ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠲᠥᠪ ᠬᠣᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠂ ᠡᠷᠬᠡ ᠰᠦᠷᠲᠦ ᠲᠠᠶ᠋ᠢᠯᠤᠯ (ᠨᠢᠭᠡ)
ᠨᠡᠶ᠋ᠢᠲᠡᠯᠡᠭᠰᠡᠨ ᠴᠠᠭ᠄ 2025-02-28

      2 ᠳ᠋ᠤᠭ᠋ᠠᠷ ᠰᠠᠷ᠎ᠠ ᠵᠢᠨ 23᠎ᠤ ᠡᠳᠦᠷ᠂ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠣᠯᠬᠤ 《ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠬᠥᠳᠡᠭᠡ ᠲᠣᠰᠬᠤᠨ᠎ᠢ  ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠡᠢ᠌ᠲᠡᠯᠡᠪᠡ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ 2 ᠳ᠋ᠤᠭ᠋ᠠᠷ ᠰᠠᠷ᠎ᠠ ᠵᠢᠨ24᠎ᠤ ᠡᠳᠦᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠲᠥᠪ᠎ᠤᠨ ᠡᠳ᠋᠎ᠤᠨ ᠵᠠᠰᠠᠭ᠎ᠤᠨ ᠵᠥᠪᠯᠡᠯ᠎ᠤᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠂ᠲᠥᠪ᠎ᠤᠨ ᠬᠥᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ ᠬᠠᠨ ᠸᠧᠨ  ᠰᠢᠤ᠂ ᠲᠥᠪ᠎ᠤᠨ ᠡᠳ᠋᠎ᠤᠨ ᠵᠠᠰᠠᠭ᠎ᠤᠨ ᠵᠥᠪᠯᠡᠯ᠎ᠤᠨ ᠠᠯᠪᠠᠨ ᠭᠡᠷ᠎ᠤᠨ ᠳᠡᠳ᠋ ᠡᠷᠬᠢᠯᠡᠭᠴᠢ᠂ ᠲᠥᠪ᠎ᠤᠨ ᠬ᠋ᠥᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠵᠦ᠍ ᠸᠧᠢ ᠳ᠋ᠦᠩ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠨ᠂ ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠃

      ᠠᠩᠬᠠᠷᠤᠭᠤᠰᠢᠲᠠᠢ ᠴᠢᠬᠤᠯᠠ ᠵᠦᠢ᠍ᠯ᠎ᠤᠳ —

      ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠵᠢᠨ  ᠪᠣᠳᠣᠯᠭ᠎ᠠ ᠵᠢ ᠣᠭᠵᠣᠮ ᠵᠣᠭᠰᠤᠭ᠋ᠠᠬᠤ ᠦᠭᠡᠢ

      ᠡᠨᠡ ᠵᠢᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ  ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠤ ᠬᠠᠮᠤᠭ ᠰᠡᠭᠦᠯᠴᠢ ᠵᠢᠨ ᠨᠢᠭᠡ ᠵᠢᠯ ᠪᠣᠯᠣᠨ᠎ᠠ᠃ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠰᠢᠯᠵᠢᠯᠲᠡ ᠵᠢᠨ ᠬᠤᠭᠤᠴᠠᠭ᠋ᠠᠨ᠎ᠤ  ᠳᠠᠷᠠᠭ᠋ᠠᠬᠢ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠰᠤᠳᠤᠯᠤᠨ ᠲᠣᠭᠲᠠᠭ᠋ᠠᠬᠤ  ᠠᠵᠢᠯ᠎ᠢ ᠪᠠᠢ᠌ᠷᠢᠯᠠᠭᠤᠯᠪᠠ᠃ ᠬᠡᠪᠴᠢᠶᠡᠵᠢᠯ᠎ᠤᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ  ᠪᠠᠢ᠌ᠯᠭ᠋ᠠᠬᠤ ᠬᠣᠷᠢᠭ᠎ᠠ ᠱᠤᠭᠤᠮ᠎ᠢ ᠪᠠᠲᠤ ᠰᠠᠬᠢᠬᠤ᠎ᠨᠢ ᠵᠥᠪᠬᠡᠨ ᠡᠨᠡ ᠵᠢᠯ᠎ᠤᠨ ᠣᠨ᠎ᠤ ᠴᠢᠨᠠᠷᠲᠠᠢ ᠡᠭᠦᠷᠭᠡ ᠲᠡᠳᠦᠢ  ᠪᠢᠰᠢ᠂ ᠰᠢᠯᠵᠢᠯᠲᠡ ᠵᠢᠨ ᠬᠤᠭᠤᠴᠠᠭ᠎ᠠ ᠥᠩᠭᠡᠷᠡᠭᠰᠡᠨ᠎ᠤ ᠳᠠᠷᠠᠭ᠎ᠠ ᠴᠤ᠌ ᠡᠷᠬᠡᠪᠰᠢ ᠤᠷᠳᠤ ᠬᠤᠭᠤᠴᠠᠭ᠎ᠠ᠎ᠪᠠᠷ᠂ ᠥᠨᠢ ᠡᠭᠦᠷᠢᠳᠡ ᠪᠠᠲᠤ ᠰᠠᠬᠢᠬᠤ ᠬᠡᠷᠡᠭᠲᠡᠢ᠃ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠣᠭᠵᠣᠮ ᠵᠣᠭᠰᠤᠭ᠋ᠠᠬᠤ ᠦᠭᠡᠢ ᠮᠥᠷᠲᠡᠭᠡᠨ ᠲᠥᠷᠥᠯ ᠬᠤᠪᠢᠶᠠᠨ  ᠲᠡᠭᠦᠯᠳᠡᠷᠵᠢᠭᠦᠯᠵᠦ᠂ ᠪᠠᠢ᠌ᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠵᠢ ᠪᠠᠢ᠌ᠭᠤᠯᠵᠤ ᠪᠦᠷᠢᠨᠰᠢᠭᠦᠯᠦᠨ᠎ᠡ᠃

      ᠪᠡᠯᠡ ᠮᠥᠩᠭᠥᠨ᠎ᠤ ᠣᠷᠣᠭᠤᠯᠤᠯᠲᠠ᠎ᠪᠠᠨ ᠶᠡᠬᠡ᠎ᠪᠠᠷ ᠨᠡᠮᠡᠭᠳᠡᠭᠦᠯᠵᠦ ᠪᠠᠢ᠌ᠭ᠋ᠠᠳ ᠠᠮᠤ ᠪᠤᠳᠠᠭ᠋ᠠᠨ᠎ᠤ ᠭᠣᠣᠯ   ᠤᠨᠠᠯᠲᠠ ᠵᠢᠨ ᠣᠷᠣᠨ ᠪᠠ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠢ ᠳᠡᠮᠵᠢᠬᠦ ᠠᠵᠢᠯ ᠵᠶ᠋ᠠᠨ ᠴᠢᠩᠭ᠋ᠠᠷᠠᠭᠤᠯᠤᠨ᠎ᠠ

      ᠦᠨ᠎ᠡ ᠬᠠᠩᠰᠢ ᠵᠢᠨ ᠲᠠᠯ᠎ᠠ᠎ᠪᠠᠷ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ ᠦᠨ᠎ᠡ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠾᠧᠨᠠᠨ᠂ ᠵᠢᠶᠠᠩᠰᠤ᠂ ᠬᠠᠷᠠᠮᠥ᠋ᠷᠡᠨ᠂  ᠠᠨᠾᠦ᠋ᠢ ᠲᠦᠷᠪᠡᠨ ᠮᠤᠵᠢ᠎ᠳᠤ ᠲᠤᠲᠤᠷᠭ᠎ᠠ ᠵᠢ ᠤᠯᠤᠰ᠎ᠤᠨ ᠨᠥᠭᠡᠴᠡ ᠎ᠳᠤ ᠲᠦᠰᠢᠭᠯᠡᠨ ᠬᠠᠮᠤᠭ ᠳᠣᠣᠷ᠎ᠠ  ᠦᠨ᠎ᠡ ᠵᠢ ᠳᠣᠪᠤᠶ᠋ᠢᠯᠭ᠋ᠠᠵᠤ ᠬᠤᠳᠠᠯᠳᠤᠨ ᠠᠪᠬᠤ ᠠᠵᠢᠯ᠎ᠢ ᠡᠬᠢᠯᠡᠭᠦᠯᠦᠨ᠂ ᠪᠤᠭᠤᠳᠠᠢ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠷ᠎ᠠ ᠪᠤᠷᠴᠠᠭ᠎ᠤᠨ ᠪᠣᠷᠤᠯᠠᠭᠤᠯᠭ᠎ᠠ ᠪᠠ ᠡᠳ᠋ᠰᠢᠭᠦᠯᠦᠨ  ᠪᠣᠯᠪᠠᠰᠤᠷᠠᠭᠤᠯᠵᠤ  ᠤᠯᠠᠷᠢᠭᠤᠯᠬᠤ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠦᠨ᠎ᠡ  ᠬᠠᠩᠰᠢ ᠵᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠬᠤᠳᠠᠯᠳᠤᠬᠤ᠎ᠳᠤ ᠬᠦᠴᠢᠷ ᠪᠠᠢ᠌ᠳᠠᠯ ᠭᠠᠷᠬᠤ᠎ᠠᠴᠠ ᠰᠡᠷᠭᠡᠢ᠌ᠯᠡᠨ᠎ᠡ᠃  ᠨᠥᠬᠥᠪᠦᠷᠢ ᠵᠢᠨ ᠲᠠᠯ᠎ᠠ᠎ᠪᠠᠷ᠂ ᠲᠠᠷᠢᠶᠠᠯᠠᠬᠤ ᠭᠠᠵᠠᠷ᠎ᠤᠨ ᠬᠥᠷᠥᠰᠥ ᠰᠢᠷᠣᠢ ᠵᠢᠨ ᠰᠢᠮ᠎ᠡ  ᠴᠢᠨᠠᠷ᠎ᠢ ᠬᠠᠮᠠᠭ᠋ᠠᠯᠠᠬᠤ᠎ᠳᠤ ᠨᠥᠬᠥᠪᠦᠷᠢ ᠣᠯᠭᠣᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠲᠣᠭᠲᠠᠪᠤᠷᠢᠵᠢᠭᠤᠯᠵᠤ  ᠡᠷᠳᠡᠨᠢ ᠰᠢᠰᠢ ᠰᠢᠷ᠎ᠠ ᠪᠤᠷᠴᠠᠭ ᠦᠢ᠍ᠯᠡᠳᠪᠦᠷᠢᠯᠡᠭᠴᠢᠳ᠎ᠲᠤ ᠨᠥᠬᠥᠪᠦᠷᠢ ᠣᠯᠭᠣᠬᠤ᠂ ᠲᠤᠲᠤᠷᠭ᠎ᠠ ᠵᠢᠨ ᠨᠥᠬᠥᠪᠦᠷᠢ  ᠣᠯᠭᠣᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ᠎ᠬᠢᠨ᠎ᠤ ᠠᠮᠤ ᠲᠣᠰᠣᠨ᠎ᠤ  ᠲᠠᠷᠢᠮᠠᠯ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠳᠠᠮ ᠬᠦᠦ ᠥᠭᠬᠦ ᠲᠤᠷᠰᠢᠯᠲᠠ ᠵᠢᠨ ᠴᠡᠭ ᠥᠷᠨᠢᠭᠦᠯᠬᠦ ᠵᠢ᠎ᠨᠢ ᠵᠣᠷᠢᠭᠵᠢᠭᠤᠯᠤᠨ᠎ᠠ᠃ ᠡᠳᠡᠭᠡᠷ ᠲᠦᠷᠦ ᠵᠢᠨ ᠪᠣᠳᠣᠯᠭ᠎ᠠ᠎ᠪᠠᠷ ᠳᠠᠮᠵᠢᠭᠤᠯᠤᠨ ᠲᠠᠷᠢᠶᠠᠴᠢᠳ᠎ᠲᠤ ᠦᠨᠡᠨ ᠬᠦ᠌ ᠳᠡᠮᠵᠢᠯᠭᠡ ᠦᠵᠡᠭᠦᠯᠬᠦ ᠬᠡᠷᠡᠭᠲᠡᠢ᠃ ᠳᠠᠭ᠋ᠠᠳᠬᠠᠯ᠎ᠤᠨ ᠲᠠᠯ᠎ᠠ᠎ᠪᠠᠷ᠂ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠤ ᠲᠠᠷᠢᠶᠠᠯᠠᠩ᠎ᠤᠨ ᠳᠠᠭ᠋ᠠᠳᠬᠠᠯ᠎ᠳᠤ ᠰᠢᠶᠠᠨ᠎ᠤ ᠱᠠᠲᠤᠨ᠎ᠤ ᠳᠠᠭ᠋ᠠᠳᠬᠠᠯ᠎ᠤᠨ ᠰᠦᠢ᠍ᠳᠬᠡᠯ᠎ᠤᠨ ᠨᠥᠬᠥᠪᠦᠷᠢ ᠵᠢ ᠡᠭᠦᠷᠭᠡᠯᠡᠬᠦ ᠬᠠᠷᠢᠴᠠᠯ᠎ᠢ᠎ᠨᠢ ᠪᠠᠭᠤᠷᠠᠭᠤᠯᠵᠤ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ᠎ᠤᠨ ᠪᠦᠷᠢᠨ ᠥᠪᠡᠷ᠎ᠤᠨ ᠦᠷᠳᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ᠎ᠪᠠᠨ ᠠᠬᠢᠭᠤᠯᠵᠤ᠂ ᠪᠠᠢ᠌ᠭ᠋ᠠᠯᠢ ᠵᠢᠨ ᠠᠶᠤᠯ ᠲᠦᠭᠰᠢᠭᠦᠷᠢ ᠵᠢ ᠰᠡᠷᠭᠡᠢ᠌ᠯᠡᠬᠦ᠎ᠠᠴᠠ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠲᠡᠢ᠌ᠰᠢ ᠥᠷᠭᠡᠳᠬᠡᠬᠦ ᠵᠢ ᠎ᠨᠢ ᠲᠦᠷᠭᠡᠳᠬᠡᠨ᠎ᠡ᠃ ᠡᠭᠦᠨ᠎ᠤ ᠬᠠᠮᠲᠤ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠮᠤ ᠪᠤᠳᠠᠭ᠋ᠠᠨ᠎ᠤ ᠠᠵᠢᠯ᠎ᠢ ᠠᠳᠬᠤᠬᠤ ᠢᠳᠡᠪᠬᠢᠵᠢᠯ᠎ᠢ᠎ᠨᠢ  ᠳᠠᠢ᠌ᠴᠢᠯᠠᠬᠤ ᠵᠢᠨ ᠲᠣᠭᠣᠷᠢᠨ᠎ᠳᠤ᠂ ᠡᠨᠡ ᠵᠢᠯ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠤ ᠣᠯᠠᠨ  ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ ᠬᠡᠷᠡᠭᠵᠢᠭᠦᠯᠬᠦ ᠬᠡᠪᠴᠢᠶ᠎ᠡ ᠵᠢ᠎ᠨᠢ ᠥᠷᠭᠡᠳᠬᠡᠵᠦ᠂ ᠲᠥᠪ᠎ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢᠨ  ᠣᠷᠣᠨ᠎ᠤ ᠮᠤᠵᠢ ᠵᠢᠨ ᠬᠤᠭᠤᠷᠣᠨᠳᠣᠬᠢ ᠬᠥᠨᠳᠡᠯᠡᠨ ᠴᠢᠭᠯᠡᠯ ᠵᠶ᠋ᠠᠷ ᠠᠰᠢᠭ ᠲᠤᠰᠠ ᠵᠢ᠎ᠨᠢ ᠨᠥᠬᠥᠪᠦᠷᠢᠯᠡᠬᠦ  ᠲᠣᠭᠲᠠᠴᠠ ᠵᠢ ᠡᠬᠢᠯᠡᠨ ᠬᠡᠷᠡᠭᠵᠢᠭᠦᠯᠵᠦ᠂ 《ᠠᠰᠢᠭ ᠬᠦᠷᠲᠡᠭᠰᠡᠨ》 ᠮᠤᠵᠢ ᠪᠡᠯᠡ ᠭᠠᠷᠭ᠋ᠠᠬᠤ᠂ 《ᠬᠤᠪᠢ ᠨᠡᠮᠡᠷᠢ  ᠦᠵᠡᠭᠦᠯᠦᠭᠰᠡᠨ》 ᠮᠤᠵᠢ᠎ᠨᠢ ᠨᠥᠬᠥᠪᠦᠷᠢ ᠣᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠡᠯᠡ ᠮᠥᠩᠭᠥᠨ᠎ᠤ  ᠣᠷᠣᠭᠤᠯᠤᠯᠲᠠ᠎ᠪᠠᠨ ᠶᠡᠬᠡ᠎ᠪᠠᠷ ᠨᠡᠮᠡᠭᠳᠡᠭᠦᠯᠵᠦ ᠪᠠᠢ᠌ᠭ᠋ᠠᠳ ᠠᠮᠤ ᠪᠤᠳᠠᠭ᠋ᠠᠨ᠎ᠤ ᠭᠣᠣᠯ ᠤᠨᠠᠯᠲᠠ ᠵᠢᠨ ᠣᠷᠣᠨ ᠪᠠ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠢ ᠳᠡᠮᠵᠢᠬᠦ ᠠᠵᠢᠯ ᠵᠶ᠋ᠠᠨ ᠴᠢᠩᠭ᠋ᠠᠷᠠᠭᠤᠯᠤᠨ᠎ᠠ᠃

      ᠣᠳᠣᠬᠠᠨ᠎ᠳᠤ ᠪᠥᠬᠦ ᠤᠯᠤᠰ᠎ᠲᠠᠬᠢ ᠨᠤᠲᠤᠭ᠎ᠲᠤ᠎ᠪᠠᠨ ᠪᠤᠴᠠᠭᠰᠠᠨ ᠡᠯ᠎ᠡ ᠲᠥᠷᠥᠯ᠎ᠤᠨ ᠦᠢ᠍ᠯᠡᠰ ᠪᠣᠰᠬᠠᠭᠰᠠᠳ 1200 ᠲᠦᠮᠡ ᠵᠢ ᠳᠠᠪᠠᠪᠠ

      ᠣᠲᠣ ᠣᠯᠠᠨ ᠠᠷᠪᠢᠨ ᠵᠠᠯᠠᠭᠤ ᠣᠶᠤᠲᠠᠳ᠂ ᠬᠤᠲᠠ ᠵᠢᠨ ᠴᠠᠭ᠋ᠠᠨ ᠵᠠᠭ᠋ᠠᠮᠠᠲᠠᠳ ᠵᠡᠷᠭᠡ ᠬᠥᠮᠥᠰ  ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠨ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠬᠡᠪ ᠵᠠᠭᠪᠤᠷ᠂ ᠰᠢᠨ᠎ᠡ ᠠᠬᠤᠢ ᠪᠠᠢ᠌ᠳᠠᠯ᠎ᠢ ᠲᠠᠰᠤᠷᠠᠯᠲᠠ ᠦᠭᠡᠢ ᠳᠠᠶ᠋ᠢᠴᠢᠯᠠᠨ ᠴᠣᠯᠭᠣᠷᠠᠭᠤᠯᠵᠤ ᠪᠠᠢ᠌ᠨ᠎ᠠ᠃ ᠪᠦᠷᠢᠳᠬᠡᠯ᠎ᠢ  ᠦᠨᠳᠦᠰᠦᠯᠡᠪᠡᠯ᠂ ᠣᠳᠣᠬᠠᠨ᠎ᠳᠤ ᠪᠥᠬᠦ ᠤᠯᠤᠰ᠎ᠲᠠᠬᠢ ᠨᠤᠲᠤᠭ᠎ᠲᠤ᠎ᠪᠠᠨ ᠪᠤᠴᠠᠭᠰᠠᠨ ᠡᠯ᠎ᠡ ᠲᠥᠷᠥᠯ᠎ᠤᠨ ᠦᠢ᠍ᠯᠡᠰ  ᠪᠣᠰᠬᠠᠭᠰᠠᠳ 1200 ᠲᠦᠮᠡ ᠵᠢ ᠳᠠᠪᠠᠵᠠᠢ᠃ ᠡᠳᠡᠭᠡᠷ 《ᠰᠢᠨ᠎ᠡ ᠲᠠᠷᠢᠶᠠᠴᠢᠨ》᠂ 《ᠬᠥᠳᠡᠭᠡ ᠲᠣᠰᠬᠤᠨ᠎ᠤ  ᠰᠢᠨ᠎ᠡ ᠵᠢ ᠡᠭᠦᠳᠦᠭᠴᠢ》 ᠨᠠᠷ ᠮᠡᠷᠭᠡᠵᠢᠯ ᠪᠠ ᠰᠢᠨ᠎ᠡ ᠡᠭᠦᠳᠦᠯᠲᠡ᠂ ᠬᠦᠰᠡᠯ ᠵᠡᠭᠦᠳᠦ ᠪᠠ ᠬᠠᠢ᠌ᠷ᠎ᠠ ᠰᠡᠳᠬᠢᠯᠭᠡ ᠡᠪᠦᠷᠯᠡᠨ ᠢᠷᠡᠵᠦ᠂ ᠬᠥᠳᠡᠭᠡ ᠲᠣᠰᠬᠤᠨ᠎ᠤ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠬᠥᠷ ᠬᠥᠭᠵᠢᠶᠡᠨ ᠨᠡᠮᠡᠷᠢᠯᠡᠵᠡᠢ᠃

      ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠪᠠᠢ᠌ᠷᠢᠯᠠᠭᠤᠯᠤᠭᠰᠠᠨ ᠵᠶ᠋ᠠᠷ᠄ ᠨᠢᠭᠡ ᠲᠠᠯ᠎ᠠ᠎ᠪᠠᠷ᠂  ᠲᠣᠰ ᠨᠤᠲᠤᠭ᠎ᠤᠨ ᠴᠢᠳᠠᠪᠤᠷᠢᠲᠠᠨ ᠵᠶ᠋ᠠᠨ ᠬᠥᠮᠥᠵᠢᠭᠦᠯᠬᠦ ᠵᠢ ᠴᠢᠬᠤᠯᠠᠴᠢᠯᠠᠨ ᠴᠢᠩᠭ᠋ᠠᠳᠬᠠᠵᠤ᠂ ᠲᠠᠷᠢᠶᠠᠴᠢᠳ᠎ᠤᠨ  ᠮᠡᠷᠭᠡᠵᠢᠯ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠴᠢᠩᠭ᠋ᠠᠳᠬᠠᠬᠤ᠂ ᠬᠥᠳᠡᠭᠡ ᠲᠣᠰᠬᠤᠨ᠎ᠤ ᠤᠷᠠᠨ ᠳᠠᠷᠬᠠᠨ᠎ᠢ ᠬᠥᠮᠥᠵᠢᠭᠦᠯᠬᠦ ᠢᠨᠵᠧᠨᠧᠷᠢᠩ᠎ᠢ ᠠᠬᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠥᠳᠡᠭᠡ ᠲᠣᠰᠬᠤᠨ᠎ᠤ   ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠪᠠ ᠬᠡᠷᠡᠭᠯᠡᠭᠡᠨ᠎ᠤ ᠴᠢᠳᠠᠪᠤᠷᠢᠲᠠᠳ᠎ᠤᠨ ᠡᠩᠨᠡᠭᠡ ᠵᠢ ᠪᠤᠵᠠᠭ᠋ᠠᠢ᠌ᠷᠠᠭᠤᠯᠤᠨ᠎ᠠ᠃ ᠨᠥᠭᠦᠭᠡ ᠲᠠᠯ᠎ᠠ᠎ᠪᠠᠷ᠂ ᠭᠠᠳᠠᠨᠠᠬᠢ ᠴᠢᠳᠠᠪᠤᠷᠢᠲᠠᠳ᠎ᠢ ᠣᠷᠣᠭᠤᠯᠤᠨ ᠠᠪᠴᠢᠷᠠᠬᠤ᠎ᠪᠠᠨ ᠠᠩᠬᠠᠷᠤᠨ ᠴᠢᠬᠤᠯᠠᠴᠢᠯᠠᠵᠤ᠂ ᠦᠢ᠍ᠯᠡᠰ ᠪᠣᠰᠬᠠᠬᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ᠂ ᠨᠢᠭᠡ  ᠪᠦᠯᠦᠭ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠵᠦᠢ᠍ᠯᠡᠰ᠎ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠥᠳᠡᠭᠡ ᠲᠣᠰᠬᠤᠨ᠎ᠤ ᠬᠥᠭᠵᠢᠯᠲᠡ ᠎ᠳᠤ ᠨᠢᠭᠡ ᠪᠦᠯᠦᠭ ᠪᠠᠴᠢᠮ ᠱᠠᠭ᠋ᠠᠷᠳᠠᠭᠳᠠᠵᠤ ᠪᠠᠢ᠌ᠭ᠎ᠠ ᠴᠢᠳᠠᠪᠤᠷᠢᠲᠠᠳ᠎ᠢ ᠣᠷᠣᠭᠤᠯᠤᠨ ᠠᠪᠴᠢᠷᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            