠ᠃
(ᠠᠷᠪᠠᠨ ᠨᠠᠢ᠍ᠮᠠ) ᠬᠥᠳᠡᠭᠡ ᠲᠣᠰᠬᠣᠨ᠎ᠤ ᠰᠣᠶᠣᠯ᠎ᠤᠨ ᠨᠥᠯᠥᠭᠡᠯᠡᠬᠦ ᠬᠦᠴᠦᠨ᠎ᠢ ᠨᠡᠮᠡᠭᠳᠡᠭᠦᠯᠦᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠤᠯᠠᠮᠵᠢᠯᠠᠯᠲᠤ ᠠᠢ᠌ᠯ ᠲᠣᠰᠬᠣᠨ᠎ᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢ᠍ᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠵᠤ᠂ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠡᠷᠲᠡᠨ᠎ᠤ ᠮᠣᠳᠣ ᠨᠡᠷᠡᠲᠦ ᠮᠣᠳᠣ ᠵᠢ ᠰᠡᠷᠭᠦᠭᠡᠬᠦ ᠵᠢᠴᠢ ᠡᠷᠲᠡᠨ᠎ᠤ ᠮᠣᠳᠣᠨ ᠤᠢ ᠵᠢ ᠬᠠᠮᠠᠭ᠋ᠠᠯᠠᠬᠤ ᠠᠵᠢᠯ᠎ᠢ ᠥᠷᠨᠢᠭᠦᠯᠦᠨ᠎ᠡ᠃ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ᠎ᠤᠨ ᠡᠳᠦᠷ᠎ᠤᠨ ᠬᠥᠭᠵᠢᠯ ᠮᠠᠨᠳᠤᠯ᠎ᠢ ᠠᠬᠢᠭᠤᠯᠵᠤ᠂ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠢ ᠰᠠᠢ᠌ᠲᠤᠷ ᠡᠷᠭᠢᠯᠡᠨ᠎ᠡ᠃ ᠬᠥᠳᠡᠭᠡ ᠲᠣᠰᠬᠣᠨ᠎ᠤ ᠰᠣᠶᠣᠯ᠎ᠤᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠰᠣᠶᠣᠯ᠎ᠤᠨ ᠠᠵᠤ ᠦᠢ᠍ᠯᠡᠰ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠣᠯᠭᠣᠬᠤ ᠲᠥᠯᠥᠪᠯᠡᠭᠡ᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠢ ᠭᠦᠨᠵᠡᠭᠡᠢ ᠠᠭᠤᠰᠤᠯᠴᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠂ ᠲᠣᠭ᠋ᠠᠴᠢᠯᠠᠯᠳᠠ ᠪᠠᠷ ᠬᠦᠴᠦᠨ ᠣᠯᠭᠣᠵᠤ ᠬᠥᠳᠡᠭᠡ ᠲᠣᠰᠬᠣᠨ᠎ᠤ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ᠎ᠡ᠃
ᠳᠣᠯᠣᠭ᠎ᠠ᠂ ᠬᠥᠳᠡᠭᠡ ᠲᠣᠰᠬᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠎ᠡ
(ᠠᠷᠪᠠ ᠶᠢᠰᠦ) ᠬᠥᠳᠡᠭᠡ ᠠᠵᠤ ᠠᠬᠤᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ᠎ᠡ᠃ ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠮᠡᠷᠭᠡᠵᠢᠯ᠎ᠢ ᠳᠡᠯᠭᠡᠷᠡᠭᠦᠯᠵᠦ᠂ ᠬᠥᠷᠥᠰᠥ ᠰᠢᠷᠣᠢ ᠵᠢ ᠰᠢᠨᠵᠢᠨ ᠪᠣᠷᠳᠣᠭᠤᠷ ᠣᠷᠣᠭᠤᠯᠬᠤ ᠪᠠ ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ ᠵᠢ ᠵᠣᠷᠢᠭᠵᠢᠭᠤᠯᠵᠤ᠂ ᠠᠵᠤ ᠠᠬᠤᠢ ᠵᠢᠨ ᠲᠠᠷᠢᠮᠠᠯ᠎ᠤᠨ ᠬᠢᠮᠢ ᠵᠢᠨ ᠪᠣᠷᠳᠣᠭᠤᠷ ᠬᠡᠷᠡᠭᠯᠡᠬᠦ ᠡᠷᠴᠢᠮ᠎ᠢ ᠪᠠᠭᠤᠷᠠᠭᠤᠯᠤᠨ᠂ ᠡᠪᠡᠳᠴᠢᠨ ᠪᠠ ᠬᠣᠷᠣᠬᠠᠢ ᠰᠢᠪᠠᠵᠢ ᠵᠢᠨ ᠬᠥᠨᠥᠭᠡᠯ᠎ᠢ ᠪᠣᠬᠢᠷᠳᠤᠯ ᠦᠭᠡᠢ᠎ᠪᠠᠷ ᠰᠡᠷᠭᠡᠢ᠌ᠯᠡᠨ ᠡᠵᠡᠮᠳᠡᠬᠦ ᠪᠠ ᠨᠢᠭᠡᠳᠦᠯᠲᠡᠢ ᠰᠡᠷᠭᠡᠢ᠌ᠯᠡᠨ ᠨᠢᠭᠡᠳᠦᠯᠲᠡᠢ ᠵᠠᠰᠠᠬᠤ ᠵᠢᠨ ᠠᠭᠤᠰᠤᠯᠴᠠᠯ᠎ᠢ ᠠᠬᠢᠭᠤᠯᠵᠤ᠂ ᠤᠰᠤ ᠠᠷᠪᠢᠯᠠᠬᠤ ᠬᠠᠭᠤᠷᠠᠢ ᠲᠠᠷᠢᠶᠠᠯᠠᠭ᠎ᠠ ᠵᠢᠨ ᠲᠠᠷᠢᠶᠠᠯᠠᠩ᠎ᠢ ᠬᠥᠭᠵᠢᠭᠦᠯᠦᠨ᠎ᠡ᠃ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠵᠤ᠂ ᠠᠮᠢ ᠠᠬᠤᠢ ᠵᠢᠨ ᠡᠷᠭᠢᠯᠲᠡᠲᠦ ᠲᠠᠷᠢᠶᠠᠯᠠᠩ᠎ᠢ ᠬᠥᠭᠵᠢᠭᠦᠯᠦᠨ᠂ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠤᠨ ᠬᠡᠮᠵᠢᠶ᠎ᠡ ᠵᠢ ᠪᠠᠭ᠋ᠠᠰᠬᠠᠬᠤ᠂ ᠡᠬᠢ ᠪᠠᠶᠠᠯᠢᠭᠵᠢᠭᠤᠯᠬᠤ᠂ ᠬᠣᠣᠷ ᠦᠭᠡᠢ᠌ᠳᠡᠭᠦᠯᠬᠦ ᠵᠢ ᠬᠡᠷᠡᠭᠵᠢᠭᠦᠯᠵᠦ᠂ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠵᠠᠰᠠᠬᠤ ᠵᠢᠨ ᠬᠢᠨᠠᠨ ᠬᠡᠮᠵᠢᠵᠦ ᠦᠨᠡᠯᠡᠬᠦ ᠵᠢ ᠴᠢᠩᠭ᠋ᠠᠳᠬᠠᠨ᠎ᠠ᠃ ᠬᠥᠳᠡᠭᠡ ᠠᠵᠤ ᠠᠬᠤᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ ᠵᠢ ᠯᠠᠪᠳᠠᠭᠤᠨ ᠵᠶ᠋ᠠᠷ ᠠᠬᠢᠭᠤᠯᠵᠤ᠂ ᠬᠠᠭ᠋ᠠᠯᠪᠤᠷᠢᠯᠠᠬᠤ ᠦᠭᠡᠢ᠎ᠪᠠᠷ ᠲᠠᠷᠢᠵᠤ ᠪᠠᠭ᠎ᠠ ᠲᠠᠷᠢᠬᠤ ᠮᠡᠷᠭᠡᠵᠢᠯ᠎ᠢ ᠳᠡᠯᠭᠡᠷᠡᠭᠦᠯᠦᠨ᠂ ᠲᠠᠷᠢᠶᠠᠯᠠᠩ᠎ᠤᠨ ᠮᠧᠲ᠋ᠠᠨ ᠪᠠ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠦᠮᠡᠬᠡᠢ ᠬᠡᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ ᠬᠠᠭᠤᠴᠢᠷᠠᠭᠰᠠᠨ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠠ ᠪᠣᠬᠢᠷᠳᠤᠯ ᠦᠭᠡᠢ ᠮᠡᠷᠭᠡᠵᠢᠯ ᠲᠣᠨᠣᠭᠯᠠᠯ᠎ᠤᠨ ᠬᠡᠷᠡᠭᠯᠡᠯᠲᠡ ᠵᠢ ᠲᠦᠷᠭᠡᠳᠬᠡᠨ᠂ ᠲᠠᠷᠢᠶᠠᠯᠠᠩ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠥᠷᠨᠢᠭᠦᠯᠦᠨ᠎ᠡ᠃
(ᠬᠣᠷᠢ) ᠬᠥᠳᠡᠭᠡ ᠲᠣᠰᠬᠣᠨ᠎ᠤ ᠠᠮᠢ ᠠᠬᠤᠢ ᠣᠷᠴᠢᠨ ᠲᠣᠭᠣᠷᠢᠨ᠎ᠢ ᠰᠠᠢ᠌ᠵᠢᠷᠠᠭᠤᠯᠤᠨ᠎ᠠ᠃ ᠲᠠᠷᠢᠶᠠᠨ ᠭᠠᠵᠠᠷ ᠨᠤᠲᠤᠭ ᠪᠡᠯᠴᠢᠭᠡᠷ ᠣᠶ ᠰᠢᠭᠤᠢ ᠭᠣᠣᠯ ᠮᠥᠷᠡᠨ ᠨᠠᠭᠤᠷ ᠴᠥᠭᠦᠷᠥᠮ᠎ᠢ ᠰᠡᠷᠭᠦᠭᠡᠨ ᠰᠠᠢ᠌ᠵᠢᠷᠠᠭᠤᠯᠬᠤ ᠵᠢ ᠠᠬᠢᠭᠤᠯᠵᠤ᠂ ᠲᠠᠷᠢᠶᠠᠨ ᠭᠠᠵᠠᠷ᠎ᠢ ᠡᠭᠡᠯᠵᠢᠯᠡᠨ ᠳᠠᠷᠢᠬᠤ ᠪᠠ ᠥᠨᠵᠢᠭᠦᠯᠦᠨ ᠳᠠᠷᠢᠬᠤ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠵᠡᠷᠭᠡ ᠳᠦᠷᠢᠮ᠎ᠢ ᠲᠡᠭᠦᠯᠳᠡᠷᠵᠢᠭᠦᠯᠵᠦ᠂ ᠪᠠᠢ᠌ᠭ᠋ᠠᠯᠢ ᠵᠢᠨ ᠣᠶ ᠵᠢ ᠬᠠᠮᠠᠭ᠋ᠠᠯᠠᠬᠤ ᠪᠠ ᠨᠡᠢ᠌ᠲᠡ ᠵᠢᠨ ᠠᠰᠠᠷᠠᠮᠵᠢ ᠵᠢᠨ ᠣᠶ ᠵᠢ ᠵᠡᠷᠭᠡᠴᠡᠭᠦᠯᠦᠨ ᠬᠠᠮᠢᠶᠠᠷᠬᠤ ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠦᠷᠥᠮ᠎ᠢ ᠵᠠᠰᠠᠵᠤ ᠰᠡᠷᠭᠦᠭᠡᠬᠦ ᠠᠵᠢᠯ᠎ᠢ ᠥᠷᠨᠢᠭᠦᠯᠦᠨ᠎ᠡ᠃ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠭᠠᠳᠠᠨ᠎ᠠ᠎ᠠᠴᠠ ᠢᠷᠡᠭᠰᠡᠨ ᠳᠦᠷᠰᠦ ᠵᠢᠨ ᠲᠦᠷᠢᠮᠡᠬᠡᠢ᠌ᠯᠡᠯᠢ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠋ᠠᠳᠬᠠᠵᠤ᠂ ᠬᠥᠬᠡᠮᠥ᠋ᠷᠡᠨ᠎ᠤ ᠠᠷᠪᠠᠨ ᠵᠢᠯ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠬᠤ ᠠᠵᠢᠯ᠎ᠢ ᠭᠦᠨᠵᠡᠭᠡᠢ ᠬᠡᠷᠡᠭᠵᠢᠭᠦᠯᠵᠦ᠂ ᠤᠰᠤᠨ᠎ᠤ ᠠᠮᠢᠳᠠᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠵᠠᠰᠠᠬᠤ ᠠᠵᠢᠯ᠎ᠢ ᠥᠷᠨᠢᠭᠦᠯᠵᠦ᠂ ᠭᠣᠣᠯ ᠮᠥᠷᠡᠨ ᠨᠠᠭᠤᠷ ᠴᠥᠭᠦᠷᠥᠮ᠎ᠤᠨ 《ᠳᠤᠷ᠎ᠠ᠎ᠪᠠᠷ ᠡᠵᠡᠯᠡᠬᠦ᠂ ᠳᠤᠷ᠎ᠠ᠎ᠪᠠᠷ ᠮᠠᠯᠲᠠᠬᠤ᠂ ᠳᠤᠷ᠎ᠠ᠎ᠪᠠᠷ ᠣᠪᠣᠭ᠋ᠠᠯᠠᠬᠤ᠂ ᠳᠤᠷ᠎ᠠ᠎ᠪᠠᠷ ᠪᠠᠢ᠌ᠭᠤᠯᠬᠤ》 ᠵᠢ ᠴᠡᠭᠴᠡᠯᠡᠨ ᠵᠠᠰᠠᠵᠤ᠂ ᠵᠢᠵᠢᠭ ᠪᠢᠴᠢᠯ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ᠂ ᠬᠥᠷᠥᠰᠥ ᠰᠢᠷᠣᠢ ᠵᠢᠨ ᠢᠳᠡᠭᠳᠡᠯ᠂ ᠬᠥᠷᠥᠰᠥ ᠰᠢᠷᠣᠢ ᠵᠢᠨ ᠬᠦᠨᠳᠦ ᠲᠡᠮᠦᠷᠯᠢᠭ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠢ ᠠᠬᠢᠭᠤᠯᠵᠤ᠂ ᠬᠥᠳᠡᠭᠡ ᠲᠣᠰᠬᠣᠨ᠎ᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠵᠦ ᠦᠨᠡᠯᠡᠬᠦ ᠳᠦᠷᠢᠮ᠎ᠢ ᠪᠠᠢ᠌ᠭᠤᠯᠤᠨ᠎ᠠ᠃
(ᠬᠣᠷᠢᠨ ᠨᠢᠭᠡ) ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠠᠢ᠌ᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠡᠷᠬᠡ ᠠᠰᠢᠭ᠎ᠢ ᠨᠠᠢ᠌ᠳᠠᠪᠤᠷᠢᠵᠢᠭᠤᠯᠤᠨ᠂ ᠪᠠᠢ᠌ᠴᠠᠭ᠋ᠠᠨ ᠰᠢᠨᠵᠢᠵᠦ ᠦᠨᠡᠯᠡᠬᠦ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠵᠢᠨ ᠪᠦᠲᠦᠭᠡᠭᠳᠡᠬᠦᠨ᠎ᠤ ᠶᠡᠷᠦᠩᠬᠡᠢ ᠥᠷᠲᠡᠭ᠎ᠤᠨ ᠲᠣᠭ᠋ᠠᠴᠠᠭ᠎ᠠ ᠬᠢᠬᠦ ᠵᠢ ᠥᠷᠨᠢᠭᠦᠯᠦᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠪᠣᠬᠢᠷᠳᠤᠯ ᠭᠠᠳᠠᠭᠰᠢᠯᠠᠭᠤᠯᠬᠤ ᠡᠷᠬᠡ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠯᠠᠬᠤ ᠲᠣᠭᠲᠠᠴᠠ ᠵᠢ ᠪᠦᠷᠢᠨᠰᠢᠭᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ᠎ᠢ ᠲᠡᠭᠦᠯᠳᠡᠷᠵᠢᠭᠦᠯᠵᠦ᠂ ᠠᠮᠢ ᠠᠬᠤᠢ ᠵᠢᠨ ᠶᠡᠷᠦᠩᠬᠡᠢ᠌ᠯᠡᠭᠰᠡᠨ ᠨᠥᠬᠥᠪᠦᠷᠢ ᠵᠢ ᠠᠬᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠨᠥᠬᠥᠪᠦᠷᠢ ᠵᠢᠨ ᠲᠣᠭᠲᠠᠴᠠ ᠵᠢ ᠪᠦᠷᠢᠨᠰᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠠᠮᠢ ᠠᠬᠤᠢ ᠵᠢᠨ ᠪᠦᠲᠦᠭᠡᠭᠳᠡᠬᠦᠨ᠎ᠢ ᠡᠵᠡᠩᠨᠡᠨ ᠨᠡᠭᠡᠭᠡᠨ ᠬᠥᠭᠵᠢᠭᠦᠯᠬᠦ ᠵᠢ ᠥᠷᠨᠢᠭᠦᠯᠵᠦ᠂ ᠠᠮᠢ ᠠᠬᠤᠢ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠲᠦᠷᠦᠯ ᠲᠡᠮᠳᠡᠭ᠎ᠢ ᠡᠭᠦᠳᠴᠦ᠂ ᠪᠣᠬᠢᠷᠳᠤᠯ ᠦᠭᠡᠢ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠨᠡᠮᠡᠭᠳᠡᠭᠦᠯᠦᠨ᠎ᠡ᠃
ᠨᠠᠢ᠍ᠮᠠ᠂ ᠠᠵᠢᠯᠯᠠᠵᠤ ᠠᠮᠢᠳᠤᠷᠠᠬᠤ᠎ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠵᠤ ᠲᠠᠷᠢᠶᠠᠴᠢᠳ᠎ᠤᠨ ᠠᠵᠠ ᠵᠢᠷᠭ᠋ᠠᠯ᠎ᠢ ᠨᠡᠮᠡᠭᠳᠡᠭᠦᠯᠦᠨ᠎ᠡ
(ᠬᠣᠷᠢᠨ ᠬᠣᠶᠠᠷ) ᠰᠠᠭᠤᠷᠢ ᠲᠥᠬᠦᠭᠡᠷᠦᠮᠵᠢ ᠵᠢᠨ ᠳᠡᠰ ᠳᠡᠪᠰᠢᠬᠦ ᠵᠢ ᠠᠬᠢᠭᠤᠯᠤᠨ᠎ᠠ᠃ ᠵᠠᠮ ᠬᠠᠷᠢᠯᠴᠠᠭ᠎ᠠ ᠵᠢᠨ ᠲᠣᠣᠷ᠎ᠤᠨ ᠨᠡᠪᠲᠡᠷᠡᠬᠦ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠭᠣᠣᠯ ᠵᠠᠮ ᠱᠤᠭᠤᠮ᠎ᠤᠨ ᠲᠣᠣᠷ᠎ᠢ ᠲᠡᠰ ᠳᠡᠪᠰᠢᠭᠦᠯᠬᠦ ᠪᠠ ᠦᠨᠳᠦᠰᠦᠨ ᠲᠣᠣᠷ ᠰᠦᠯᠵᠢᠶ᠎ᠡ ᠵᠢ ᠤᠷᠲᠤᠳᠬᠠᠨ ᠨᠡᠪᠲᠡᠷᠡᠭᠦᠯᠬᠦ ᠵᠢ ᠲᠦᠷᠭᠡᠳᠬᠡᠵᠦ᠂ 《ᠲᠦᠷᠪᠡᠨ ᠰᠠᠢ᠌ᠨ ᠬᠥᠳᠡᠭᠡ ᠲᠣᠰᠬᠣᠨ᠎ᠤ ᠵᠠᠰᠠᠮᠠᠯ ᠵᠠᠮ》᠂ ᠬᠤᠳᠠ ᠬᠥᠳᠡᠭᠡ ᠵᠢᠨ ᠵᠠᠮ ᠬᠠᠷᠢᠯᠴᠠᠭ᠎ᠠ ᠵᠢ ᠨᠢᠭᠡ ᠴᠣᠭᠴᠠᠵᠢᠭᠤᠯᠤᠨ ᠴᠢᠨᠠᠷ ᠰᠠᠢ᠌ᠲᠠᠢ ᠬᠥᠭᠵᠢᠭᠦᠯᠬᠦ ᠵᠢ ᠭᠦᠨᠵᠡᠭᠡᠢ ᠠᠬᠢᠭᠤᠯᠤᠨ᠎ᠠ᠃ ᠤᠰᠤ ᠬᠠᠩᠭ᠋ᠠᠬᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠨ᠂ ᠬᠣᠲᠠ ᠬᠥᠳᠡᠭᠡ ᠵᠢᠨ ᠤᠰᠤ ᠬᠠᠩᠭ᠋ᠠᠬᠤ ᠵᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭ᠋ᠠᠬᠤ ᠵᠢ ᠬᠡᠪᠴᠢᠶᠡᠵᠢᠭᠦᠯᠦᠨ ᠬᠥᠭᠵᠢᠭᠦᠯᠬᠦ ᠵᠢ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠬᠢᠭᠤᠯᠵᠤ᠂ ᠤᠰᠤ ᠬᠠᠩᠭ᠋ᠠᠬᠤ ᠵᠢᠵᠢᠭ ᠭᠡᠯᠪᠡᠷᠢ ᠵᠢᠨ ᠢᠨᠵᠧᠨᠧᠷᠢᠩ᠎ᠢ ᠵᠢᠷᠤᠮᠵᠢᠭᠤᠯᠤᠨ ᠪᠦᠲᠦᠭᠡᠨ ᠪᠠᠢ᠌ᠭᠤᠯᠬᠤ ᠪᠠ ᠥᠭᠡᠷᠡᠴᠢᠯᠡᠬᠦ ᠵᠢ ᠬᠡᠷᠡᠭᠵᠢᠭᠦᠯᠦᠨ᠂ ᠳᠤᠮᠳᠠ ᠵᠢᠵᠢᠭ ᠭᠡᠯᠪᠡᠷᠢ ᠵᠢᠨ ᠤᠰᠤᠨ ᠰᠤᠷᠪᠤᠯᠵᠢ ᠵᠢ ᠪᠠᠲᠤᠯᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠰᠤᠨ᠎ᠤ ᠴᠢᠨᠠᠷ᠎ᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠡᠨᠧᠷᠭᠢ ᠵᠢᠨ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠤ ᠴᠠᠭᠢᠯᠭ᠋ᠠᠨ ᠲᠣᠣᠷ᠎ᠢ ᠪᠡᠬᠢᠵᠢᠭᠦᠯᠦᠨ ᠳᠡᠭᠡᠭᠰᠢᠯᠡᠭᠦᠯᠵᠦ᠂ ᠴᠡᠪᠡᠷ ᠡᠨᠧᠷᠭᠢ ᠵᠢ ᠬᠥᠭᠵᠢᠭᠦᠯᠦᠨ᠎ᠡ᠃ ᠬᠥᠳᠡᠭᠡ ᠲᠣᠰᠬᠣᠨ᠎ᠤ ᠭᠡᠷ ᠪᠠᠢ᠌ᠰᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠵᠠᠰᠠᠬᠤ ᠪᠠ ᠬᠥᠳᠡᠭᠡ ᠲᠣᠰᠬᠣᠨ᠎ᠤ ᠭᠡᠷ ᠪᠠᠢ᠌ᠰᠢᠩ᠎ᠤᠨ ᠭᠠᠵᠠᠷ ᠬᠥᠳᠡᠯᠦᠯᠲᠡ ᠵᠢ ᠳᠠᠭ᠋ᠠᠭ᠋ᠠᠬᠤ ᠥᠭᠡᠷᠡᠴᠢᠯᠡᠯᠲᠡ ᠵᠢ ᠦᠷᠭᠦᠯᠵᠢᠯᠡᠨ ᠥᠷᠨᠢᠭᠦᠯᠵᠦ᠂ ᠣᠲᠣ ᠦᠶ᠎ᠡ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠬᠥᠳᠡᠭᠡ ᠲᠣᠰᠬᠣᠨ᠎ᠤ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃
(ᠬᠣᠷᠢᠨ ᠭᠤᠷᠪᠠ) ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠤᠨ᠎ᠠ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠴᠢᠳ᠎ᠢ ᠬᠥᠲᠥᠯᠥᠨ ᠵᠢᠯᠤᠭᠣᠳᠴᠤ ᠡᠷᠦᠭᠡ ᠵᠢᠨ ᠳᠣᠲᠣᠷᠠᠬᠢ ᠵᠣᠷᠯᠣᠩ᠎ᠢ ᠥᠭᠡᠷᠡᠴᠢᠯᠡᠬᠦ ᠠᠵᠢᠯ᠎ᠢ ᠥᠷᠨᠢᠭᠦᠯᠦᠨ᠂ ᠬᠥᠳᠡᠭᠡ ᠲᠣᠰᠬᠣᠨ᠎ᠤ ᠵᠣᠷᠯᠣᠩ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠵᠣᠷᠯᠣᠩ᠎ᠤᠨ ᠬᠤᠪᠢᠰᠬᠠᠯ ᠬᠢᠭᠡᠳ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠵᠤ᠂ ᠡᠷᠦᠭᠡ ᠬᠣᠯᠪᠤᠭ᠋ᠠᠯᠠᠨ᠂ ᠲᠣᠰᠬᠣᠨ ᠬᠣᠯᠪᠤᠭ᠋ᠠᠯᠠᠨ᠂ ᠲᠣᠰᠬᠣᠨ ᠪᠠᠯᠭ᠋ᠠᠰᠤ ᠵᠢ ᠨᠢᠭᠡ ᠴᠣᠭᠴᠠᠵᠢᠭᠤᠯᠤᠨ ᠰᠢᠢ᠍ᠳᠪᠦᠷᠢᠯᠡᠬᠦ ᠵᠢ ᠵᠣᠷᠢᠭᠵᠢᠭᠤᠯᠤᠨ᠎ᠠ᠃ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠠᠵᠢᠯ᠎ᠢ ᠲᠦᠷᠦᠯ ᠬᠤᠪᠢᠶᠠᠨ ᠥᠷᠨᠢᠭᠦᠯᠵᠦ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ ᠪᠠ ᠭᠣᠣᠯ ᠲᠣᠰᠬᠣᠨ ᠵᠶ᠋ᠠᠷ ᠲᠥᠪ ᠪᠣᠯᠭ᠋ᠠᠨ ᠪᠦᠯᠦᠭ ᠤᠳᠠᠭ᠎ᠠ ᠬᠤᠪᠢᠶᠠᠨ ᠠᠬᠢᠭᠤᠯᠤᠨ ᠬᠡᠷᠡᠭᠵᠢᠭᠦᠯᠵᠦ᠂ ᠨᠡᠯᠢᠶᠡᠳ ᠶᠡᠬᠡ ᠲᠠᠯᠠᠪᠠᠢ᠎ᠲᠠᠢ ᠪᠣᠬᠢᠷ ᠦᠮᠡᠬᠡᠢ ᠤᠰᠤᠨ ᠴᠣᠭᠴᠠ ᠵᠢ ᠦᠨᠳᠦᠰᠦᠨ᠎ᠳᠡᠭᠡᠨ ᠠᠷᠢᠯᠭ᠋ᠠᠨ᠎ᠠ᠃ ᠠᠮᠢᠳᠤᠷᠠᠯ᠎ᠤᠨ ᠬᠣᠭ ᠨᠣᠪᠰᠢ ᠵᠢ ᠵᠠᠰᠠᠬᠤ ᠲᠦᠪᠰᠢᠨ᠎ᠢ ᠳᠡᠭᠡᠭᠰᠢᠯᠡᠭᠦᠯᠵᠦ᠂ ᠡᠬᠢ ᠡᠭᠦᠰᠦᠯ᠎ᠠᠴᠠ᠎ᠨᠢ ᠲᠥᠷᠥᠯ ᠬᠤᠪᠢᠶᠠᠨ ᠬᠡᠮᠵᠢᠶ᠎ᠡ ᠵᠢ ᠪᠠᠭ᠋ᠠᠰᠬᠠᠬᠤ᠂ ᠲᠤᠬᠠᠢ ᠵᠢᠨ ᠭᠠᠵᠠᠷ ᠪᠠ ᠣᠢ᠌ᠷ᠎ᠠ ᠬᠠᠪᠢ᠎ᠳᠤᠨᠢ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠵᠤ᠂ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠵᠢ ᠲᠡᠭᠦᠯᠳᠡᠷᠵᠢᠭᠦᠯᠦᠨ᠂ ᠬᠣᠣᠷ ᠬᠥᠨᠥᠭᠡᠯ᠎ᠲᠠᠢ ᠬᠣᠭ ᠨᠣᠪᠰᠢ ᠵᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠣᠰᠬᠣᠨ᠎ᠤ ᠳᠦᠷᠢ ᠲᠥᠷᠬᠦ ᠵᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠢ ᠨᠣᠭᠣᠭ᠋ᠠᠷᠠᠭᠤᠯᠵᠤ ᠭᠣᠶᠣᠵᠢᠭᠤᠯᠬᠤ ᠠᠵᠢᠯᠯᠠᠭ᠎ᠠ ᠪᠠ ᠠᠢ᠌ᠯ ᠲᠣᠰᠬᠣᠨ᠎ᠢ ᠴᠡᠪᠡᠷᠰᠢᠭᠦᠯᠬᠦ ᠠᠵᠢᠯᠯᠠᠭ᠎ᠠ ᠵᠢ ᠥᠷᠨᠢᠭᠦᠯᠦᠨ᠎ᠡ᠃
(ᠬᠣᠷᠢᠨ ᠳᠥᠷᠪᠡ) ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡᠨ᠎ᠤ ᠲᠦᠪᠰᠢᠨ᠎ᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠰᠤᠷᠭ᠋ᠠᠨ ᠬᠥᠮᠦᠵᠢᠯ᠎ᠤᠨ ᠪᠠᠢ᠌ᠷᠢᠰᠢᠯ᠎ᠢ ᠰᠢᠯᠢᠳᠡᠭᠵᠢᠭᠦᠯᠦᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠭᠦ ᠦᠨᠳᠦᠰᠦᠨ ᠨᠥᠬᠥᠴᠡᠯ᠎ᠢ ᠰᠠᠢ᠌ᠵᠢᠷᠠᠭᠤᠯᠵᠤ᠂ ᠬᠤᠳᠠ ᠬᠥᠳᠡᠭᠡ ᠵᠢᠨ ᠰᠤᠷᠭ᠋ᠠᠭᠤᠯᠢ ᠵᠢᠨ ᠬᠠᠮᠲᠤ ᠵᠢᠨ ᠴᠣᠭᠴᠠ ᠵᠢ ᠪᠠᠢ᠌ᠭᠤᠯᠤᠨ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠣᠨᠴᠠᠭ᠋ᠠᠢ ᠰᠤᠷᠭ᠋ᠠᠨ ᠬᠥᠮᠦᠵᠢᠯ᠎ᠤᠨ ᠲᠦᠭᠡᠮᠡᠯ ᠠᠰᠢᠭ ᠬᠦᠷᠲᠡᠭᠡᠬᠦ ᠬᠥᠭᠵᠢᠯᠲᠡ ᠵᠢ ᠴᠢᠩᠭ᠋ᠠᠳᠬᠠᠵᠤ᠂ ᠪᠠᠭᠰᠢ ᠵᠢᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠨ᠎ᠠ᠃ ᠡᠷᠡᠭᠦᠯ ᠡᠩᠬᠡ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ᠂ ᠬᠦᠨᠳᠦ ᠶᠡᠬᠡ ᠬᠢᠵᠢᠭ᠎ᠤᠨ ᠪᠠᠢ᠌ᠳᠠᠯ ᠵᠢᠴᠢ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠤᠨ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡ᠎ᠪᠠᠷ ᠠᠪᠤᠷᠠᠨ ᠲᠤᠰᠠᠯᠠᠬᠤ ᠳᠦᠷᠢᠮ᠎ᠤᠨ ᠪᠠᠲᠤᠯᠠᠭ᠎ᠠ ᠵᠢ ᠴᠢᠩᠭ᠋ᠠᠳᠬᠠᠵᠤ᠂ ᠨᠠᠰᠤᠲᠠᠢ᠌ᠴᠤᠳ ᠪᠠ ᠡᠬᠡ ᠨᠢᠯᠬᠠᠰ᠎ᠤᠨ ᠡᠷᠡᠭᠦᠯ ᠡᠩᠬᠡ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠦᠢ᠍ᠯᠡᠴᠢᠯᠡᠭᠡ ᠵᠢ ᠥᠷᠨᠢᠭᠦᠯᠦᠨ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠣᠯᠠᠨ ᠨᠡᠢ᠌ᠲᠡ ᠵᠢᠨ ᠪᠡᠶ᠎ᠡ ᠴᠢᠭᠢᠷᠠᠭᠵᠢᠭᠤᠯᠬᠤ ᠲᠤᠨᠤᠭ ᠲᠥᠬᠦᠭᠡᠷᠦᠮᠵᠢ ᠵᠢ ᠪᠦᠲᠦᠭᠡᠨ ᠪᠠᠢ᠌ᠭᠤᠯᠤᠨ᠎ᠠ᠃ ᠠᠷᠠᠳ᠎ᠤᠨ ᠠᠮᠢᠳᠤᠷᠠᠯ᠎ᠤᠨ ᠰᠠᠭᠤᠷᠢ ᠪᠠᠲᠤᠯᠠᠭ᠎ᠠ ᠵᠢ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ᠎ᠢ ᠲᠡᠭᠦᠯᠳᠡᠷᠵᠢᠭᠦᠯᠦᠨ᠂ ᠡᠯ᠎ᠡ ᠭᠠᠵᠠᠷ᠎ᠤᠨ ᠪᠠᠢ᠌ᠳᠠᠯ ᠪᠠ ᠲᠠᠷᠢᠶᠠᠴᠢᠳ᠎ᠤᠨ ᠪᠣᠳᠠᠲᠠᠢ ᠬᠡᠷᠡᠭᠴᠡᠭᠡ ᠵᠢ ᠦᠨᠳᠦᠰᠦᠯᠡᠨ᠂ ᠨᠠᠰᠤᠲᠠᠨ᠎ᠢ ᠠᠰᠠᠷᠠᠬᠤ ᠬᠦᠷᠢᠶᠡᠯᠡᠩ ᠵᠡᠷᠭᠡ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠰᠢᠶᠠᠩ ᠪᠠᠯᠭ᠋ᠠᠰᠤ ᠣᠷᠣᠨ ᠪᠦᠰᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠶᠡᠬᠡ᠎ᠪᠠᠷ ᠠᠬᠢᠭᠤᠯᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢ ᠢᠳᠡᠪᠬᠢᠲᠡᠢ ᠬᠥᠭᠵᠢᠭᠦᠯᠦᠨ᠂《ᠨᠢᠭᠡ ᠯᠡ ᠠᠳᠠᠯᠢ᠎ᠪᠠᠷ ᠱᠠᠭ᠋ᠠᠷᠳᠠᠬᠤ》ᠵᠢ ᠡᠷᠡᠰ ᠲᠡᠪᠴᠢᠨ᠎ᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠮᠥᠩᠭᠥ ᠣᠯᠭᠣᠮᠵᠢ ᠵᠢ ᠲᠣᠭᠲᠠᠭ᠋ᠠᠬᠤ ᠪᠠ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠡᠪ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠨᠠᠢ᠌ᠳᠠᠪᠤᠷᠢᠵᠢᠭᠤᠯᠵᠤ᠂ ᠨᠡᠭᠦᠳᠡᠯ ᠬᠡᠦᠬᠡᠳ᠂ ᠭᠡᠷ᠎ᠲᠡᠭᠡᠨ ᠬᠣᠴᠣᠷᠤᠭᠰᠠᠨ ᠬᠡᠦᠬᠡᠳ᠂ ᠡᠮᠡᠭᠲᠡᠢ᠌ᠴᠦᠳ᠂ ᠨᠠᠰᠤᠲᠠᠢ᠌ᠴᠤᠳ᠂ ᠵᠡᠮᠳᠡᠭᠴᠦᠳ ᠵᠡᠷᠭᠡ ᠵᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡ ᠵᠢ ᠰᠠᠢ᠌ᠲᠤᠷ ᠬᠢᠵᠦ᠂ ᠲᠦᠭᠡᠮᠡᠯ ᠬᠠᠷᠠᠭ᠋ᠠᠯᠵᠠᠯᠲᠤ ᠨᠠᠢ᠌ᠳᠠᠨ ᠠᠰᠠᠷᠠᠭᠤᠯᠬᠤ ᠦᠢ᠍ᠯᠡᠴᠢᠯᠡᠭᠡ ᠵᠢ ᠬᠥᠭᠵᠢᠭᠦᠯᠦᠨ᠎ᠡ᠃
(ᠬᠣᠷᠢᠨ ᠲᠠᠪᠤ) ᠬᠥᠳᠡᠭᠡ ᠲᠣᠰᠬᠣᠨ᠎ᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠤᠨᠤᠭ ᠲᠥᠬᠦᠭᠡᠷᠦᠮᠵᠢ ᠵᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭ᠋ᠠᠨᠴᠢ ᠪᠠᠢ᠌ᠷᠢᠯᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ᠂ ᠬᠥᠳᠡᠭᠡ ᠲᠣᠰᠬᠣᠨ᠎ᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠵᠦᠢ ᠵᠣᠬᠢᠰᠲᠠᠢ ᠲᠣᠬᠢᠷᠠᠭᠤᠯᠵᠤ᠂ ᠦᠢ᠍ᠯᠡᠴᠢᠯᠡᠭᠡᠨ᠎ᠤ ᠨᠥᠬᠥᠴᠡᠯ᠎ᠢ᠎ᠨᠢ ᠰᠠᠢ᠌ᠵᠢᠷᠠᠭᠤᠯᠤᠨ᠎ᠠ; ᠰᠤᠯᠠ ᠪᠠᠢ᠌ᠭ᠎ᠠ ᠲᠤᠨᠤᠭ ᠲᠥᠬᠦᠭᠡᠷᠦᠮᠵᠢ ᠵᠢ ᠠᠮᠢᠳᠤᠯᠢᠭᠵᠢᠭᠤᠯᠤᠨ ᠠᠰᠢᠭᠯᠠᠵᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ᠎ᠳᠤ ᠬᠡᠷᠡᠭᠯᠡᠨ᠂ ᠣᠲᠣ ᠵᠢᠨ ᠪᠠᠢ᠌ᠭ᠎ᠠ ᠲᠤᠨᠤᠭ ᠲᠥᠬᠦᠭᠡᠷᠦᠮᠵᠢ ᠵᠢᠨ《ᠨᠢᠭᠡ ᠦᠷᠦᠭᠡ ᠵᠢ ᠣᠯᠠᠨ ᠶᠠᠩᠵᠤ᠎ᠪᠠᠷ ᠠᠰᠢᠭᠯᠠᠬᠤ》 ᠵᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠬᠥᠳᠡᠭᠡ ᠲᠣᠰᠬᠣᠨ᠎ᠤ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠤᠨᠤᠭ ᠲᠥᠬᠦᠭᠡᠷᠦᠮᠵᠢ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠣᠯᠠᠨ ᠲᠦᠮᠡᠨ᠎ᠤ ᠪᠦᠯᠭᠦᠮ᠎ᠤᠨ ᠵᠣᠬᠢᠶᠠᠨ ᠪᠠᠢ᠌ᠭᠤᠯᠤᠯᠲᠠ᠂ ᠬᠤᠷᠰᠢᠭᠰᠠᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠵᠢᠨ ᠪᠦᠲᠦᠭᠡᠨ ᠪᠠᠢ᠌ᠭᠤᠯᠵᠤ ᠬᠠᠮᠢᠶᠠᠷᠬᠤ ᠪᠠ ᠦᠢ᠍ᠯᠡᠴᠢᠯᠡᠭᠡ ᠬᠠᠩᠭ᠋ᠠᠬᠤ᠎ᠳᠤ ᠣᠷᠤᠯᠴᠠᠬᠤ ᠵᠢ ᠵᠣᠷᠢᠭᠵᠢᠭᠤᠯᠤᠨ᠎ᠠ᠃
(ᠬᠣᠷᠢᠨ ᠵᠢᠷᠭᠤᠭ᠎ᠠ) ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ ᠮᠡᠳᠡᠭᠡ ᠵᠠᠩᠭᠢ ᠵᠢᠨ ᠰᠠᠭᠤᠷᠢ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠣᠶᠤᠨᠴᠢ ᠷᠠᠳᠢᠣ᠋ ᠲᠧᠯᠸᠢᠰ᠎ᠤᠨ ᠬᠥᠳᠡᠭᠡ ᠲᠣᠰᠬᠣᠨ᠎ᠤ ᠢᠨᠵᠧᠨᠧᠷᠢᠩ᠎ᠢ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠵᠢ ᠲᠣᠭ᠋ᠠᠴᠢᠯᠠᠬᠤ᠂ ᠣᠶᠤᠨᠴᠢᠯᠠᠬᠤ ᠵᠢ ᠠᠬᠢᠭᠤᠯᠵᠤ᠂ ᠶᠡᠷᠦᠩᠬᠡᠢ᠌ᠯᠡᠭᠰᠡᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠤᠨ᠎ᠠ᠃ ᠬᠠᠮᠢᠶᠠᠷᠤᠯᠲᠠ ᠦᠢ᠍ᠯᠡᠴᠢᠯᠡᠭᠡ ᠵᠢᠨ ᠲᠣᠭ᠋ᠠᠴᠢᠯᠠᠯᠲᠠ ᠵᠢ ᠲᠦᠷᠭᠡᠳᠬᠡᠨ᠂ 《ᠢᠨᠲ᠋ᠧᠷ ᠰᠦᠯᠵᠢᠶ᠎ᠡ +》᠂ 《ᠣᠶᠤᠨᠴᠢ ᠷᠠᠳᠢᠣ᠋ ᠲᠧᠯᠸᠢᠰ +》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠳᠦᠰᠦᠨ ᠱᠠᠲᠤ ᠲᠡᠢ᠌ᠰᠢ ᠤᠷᠲᠤᠳᠬᠠᠬᠤ ᠵᠢ ᠠᠬᠢᠭᠤᠯᠵᠤ᠂ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠂ ᠡᠮ ᠡᠮᠨᠡᠯᠭᠡ᠂ ᠰᠣᠶᠣᠯ᠎ᠤᠨ ᠲᠣᠭ᠋ᠠᠴᠢᠯᠠᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠲᠣᠭ᠋ᠠᠴᠢᠯᠠᠭᠰᠠᠨ ᠬᠥᠳᠡᠭᠡ ᠲᠣᠰᠬᠣᠨ᠎ᠤ ᠬᠥᠭᠵᠢᠯᠲᠡ ᠵᠢᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃
(ᠬᠣᠷᠢᠨ ᠳᠣᠯᠣᠭ᠎ᠠ) ᠬᠥᠳᠡᠭᠡ ᠲᠣᠰᠬᠣᠨ᠎ᠢ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢ ᠰᠢᠯᠢᠳᠡᠭᠵᠢᠭᠦᠯᠦᠨ᠎ᠡ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠢ᠌ᠯ ᠲᠣᠰᠬᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ᠂ ᠠᠮᠢᠳᠤᠷᠠᠯ᠎ᠳᠤ ᠳᠥᠭᠦᠮ ᠮᠥᠷᠲᠡᠭᠡᠨ ᠦᠢ᠍ᠯᠡᠳᠪᠦᠷᠢᠯᠡᠯ᠎ᠢ ᠠᠬᠢᠭᠤᠯᠬᠤ ᠲᠥᠷᠥᠯ ᠵᠦᠢ᠍ᠯ᠎ᠢ ᠡᠩ ᠲᠡᠷᠢᠭᠦᠨ᠎ᠳᠤ ᠪᠦᠲᠦᠭᠡᠨ ᠪᠠᠢ᠌ᠭᠤᠯᠵᠤ᠂ ᠲᠠᠷᠢᠶᠠᠴᠢᠳ᠎ᠢ ᠬᠥᠲᠥᠯᠥᠨ ᠵᠢᠯᠤᠭᠣᠳᠴᠤ ᠠᠢ᠌ᠯ ᠲᠣᠰᠬᠣᠨ᠎ᠤ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠬᠠᠮᠢᠶᠠᠷᠤᠯᠲᠠ᠎ᠳᠤ ᠣᠷᠣᠯᠴᠠᠭᠤᠯᠵᠤ᠂ ᠲᠠᠷᠢᠶᠠᠴᠢᠳ᠎ᠤᠨ ᠬᠦᠰᠡᠯ ᠰᠠᠨᠠᠭ᠎ᠠ᠎ᠠᠴᠠ ᠵᠥᠷᠢᠴᠡᠨ ᠶᠡᠬᠡ᠎ᠪᠠᠷ ᠨᠤᠷᠠᠭ᠋ᠠᠵᠤ ᠶᠡᠬᠡ᠎ᠪᠠᠷ ᠪᠦᠲᠦᠭᠡᠨ ᠪᠠᠢ᠌ᠭᠤᠯᠬᠤ ᠵᠢ ᠴᠢᠩᠭ᠎ᠠ ᠴᠠᠭ᠋ᠠᠵᠠᠯᠠᠨ᠎ᠠ᠃ ᠡᠯ᠎ᠡ ᠲᠥᠷᠥᠯ᠎ᠤᠨ ᠨᠢᠭᠡᠨᠲᠡ ᠪᠠᠢ᠌ᠭᠤᠯᠤᠭᠰᠠᠨ ᠪᠠᠷᠢᠯᠭ᠎ᠠ ᠵᠢ ᠭᠦᠢ᠍ᠴᠡᠳ ᠠᠰᠢᠭᠯᠠᠨ᠂ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠨ ᠦᠵᠡᠮᠵᠢ ᠵᠢᠨ ᠣᠷᠣᠨ᠎ᠤ ᠲᠥᠷᠥᠯ ᠵᠦᠢ᠍ᠯ ᠪᠠᠢ᠌ᠭᠤᠯᠬᠤ ᠵᠢ ᠴᠢᠩᠭ᠎ᠠ ᠴᠠᠭ᠋ᠠᠵᠠᠯᠠᠨ᠎ᠠ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠦᠨᠡᠯᠡᠯᠲᠡ ᠵᠢ ᠥᠷᠨᠢᠭᠦᠯᠦᠨ᠎ᠡ᠃ ᠬᠥᠳᠡᠭᠡ ᠲᠣᠰᠬᠣᠨ᠎ᠤ ᠣᠯᠠᠨ ᠨᠡᠢ᠌ᠲᠡ ᠵᠢᠨ ᠰᠠᠭᠤᠷᠢ ᠲᠥᠬᠦᠭᠡᠷᠦᠮᠵᠢ ᠵᠢᠨ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠵᠦ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠬᠢᠭᠡᠳ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠵᠡᠷᠭᠡ᠎ᠪᠠᠷ ᠨᠠᠢ᠌ᠳᠠᠪᠤᠷᠢᠵᠢᠭᠤᠯᠬᠤ ᠳᠦᠷᠢᠮ᠎ᠢ ᠪᠠᠢ᠌ᠭᠤᠯᠤᠨ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢᠨ ᠨᠠᠷᠢᠨ ᠲᠠᠨᠭ᠌ᠰᠠ ᠵᠢ ᠨᠠᠢ᠌ᠷᠠᠭᠤᠯᠤᠨ ᠵᠣᠬᠢᠶᠠᠵᠤ᠂ ᠬᠠᠮᠢᠶᠠᠷᠴᠤ ᠬᠠᠮᠠᠭ᠋ᠠᠯᠠᠬᠤ ᠥᠪᠡᠷ᠎ᠤᠨ ᠥᠷᠲᠡᠭ᠎ᠢ ᠵᠦᠢ ᠵᠣᠬᠢᠰᠲᠠᠢ ᠬᠤᠪᠢᠳᠠᠨ ᠡᠭᠦᠷᠭᠡᠯᠡᠵᠦ᠂ ᠨᠥᠬᠥᠴᠡᠯ᠎ᠲᠠᠢ ᠭᠠᠵᠠᠷ ᠣᠷᠣᠨ᠎ᠨᠢ ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠬᠠᠮᠢᠶᠠᠷᠴᠤ ᠬᠠᠮᠠᠭ᠋ᠠᠯᠠᠬᠤ ᠵᠢ ᠠᠬᠢᠭᠤᠯᠤᠨ᠎ᠠ᠃
ᠶᠢᠰᠦ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠥᠳᠡᠭᠡ ᠲᠣᠰᠬᠣᠨ᠎ᠤ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ
(ᠬᠣᠷᠢᠨ ᠨᠠᠢ᠍ᠮᠠ) ᠬᠥᠳᠡᠭᠡ ᠲᠣᠰᠬᠣᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠦᠨ᠎ᠡ᠃ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ᠎ᠨᠢ ᠲᠤᠯᠤᠭᠰᠠᠨ᠎ᠤ ᠲᠠᠷᠠᠭ᠎ᠠ ᠲᠠᠭᠢᠨ 30 ᠵᠢᠯ ᠤᠷᠲᠤᠳᠬᠠᠬᠤ ᠲᠤᠷᠰᠢᠯᠲᠠ ᠵᠢᠨ ᠴᠡᠭ᠎ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠳᠠᠭ᠋ᠠᠭ᠋ᠠᠴᠢᠯᠠᠯᠲᠠ ᠵᠢᠨ ᠭᠠᠵᠠᠷ᠎ᠤᠨ ᠥᠮᠴᠢᠯᠡᠬᠦ ᠡᠷᠬᠡ᠂ ᠳᠠᠭ᠋ᠠᠭ᠋ᠠᠴᠢᠯᠠᠬᠤ ᠡᠷᠬᠡ᠂ ᠡᠵᠡᠩᠨᠡᠬᠦ ᠡᠷᠬᠡ ᠵᠢ ᠰᠠᠯᠭ᠋ᠠᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢ ᠬᠥᠭᠵᠢᠭᠦᠯᠦᠨ᠎ᠡ᠃ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠦᠯᠦ ᠬᠥᠳᠡᠯᠬᠦ ᠬᠥᠷᠥᠩᠭᠡ ᠵᠢ ᠨᠢᠭᠡᠳᠦᠯᠲᠡᠢ ᠳᠠᠩᠰᠠᠯᠠᠬᠤᠯᠤᠭᠠ ᠡᠮᠬᠢ ᠵᠢᠷᠤᠮ᠎ᠲᠠᠢ ᠵᠣᠯᠭ᠋ᠠᠭᠤᠯᠬᠤ ᠵᠢ ᠰᠠᠢ᠌ᠲᠤᠷ ᠬᠢᠵᠦ᠂ ᠳᠠᠭ᠋ᠠᠭ᠋ᠠᠴᠢᠯᠠᠭᠰᠠᠨ ᠭᠠᠵᠠᠷ ᠰᠢᠷᠣᠢ ᠵᠢ ᠠᠲᠠᠷᠰᠢᠭᠤᠯᠬᠤ᠂ ᠲᠠᠷᠢᠶᠠᠨ ᠭᠠᠵᠠᠷ᠎ᠤᠨ ᠦᠢ᠍ᠯᠡᠳᠪᠦᠷᠢᠯᠡᠬᠦ ᠴᠢᠳᠠᠪᠤᠷᠢ ᠵᠢ ᠡᠪᠳᠡᠬᠦ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠠᠷᠠᠭᠤᠯᠤᠨ᠎ᠠ᠃ ᠲᠠᠷᠢᠶᠠᠯᠠᠬᠤ ᠡᠷᠦᠭᠡ ᠵᠢᠨ ᠭᠡᠷ ᠪᠦᠯᠢ ᠵᠢᠨ ᠡᠵᠡᠩᠨᠡᠯᠲᠡ᠎ᠪᠠᠷ ᠰᠠᠭᠤᠷᠢ ᠪᠤᠯᠭ᠋ᠠᠬᠰᠠᠨ᠂ ᠬᠣᠷᠰᠢᠯᠴᠠᠬᠤ ᠪᠠ ᠬᠣᠯᠪᠣᠭ᠋ᠠᠯᠠᠬᠤ᠎ᠪᠠᠷ ᠬᠣᠯᠪᠣᠭ᠋ᠠᠰᠤ ᠪᠤᠯᠭ᠋ᠠᠬᠰᠠᠨ᠂ ᠨᠡᠢ᠌ᠭᠡᠮᠴᠢᠯᠡᠭᠰᠡᠨ ᠦᠢ᠍ᠯᠡᠴᠢᠯᠡᠭᠡ᠎ᠪᠠᠷ ᠲᠤᠯᠭ᠋ᠠᠭᠤᠷᠢᠯᠠᠭᠰᠠᠨ ᠪᠣᠰᠣᠭ᠎ᠠ ᠴᠣᠭᠴᠠᠲᠤ ᠨᠡᠢ᠌ᠯᠡᠮᠡᠯ ᠭᠡᠯᠪᠡᠷᠢ ᠪᠦᠬᠦᠢ ᠣᠳᠣ ᠦᠶ᠎ᠡ ᠵᠢᠨ ᠲᠠᠷᠢᠶᠠᠯᠠᠩ᠎ᠤᠨ ᠡᠵᠡᠩᠨᠡᠯᠲᠡ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠭᠦᠢ᠍ᠯᠭᠡᠭᠡᠬᠦ ᠦᠨ᠎ᠡ ᠬᠠᠩᠰᠢ ᠵᠢ ᠪᠦᠷᠢᠯᠳᠦᠭᠦᠯᠬᠦ ᠲᠣᠭᠲᠠᠴᠠ ᠵᠢ ᠪᠦᠷᠢᠨᠰᠢᠭᠦᠯᠦᠨ᠂ ᠲᠠᠷᠢᠶᠠᠴᠢᠳ᠎ᠤᠨ ᠬᠣᠷᠰᠢᠨ ᠡᠵᠡᠩᠨᠡᠬᠦ ᠵᠢ ᠠᠬᠢᠭᠤᠯᠤᠨ᠎ᠠ᠃ ᠵᠢᠵᠢᠭ ᠲᠠᠷᠢᠶᠠᠴᠢᠨ ᠡᠷᠦᠭᠡ ᠵᠢᠨ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠡᠷᠭᠡ᠎ᠪᠠᠷ ᠰᠢᠨ᠎ᠡ ᠭᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ᠎ᠳᠤ ᠬᠤᠪᠢ ᠣᠷᠣᠭᠤᠯᠬᠤ ᠵᠢ ᠵᠣᠷᠢᠭᠵᠢᠭᠤᠯᠵᠤ᠂ ᠳᠥᠭᠦᠮ ᠲᠦᠷᠭᠡᠨ ᠥᠨᠳᠥᠷ ᠪᠦᠲᠦᠮᠵᠢᠲᠡᠶ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢᠨ ᠰᠢᠰᠲ᠋ᠧᠮ᠎ᠢ ᠪᠦᠷᠢᠨᠰᠢᠭᠦᠯᠦᠨ᠎ᠡ᠃ ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢ ᠬᠥᠭᠵᠢᠭᠦᠯᠦᠨ᠂ ᠥᠮᠴᠢᠯᠡᠯ᠎ᠤᠨ ᠡᠷᠬᠡ᠎ᠨᠢ ᠲᠣᠳᠣᠷᠬᠠᠢ᠂ ᠬᠤᠪᠢᠶᠠᠷᠢᠯᠠᠯᠲᠠ᠎ᠨᠢ ᠵᠦᠢ ᠵᠣᠬᠢᠰᠲᠠᠢ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠵᠤ᠂ ᠲᠠᠷᠢᠶᠠᠴᠢᠳ᠎ᠲᠤ ᠨᠠᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ ᠣᠯᠭᠣᠨ᠎ᠠ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠴᠢ ᠲᠡᠭᠦᠨ᠎ᠤ ᠠᠵᠢᠯᠯᠠᠭ᠋ᠠᠨ᠎ᠤ ᠬᠠᠮᠢᠶᠠᠷᠤᠯᠲᠠ᠂ ᠬᠥᠳᠡᠭᠡ ᠲᠣᠰᠬᠣᠨ᠎ᠤ ᠥᠮᠴᠢᠯᠡᠯ᠎ᠤᠨ ᠡᠷᠬᠡ ᠵᠢ ᠭᠦᠢ᠍ᠯᠭᠡᠭᠡᠬᠦ ᠠᠷᠠᠯᠵᠢᠶ᠎ᠠ ᠵᠢ ᠵᠢᠷᠤᠮᠵᠢᠭᠤᠯᠵᠤ᠂ ᠬᠥᠳᠡᠭᠡ ᠲᠣᠰᠬᠣᠨ᠎ᠤ ᠬᠠᠮᠲᠤ ᠵᠢᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠮᠲᠤ ᠵᠢᠨ ᠡᠵᠡᠩᠨᠡᠯᠲᠡ ᠵᠢᠨ ᠠᠶᠤᠯ ᠲᠦᠭᠰᠢᠭᠦᠷᠢ ᠪᠠ ᠥᠷᠢ ᠥᠭᠴᠡᠭᠡᠨ᠎ᠤ ᠬᠡᠪᠴᠢᠶ᠎ᠡ ᠵᠢ ᠴᠢᠩᠭ᠎ᠠ ᠬᠢᠵᠠᠭ᠋ᠠᠷᠯᠠᠨ᠎ᠠ᠃
(ᠬᠣᠷᠢ ᠶᠢᠰᠦ) ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠭᠡᠷ ᠪᠠᠢ᠌ᠰᠢᠩ ᠭᠠᠵᠠᠷ ᠰᠢᠷᠣᠢ ᠵᠢᠨ ᠨᠢᠭᠡ ᠴᠣᠭᠴᠠᠵᠢᠭᠰᠠᠨ ᠭᠡᠷ ᠪᠠᠢ᠌ᠰᠢᠩ᠎ᠤᠨ ᠰᠠᠭᠤᠷᠢ ᠵᠢᠨ ᠡᠷᠬᠡ ᠵᠢ ᠨᠤᠲᠠᠯᠠᠨ ᠳᠡᠩᠰᠡᠯᠡᠵᠦ ᠦᠨᠡᠮᠯᠡᠯ ᠣᠯᠭᠣᠬᠤ ᠵᠢ ᠲᠦᠷᠭᠡᠳᠬᠡᠨ ᠪᠡᠶᠡᠯᠡᠭᠦᠯᠵᠦ᠂ ᠲᠠᠷᠢᠶᠠᠴᠢᠨ ᠡᠷᠦᠭᠡ ᠵᠢᠨ ᠬᠠᠤᠯᠢ ᠶᠣᠰᠣᠨ᠎ᠤ ᠭᠡᠷ ᠪᠠᠢ᠌ᠰᠢᠩ ᠵᠢᠡᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠵᠢ ᠵᠥᠪᠰᠢᠶᠡᠷᠡᠨ᠎ᠡ᠃ ᠬᠥᠳᠡᠭᠡ ᠲᠣᠰᠬᠣᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠵᠠᠬ᠎ᠠ ᠳᠡᠯᠭᠡᠭᠦᠷ᠎ᠲᠤ ᠣᠷᠣᠭᠤᠯᠬᠤ ᠥᠭᠡᠷᠡᠴᠢᠯᠡᠯᠲᠡ ᠵᠢ ᠡᠮᠬᠢ ᠵᠢᠷᠤᠮ᠎ᠲᠠᠢ ᠠᠬᠢᠭᠤᠯᠵᠤ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠡᠷᠡᠭᠯᠡᠬᠦ ᠭᠠᠵᠠᠷ ᠰᠢᠷᠣᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠠᠲᠤᠯᠠᠵᠤ᠂ ᠭᠠᠵᠠᠷ ᠰᠢᠷᠣᠢ ᠵᠢᠨ ᠨᠡᠮᠡᠭᠳᠡᠯ ᠦᠷᠲᠡᠭ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠬᠥᠳᠡᠭᠡ ᠲᠣᠰᠬᠣᠨ᠎ᠤ ᠬᠥᠭᠵᠢᠯᠲᠡ᠎ᠳᠤ ᠬᠡᠷᠡᠭᠯᠡᠬᠦ ᠭᠠᠵᠠᠷ ᠰᠢᠷᠣᠢ ᠵᠢᠨ ᠪᠠᠲᠤᠯᠠᠭ᠎ᠠ ᠵᠢ ᠴᠢᠩᠭ᠋ᠠᠳᠬᠠᠵᠤ᠂ ᠮᠤᠵᠢ ᠵᠢᠨ ᠱᠠᠲᠤᠨ᠎ᠤ ᠭᠠᠵᠠᠷ ᠰᠢᠷᠣᠢ ᠵᠢᠨ ᠠᠰᠢᠭᠯᠠᠯᠲᠠ ᠵᠢᠨ ᠣᠨ᠎ᠤ ᠲᠥᠯᠥᠪᠯᠡᠭᠡ᠎ᠳᠤ ᠨᠠᠭ᠋ᠠᠲᠤ ᠵᠠᠬ᠎ᠠ᠎ᠳᠠᠭᠠᠨ 5% ᠵᠢᠨ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠭᠦᠢ᠍ᠴᠡᠳᠬᠡᠯ ᠲᠣᠭ᠎ᠠ ᠵᠢ ᠲᠣᠬᠢᠷᠠᠭᠤᠯᠵᠤ᠂ ᠬᠥᠳᠡᠭᠡ ᠲᠣᠰᠬᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ ᠪᠠ ᠲᠦᠷᠦᠯ ᠵᠦᠢ᠍ᠯ᠎ᠤᠨ ᠬᠡᠷᠡᠭᠯᠡᠬᠦ ᠭᠠᠵᠠᠷ ᠰᠢᠷᠣᠢ ᠵᠢ ᠪᠠᠲᠤᠯᠠᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠪᠠ ᠲᠥᠬᠥᠭᠡᠷᠦᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ ᠰᠢᠷᠣᠢ ᠵᠢ ᠪᠠᠲᠤᠯᠠᠬᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠰᠢᠶᠠᠨ ᠰᠢᠶᠠᠩ᠎ᠤᠨ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ᠎ᠳᠤ ᠬᠡᠷᠡᠭᠯᠡᠬᠦ ᠭᠠᠵᠠᠷ ᠰᠢᠷᠣᠢ ᠵᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ᠎ᠠ᠃ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠵᠢ ᠵᠢᠷᠤᠮᠵᠢᠩᠭᠤᠢ ᠡᠮᠬᠢ ᠳᠢᠭᠯᠢᠮ᠎ᠲᠠᠢ ᠯᠠᠪᠳᠠᠭᠤᠨ ᠵᠶ᠋ᠠᠷ ᠥᠷᠨᠢᠭᠦᠯᠵᠦ᠂ ᠰᠤᠯᠠᠯᠠᠵᠤ ᠥᠭᠭᠦᠭᠰᠡᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠭᠦᠢ᠍ᠴᠡᠳᠬᠡᠯ ᠲᠣᠭ᠎ᠠ ᠵᠢ ᠭᠠᠵᠠᠷ ᠰᠢᠷᠣᠢ ᠠᠰᠢᠭᠯᠠᠬᠤ ᠣᠨ᠎ᠤ ᠲᠥᠯᠥᠪᠯᠡᠭᠡ᠎ᠳᠤ ᠣᠷᠣᠭᠤᠯᠵᠤ ᠪᠣᠯᠣᠨ᠎ᠠ᠃
(ᠭᠤᠴᠢ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠯᠠᠨ ᠡᠰᠢᠵᠢᠭᠰᠡᠨ ᠣᠷᠣᠭᠤᠯᠤᠯᠲᠠ ᠵᠢᠨ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠡᠳ᠋᠎ᠤᠨ ᠵᠠᠰᠠᠭ᠎ᠤᠨ ᠳᠡᠮᠵᠢᠯᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠲᠠᠷᠢᠶᠠᠯᠠᠩ ᠬᠥᠳᠡᠭᠡ ᠲᠣᠰᠬᠣᠨ᠎ᠢ ᠡᠩ᠎ᠤᠨ ᠤᠯᠠᠨ ᠨᠡᠢ᠌ᠲᠡ ᠵᠢᠨ ᠲᠥᠰᠥᠪ᠎ᠤᠨ ᠤᠷᠢᠳ ᠵᠶ᠋ᠠᠷ ᠪᠠᠲᠤᠯᠠᠬᠤ ᠬᠦᠷᠢᠶ᠎ᠡ ᠴᠠᠷᠠᠭ᠎ᠠ ᠪᠤᠯᠭ᠋ᠠᠬᠤ ᠵᠢ ᠪᠠᠷᠢᠮᠲᠠᠯᠠᠵᠤ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠥᠭᠬᠦ ᠠᠰᠢᠭ ᠣᠷᠣᠯᠭ᠎ᠠ ᠵᠢ ᠲᠠᠷᠢᠶᠠᠯᠠᠩ ᠬᠥᠳᠡᠭᠡ ᠲᠣᠰᠬᠣᠨ᠎ᠳᠤ ᠬᠡᠷᠡᠭᠯᠡᠬᠦ ᠬᠠᠷᠢᠴᠠᠯ᠎ᠢ ᠳᠡᠭᠡᠭᠰᠢᠯᠡᠭᠦᠯᠭᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠰᠢᠨ᠎ᠡ᠎ᠪᠠᠷ ᠨᠡᠢ᠌ᠲᠡᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠦᠷᠦ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠨ᠎ᠡ᠃ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠲᠡᠭᠦᠯᠳᠡᠷᠵᠢᠭᠦᠯᠦᠨ᠂ ᠲᠣᠮᠣ ᠳᠤᠮᠳᠠ ᠭᠡᠯᠪᠡᠷᠢ ᠵᠢᠨ ᠪᠠᠩᠬᠢ ᠵᠢᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠳᠤ ᠦᠢ᠍ᠯᠡᠴᠢᠯᠡᠬᠦ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠲᠦᠷᠦ ᠵᠢᠨ ᠪᠣᠳᠣᠯᠭ᠎ᠠ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠢ ᠳᠡᠮᠵᠢᠬᠦ ᠦᠢ᠍ᠯᠡᠳᠦᠯ᠎ᠢ ᠴᠢᠩᠭ᠋ᠠᠳᠬᠠᠨ᠂ ᠬᠥᠳᠡᠭᠡ ᠲᠣᠰᠬᠣᠨ᠎ᠤ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠢ ᠳᠡᠮᠵᠢᠬᠦ ᠪᠠᠭ᠎ᠠ ᠵᠢᠵᠢᠭ ᠠᠵᠤ ᠠᠬᠤᠢ᠌ᠯᠠᠯ᠎ᠢ ᠳᠡᠮᠵᠢᠬᠦ ᠪᠠᠢ᠌ᠷᠢ ᠲᠣᠭᠲᠠᠭ᠋ᠠᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠢᠲᠡᠭᠡᠮᠵᠢ ᠵᠢᠨ ᠬᠣᠷᠰᠢᠶ᠎ᠠ ᠵᠢᠨ ᠥᠭᠡᠷᠡᠴᠢᠯᠡᠯᠲᠡ ᠵᠢᠨ ᠲᠦᠭᠰᠢᠭᠦᠷᠢ ᠵᠢ ᠠᠷᠢᠯᠭ᠋ᠠᠬᠤ ᠵᠢ ᠲᠦᠷᠭᠡᠳᠬᠡᠨ᠂ ᠭᠠᠴᠠᠭ᠎ᠠ ᠪᠠᠯᠭ᠋ᠠᠰᠤᠨ᠎ᠤ ᠪᠠᠩᠬᠢ ᠵᠢᠨ ᠪᠦᠲᠦᠴᠡ ᠵᠢᠨ ᠴᠢᠨᠠᠷᠲᠠᠢ ᠳᠠᠭᠢᠨ ᠵᠣᠬᠢᠶᠠᠨ ᠪᠠᠢ᠌ᠭᠤᠯᠬᠤ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠲᠣᠭ᠋ᠠᠴᠢᠯᠠᠭᠰᠠᠨ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡᠨ᠎ᠢ ᠬᠥᠭᠵᠢᠭᠦᠯᠵᠦ᠂ ᠬᠥᠳᠡᠭᠡ ᠲᠣᠰᠬᠣᠨ᠎ᠤ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠲᠠᠷᠢᠶᠠᠯᠠᠩ᠎ᠳᠤ ᠬᠣᠯᠪᠣᠭᠳᠠᠬᠤ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢᠨ ᠨᠥᠬᠥᠪᠦᠷᠢ ᠥᠭᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠤᠯᠠᠨ ᠳᠡᠰ ᠳᠠᠪᠬᠤᠷᠭ᠎ᠠ ᠵᠢᠨ ᠲᠠᠷᠢᠶᠠᠯᠠᠩ᠎ᠤᠨ ᠳᠠᠭ᠋ᠠᠳᠬᠠᠯ᠎ᠢ ᠬᠥᠭᠵᠢᠭᠦᠯᠵᠦ᠂ ᠲᠠᠷᠢᠶᠠᠯᠠᠩ᠎ᠤᠨ ᠳᠠᠭᠢᠨ ᠳᠠᠭ᠋ᠠᠳᠬᠠᠯ ᠪᠠ ᠲᠠᠷᠢᠶᠠᠯᠠᠩ᠎ᠤᠨ ᠳᠠᠭ᠋ᠠᠳᠬᠠᠯ᠎ᠤᠨ ᠶᠡᠬᠡ ᠭᠠᠮᠰᠢᠭ᠎ᠤᠨ ᠠᠶᠤᠯ ᠲᠦᠭᠰᠢᠭᠦᠷᠢ ᠵᠢ ᠵᠠᠳᠠᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠥ ᠵᠢ ᠬᠠᠤᠯᠢ ᠶᠣᠰᠣᠭ᠋ᠠᠷ ᠪᠠᠢ᠌ᠭᠤᠯᠬᠤ ᠵᠢ ᠳᠡᠮᠵᠢᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠬᠦᠷᠢᠶᠡᠨ᠎ᠳᠠᠬᠢ ᠨᠡᠢ᠌ᠭᠡᠮ᠎ᠤᠨ ᠪᠡᠯᠡ ᠣᠷᠣᠭᠤᠯᠤᠯᠲᠠ ᠵᠢ ᠬᠥᠲᠥᠯᠥᠨ ᠵᠢᠯᠤᠭᠣᠳᠬᠤ ᠪᠠ ᠵᠢᠷᠤᠮᠵᠢᠭᠤᠯᠵᠤ᠂ 《ᠲᠦᠮᠡᠨ ᠠᠵᠤ ᠠᠬᠤᠢ᠌ᠯᠠᠯ ᠲᠦᠮᠡᠨ ᠲᠣᠰᠬᠣᠨ᠎ᠢ ᠬᠥᠭᠵᠢᠭᠦᠯᠬᠦ》 ᠠᠵᠢᠯᠯᠠᠭ᠎ᠠ ᠵᠢ ᠠᠬᠢᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠢᠳᠠᠯ ᠵᠶ᠋ᠠᠷ ᠵᠶ᠋ᠠᠨ ᠴᠢᠷᠮᠠᠢ᠌ᠬᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠣᠷᠣᠨ ᠨᠤᠲᠤᠭ᠎ᠤᠨ ᠥᠷᠢ ᠥᠭᠴᠡᠭᠡ ᠵᠢᠨ ᠲᠦᠭᠰᠢᠭᠦᠷᠢ ᠵᠢ ᠰᠢᠨ᠎ᠡ᠎ᠪᠠᠷ ᠨᠡᠮᠡᠭᠳᠡᠭᠦᠯᠬᠦ᠎ᠠᠴᠠ ᠵᠠᠢ᠌ᠯᠠᠰᠬᠢᠬᠦ ᠬᠡᠷᠡᠭᠲᠡᠢ᠃
(ᠭᠤᠴᠢᠨ ᠨᠢᠭᠡ) ᠬᠥᠳᠡᠭᠡ ᠲᠣᠰᠬᠣᠨ᠎ᠤ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠲᠠᠷ ᠬᠠᠭ᠋ᠠᠯᠪᠤᠷᠢᠯᠠᠯᠲᠠ ᠵᠢᠨ ᠣᠷᠣᠨ᠎ᠢ ᠪᠦᠯᠦᠭᠵᠢᠭᠦᠯᠬᠦ᠂ ᠲᠠᠷᠢᠶᠠᠯᠠᠩ᠎ᠤᠨ ᠲᠠᠯᠠᠪᠠᠢ ᠵᠢ ᠠᠵᠤ ᠠᠬᠤᠢ᠌ᠯᠠᠯᠴᠢᠯᠠᠬᠤ ᠥᠭᠡᠷᠡᠴᠢᠯᠡᠯᠲᠡ ᠪᠠ ᠠᠲᠠᠷ ᠬᠠᠭ᠋ᠠᠯᠪᠤᠷᠢᠯᠠᠯᠲᠠ ᠵᠢᠨ ᠬᠠᠮᠲᠤᠷᠠᠯᠴᠠᠭ᠎ᠠ ᠵᠢ ᠠᠬᠢᠭᠤᠯᠤᠨ᠎ᠠ᠃ ᠬᠠᠮᠲᠤ ᠵᠢᠨ ᠤᠢ ᠮᠣᠳᠣᠨ᠎ᠤ ᠡᠷᠬᠡ᠂ ᠤᠯᠤᠰ᠎ᠤᠨ ᠥᠮᠴᠢᠯᠡᠯ᠎ᠤᠨ ᠤᠢ ᠰᠢᠭᠤᠢ ᠵᠢᠨ ᠲᠠᠯᠠᠪᠠᠢ᠂ ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠬᠦ᠂ ᠬᠥᠳᠡᠭᠡ ᠲᠣᠰᠬᠣᠨ᠎ᠤ ᠬᠠᠮᠲᠤ ᠵᠢᠨ ᠭᠠᠵᠠᠷ ᠰᠢᠷᠣᠢ ᠵᠢ ᠲᠠᠲᠠᠪᠤᠷᠢᠯᠠᠬᠤ ᠵᠡᠷᠭᠡ ᠳᠦᠷᠢᠮ᠎ᠢ ᠲᠡᠭᠦᠯᠳᠡᠷᠵᠢᠭᠦᠯᠦᠨ᠎ᠡ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠠᠬᠢᠭᠤᠯᠤᠨ᠎ᠠ᠃ ᠪᠦᠭᠦ ᠤᠯᠤᠰ᠎ᠤᠨ ᠬᠥᠳᠡᠭᠡ ᠲᠣᠰᠬᠣᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠂ ᠤᠯᠤᠰ᠎ᠤᠨ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠵᠢᠨ ᠣᠷᠣᠨ ᠵᠢᠴᠢ ᠬᠥᠳᠡᠭᠡ ᠲᠣᠰᠬᠣᠨ᠎ᠤ ᠶᠡᠷᠦᠩᠬᠡᠢ᠌ᠯᠡᠭᠰᠡᠨ ᠴᠢᠨᠠᠷᠲᠠᠢ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠵᠦ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ᠃
ᠠᠷᠪᠠ᠂ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠤᠨ᠎ᠠ
(ᠭᠤᠴᠢᠨ ᠬᠣᠶᠠᠷ) ᠨᠠᠮ᠎ᠤᠨ ᠪᠠᠢ᠌ᠭᠤᠯᠤᠯᠲᠠ ᠵᠢ ᠠᠳᠬᠤᠬᠤ ᠵᠢ ᠭᠦᠨᠵᠡᠭᠡᠢ᠌ᠷᠡᠭᠦᠯᠦᠨ ᠠᠬᠢᠭᠤᠯᠵᠤ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠦᠷᠦ ᠵᠢᠨ ᠴᠢᠳᠠᠮᠵᠢ ᠪᠠ ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠵᠢ ᠴᠢᠩᠭ᠋ᠠᠳᠬᠠᠵᠤ᠂ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠷᠢᠭᠤᠴᠠᠯᠭ᠎ᠠ ᠵᠢ ᠴᠢᠩᠭ᠋ᠠᠳᠬᠠᠨ᠎ᠠ᠃ ᠰᠢᠶᠠᠩ ᠪᠠᠯᠭ᠋ᠠᠰᠤᠨ᠎ᠤ ᠤᠳᠤᠷᠢᠳᠬᠤ ᠪᠠᠭ᠎ᠲᠤ ᠰᠢᠯᠢᠳᠡᠭ᠎ᠢ᠎ᠨᠢ ᠰᠣᠩᠭᠣᠨ ᠲᠣᠬᠢᠷᠠᠭᠤᠯᠵᠤ᠂ ᠲᠣᠰᠬᠣᠨ᠎ᠤ 《ᠬᠣᠶᠠᠷ ᠵᠥᠪᠯᠡᠯ》᠎ᠤᠨ ᠤᠳᠤᠷᠢᠳᠬᠤ ᠪᠠᠭ ᠢᠯᠠᠩᠭᠤᠶ᠎ᠠ ᠳᠠᠭ᠋ᠠᠭᠤᠯᠤᠭᠴᠢ ᠵᠢᠨ ᠡᠩᠨᠡᠭᠡ ᠵᠢ ᠰᠢᠯᠢᠳᠡᠭᠵᠢᠭᠦᠯᠦᠨ᠂ ᠰᠢᠶᠠᠩ ᠪᠠᠯᠭ᠋ᠠᠰᠤ᠂ ᠲᠣᠰᠬᠣᠨ᠎ᠤ ᠤᠳᠤᠷᠢᠳᠬᠤ ᠪᠠᠭ᠎ᠤᠨ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠴᠢᠳᠠᠪᠤᠷᠢ ᠵᠢ ᠪᠦᠭᠦ ᠲᠠᠯ᠎ᠠ᠎ᠪᠠᠷ ᠪᠣᠯᠪᠠᠰᠤᠷᠠᠭᠤᠯᠤᠨ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠨᠠᠮ᠎ᠤᠨ ᠭᠡᠰᠢᠭᠦᠨ᠎ᠤ ᠬᠣᠰᠢᠭᠤᠴᠢ
ᠵᠢᠱ᠌ᠢᠶᠡᠴᠢ ᠵᠢᠨ ᠦᠢ᠍ᠯᠡᠳᠦᠯ᠎ᠢ ᠪᠠᠳᠠᠷᠠᠭᠤᠯᠵᠤ᠂ ᠬᠥᠳᠡᠭᠡ ᠲᠣᠰᠬᠣᠨ᠎ᠤ ᠨᠠᠮ᠎ᠤᠨ ᠭᠡᠰᠢᠭᠦᠨ᠎ᠢ ᠰᠢᠶᠠᠨ᠎ᠤ ᠱᠠᠲᠤᠨ᠎ᠤ ᠨᠠᠮ᠎ᠤᠨ ᠰᠤᠷᠭ᠋ᠠᠭᠤᠯᠢ᠎ᠳᠤ ᠡᠭᠡᠯᠵᠢᠯᠡᠨ ᠪᠤᠯᠪᠠᠰᠤᠷᠠᠭᠤᠯᠬᠤ ᠵᠢ ᠠᠬᠢᠭᠤᠯᠵᠤ᠂ ᠲᠤᠷᠤᠢ ᠪᠠᠭᠤᠷᠠᠢ ᠰᠤᠯᠠ ᠵᠠᠳᠠᠭ᠋ᠠᠢ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠩᠭᠤᠵᠢᠭᠤᠯᠤᠨ ᠴᠡᠭᠴᠡᠯᠡᠵᠦ᠂ ᠭᠣᠣᠯᠳᠠᠯᠭ᠎ᠠ᠎ᠲᠠᠢ ᠬᠥᠳᠡᠭᠡ ᠲᠣᠰᠬᠣᠨ᠎ᠳᠤ ᠨᠢᠭᠡᠳᠦᠭᠡᠷ ᠱᠦᠵᠢ ᠪᠠ ᠠᠵᠢᠯᠯᠠᠬᠤ ᠠᠩᠭᠢ ᠵᠢ ᠰᠣᠩᠭᠣᠨ ᠲᠣᠮᠢᠯᠠᠵᠤ ᠰᠠᠭᠤᠯᠭ᠋ᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠰᠢᠶᠠᠩ ᠪᠠᠯᠭ᠋ᠠᠰᠤ᠂ ᠲᠣᠰᠬᠣᠨ᠎ᠤ ᠺᠠᠳ᠋ᠷ᠎ᠢ ᠬᠠᠯᠠᠮᠵᠢᠯᠠᠨ ᠬᠠᠢ᠌ᠷᠠᠯᠠᠬᠤ ᠪᠠ ᠴᠠᠯᠢᠩ ᠣᠯᠭᠣᠮᠵᠢ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠶᠠᠪᠤᠳᠠᠯ᠂ ᠲᠣᠰᠬᠣᠨ᠎ᠤ ᠶᠠᠪᠤᠳᠠᠯ᠂ ᠡᠳ᠋᠎ᠤᠨ ᠶᠠᠪᠤᠳᠠᠯ᠎ᠢ ᠢᠯᠡ ᠪᠤᠯᠭ᠋ᠠᠬᠤ ᠳᠦᠷᠢᠮ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠵᠣᠬᠢᠶᠠᠨ ᠪᠠᠢ᠌ᠭᠤᠯᠤᠯᠲᠠ ᠪᠣᠯᠣᠨ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠵᠥᠪᠯᠡᠯ᠎ᠤᠨ ᠪᠦᠲᠦᠮᠵᠢᠲᠡᠶ ᠵᠣᠯᠭ᠋ᠠᠯᠴᠠᠬᠤ ᠵᠢ ᠠᠬᠢᠭᠤᠯᠵᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠲᠣᠰᠬᠣᠨ ᠲᠡᠢ᠌ᠰᠢ ᠤᠷᠲᠤᠳᠬᠠᠨ ᠪᠦᠷᠬᠦᠭᠦᠯᠵᠦ᠂ ᠲᠣᠰᠬᠣᠨ᠎ᠤ ᠺᠠᠳ᠋ᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠤ ᠬᠢᠨᠠᠨ ᠪᠤᠳᠤᠬᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃
(ᠭᠤᠴᠢᠨ ᠭᠤᠷᠪᠠ) ᠨᠠᠮ᠎ᠤᠨ ᠪᠠᠢ᠌ᠭᠤᠯᠤᠯᠲᠠ᠎ᠪᠠᠷ ᠬᠥᠳᠡᠭᠡ ᠲᠣᠰᠬᠣᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠢ ᠠᠬᠢᠭᠤᠯᠤᠨ᠎ᠠ᠃ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠰᠢᠶᠠᠨ᠎ᠤ ᠱᠠᠲᠤᠨ᠎ᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ᠂ ᠰᠢᠶᠠᠩ ᠪᠠᠯᠭ᠋ᠠᠰᠤᠨ᠎ᠤ ᠡᠷᠬᠡ ᠵᠢ ᠥᠷᠭᠡᠳᠬᠡᠨ ᠬᠦᠴᠦᠨ ᠴᠢᠳᠠᠯ ᠣᠯᠭᠣᠬᠤ ᠵᠢ ᠠᠬᠢᠭᠤᠯᠵᠤ᠂ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠰᠢᠶᠠᠨ᠎ᠤ ᠱᠠᠲᠤᠨ᠎ᠤ ᠤᠳᠤᠷᠢᠳᠬᠤ ᠪᠠᠭ᠎ᠤᠨ ᠪᠦᠷᠢᠯᠳᠦᠭᠦᠨ ᠰᠢᠶᠠᠩ ᠲᠣᠰᠬᠣᠨ᠎ᠢ ᠳᠠᠭ᠋ᠠᠭ᠋ᠠᠴᠢᠯᠠᠵᠤ ᠲᠣᠰᠬᠣᠨ ᠵᠶ᠋ᠠᠷ ᠶᠠᠪᠤᠬᠤ᠂ ᠰᠢᠶᠠᠩ ᠪᠠᠯᠭ᠋ᠠᠰᠤᠨ᠎ᠤ ᠤᠳᠤᠷᠢᠳᠬᠤ ᠪᠠᠭ᠎ᠤᠨ ᠪᠦᠷᠢᠯᠳᠦᠭᠦᠨ ᠲᠣᠰᠬᠣᠨ ᠡᠷᠦᠭᠡ ᠵᠢ ᠳᠠᠭ᠋ᠠᠭ᠋ᠠᠴᠢᠯᠠᠵᠤ ᠡᠷᠦᠭᠡ᠎ᠲᠠᠢ ᠬᠠᠷᠢᠯᠴᠠᠬᠤ᠂ ᠲᠣᠰᠬᠣᠨ᠎ᠤ ᠺᠠᠳ᠋ᠷ ᠪᠠᠢ᠌ᠩᠭᠤ ᠡᠷᠦᠭᠡ᠎ᠳᠤ ᠬᠦᠷᠴᠦ ᠰᠤᠷᠪᠤᠯᠵᠢᠯᠠᠬᠤ ᠳᠦᠷᠢᠮ᠎ᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠵᠠᠰᠠᠯᠲᠠ ᠵᠢᠨ ᠭᠣᠣᠯᠳᠠᠯᠭ᠎ᠠ ᠵᠢ ᠦᠨᠳᠦᠰᠦᠨ ᠱᠠᠲᠤᠨ᠎ᠳᠤ ᠰᠢᠯᠵᠢᠭᠦᠯᠵᠦ᠂ ᠺᠠᠳ᠋ᠷ᠎ᠤᠨ ᠬᠦᠴᠦᠨ᠎ᠢ ᠦᠨᠳᠦᠰᠦᠨ ᠱᠠᠲᠤᠨ᠎ᠳᠤ ᠲᠡᠭᠦᠯᠳᠡᠷᠵᠢᠭᠦᠯᠵᠦ᠂ ᠡᠬᠢ ᠪᠠᠶᠠᠯᠢᠭ᠂ ᠦᠢ᠍ᠯᠡᠴᠢᠯᠡᠭᠡ᠂ ᠬᠠᠮᠢᠶᠠᠷᠤᠯᠲᠠ ᠵᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠨ᠎ᠡ᠃ ᠰᠢᠶᠠᠩ ᠪᠠᠯᠭ᠋ᠠᠰᠤᠨ᠎ᠤ ᠲᠤᠰᠢᠶᠠᠯ ᠬᠠᠷᠢᠭᠤᠴᠠᠯᠭ᠎ᠠ ᠪᠠ ᠡᠷᠬᠡ᠂ ᠡᠬᠢ ᠪᠠᠶᠠᠯᠢᠭ᠎ᠢ ᠬᠠᠷᠢᠯᠴᠠᠨ ᠵᠣᠬᠢᠴᠠᠭᠤᠯᠬᠤ ᠳᠦᠷᠢᠮ᠎ᠢ ᠲᠡᠭᠦᠯᠳᠡᠷᠵᠢᠭᠦᠯᠵᠦ᠂ ᠰᠢᠶᠠᠩ ᠪᠠᠯᠭ᠋ᠠᠰᠤᠨ᠎ᠤ ᠦᠢ᠍ᠯᠡᠴᠢᠯᠡᠭᠡ ᠬᠠᠮᠢᠶᠠᠷᠤᠯᠲᠠ ᠵᠢᠨ ᠬᠦᠴᠦᠨ᠎ᠢ ᠴᠢᠩᠭ᠋ᠠᠳᠬᠠᠨ᠎ᠠ᠃ ᠰᠢᠶᠠᠩ ᠪᠠᠯᠭ᠋ᠠᠰᠤᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠦᠢ᠍ᠯᠡᠰ᠎ᠤᠨ ᠨᠠᠷᠢᠨ ᠲᠠᠩᠰᠠ ᠵᠢ ᠲᠣᠭᠲᠠᠭ᠋ᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ᠎ᠡ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ 《ᠳᠥᠷᠪᠡ ᠵᠢ ᠵᠥᠪᠯᠡᠵᠦ ᠬᠣᠶᠠᠷ᠎ᠢ ᠢᠯᠡ ᠪᠤᠯᠭ᠋ᠠᠬᠤ》 ᠳᠦᠷᠢᠮ᠎ᠢ ᠨᠠᠢ᠌ᠳᠠᠪᠤᠷᠢᠵᠢᠭᠤᠯᠤᠨ᠎ᠠ; ᠬᠠᠤᠯᠢ᠎ᠪᠠᠷ ᠵᠠᠰᠠᠬᠤ ᠬᠥᠳᠡᠭᠡ ᠲᠣᠰᠬᠣᠨ᠎ᠤ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ ᠪᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠴᠢᠩᠭ᠋ᠠᠳᠬᠠᠨ᠎ᠠ; ᠲᠣᠰᠬᠣᠨ᠎ᠤ ᠳᠦᠷᠢᠮ ᠠᠷᠠᠳ᠎ᠤᠨ ᠭᠡᠷ᠎ᠡ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠎ᠠ᠃ ᠵᠠᠰᠠᠯᠲᠠ ᠵᠢᠨ ᠠᠷᠭ᠎ᠠ ᠭᠡᠯᠪᠡᠷᠢ ᠵᠢᠨ ᠰᠢᠨ᠎ᠡ ᠵᠢ ᠡᠭᠦᠳᠴᠦ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠵᠠᠰᠠᠯᠲᠠ ᠵᠢ ᠠᠬᠢᠭᠤᠯᠵᠤ᠂ ᠲᠣᠰᠬᠣᠨ᠎ᠤ ᠠᠷᠠᠳ᠎ᠤᠨ ᠬᠡᠷᠡᠭ ᠵᠥᠪᠯᠡᠬᠦ ᠭᠡᠯᠪᠡᠷᠢ ᠵᠢᠨ ᠰᠢᠨ᠎ᠡ ᠵᠢ ᠡᠭᠦᠳᠦᠨ᠎ᠡ᠃
(ᠭᠤᠴᠢᠨ ᠳᠥᠷᠪᠡ) ᠬᠥᠳᠡᠭᠡ ᠲᠣᠰᠬᠣᠨ᠎ᠤ ᠡᠶ᠎ᠡ ᠵᠣᠬᠢᠴᠠᠩᠭᠤᠢ ᠪᠥᠭᠡᠳ ᠲᠣᠭᠲᠠᠭᠤᠨ ᠪᠠᠢ᠌ᠬᠤ ᠵᠢ ᠬᠠᠮᠠᠭ᠋ᠠᠯᠠᠨ᠎ᠠ᠃ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠡᠭᠦᠷᠭᠡ ᠴᠢᠳᠠᠪᠤᠷᠢ ᠵᠢ ᠴᠢᠩᠭ᠋ᠠᠳᠬᠠᠨ᠂ ᠵᠠᠰᠠᠯᠲᠠ ᠵᠢᠨ ᠲᠠᠪᠴᠠᠩ᠎ᠢ ᠲᠡᠭᠦᠯᠳᠡᠷᠵᠢᠭᠦᠯᠦᠨ᠎ᠡ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠶᠠᠩ ᠪᠠᠯᠭ᠋ᠠᠰᠤ᠂ ᠲᠣᠰᠬᠣᠨ᠎ᠤ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠵᠣᠬᠢᠴᠠᠭᠤᠯᠬᠤ ᠲᠣᠭᠲᠠᠴᠠ ᠪᠣᠯᠣᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠪᠦᠷᠢᠨᠰᠢᠭᠦᠯᠦᠨ᠂ ᠦᠶᠡᠷ᠎ᠢ ᠰᠡᠷᠭᠡᠢ᠌ᠯᠡᠬᠦ᠂ ᠭᠠᠯ᠎ᠢ ᠰᠡᠷᠭᠡᠢ᠌ᠯᠡᠬᠦ ᠵᠡᠷᠭᠡ ᠬᠠᠷᠢᠭᠤᠴᠠᠯᠭ᠎ᠠ ᠡᠭᠦᠷᠭᠡᠯᠡᠭᠴᠢ ᠵᠢᠨ ᠳᠦᠷᠢᠮ᠎ᠢ ᠲᠡᠭᠦᠯᠳᠡᠷᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠴᠢᠳᠠᠪᠤᠷᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠨ᠂ ᠬᠠᠮᠢᠶ᠎ᠠ ᠪᠦᠬᠦᠢ ᠤᠬᠠᠭᠤᠯᠭ᠎ᠠ ᠪᠣᠯᠣᠨ ᠰᠣᠷᠢᠯᠲᠠ ᠵᠢ ᠥᠷᠨᠢᠭᠦᠯᠦᠨ᠎ᠡ᠃ ᠣᠯᠠᠨ ᠵᠶ᠋ᠠᠷ ᠵᠶ᠋ᠠᠨ ᠰᠡᠷᠭᠡᠢ᠌ᠯᠡᠵᠦ ᠣᠯᠠᠨ ᠵᠶ᠋ᠠᠷ ᠵᠶ᠋ᠠᠨ ᠵᠠᠰᠠᠬᠤ ᠬᠦᠴᠦᠨ᠎ᠢ ᠪᠤᠵᠠᠭ᠋ᠠᠢ᠌ᠷᠠᠭᠤᠯᠵᠤ᠂ ᠠᠮᠤᠭᠤᠯᠠᠩᠲᠤ ᠪᠠᠢ᠌ᠭᠤᠯᠤᠯᠲᠠ ᠵᠢᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠵᠢᠨ 《ᠹᠧᠩᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠤᠳᠤᠷᠢᠳᠬᠤ ᠺᠠᠳ᠋ᠷ᠎ᠤᠨ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠬᠤ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠨᠡᠢ᠌ᠭᠡᠮ᠎ᠤᠨ ᠵᠥᠷᠢᠴᠡᠯ ᠵᠠᠭᠤᠷᠠᠯᠳᠤᠭ᠋ᠠᠨ᠎ᠢ ᠣᠯᠠᠨ ᠡᠰᠢᠴᠢᠯᠡᠨ ᠰᠡᠷᠭᠡᠢ᠌ᠯᠡᠵᠦ ᠡᠶᠡᠳᠡᠭᠦᠯᠦᠨ ᠰᠢᠢ᠍ᠳᠪᠦᠷᠢᠯᠡᠬᠦ ᠶᠡᠷᠦᠩᠬᠡᠢ᠌ᠯᠡᠭᠰᠡᠨ ᠲᠣᠭᠲᠠᠴᠠ ᠵᠢ ᠲᠡᠭᠦᠯᠳᠡᠷᠵᠢᠭᠦᠯᠵᠦ᠂ ᠡᠶ᠎ᠡ ᠵᠣᠬᠢᠴᠠᠩᠭᠤᠢ ᠬᠥᠷᠰᠢ ᠵᠡᠷᠭᠡᠯᠡᠳᠡᠭᠡ ᠵᠢᠨ ᠪᠠᠢ᠌ᠭᠤᠯᠤᠯᠲᠠ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠪᠠᠢ᠌ᠩᠭᠤᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠭᠠᠵᠢᠭᠤ ᠨᠣᠮᠯᠠᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠦᠭᠦ ᠲᠠᠯ᠎ᠠ᠎ᠪᠠᠷ ᠰᠡᠷᠭᠡᠢ᠌ᠯᠡᠨ ᠴᠣᠬᠢᠯᠲᠠ ᠥᠭᠴᠦ᠂ ᠭᠠᠵᠢᠭᠤ ᠨᠣᠮᠯᠠᠯ᠎ᠢ ᠡᠰᠡᠷᠭᠦᠴᠡᠬᠦ ᠬᠣᠣᠷ᠎ᠢ ᠲᠡᠪᠴᠢᠬᠦ ᠬᠣᠣᠷ᠎ᠢ ᠰᠡᠷᠭᠡᠢ᠌ᠯᠡᠬᠦ ᠲᠤᠬᠠᠢ ᠤᠬᠠᠭᠤᠯᠭ᠎ᠠ ᠬᠥᠮᠦᠵᠢᠯ᠂ ᠵᠣᠭᠣᠰ ᠨᠠᠭ᠋ᠠᠳᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ᠂ ᠡᠮᠡᠭᠲᠡᠢ᠌ᠴᠦᠳ ᠬᠡᠦᠬᠡᠳ᠎ᠤᠨ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠦᠨ᠎ᠡ᠃
ᠠᠷᠪᠠᠨ ᠨᠢᠭᠡ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠴᠢᠩᠭ᠋ᠠᠳᠬᠠᠨ᠎ᠠ
ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠲᠥᠪ᠎ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ᠂ ᠬᠣᠲᠠ ᠰᠢᠶᠠᠨ ᠰᠢᠶᠠᠩ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠲᠣᠭᠲᠠᠴᠠ ᠵᠢ ᠪᠠᠷᠢᠮᠲᠠᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠵᠢᠨ ᠳᠦᠷᠢᠮ᠎ᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠲᠣᠭ᠎ᠠ ᠪᠦᠷᠢᠳᠬᠡᠯ᠎ᠤᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠲᠥᠯᠦᠪᠵᠢᠭᠦᠯᠭᠡ ᠵᠢᠨ ᠬᠡᠷᠡᠭᠵᠢᠭᠦᠯᠦᠯᠲᠡ ᠵᠢ ᠦᠨᠡᠯᠡᠬᠦ ᠠᠵᠢᠯ᠎ᠢ ᠴᠠᠭᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠢ᠃ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ᠎ᠤᠨ ᠬᠠᠷᠢᠯᠴᠠᠬᠤ ᠴᠡᠭ᠎ᠢ ᠪᠠᠢ᠌ᠭᠤᠯᠬᠤ ᠬᠡᠷᠡᠭᠲᠡᠢ᠃ ᠲᠠᠷᠢᠶᠠᠯᠠᠩ᠎ᠳᠤ ᠬᠣᠯᠪᠣᠭᠳᠠᠬᠤ ᠬᠠᠤᠯᠢ ᠲᠣᠭᠲᠠᠭ᠋ᠠᠯ᠎ᠢ ᠲᠣᠭᠲᠠᠭ᠋ᠠᠵᠤ ᠵᠠᠰᠠᠪᠤᠷᠢ ᠣᠷᠣᠭᠤᠯᠬᠤ ᠵᠢ ᠲᠦᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠤᠯᠢ ᠴᠠᠭ᠋ᠠᠵᠠ ᠵᠢᠨ ᠵᠢᠷᠤᠮᠵᠢᠬᠰᠠᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠤᠬᠠᠭᠤᠯᠭ᠎ᠠ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠤᠭ᠎ᠠ ᠵᠡᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠨᠡᠢ᠌ᠭᠡᠮ ᠳᠠᠶᠠᠭ᠋ᠠᠷ᠎ᠤᠨ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠣᠷᠤᠯᠴᠠᠬᠤ ᠢᠳᠡᠪᠬᠢᠵᠢᠯ᠎ᠢ ᠬᠥᠭᠵᠢᠭᠡᠵᠦ᠂ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠠᠷᠠᠯᠲᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠠᠵᠢᠯ᠎ᠤᠨ ᠳᠤᠮᠳᠠ᠎ᠪᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠳᠦᠷᠢ ᠲᠥᠷᠬᠦ ᠵᠢᠨ ᠢᠨᠵᠧᠨᠧᠷᠢᠩ᠎ᠢ ᠡᠷᠡᠰ ᠰᠡᠷᠭᠡᠢ᠌ᠯᠡᠬᠦ ᠬᠡᠷᠡᠭᠲᠡᠢ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢᠳᠤᠨᠢ ᠲᠡᠰ ᠳᠠᠷᠠᠭ᠋ᠠᠯᠠᠯ ᠶᠣᠰᠣᠭ᠋ᠠᠷ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠵᠢᠭ᠋ᠠᠪᠤᠷᠢ ᠠᠪᠴᠤ ᠮᠡᠳᠡᠭᠦᠯᠬᠦ ᠬᠡᠷᠡᠭᠲᠡᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 22᠎ᠤᠨ ᠴᠠᠭᠢᠯᠭ᠋ᠠᠨ ᠮᠡᠳᠡᠭᠡ)