ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -     
ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠲᠥᠮᠥᠰᠥ ᠵᠢᠨ ᠠᠵᠤ ᠦᠢ᠍ᠯᠡᠰ᠎ᠤᠨ ᠬᠦᠭᠵᠢᠯᠲᠡ ᠵᠢ ᠬᠠᠮᠲᠤ᠎ᠪᠠᠷ ᠠᠬᠢᠭᠤᠯᠤᠮᠤᠢ
ᠨᠡᠶ᠋ᠢᠲᠡᠯᠡᠭᠰᠡᠨ ᠴᠠᠭ᠄ 2025-06-27

      6 ᠰᠠᠷ᠎ᠠ ᠵᠢᠨ 23᠎ᠤ ᠡᠳᠦᠷ᠂  ᠣᠷᠣᠰ᠎ᠤᠨ ᠢᠷᠺᠦ᠋ᠼᠺ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠵᠠᠬᠢᠷᠤᠯ ᠳ᠋ᠸᠮᠢᠲᠷᠢᠶᠸᠹ  ᠨᠠᠷ  ᠬᠦᠯᠦᠨ ᠪᠣᠢ᠌ᠷ  ᠬᠣᠲᠠ᠎ᠳᠤ  ᠠᠢ᠌ᠯᠴᠢᠯᠠᠪᠠ᠃  ᠬᠦᠯᠦᠨ ᠪᠣᠢ᠌ᠷ  ᠬᠣᠲᠠ ᠵᠢᠨ ᠭᠠᠳᠠᠭ᠋ᠠᠳᠤ ᠶᠠᠪᠤᠳᠠᠯ᠎ᠤᠨ ᠠᠯᠪᠠᠨ ᠭᠡᠷ᠎ᠤᠨ ᠬᠦᠴᠦᠲᠡᠢ ᠳᠡᠮᠵᠢᠯᠭᠡ ᠳᠣᠣᠷ᠎ᠠ᠂  ᠬᠦᠯᠦᠨ ᠪᠣᠢ᠌ᠷ  ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠨᠢ ᠣᠷᠣᠰ᠎ᠤᠨ ᠢᠷᠺᠦ᠋ᠼᠺ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠲᠠᠢ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠬᠠᠮᠲᠤᠷᠠᠯᠴᠠᠭ᠋ᠠᠨ᠎ᠤ ᠶᠠᠷᠢᠯᠴᠠᠬᠤ ᠬᠤᠷᠠᠯ᠎ᠢ ᠠᠮᠵᠢᠯᠲᠠᠲᠠᠢ ᠡᠷᠭᠢᠯᠡᠭᠰᠡᠨ ᠪᠥᠭᠡᠳ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠥᠰᠥᠭ ᠵᠢᠷᠤᠪᠠ᠃  ᠬᠦᠯᠦᠨ ᠪᠣᠢ᠌ᠷ  ᠬᠣᠲᠠ ᠵᠢᠨ ᠭᠠᠳᠠᠭ᠋ᠠᠳᠤ ᠶᠠᠪᠤᠳᠠᠯ᠎ᠤᠨ ᠠᠯᠪᠠᠨ ᠭᠡᠷ᠂  ᠬᠦᠯᠦᠨ ᠪᠣᠢ᠌ᠷ  ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠨ ᠶᠠᠷᠢᠯᠴᠠᠬᠤ ᠬᠤᠷᠠᠯ᠎ᠳᠤ ᠣᠷᠣᠯᠴᠠᠪᠠ᠃

 

图片11.png

 

      ᠶᠠᠷᠢᠯᠴᠠᠬᠤ ᠬᠤᠷᠠᠯ ᠳᠡᠭᠡᠷ᠎ᠡ᠂ ᠵᠠᠬᠢᠷᠤᠯ ᠸᠠᠩ ᠵᠢᠩ ᠱᠦᠨ ᠪᠣᠯᠣᠨ ᠵᠠᠬᠢᠷᠤᠯ ᠳ᠋ᠸᠮᠢᠲᠷᠢᠶᠸᠹ  ᠬᠣᠶᠠᠷ ᠲᠠᠯ᠎ᠠ ᠵᠢᠨ ᠪᠠᠢ᠌ᠭᠤᠯᠤᠮᠵᠢ ᠵᠢᠨ ᠦᠨᠳᠦᠰᠦᠨ ᠪᠠᠢ᠌ᠳᠠᠯ᠎ᠢ ᠲᠤᠰ ᠲᠤᠰ ᠲᠠᠨᠢᠯᠴᠠᠭᠤᠯᠵᠠᠢ᠃ ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠪᠣᠯᠣᠨ ᠤᠷᠤᠰ᠎ᠤᠨ ᠲᠠᠯ᠎ᠠ ᠵᠢᠨ ᠲᠤᠰᠬᠠᠢ ᠮᠡᠷᠭᠡᠵᠢᠯᠲᠡᠨ ᠲᠤᠬᠠᠢ ᠵᠢᠨ ᠭᠠᠵᠠᠷ᠎ᠤᠨ ᠲᠥᠮᠥᠰᠥ ᠵᠢᠨ ᠠᠵᠤ ᠦᠢ᠍ᠯᠡᠰ᠂ ᠪᠡᠶ᠎ᠡ᠎ᠪᠠᠨ ᠳᠠᠭ᠋ᠠᠭ᠋ᠠᠵᠤ ᠡᠭᠦᠯᠳᠡᠷ ᠰᠣᠩᠭᠣᠨ ᠪᠣᠢ᠌ᠵᠢᠭᠤᠯᠬᠤ᠂  ᠲᠡᠷᠢᠭᠦᠨ᠎ᠤ  ᠮᠡᠷᠭᠡᠵᠢᠯ᠎ᠤᠨ ᠪᠣᠭᠣᠮᠲᠠ ᠰᠢᠪᠲᠤᠯᠬᠤ ᠵᠡᠷᠭᠡ ᠠᠰᠠᠭᠤᠳᠠᠯ᠎ᠳᠤ ᠴᠢᠭᠯᠡᠭᠦᠯᠦᠨ ᠡᠷᠳᠡᠮ ᠰᠢᠨᠵᠢᠯᠡᠭᠡᠨ᠎ᠤ ᠶᠠᠷᠢᠯᠴᠠᠭ᠎ᠠ ᠥᠷᠨᠢᠭᠦᠯᠵᠡᠢ᠃ ᠬᠣᠶᠠᠷ ᠲᠠᠯ᠎ᠠ᠎ᠪᠠᠷ ᠵᠶ᠋ᠠᠨ ᠰᠠᠨᠠᠯ ᠨᠢᠭᠡᠲᠡᠢ ᠬᠠᠮᠲᠤ ᠵᠢᠨ ᠲᠠᠨᠢᠯᠲᠠ᠎ᠲᠠᠢ ᠪᠣᠯᠵᠤ᠂ ᠲᠥᠮᠥᠰᠥ ᠵᠢᠨ ᠰᠢᠯᠢᠳᠡᠭ  ᠡᠭᠦᠯᠳᠡᠷ᠎ᠤᠨ ᠴᠢᠨᠠᠷ᠎ᠤᠨ  ᠡᠬᠢ ᠪᠠᠶᠠᠯᠢᠭ ᠵᠢᠴᠢ ᠰᠢᠨ᠎ᠡ ᠡᠭᠦᠯᠳᠡᠷ᠎ᠢ ᠣᠷᠣᠭᠤᠯᠤᠨ ᠠᠪᠴᠢᠷᠠᠬᠤ᠂ ᠬᠢᠨᠠᠨ ᠲᠣᠭᠲᠠᠭ᠋ᠠᠯᠲᠠ ᠵᠢᠨ ᠬᠡᠷᠡᠭᠯᠡᠭᠡᠨ᠎ᠤ ᠰᠤᠳᠤᠯᠭ᠋ᠠᠨ᠎ᠢ ᠬᠠᠮᠲᠤᠷᠠᠨ ᠥᠷᠨᠢᠭᠦᠯᠬᠦ ᠵᠦᠪᠯᠡᠯᠴᠡᠭᠡᠷ ᠲᠤᠭᠳᠠᠭᠰᠠᠨ ᠪᠦᠭᠡᠳ  ᠵᠥᠪᠯᠡᠯᠴᠡᠭᠡᠷ᠎ᠲᠤ ᠭᠠᠷ᠎ᠤᠨ ᠦᠰᠦᠭ  ᠵᠢᠷᠤᠪᠠ᠃ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ ᠬᠣᠶᠠᠷ ᠲᠠᠯ᠎ᠠ᠎ᠪᠠᠷ ᠵᠶ᠋ᠠᠨ ᠣᠢ᠌ᠷ᠎ᠠ ᠵᠢᠨ ᠬᠤᠭᠤᠴᠠᠭ᠋ᠠᠨ᠎ᠳᠤ ᠬᠠᠷᠢᠯᠴᠠᠨ ᠲᠤᠰᠬᠠᠢ ᠮᠡᠷᠭᠡᠵᠢᠯᠲᠡᠨ᠎ᠤ ᠪᠦᠯᠬᠦᠮ ᠲᠣᠮᠢᠯᠠᠵᠤ ᠰᠣᠯᠢᠯᠴᠠᠭ᠎ᠠ ᠠᠶ᠋ᠢᠯᠴᠢᠯᠠᠯᠲᠠ ᠬᠢᠬᠦ ᠪᠣᠯᠣᠨ᠎ᠠ᠃

 

图片12.png

 

      ᠲᠤᠰ ᠤᠳᠠᠭ᠎ᠠ ᠵᠢᠨ ᠶᠠᠷᠢᠯᠴᠠᠬᠤ ᠬᠤᠷᠠᠯ ᠪᠣᠯᠣᠨ ᠭᠡᠷ᠎ᠡ ᠲᠣᠭᠲᠠᠬᠤ ᠬᠤᠷᠠᠯ᠎ᠢ ᠠᠮᠵᠢᠯᠲᠠ᠎ᠲᠠᠢ ᠡᠷᠬᠢᠯᠡᠭᠰᠡᠡ᠎ᠨᠢ ᠰᠤᠳᠤᠯᠭ᠋ᠠᠨ᠎ᠤ ᠬᠦᠷᠢᠶᠡᠯᠡᠩ ᠪᠣᠯᠣᠨ ᠢᠷᠺᠦ᠋ᠼᠺ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠠᠮᠲᠤᠷᠠᠯᠴᠠᠭ᠎ᠠ᠎ᠳᠤ ᠰᠠᠢ᠌ᠨ ᠲᠠᠪᠴᠠᠩ ᠪᠠᠢ᠌ᠭᠤᠯᠵᠤ᠂ ᠰᠤᠳᠤᠯᠭ᠋ᠠᠨ᠎ᠤ ᠬᠦᠷᠢᠶᠡᠯᠡᠩ ᠪᠣᠯᠣᠨ ᠤᠷᠤᠰ᠎ᠤᠨ ᠲᠠᠯ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠴᠢᠳᠠᠪᠤᠷᠢᠲᠠᠨ᠎ᠤ ᠰᠣᠯᠢᠯᠴᠠᠭ᠎ᠠ ᠪᠣᠯᠣᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠲᠤᠷᠠᠯᠴᠠᠭ᠎ᠠ ᠵᠢ ᠴᠢᠨᠠᠭᠰᠢᠳᠠ ᠠᠬᠢᠭᠤᠯᠵᠤ᠂ ᠬᠣᠶᠠᠷ ᠲᠠᠯ᠎ᠠ ᠵᠢᠨ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠡᠬᠢ ᠪᠠᠶᠠᠯᠢᠭ᠎ᠢ ᠬᠠᠮᠲᠤᠪᠠᠷ ᠡᠳ᠋ᠯᠡᠬᠦ ᠵᠢ ᠠᠬᠢᠭᠤᠯᠵᠠᠢ᠃ ᠳᠠᠷᠠᠭ᠋ᠠᠴᠢ ᠵᠢᠨ ᠠᠯᠬᠤᠮ᠎ᠳᠤ᠂ ᠬᠣᠶᠠᠷ ᠲᠠᠯ᠎ᠠ᠎ᠪᠠᠷ ᠵᠶ᠋ᠠᠨ ᠣᠯᠣᠯᠴᠠᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢᠨ ᠬᠠᠮᠲᠤ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠵᠢ ᠪᠠᠲᠤᠯᠠᠵᠤ᠂ ᠲᠥᠮᠥᠰᠥ ᠵᠢᠨ ᠠᠵᠤ ᠦᠢ᠍ᠯᠡᠰ᠎ᠢ ᠬᠦᠭᠵᠢᠭᠦᠯᠦᠨ ᠬᠠᠮᠲᠤᠪᠠᠷ ᠠᠰᠢᠭ ᠬᠦᠷᠳᠡᠬᠦ ᠰᠢᠨ᠎ᠡ ᠪᠠᠢ᠌ᠳᠠᠯ᠎ᠢ ᠭᠠᠷ ᠬᠣᠯᠪᠣᠨ ᠨᠡᠭᠡᠭᠡᠨ᠎ᠡ᠃

      ᠮᠡᠳᠡᠭᠡ ᠵᠠᠩᠭᠢ ᠵᠢᠨ ᠢᠷᠡᠯᠲᠡ᠄ ᠬᠥᠯᠥᠨ ᠪᠣᠶ᠋ᠢᠷ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ

ᠢᠷᠡᠯᠲᠡ᠄ ᠬᠦᠯᠦᠨ ᠪᠣᠢ᠌ᠷ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            