ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -    
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2025-06-12

      ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ

ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ  ᠠᠵᠢᠯ᠎ᠢ ᠴᠢᠩᠭ᠋ᠠᠳᠬᠠᠵᠤ᠂ ᠰᠤᠷᠭ᠋ᠠᠭᠤᠯᠢ᠎ᠳᠤ  ᠰᠢᠭᠤᠳ  ᠬᠠᠩᠭ᠋ᠠᠵᠤ ᠪᠠᠢ᠌ᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨᠬᠦ  ᠪᠠᠲᠤᠯᠠᠬᠤ ᠵᠢᠨ ᠲᠥᠯᠥᠭᠡ᠂ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ 2025 ᠣᠨ᠎ᠤ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ  ᠠᠮᠤᠷ ᠲᠦᠪᠰᠢᠨ᠎ᠤ ᠬᠢᠨᠠᠯᠲᠠ ᠲᠠᠯᠪᠢᠵᠤ ᠰᠣᠩᠭᠣᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠲᠠᠷᠢᠶᠠᠯᠠᠩ  ᠠᠯᠪᠠᠨ  ᠶᠠᠰᠤ ᠴᠢᠨᠠᠷ [2025] 8 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ  ᠦᠨᠳᠦᠰᠦᠯᠡᠵᠦ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠂  ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠲᠥᠪ᠎ᠤᠨ ᠬᠠᠮᠢᠶ᠎ᠠ ᠪᠦᠬᠦᠢ ᠨᠥᠬᠥᠳ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠵᠢᠯᠯᠠᠬᠤ ᠳᠤᠭᠤᠢ᠌ᠯᠠᠩ᠎ᠲᠠᠢ ᠬᠠᠮᠵᠢᠯᠴᠠᠨ ᠮᠠᠨ᠎ᠤ ᠣᠷᠣᠨ᠎ᠳᠤ ᠤᠯᠤᠰ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ  ᠶᠠᠰᠤ ᠴᠢᠨᠠᠷ᠎ᠤᠨ ᠠᠮᠤᠷ ᠲᠦᠪᠰᠢᠨ᠎ᠤ  ᠬᠢᠨᠠᠯᠲᠠ ᠲᠠᠯᠪᠢᠵᠤ  ᠰᠤᠭᠤᠴᠢᠨ ᠪᠠᠢ᠌ᠴᠠᠭ᠋ᠠᠬᠤ  ᠡᠭᠦᠷᠭᠡ ᠵᠢ ᠥᠷᠨᠢᠭᠦᠯᠪᠡ᠃


1.png


2.png


      6  ᠰᠠᠷ᠎ᠠ ᠵᠢᠨ 8᠎ᠤ ᠡᠳᠦᠷ᠎ᠠᠴᠠ 12᠎ᠤᠨ ᠡᠳᠦᠷ ᠪᠣᠯᠲᠠᠯ᠎ᠠ᠂  ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠠᠵᠢᠯ᠎ᠤᠨ ᠳᠤᠭᠤᠢ᠌ᠯᠠᠩ᠎ᠨᠢ 《ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠨᠠᠷᠢᠨ ᠳᠦᠷᠢᠮ (2025 ᠣᠨ)》᠎ᠤᠨ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ᠂ 《ᠬᠣᠣᠰ ᠲᠣᠬᠢᠶᠠᠯᠳᠤᠯ》  ᠵᠠᠷᠴᠢᠮ᠎ᠳᠤ ᠰᠠᠭᠤᠷᠢᠯᠠᠨ᠂  ᠤᠯᠠᠭ᠋ᠠᠨᠬᠠᠳᠠ ᠬᠣᠲᠠ ᠵᠢᠨ ᠯᠢᠨᠰᠢ ᠰᠢᠶᠠᠨ᠂  ᠪᠠᠭ᠋ᠠᠷᠢᠨ ᠪᠠᠷᠠᠭᠤᠨ ᠬᠣᠰᠢᠭᠤ᠂  ᠬᠢᠩᠭ᠋ᠠᠨ ᠠᠢ᠌ᠮᠠᠭ᠎ᠤᠨ ᠤᠯᠠᠭ᠋ᠠᠨᠬᠣᠲᠠ ᠪᠣᠯᠣᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠡᠷᠭᠡ 4 ᠬᠣᠰᠢᠭᠤ ᠰᠢᠶᠠᠨ ᠲᠣᠭᠣᠷᠢᠭ᠎ᠤᠨ 21 ᠶᠡᠬᠡ ᠬᠡᠮᠵᠢᠶᠡᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠭᠣᠣᠯ ᠴᠣᠭᠴᠠ ᠵᠢ ᠰᠣᠩᠭᠣᠨ ᠲᠣᠭᠲᠠᠭ᠋ᠠᠵᠤ᠂  ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠵᠢᠨ ᠥᠯᠢᠭᠡᠷ ᠡᠳ᠋᠎ᠢ ᠰᠤᠭᠤᠴᠢᠨ ᠠᠪᠬᠤ ᠠᠵᠢᠯ᠎ᠢ ᠥᠷᠨᠢᠭᠦᠯᠪᠡ᠃  ᠲᠣᠰ ᠤᠳᠠᠭ᠎ᠠ᠎ᠳᠤ ᠨᠡᠶ᠋ᠢᠲᠡ 30 ᠪᠦᠯᠦᠭ ᠤᠳᠠᠭ᠎ᠠ ᠵᠢᠨ ᠥᠯᠢᠭᠡᠷ ᠡᠳ᠋ ᠰᠣᠩᠭᠣᠨ  ᠠᠪᠴᠤ᠂  ᠡᠭᠦᠨ᠎ᠳᠤ  ᠰᠤᠷᠭ᠋ᠠᠭᠤᠯᠢ᠎ᠳᠤ  ᠰᠢᠭᠤᠳ  ᠬᠠᠩᠭ᠋ᠠᠵᠤ ᠪᠠᠢ᠌ᠬᠤ ᠲᠤᠰᠬᠠᠢ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ 20 ᠪᠦᠯᠦᠭ ᠤᠳᠠᠭ᠎ᠠ ᠵᠢᠨ ᠥᠯᠢᠭᠡᠷ ᠡᠳ᠋᠂  ᠪᠤᠰᠤᠳ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠲᠠᠷᠢᠮᠠᠯ᠎ᠤᠨ 10 ᠪᠦᠯᠦᠭ ᠤᠳᠠᠭ᠎ᠠ ᠵᠢᠨ ᠥᠯᠢᠭᠡᠷ ᠡᠳ᠋ ᠪᠠᠭᠲᠠᠨ᠎ᠠ᠃  ᠡᠭᠦᠨ᠎ᠤ ᠬᠠᠮᠲᠤ᠂  ᠠᠵᠢᠯᠯᠠᠬᠤ ᠳᠤᠭᠤᠢ᠌ᠯᠠᠩ᠎ᠨᠢ ᠥᠯᠢᠭᠡᠷ ᠠᠪᠬᠤ ᠪᠡᠶᠡᠴᠢ ᠴᠣᠭᠴᠠ ᠵᠢᠨ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠵᠠᠷᠯᠠᠨ ᠨᠡᠢ᠌ᠲᠡᠯᠡᠬᠦ ᠪᠠ ᠠᠮᠠᠯᠠᠯᠲᠠ ᠵᠢᠨ ᠪᠠᠷᠢᠮᠵᠢᠶ᠎ᠠ᠎ᠳᠤ ᠬᠦᠷᠬᠦ ᠬᠢᠷᠢ ᠲᠡᠩᠴᠡᠭᠰᠡᠨ ᠦᠨᠡᠮᠯᠡᠯ᠎ᠢ ᠪᠢᠴᠢᠵᠦ ᠥᠭᠬᠦ᠂  ᠵᠢᠴᠢ ᠲᠡᠭᠦᠨ᠎ᠤ ᠪᠠᠢ᠌ᠭ᠎ᠠ ᠰᠢᠶᠠᠩ ᠪᠠᠯᠭ᠋ᠠᠰᠤᠨ᠎ᠤ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠠᠭᠤᠷᠢ ᠪᠦᠲᠦᠭᠡᠨ ᠪᠠᠢ᠌ᠭᠤᠯᠤᠯᠲᠠ᠂  ᠪᠡᠶᠡᠴᠢ ᠴᠣᠭᠴᠠ ᠵᠢᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠬᠤ᠂  ᠬᠢᠨᠠᠨ ᠬᠠᠮᠢᠶᠠᠷᠬᠤ ᠦᠢ᠍ᠯᠡᠴᠢᠯᠡᠭᠡ ᠵᠡᠷᠭᠡ ᠲᠠᠯ᠎ᠠ᠎ᠪᠠᠷ ᠪᠠᠢ᠌ᠴᠠᠭ᠋ᠠᠨ ᠰᠤᠳᠤᠯᠤᠯᠲᠠ ᠪᠠ ᠮᠡᠷᠭᠡᠵᠢᠯ᠎ᠤᠨ ᠵᠢᠯᠣᠭᠣᠳᠤᠯᠭ᠎ᠠ ᠬᠢᠭᠰᠡᠨ ᠪᠠᠢ᠌ᠨ᠎ᠠ᠃


3.png


      ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠪᠣᠯ  ᠰᠤᠷᠭ᠋ᠠᠭᠤᠯᠢ᠎ᠳᠤ ᠰᠢᠭᠤᠳ ᠬᠠᠩᠭ᠋ᠠᠵᠤ ᠪᠠᠢ᠌ᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠣᠭᠣᠮᠲᠠ ᠵᠢ ᠪᠥᠬᠥ ᠲᠠᠯ᠎ᠠ᠎ᠪᠠᠷ ᠪᠠᠲᠤᠳᠬᠠᠨ ᠪᠡᠬᠢᠵᠢᠭᠦᠯᠵᠦ᠂  ᠬᠠᠷᠢᠶᠠᠯᠠᠭᠳᠠᠬᠤ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠂  ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂  ᠠᠷᠠᠳ ᠣᠯᠠᠨ᠎ᠤ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠦᠨᠡᠨᠬᠦ ᠪᠠᠲᠤᠯᠠᠬᠤ ᠶᠠᠪᠤᠳᠠᠯ ᠪᠣᠯᠣᠨ᠎ᠠ᠃


4.png


      ᠳᠠᠷᠠᠭ᠋ᠠᠴᠢ ᠵᠢᠨ ᠠᠯᠬᠤᠮ᠎ᠳᠤ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠶᠠᠯᠠᠩ᠎ᠤᠨ ᠠᠮᠤᠷ ᠲᠦᠪᠰᠢᠨ᠎ᠤ ᠠᠵᠢᠯ᠎ᠤᠨ ᠰᠢᠢ᠍ᠳᠪᠦᠷᠢᠲᠦ ᠪᠣᠳᠣᠯᠭ᠎ᠠ ᠵᠢᠨ  ᠪᠠᠢ᠌ᠷᠢᠯᠠᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂  ᠰᠤᠷᠭ᠋ᠠᠭᠤᠯᠢ᠎ᠳᠤ  ᠰᠢᠭᠤᠳ ᠬᠠᠩᠭ᠋ᠠᠵᠤ ᠪᠠᠢ᠌ᠬᠤ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠵᠢᠭᠰᠠᠭ᠋ᠠᠨ ᠪᠠᠢ᠌ᠴᠠᠭ᠋ᠠᠯᠲᠠ᠎ᠳᠤ ᠨᠠᠷᠢᠨ ᠨᠢᠮᠪᠠᠢ ᠬᠠᠩᠭ᠋ᠠᠵᠤ᠂  ᠰᠤᠷᠭ᠋ᠠᠭᠤᠯᠢ ᠎ᠳᠤ ᠰᠢᠭᠤᠳ ᠬᠠᠩᠭ᠋ᠠᠬᠤ  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠢ ᠪᠠᠢ᠌ᠴᠠᠭ᠋ᠠᠨ ᠰᠢᠯᠭ᠋ᠠᠬᠤ ᠪᠣᠭᠣᠮᠲᠠ ᠵᠢ ᠴᠢᠩᠭ᠎ᠠ ᠠᠳᠬᠤᠵᠤ᠂  ᠪᠣᠳᠠᠲᠠᠢ ᠭᠣᠣᠯᠳᠠᠯᠭ᠎ᠠ᠎ᠲᠠᠢ ᠠᠰᠠᠭᠤᠳᠠᠯ᠎ᠲᠠᠢ ᠢᠳᠡᠰᠢᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠵᠢ ᠠᠳᠬᠤᠵᠤ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠭᠠᠷᠤᠯᠲᠠ ᠵᠢᠨ ᠣᠷᠣᠨ᠎ᠤ ᠵᠥᠪᠰᠢᠶᠡᠷᠡᠨ ᠭᠠᠷᠭ᠋ᠠᠬᠤ ᠵᠢ ᠲᠥᠷᠥᠯ ᠬᠤᠪᠢᠶᠠᠨ ᠬᠢᠨᠠᠨ ᠬᠠᠮᠢᠶᠠᠷᠬᠤ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠂  ᠢᠳᠡᠭᠡᠨ᠎ᠤ ᠠᠮᠤᠷ ᠲᠦᠪᠰᠢᠨ᠎ᠤ ᠪᠥᠬᠥ ᠬᠡᠯᠬᠢᠶ᠎ᠡ ᠵᠢᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠵᠢ ᠠᠬᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠨ ᠬᠠᠮᠢᠶᠠᠷᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂  ᠪᠥᠬᠥ ᠣᠷᠣᠨ᠎ᠤ  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ  ᠬᠢᠷᠢ ᠲᠦᠪᠰᠢᠨ᠎ᠢ

ᠠᠬᠢᠭᠤᠯᠤᠨ᠎ᠠ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            