ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -     
ᠬᠥᠬᠡᠬᠤᠲᠠ ᠵᠢᠨ ᠠᠵᠤ ᠠᠬᠤᠢ᠌ᠯᠠᠯ᠎ᠤᠨ ᠶᠢᠦ ᠷᠠᠨ ᠮᠠᠯ ᠠᠵᠤ ᠠᠬᠤᠢ ᠵᠢᠨ ᠶᠤᠸᠠᠨ ᠰᠢᠩ ᠲᠡᠵᠢᠭᠡᠯ ᠪᠣᠷᠳᠣᠭ᠎ᠠ ᠠᠩᠬ᠎ᠠ ᠤᠳᠠᠭ᠎ᠠ ᠭᠠᠳᠠᠭ᠋ᠠᠳᠤ᠎ᠳᠤ ᠭᠠᠷᠪᠠ
ᠨᠡᠶ᠋ᠢᠲᠡᠯᠡᠭᠰᠡᠨ ᠴᠠᠭ᠄ 2025-05-16

      5 ᠰᠠᠷ᠎ᠠ ᠵᠢᠨ 12᠎ᠤᠨ ᠡᠳᠦᠷ᠂ ᠶᠢᠦ ᠷᠠᠨ ᠮᠠᠯ ᠠᠵᠤ ᠠᠬᠤᠢ ᠵᠢᠨ  ᠬᠠᠷᠢᠶᠠᠯᠠᠯ᠎ᠳᠠᠬᠢ  ᠶᠤᠸᠠᠨ ᠰᠢᠩ ᠲᠡᠵᠢᠭᠡᠯ ᠪᠣᠷᠳᠣᠭ᠎ᠠ᠂ ᠮᠣᠩᠭᠣᠯ ᠤᠯᠤᠰ᠎ᠤᠨ ᠢᠳᠡᠭᠡᠨ᠎ᠤ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠢ᠌ᠯᠠᠯ᠎ᠤᠨ APU ᠺᠣᠮᠫᠠᠨᠢ᠂ ᠥᠪᠥᠷ ᠮᠣᠩᠭᠣᠯ᠎ᠤᠨ ᠵᠥᠩ ᠯᠦ᠍ ᠣᠯᠠᠨ ᠤᠯᠤᠰ᠎ᠤᠨ ᠠᠷᠠᠯᠵᠢᠶᠠᠨ᠎ᠤ ᠬᠢᠵᠠᠭ᠋ᠠᠷᠲᠤ ᠺᠣᠮᠫᠠᠨᠢ ᠎ᠨᠢ  ᠬᠥᠬᠡᠬᠤᠲᠠ᠎ᠳᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠡᠯ᠎ᠡ ᠲᠠᠯ᠎ᠠ ᠵᠢᠨ᠎ᠬᠢᠨ ᠲᠡᠵᠢᠭᠡᠯ ᠪᠣᠷᠳᠣᠭ᠋ᠠᠨ᠎ᠤ ᠠᠷᠠᠯᠵᠢᠶᠠᠨ᠎ᠤ ᠰᠢᠨ᠎ᠡ ᠤᠷᠤᠯᠳᠤᠭ᠋ᠠᠨ᠎ᠤ ᠵᠠᠮ᠎ᠢ ᠭᠠᠷ ᠬᠣᠯᠪᠣᠨ ᠪᠠᠢ᠌ᠭᠤᠯᠵᠤ᠂ ᠴᠢᠨᠠᠷ ᠰᠠᠢ᠌ᠲᠠᠢ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ ᠵᠢᠴᠢ ᠠᠯᠠᠰᠢᠨ ᠬᠣᠨᠢ ᠵᠡᠷᠭᠡ ᠬᠡᠪᠢᠭᠴᠢ ᠠᠮᠢᠳᠠᠨ᠎ᠤ ᠲᠡᠵᠢᠭᠡᠯ ᠪᠣᠷᠳᠣᠭ᠋ᠠᠨ᠎ᠤ ᠪᠦᠲᠦᠭᠡᠭᠳᠡᠬᠦᠨ᠎ᠤ ᠮᠣᠩᠭᠣᠯ ᠤᠯᠤᠰ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠠᠬᠢᠭᠤᠯᠵᠤ᠂ ᠲᠤᠬᠠᠢ ᠵᠢᠨ ᠭᠠᠵᠠᠷ᠎ᠤᠨ ᠮᠠᠯ ᠠᠵᠤ ᠠᠬᠤᠢ ᠵᠢᠨ ᠣᠳᠣᠬᠢᠴᠢᠯᠠᠯᠲᠠ ᠵᠢᠨ ᠲᠠᠰ ᠳᠡᠪᠰᠢᠬᠦ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ  ᠨᠡᠮᠡᠷᠢᠯᠡᠭᠰᠡᠨ ᠪᠠᠶ᠋ᠢᠨ᠎ᠠ᠃

      APU ᠺᠣᠮᠫᠠᠨᠢ ᠪᠣᠯ ᠮᠣᠩᠭᠣᠯ ᠤᠯᠤᠰ᠎ᠤᠨ ᠢᠳᠡᠭᠡᠨ᠎ᠤ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠢ᠌ᠯᠠᠯ ᠮᠥᠨ᠂ ᠮᠣᠩᠭᠣᠯ ᠤᠯᠤᠰ᠎ᠤᠨ ᠮᠠᠯ ᠠᠵᠤ ᠠᠬᠤᠢ ᠵᠢᠨ ᠬᠡᠪᠴᠢᠶᠡᠵᠢᠯᠲᠡ᠂ ᠣᠳᠣᠬᠢᠴᠢᠯᠠᠯᠲᠠ ᠵᠢᠨ ᠬᠥᠭᠵᠢᠯᠲᠡ ᠵᠢ ᠲᠦᠯᠬᠢᠨ ᠠᠬᠢᠭᠤᠯᠬᠤ᠎ᠪᠠᠷ ᠬᠦᠴᠦᠯᠡᠨ ᠴᠢᠷᠮᠠᠢ᠌ᠵᠤ᠂ ᠮᠣᠩᠭᠣᠯ ᠤᠯᠤᠰ᠎ᠤᠨ 《ᠪᠠᠢ ᠵᠢᠨ ᠤᠯᠤᠰ᠎ᠤᠨ ᠲᠥᠯᠥᠪᠯᠡᠭᠡ》 ᠵᠢᠨ ᠴᠢᠬᠤᠯᠠ ᠣᠷᠣᠯᠴᠠᠭᠴᠢ ᠪᠠ ᠠᠬᠢᠭᠤᠯᠤᠭᠴᠢ ᠮᠥᠨ᠃

      2024 ᠣᠨ᠎ᠳᠤ᠂ ᠶᠤᠸᠠᠨ ᠰᠢᠩ ᠲᠡᠵᠢᠭᠡᠯ ᠪᠣᠷᠳᠣᠭ᠋ᠠᠨ᠎ᠤ ᠠᠯᠠᠰᠢᠨ ᠦᠬᠡᠷ ᠬᠣᠨᠢ ᠵᠡᠷᠭᠡ ᠵᠢᠨ ᠨᠠᠷᠢᠯᠢᠭ ᠲᠡᠵᠢᠭᠡᠯ ᠪᠣᠷᠳᠣᠭ᠋ᠠᠨ᠎ᠤ ᠪᠣᠷᠣᠯᠠᠭᠤᠯᠤᠯᠲᠠ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 44.5%᠎ᠪᠠᠷ ᠨᠡᠮᠡᠭᠳᠡᠵᠦ᠂ ᠺᠣᠮᠫᠠᠨᠢ ᠵᠢᠨ ᠲᠤᠬᠠᠢ᠌ᠯᠠᠭᠰᠠᠨ ᠠᠵᠢᠯ᠎ᠤᠨ ᠰᠢᠨ᠎ᠡ ᠨᠡᠮᠡᠭᠳᠡᠯ᠎ᠤᠨ ᠴᠡᠭ ᠪᠣᠯᠵᠤ᠂ ᠶᠢᠦ ᠷᠠᠨ ᠮᠠᠯ ᠠᠵᠤ ᠠᠬᠤᠢ ᠵᠢᠨ ᠬᠠᠮᠤᠭ᠎ᠤᠨ ᠰᠢᠨ᠎ᠡ ᠰᠤᠳᠤᠯᠤᠨ ᠨᠡᠭᠡᠭᠡᠵᠦ ᠭᠠᠷᠭ᠋ᠠᠭᠰᠠᠨ ᠲᠠᠯ᠎ᠠ ᠨᠤᠲᠤᠭ᠎ᠤᠨ ᠬᠤᠨᠢᠨ᠎ᠤ  ᠲᠡᠵᠢᠭᠡᠯ ᠪᠣᠷᠳᠣᠭ᠋ᠠᠨ᠎ᠤ 《ᠮᠦ᠍ ᠾᠧᠩ ᠶᠢᠦ》 ᠰᠢᠨ᠎ᠡ ᠪᠦᠲᠦᠭᠡᠭᠳᠡᠬᠦᠨ᠎ᠨᠢ ᠮᠣᠩᠭᠣᠯ ᠤᠯᠤᠰ᠎ᠤᠨ ᠯᠤᠲᠤ ᠶᠡᠬᠡ ᠠᠯᠠᠰᠢᠨ ᠬᠣᠨᠢ ᠲᠡᠵᠢᠭᠡᠨ ᠦᠷᠡᠵᠢᠭᠦᠯᠬᠦ ᠣᠳᠣᠬᠢ ᠪᠠᠢ᠌ᠳᠠᠯ᠎ᠲᠠᠢ ᠳᠡᠭᠡᠳᠦ ᠬᠡᠮᠵᠢᠶ᠎ᠡ᠎ᠪᠠᠷ ᠨᠡᠢ᠌ᠴᠡᠵᠦ ᠪᠠᠢ᠌ᠨ᠎ᠠ᠃ ᠲᠤᠰ ᠲᠡᠵᠢᠭᠡᠯ ᠪᠣᠷᠳᠣᠭ᠎ᠠ᠎ᠨᠢ ᠠᠷᠠᠴᠢᠯᠠᠨ ᠲᠡᠵᠢᠭᠡᠬᠦ ᠦᠷ᠎ᠡ ᠪᠦᠲᠦᠮᠵᠢ ᠵᠢ ᠨᠤᠲᠤᠭ ᠪᠡᠯᠴᠢᠭᠡᠷ᠎ᠤᠨ ᠰᠤᠯᠠ ᠲᠡᠵᠢᠭᠡᠵᠦ ᠪᠠᠢ᠌ᠭ᠎ᠠ ᠬᠤᠨᠢᠨ ᠮᠢᠬᠠᠨ᠎ᠤ ᠶᠠᠰᠤ ᠴᠢᠨᠠᠷ᠎ᠲᠠᠢ ᠣᠢ᠌ᠷᠠᠲᠤᠭᠤᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ᠎ᠢ ᠢᠯᠡᠳᠲᠡ ᠳᠡᠭᠡᠭᠰᠢᠯᠡᠭᠦᠯᠦᠨ᠂ ᠨᠤᠲᠤᠭ ᠪᠡᠯᠴᠢᠭᠡᠷ ᠮᠠᠭᠤᠳᠠᠭᠰᠠᠨ ᠠᠰᠠᠭᠤᠳᠠᠯ᠎ᠢ ᠨᠠᠮᠳᠠᠭᠤᠯᠵᠤ᠂ ᠲᠤᠬᠠᠢ ᠵᠢᠨ ᠭᠠᠵᠠᠷ᠎ᠤᠨ ᠮᠠᠯ ᠠᠵᠤ ᠠᠬᠤᠢ ᠵᠢᠨ ᠠᠵᠤ ᠦᠢ᠍ᠯᠡᠰ᠎ᠤᠨ ᠦᠷᠭᠦᠯᠵᠢᠯᠡᠨ ᠬᠥᠭᠵᠢᠬᠦ ᠵᠢ ᠠᠬᠢᠭᠤᠯᠪᠠ᠃ ᠡᠨᠡ ᠬᠦ᠌ ᠬᠠᠮᠲᠤᠷᠠᠯᠴᠠᠭ᠎ᠠ᠎ᠪᠠᠷ ᠳᠠᠮᠵᠢᠨ᠂ ᠡᠯ᠎ᠡ ᠲᠠᠯ᠎ᠠ ᠵᠢᠨ᠎ᠬᠢᠨ ᠠᠵᠤ ᠠᠬᠤᠢ ᠵᠢᠨ ᠦᠷ᠎ᠡ ᠠᠰᠢᠭ ᠪᠣᠯᠣᠨ ᠠᠮᠢ ᠠᠬᠤᠢ ᠵᠢᠨ ᠦᠷ᠎ᠡ ᠠᠰᠢᠭ᠎ᠤᠨ ᠲᠠᠯ᠎ᠠ᠎ᠪᠠᠷ ᠬᠠᠮᠲᠤᠪᠠᠷ ᠠᠰᠢᠭ ᠬᠦᠷᠳᠡᠬᠦ ᠵᠢ ᠪᠡᠶᠡᠯᠡᠭᠦᠯᠵᠦ᠂ ᠢᠷᠡᠭᠡᠳᠦᠢ ᠵᠢᠨ ᠮᠠᠯ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ᠎ᠳᠤ ᠰᠠᠢ᠌ᠨ ᠰᠠᠢ᠌ᠬᠠᠨ ᠬᠡᠪ ᠳᠠᠭᠤᠷᠢᠶᠠᠯ᠎ᠢ ᠪᠤᠢ ᠪᠣᠯᠭ᠋ᠠᠵᠤ ᠥᠭᠴᠡᠢ᠃ ᠡᠯ᠎ᠡ ᠲᠠᠯ᠎ᠠ ᠵᠢᠨ᠎ᠬᠢᠨ ᠲᠤᠰ ᠲᠤᠰ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠳᠤᠮᠳᠠᠳᠤ ᠮᠣᠩᠭᠣᠯ᠎ᠤᠨ ᠮᠠᠯ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠭᠠᠷ ᠬᠣᠯᠪᠣᠨ ᠴᠣᠭᠴᠠᠯᠠᠵᠤ᠂ ᠮᠣᠩᠭᠣᠯ ᠤᠯᠤᠰ᠎ᠤᠨ ᠮᠠᠯ ᠠᠵᠤ ᠠᠬᠤᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠳᠡᠭᠲᠡᠷ᠎ᠲᠤ ᠭᠠᠷᠬᠤ ᠵᠢ ᠬᠠᠮᠲᠤ᠎ᠪᠠᠷ ᠠᠬᠢᠭᠤᠯᠵᠤ᠂ ᠮᠣᠩᠭᠣᠯ ᠤᠯᠤᠰ᠎ᠤᠨ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠳᠤᠮᠳᠠᠳᠤ ᠤᠯᠤᠰ᠎ᠤᠨ ᠤᠶᠤᠨ ᠤᠬᠠᠭ᠋ᠠᠨ ᠪᠠ ᠰᠢᠯᠢᠳᠡᠭ ᠬᠦᠴᠦᠨ ᠴᠢᠳᠠᠯ ᠵᠶ᠋ᠠᠨ ᠡᠷᠭᠦᠨ᠎ᠡ᠃

      ᠮᠡᠳᠡᠭᠡ ᠵᠠᠩᠭᠢ ᠵᠢᠨ ᠢᠷᠡᠯᠲᠡ᠄ ᠬᠥᠬᠡᠬᠤᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ

 

ᠢᠷᠡᠯᠲᠡ᠄ ᠬᠥᠬᠡᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            