ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠤᠮᠠᠷᠠᠲᠤ ᠬᠢᠯᠢ ᠵᠢᠨ ᠰᠢᠨ᠎ᠡ ᠲᠠᠷᠢᠶᠠᠴᠢᠨ》 93 ᠣᠨ᠎ᠳᠤ ᠨᠤᠲᠤᠭ᠎ᠲᠠᠭᠠᠨ ᠪᠤᠴᠠᠵᠤ ᠠᠳᠠᠯ ᠦᠢ᠍ᠯᠡᠰ ᠪᠣᠰᠬᠠᠭᠰᠠᠨ ᠤᠶᠤᠲᠠᠨ᠂ ᠲᠤᠲᠤᠷᠭ᠎ᠠ ᠵᠢᠨ ᠠᠭᠤᠰᠤᠯᠴᠠᠯ᠎ᠤᠨ ᠠᠵᠤ ᠦᠢ᠍ᠯᠡᠰ᠎ᠢ ᠬᠥᠭᠵᠢᠭᠦᠯᠵᠦ᠂ ᠨᠤᠲᠤᠭ᠎ᠤᠨ ᠠᠬ᠎ᠠ ᠳᠡᠭᠦᠦ ᠨᠠᠷ ᠵᠶ᠋ᠡᠨ ᠳᠠᠭ᠋ᠠᠭᠤᠯᠤᠨ ᠪᠠᠶᠠᠵᠢᠭᠴᠢ—ᠦ᠋ ᠳ᠋ᠸ ᠪᠦᠦ
ᠨᠡᠶ᠋ᠢᠲᠡᠯᠡᠭᠰᠡᠨ ᠴᠠᠭ᠄ 2025-06-13

      ᠦ᠋ ᠳ᠋ᠸ  ᠪᠦᠦ ᠣᠳᠣᠬᠠᠨ᠎ᠳᠤ ᠥᠪᠥᠷ ᠮᠣᠩᠭᠣᠯ᠎ᠤᠨ ᠯᠦᠩ ᠰᠢᠶᠠᠩ ᠳ᠋ᠠ ᠳ᠋ᠢ ᠲᠠᠷᠢᠶᠠᠯᠠᠩ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ᠂ ᠣᠩᠨᠢᠭᠤᠳ ᠬᠣᠰᠢᠭᠤᠨ᠎ᠤ  ᠱᠸᠨ  ᠨᠦᠩ ᠲᠠᠷᠢᠮᠠᠯ᠎ᠤᠨ ᠲᠤᠰᠬᠠᠢ ᠬᠤᠷᠰᠢᠶ᠎ᠠ ᠵᠢᠨ ᠬᠡᠷᠡᠭ ᠡᠷᠬᠢᠯᠡᠭᠴᠢᠳ᠎ᠤᠨ ᠳᠠᠷᠤᠭ᠎ᠠ ᠵᠢᠨ ᠲᠤᠰᠢᠶᠠᠯ᠎ᠢ ᠬᠠᠷᠢᠭᠤᠴᠠᠵᠤ  ᠪᠠᠢ᠌ᠨ᠎ᠠ᠃ ᠦ᠋ ᠳ᠋ᠧ ᠪᠦᠦ  ᠨᠦᠬᠦᠷ  ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠌ᠬᠤ ᠬᠤᠭᠤᠴᠠᠭ᠋ᠠᠨ᠎ᠳᠠᠭᠠᠨ  ᠨᠡᠯᠢᠶᠡᠳ ᠨᠡᠷᠡᠲᠡᠢ  ᠠᠳᠠᠯ ᠦᠢ᠍ᠯᠡᠰ ᠴᠣᠭᠴᠠᠯᠠᠭᠴᠢ ᠪᠠᠢ᠌ᠵᠤ᠂ ᠪᠥᠬᠥ ᠤᠯᠤᠰ᠎ᠤᠨ ᠣᠶᠤᠲᠠᠳ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠬᠣᠶᠠᠳᠤᠭ᠋ᠠᠷ ᠳᠡᠰ᠎ᠤᠨ ᠱᠠᠩᠨᠠᠯ᠎ᠢ ᠭᠥᠷᠳᠡᠵᠦ ᠥᠩᠭᠡᠷᠡᠭᠰᠡᠨ ᠶᠤᠮ᠃ 2016 ᠣᠨ᠎ᠤ ᠲᠡᠭᠦᠰᠬᠦ ᠤᠯᠠᠷᠢᠯ᠎ᠳᠤ᠂ ᠲᠠᠷᠢᠶᠠᠯᠠᠩ᠎ᠤᠨ ᠤᠬᠠᠭ᠋ᠠᠨ᠎ᠤ ᠲᠤᠰᠬᠠᠢ ᠮᠡᠷᠭᠡᠵᠢᠯ ᠰᠣᠷᠣᠭᠰᠠᠨ ᠪᠣᠯᠬᠣᠷ ᠲᠡᠭᠦᠰᠬᠦ ᠥᠭᠦᠯᠡᠯ ᠵᠶ᠋ᠡᠨ ᠪᠢᠴᠢᠬᠦ᠎ᠳᠡᠭᠡᠨ ᠲᠤᠬᠠᠢ ᠵᠢᠨ ᠦᠶ᠎ᠡ ᠵᠢᠨ ᠣᠩᠨᠢᠭᠤᠳ ᠬᠣᠰᠢᠭᠤᠨ᠎ᠤ ᠤᠰᠤᠨ ᠲᠤᠲᠤᠷᠭ᠎ᠠ ᠵᠢᠨ ᠲᠤᠬᠠᠢ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠭᠰᠡᠨ ᠪᠠᠢ᠌ᠨ᠎ᠠ᠃ ᠲᠡᠷᠡ ᠦᠶ᠎ᠡ᠎ᠳᠤ ᠶᠠᠭ 《ᠪᠥᠬᠥᠳᠡ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ》 ᠠᠳᠠᠯ ᠦᠢ᠍ᠯᠡᠰ ᠴᠣᠭᠴᠠᠯᠠᠬᠤ ᠬᠠᠯᠠᠭᠤᠨ ᠥᠷᠨᠢᠯᠲᠡ ᠭᠠᠷᠴᠤ ᠪᠠᠢ᠌ᠯ᠎ᠠ᠃ ᠡᠢ᠌ᠮᠦ᠎ᠠᠴᠠ᠂ ᠦ᠋ ᠳ᠋ᠧ ᠪᠦᠦ 2016 ᠣᠨ᠎ᠤ 7 ᠰᠠᠷ᠎ᠠ᠎ᠳᠤ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠤ ᠣᠷᠣᠨ ᠪᠦᠰᠡ ᠵᠢᠨ ᠬᠥᠭᠵᠢᠯᠲᠡ ᠵᠢᠨ ᠰᠠᠯᠪᠤᠷᠢ᠎ᠠᠴᠠ ᠲᠡᠭᠦᠰᠦᠭᠰᠡᠨ᠎ᠤ ᠳᠠᠷᠠᠭ᠎ᠠ᠂ ᠥᠪᠡᠷ᠎ᠤᠨ ᠨᠤᠲᠤᠭ ᠣᠩᠨᠢᠭᠤᠳ ᠬᠣᠰᠢᠭᠤᠨ᠎ᠤ ᠰᠢᠶᠠᠩ ᠱᠦᠢ ᠲᠣᠰᠬᠣᠨ᠎ᠳᠠᠭᠠᠨ ᠬᠠᠷᠢᠵᠤ᠂ ᠤᠰᠤᠨ ᠲᠤᠲᠤᠷᠭ᠎ᠠ ᠵᠢᠨ ᠠᠵᠤ ᠦᠢ᠍ᠯᠡᠰ᠎ᠢ ᠰᠣᠩᠭᠣᠵᠤ  ᠠᠳᠠᠯ  ᠦᠢ᠍ᠯᠡᠰ ᠴᠣᠭᠴᠠᠯᠠᠬᠤ ᠴᠢᠭᠯᠡᠯ ᠵᠶ᠋ᠡᠨ ᠪᠣᠯᠭ᠋ᠠᠭᠰᠠᠨ ᠪᠠᠢ᠌ᠨ᠎ᠠ᠃ ᠲᠤᠬᠠᠢ ᠵᠢᠨ ᠭᠠᠵᠠᠷ᠎ᠤᠨ ᠲᠠᠷᠢᠮᠠᠯ᠎ᠤᠨ ᠡᠭᠦᠯᠳᠡᠷ᠎ᠢ ᠰᠠᠢ᠌ᠵᠢᠷᠠᠭᠤᠯᠬᠤ᠎ᠪᠠᠷ ᠳᠠᠮᠵᠢᠭᠤᠯᠤᠨ᠂ ᠲᠤᠲᠤᠷᠭ᠎ᠠ ᠵᠢᠨ ᠦᠢ᠍ᠯᠡᠳᠪᠦᠷᠢᠯᠡᠯ᠎ᠤᠨ ᠱᠤᠭᠤᠮ᠎ᠢ ᠪᠠᠢ᠌ᠭᠤᠯᠵᠤ᠂ ᠰᠦᠯᠵᠢᠶᠡᠨ᠎ᠠᠴᠠ ᠭᠠᠳᠠᠭᠤᠷᠬᠢ ᠲᠤᠲᠤᠷᠭ᠎ᠠ ᠵᠢ ᠪᠡᠶᠡᠴᠢᠯᠡᠨ ᠣᠢ᠌ᠯᠠᠭ᠋ᠠᠬᠤ ᠳᠡᠯᠭᠡᠭᠦᠷ ᠨᠡᠭᠡᠭᠡᠨ᠂ ᠨᠠᠷᠠᠲᠤ ᠲᠡᠮᠳᠡᠭᠵᠢᠭᠦᠯᠦᠨ ᠡᠵᠡᠩᠨᠡᠵᠦ᠂ ᠲᠤᠲᠤᠷᠭ᠎ᠠ ᠵᠢᠨ  ᠨᠢᠭᠡ  ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠢ  ᠪᠡᠶᠡᠯᠡᠭᠦᠯᠦᠭᠰᠡᠨ ᠪᠠᠢ᠌ᠨ᠎ᠠ᠃

      ᠨᠢᠭᠡ᠂ ᠵᠥᠷᠢᠶ᠎ᠡ᠎ᠪᠠᠨ ᠡᠷᠢᠵᠦ᠂ ᠠᠳᠠᠯ ᠦᠢ᠍ᠯᠡᠰ ᠴᠣᠭᠴᠠᠯᠠᠬᠤ ᠴᠢᠭᠯᠡᠯ ᠵᠶ᠋ᠡᠨ  ᠪᠠᠲᠤᠳᠬᠠᠪᠠ

      ᠣᠩᠨᠢᠭᠤᠳ ᠬᠣᠰᠢᠭᠤᠨ᠎ᠤ ᠰᠢᠶᠠᠩ ᠱᠦᠢ ᠲᠣᠰᠬᠣᠨ ᠤᠷᠳᠤ ᠬᠤᠭᠤᠴᠠᠭ᠎ᠠ᠎ᠪᠠᠷ ᠤᠰᠤᠨ ᠲᠤᠲᠤᠷᠭ᠎ᠠ ᠲᠠᠷᠢᠬᠤ᠎ᠪᠠᠷ ᠭᠣᠣᠯ ᠪᠣᠯᠭ᠋ᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ᠎ᠪᠠᠷ ᠳᠤᠲᠠᠮᠠᠭ ᠤᠴᠢᠷ᠎ᠠᠴᠠ ᠲᠠᠷᠢᠶᠠᠴᠢᠨ ᠡᠷᠤᠭᠡ ᠵᠢᠨ ᠳᠠᠷᠢᠭᠰᠠᠨ ᠲᠤᠲᠤᠷᠭ᠎ᠠ ᠎ᠨᠢ ᠵᠦᠪᠬᠡᠨ  ᠥᠪᠡᠷ ᠵᠶ᠋ᠡᠨ ᠢᠳᠡᠵᠦ ᠭᠦᠢ᠍ᠴᠡᠬᠦ  ᠮᠦᠷᠲᠡᠭᠡᠨ  ᠲᠠᠷᠢᠮᠠᠯ᠎ᠤᠨ  ᠡᠭᠦᠯᠳᠡᠷ ᠎ᠨᠢ ᠡᠮᠬᠢ ᠵᠠᠮᠪᠠᠷᠠᠭ᠎ᠠ ᠦᠭᠡᠢ᠎ᠠᠴᠠ  ᠠᠵᠤ ᠠᠬᠤᠢ ᠵᠢᠨ ᠦᠷ᠎ᠡ ᠠᠰᠢᠭ ᠪᠣᠯᠭ᠋ᠠᠨ ᠬᠤᠪᠢᠷᠠᠭᠤᠯᠬᠤ᠎ᠳᠤ ᠮᠠᠰᠢ ᠬᠦᠴᠢᠷᠲᠡᠢ ᠪᠠᠢ᠌ᠵᠤ᠂ ᠠᠰᠢᠭ ᠣᠯᠵᠠᠪᠤᠷᠢ᠎ᠨᠢ ᠲᠤᠢ᠌ᠯ᠎ᠤᠨ ᠳᠣᠣᠷ᠎ᠠ ᠪᠠᠢ᠌ᠳᠠᠭ᠃ ᠦ᠋ ᠳ᠋ᠧ ᠪᠦᠦ ᠬᠠᠷᠢᠵᠤ ᠢᠷᠡᠭᠰᠡᠨ᠎ᠤ ᠳᠠᠷᠠᠭ᠎ᠠ ᠣᠯᠠᠨ ᠲᠠᠯ᠎ᠠ᠎ᠪᠠᠷ ᠮᠠᠲ᠋ᠧᠷᠢᠶᠠᠯ ᠴᠤᠭᠯᠠᠭᠤᠯᠬᠤ᠎ᠪᠠᠷ ᠳᠡᠮᠵᠢᠨ᠂ ᠲᠤᠬᠠᠢ ᠵᠢᠨ ᠭᠠᠵᠠᠷ᠎ᠤᠨ ᠤᠰᠤᠨ ᠲᠤᠲᠤᠷᠭ᠎ᠠ ᠳᠠᠷᠢᠬᠤ ᠣᠷᠣᠨ᠎ᠨᠢ ᠡᠷᠲᠡ ᠤᠷᠢᠳᠤ ᠵᠢᠨ ᠬᠤᠵᠢᠷᠯᠢᠭ ᠭᠠᠵᠠᠷ᠎ᠲᠤ ᠰᠠᠢ᠌ᠵᠢᠷᠠᠭᠰᠠᠨ᠎ᠠᠴᠠ  ᠢᠷᠡᠭᠰᠡᠨ᠎ᠢ ᠣᠯᠵᠤ  ᠮᠡᠳᠡᠵᠦ᠂  ᠪᠠᠢ᠌ᠴᠠᠭ᠋ᠠᠨ ᠬᠡᠮᠵᠢᠯᠲᠡ᠎ᠪᠠᠷ ᠳᠡᠮᠵᠢᠨ ᠪᠤᠰᠤᠳ ᠲᠤᠲᠤᠷᠭ᠎ᠠ ᠵᠢᠨ ᠬᠤᠵᠢᠷᠯᠢᠭ ᠴᠢᠨᠠᠷ᠎ᠤᠨ ᠠᠭᠤᠯᠤᠭᠳᠠᠴᠠ᠎ᠠᠴᠠ ᠨᠡᠯᠢᠶᠡᠳ ᠥᠨᠳᠥᠷ ᠪᠠᠢ᠌ᠵᠤ᠂ ᠪᠦᠲᠦᠭᠡᠭᠳᠡᠬᠦᠨ᠎ᠤ ᠣᠨᠴᠠᠯᠢᠭ ᠵᠶ᠋ᠠᠷ ᠲᠤᠢ᠌ᠯ᠎ᠤᠨ ᠶᠡᠬᠡ ᠪᠠᠢ᠌ᠬᠤ ᠵᠢ ᠣᠯᠵᠤ ᠮᠠᠲᠠᠵᠠᠢ᠃ ᠡᠨᠡ ᠮᠡᠲᠦ᠎ᠪᠠᠷ ᠦ᠋ ᠳ᠋ᠧ ᠪᠦᠦ ᠬᠤᠵᠢᠷᠯᠢᠭ ᠭᠠᠵᠠᠷ᠎ᠤᠨ ᠲᠤᠲᠤᠷᠭ᠎ᠠ ᠵᠢᠨ ᠵᠦᠷᠢᠶᠡᠴᠢᠯᠡᠭᠰᠡᠨ ᠣᠨᠴᠠᠯᠢᠭ᠎ᠢ ᠲᠣᠭᠲᠠᠭ᠋ᠠᠵᠤ᠂ ᠲᠤᠬᠠᠢ ᠵᠢᠨ ᠭᠠᠵᠠᠷ᠎ᠤᠨ ᠲᠠᠷᠢᠶᠠᠴᠢᠨ ᠡᠷᠦᠬᠡ ᠵᠢ ᠳᠠᠭ᠋ᠠᠭᠤᠯᠤᠨ ᠬᠤᠵᠢᠷᠯᠢᠭ ᠭᠠᠵᠠᠷ᠎ᠤᠨ ᠵᠠᠬᠢᠶᠠᠯᠠᠭ᠎ᠠ ᠵᠢᠨ ᠤᠰᠤᠨ ᠲᠤᠲᠤᠷᠭ᠎ᠠ ᠵᠢ  ᠬᠦᠭᠵᠢᠭᠦᠯᠵᠦ᠂ ᠡᠭᠦᠨ᠎ᠠᠴᠠ ᠡᠮᠦᠨ᠎ᠡ ᠲᠤᠬᠠᠢ ᠵᠢᠨ ᠭᠠᠵᠠᠷ᠎ᠤᠨ ᠲᠠᠷᠢᠮᠠᠯ᠎ᠤᠨ  ᠡᠭᠦᠯᠳᠡᠷ ᠎ᠨᠢ ᠡᠮᠬᠢ ᠵᠠᠮᠪᠠᠷᠠᠭ᠎ᠠ ᠦᠭᠡᠢ ᠪᠠᠢ᠌ᠵᠤ᠂ ᠵᠥᠪᠬᠡᠨ ᠲᠤᠰ ᠲᠤᠰ᠎ᠤᠨ ᠲᠠᠷᠢᠶᠠᠴᠢᠨ ᠡᠷᠦᠬᠡ ᠵᠢᠨ ᠲᠤᠷᠰᠢᠯᠭ᠎ᠠ᠎ᠪᠠᠷ ᠵᠶ᠋ᠠᠨ ᠳᠠᠷᠢᠵᠤ᠂ ᠳᠠᠷᠢᠭᠰᠠᠨ ᠤᠰᠤᠨ ᠲᠤᠲᠤᠷᠭ᠎ᠠ ᠵᠢᠨ ᠴᠢᠨᠠᠷ ᠴᠢᠨᠰᠠᠭ᠎ᠠ᠎ᠨᠢ ᠠᠳᠠᠯᠢ ᠦᠭᠡᠢ ᠪᠠᠢ᠌ᠪᠠ᠂ ᠡᠢ᠌ᠮᠦ᠎ᠠᠴᠠ ᠦ᠋ ᠳ᠋ᠧ ᠪᠦᠦ ᠶᠠᠭᠤᠨ᠎ᠤ ᠤᠷᠢᠳ ᠲᠤᠲᠤᠷᠭ᠎ᠠ ᠵᠢᠨ ᠦᠷ᠎ᠡ ᠵᠢ ᠪᠣᠢ᠌ᠵᠢᠭᠤᠯᠤᠨ ᠬᠢᠨᠠᠨ ᠰᠣᠩᠭᠣᠵᠤ᠂ ᠵᠢᠯ ᠪᠦᠷᠢ ᠲᠤᠷᠰᠢᠯᠲᠠ ᠵᠢᠨ ᠭᠠᠵᠠᠷ᠎ᠲᠤ ᠳᠠᠷᠢᠵᠤ᠂ ᠵᠠᠬᠢᠶᠠᠯᠠᠭ᠎ᠠ ᠵᠢᠨ ᠡᠭᠦᠯᠳᠡᠷ ᠎ᠢ ᠨᠢᠭᠡᠳᠬᠡᠨ᠂ ᠲᠠᠷᠢᠶᠠᠴᠢᠨ ᠡᠷᠦᠬᠡ᠎ᠳᠤ ᠪᠠᠷᠢᠮᠵᠢᠶᠠᠵᠢᠭᠰᠠᠨ ᠲᠠᠷᠢᠶᠠᠯᠠᠩ᠎ᠤᠨ ᠲᠠᠷᠢᠮᠠᠯ᠎ᠤᠨ ᠪᠣᠯᠪᠠᠰᠤᠷᠠᠯ  ᠬᠢᠪᠡ᠃ ᠣᠳᠣᠬᠠᠨ ᠪᠣᠯᠲᠠᠯ᠎ᠠ ᠬᠤᠵᠢᠷᠯᠢᠭ ᠭᠠᠵᠠᠷ᠎ᠤᠨ ᠵᠠᠬᠢᠶᠠᠯᠠᠭ᠎ᠠ ᠵᠢᠨ ᠤᠰᠤᠨ ᠲᠤᠲᠤᠷᠭ᠎ᠠ ᠵᠢᠨ ᠰᠠᠭᠤᠷᠢᠨ ᠭᠠᠵᠠᠷ᠎ᠢ 5600 ᠮᠦ᠍ ᠬᠥᠭᠵᠢᠭᠦᠯᠵᠦ᠂ 205 ᠲᠠᠷᠢᠶᠠᠴᠢᠨ ᠡᠷᠦᠬᠡ ᠵᠢ ᠰᠢᠭᠤᠳ ᠳᠠᠶ᠋ᠢᠴᠢᠯᠠᠵᠤ᠂ ᠲᠤᠬᠠᠢ ᠵᠢᠨ ᠭᠠᠵᠠᠷ᠎ᠤᠨ 6 ᠲᠣᠰᠬᠣᠨ ᠳᠤᠭᠤᠢ᠌ᠯᠠᠩ᠎ᠢ ᠨᠥᠯᠥᠭᠡᠯᠡᠨ᠂ ᠵᠢᠯ ᠪᠦᠷᠢ ᠵᠢᠨ ᠵᠠᠬᠢᠶᠠᠯᠠᠭ᠎ᠠ ᠵᠢᠨ ᠲᠠᠯᠠᠪᠠᠶ ᠵᠢ ᠲᠠᠰᠤᠷᠠᠯᠲᠠ ᠦᠭᠡᠢ ᠥᠷᠭᠡᠳᠬᠡᠵᠦ ᠪᠠᠢ᠌ᠨ᠎ᠠ᠃ ᠬᠤᠷᠰᠢᠶ᠎ᠠ᠎ᠠᠴᠠ ᠦᠢ᠍ᠯᠡᠳᠪᠦᠷᠢᠯᠡᠯ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠢ ᠨᠢᠭᠡᠳᠦᠯᠲᠡᠢ ᠲᠥᠪᠯᠡᠷᠡᠭᠦᠯᠦᠨ ᠬᠤᠳᠠᠯᠳᠤᠨ ᠠᠪᠬᠤ ᠵᠢᠴᠢ  ᠨᠡᠷᠡᠲᠦ  ᠳᠡᠮᠳᠡᠭᠴᠢᠯᠡᠭᠰᠡᠨ ᠵᠠᠬᠢᠶᠠᠯᠠᠭ᠎ᠠ ᠵᠢᠨ ᠬᠠᠭᠤᠳᠠᠰᠤ ᠵᠢ ᠥᠨᠳᠥᠷ ᠦᠨ᠎ᠡ᠎ᠪᠠᠷ ᠬᠣᠷᠢᠶᠠᠨ ᠠᠪᠬᠤ᠎ᠪᠠᠷ ᠳᠠᠮᠵᠢᠭᠤᠯᠵᠤ᠂ ᠲᠠᠷᠢᠶᠠᠴᠢᠨ ᠡᠷᠦᠬᠡ ᠵᠢᠨ ᠣᠷᠣᠯᠭ᠎ᠠ 1200 ᠭᠠᠷᠤᠢ ᠲᠥᠭᠥᠷᠢᠭ᠎ᠲᠤ ᠬᠦᠷᠴᠡᠢ᠃

      ᠬᠣᠶᠠᠷ᠂ ᠲᠤᠲᠤᠷᠭ᠎ᠠ ᠵᠢᠨ  ᠨᠢᠭᠡ  ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠪᠡᠶᠡᠯᠡᠭᠦᠯᠵᠦ᠂ ᠤᠯᠠᠨ ᠡᠰᠢᠵᠢᠯᠲᠡ᠎ᠪᠠᠷ ᠨᠤᠲᠤᠭ᠎ᠤᠨ ᠠᠬ᠎ᠠ ᠳᠡᠭᠦᠦ ᠨᠠᠷ᠎ᠤᠨ ᠬᠠᠮᠲᠤ᠎ᠪᠠᠷ ᠪᠠᠶᠠᠵᠢᠬᠤ ᠵᠢ  ᠳᠠᠢ᠌ᠴᠢᠯᠠᠪᠠ

      ᠦ᠋ ᠳ᠋ᠧ ᠪᠦᠦ ᠲᠠᠷᠢᠶᠠᠴᠢᠨ ᠡᠷᠦᠬᠡ ᠵᠢᠨ ᠠᠰᠢᠭ ᠣᠷᠣᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠣᠯᠪᠠᠰᠤᠷᠠᠭᠤᠯᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠦ᠋ ᠳ᠋ᠧ ᠪᠦᠦ ᠣᠯᠠᠨ ᠲᠠᠯ᠎ᠠ᠎ᠠᠴᠠ ᠵᠣᠭᠣᠰ ᠴᠤᠭᠯᠠᠭᠤᠯᠵᠤ᠂ ᠲᠤᠲᠤᠷᠭ᠎ᠠ ᠵᠢᠨ ᠣᠳᠣᠬᠢᠴᠢᠯᠠᠭᠰᠠᠨ ᠦᠢ᠍ᠯᠡᠳᠪᠦᠷᠢᠯᠡᠯ᠎ᠤᠨ ᠱᠤᠭᠤᠮ᠎ᠢ  ᠪᠠᠢ᠌ᠭᠤᠯᠵᠤ᠂ ᠬᠠᠮᠤᠭ ᠡᠴᠦᠰ᠎ᠲᠤ ᠨᠢᠭᠡᠳᠦᠯᠲᠡᠢ ᠪᠣᠭᠣᠳᠠᠯᠯᠠᠵᠤ᠂ ᠨᠢᠭᠡᠳᠦᠯᠲᠡᠢ ᠨᠡᠷᠡᠲᠦ ᠲᠡᠮᠳᠡᠭ ᠵᠶ᠋ᠡᠷ ᠪᠣᠷᠣᠯᠠᠭᠤᠯᠤᠨ᠂ ᠬᠤᠵᠢᠷᠯᠢᠭ ᠭᠠᠵᠠᠷ᠎ᠤᠨ ᠲᠤᠲᠤᠷᠭ᠎ᠠ ᠵᠢᠨ ᠨᠡᠷᠡᠲᠦ ᠲᠡᠮᠳᠡᠭ᠎ᠢ  ᠪᠠᠢ᠌ᠭᠤᠯᠬᠤ᠎ᠳᠤ ᠰᠠᠭᠤᠷᠢ ᠲᠠᠯᠪᠢᠵᠤ ᠥᠭᠴᠡᠢ᠃ ᠵᠠᠬᠢᠶᠠᠯᠠᠭ᠎ᠠ ᠵᠢᠨ ᠲᠠᠯᠠᠪᠠᠢ ᠥᠷᠭᠡᠳᠦᠭᠰᠡᠨ᠎ᠠᠴᠠ ᠪᠣᠷᠤᠯᠠᠭᠤᠯᠭ᠎ᠠ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠨᠢ ᠴᠢᠬᠤᠯᠠ᠎ᠠᠴᠠ ᠴᠢᠬᠤᠯᠠ ᠶᠠᠪᠤᠳᠠᠯ ᠪᠣᠯᠪᠠ᠂ ᠦ᠋᠎ᠳᠤ ᠪᠦᠦ ᠲᠤᠬᠠᠢ ᠵᠢᠨ ᠭᠠᠵᠠᠷ᠎ᠤᠨ ᠲᠠᠷᠢᠶᠠᠴᠢᠨ ᠡᠷᠦᠬᠡ ᠵᠢ ᠳᠠᠭ᠋ᠠᠭᠤᠯᠤᠨ ᠬᠤᠵᠢᠷᠯᠢᠭ ᠭᠠᠵᠠᠷ᠎ᠤᠨ ᠲᠤᠲᠤᠷᠭ᠎ᠠ ᠵᠢᠨ ᠬᠡᠯᠬᠢᠶ᠎ᠡ ᠳᠡᠯᠭᠡᠭᠦᠷ ᠪᠠᠢ᠌ᠭᠤᠯᠵᠤ᠂ ᠨᠢᠭᠡ ᠲᠠᠯ᠎ᠠ᠎ᠪᠠᠷ ᠲᠤᠲᠤᠷᠭ᠎ᠠ ᠵᠢᠨ ᠪᠣᠷᠤᠯᠠᠭᠤᠯᠭ᠎ᠠ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠨᠦᠭᠦᠭᠡ ᠲᠠᠯ᠎ᠠ᠎ᠪᠠᠷ ᠲᠤᠬᠠᠢ ᠵᠢᠨ ᠭᠠᠵᠠᠷ᠎ᠤᠨ ᠨᠤᠲᠤᠭ᠎ᠲᠠᠭᠠᠨ ᠪᠤᠴᠠᠭᠰᠠᠨ ᠵᠠᠯᠠᠭᠤᠴᠤᠳ᠎ᠤᠨ ᠳᠡᠯᠭᠡᠭᠦᠷ ᠨᠡᠭᠡᠭᠡᠵᠦ  ᠠᠳᠠᠯ  ᠦᠢ᠍ᠯᠡᠰ ᠪᠣᠰᠬᠠᠬᠤ᠎ᠪᠠᠷ ᠲᠠᠮᠵᠢᠨ ᠲᠤᠬᠠᠢ ᠵᠢᠨ ᠭᠠᠵᠠᠷ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠮᠲᠤᠪᠠᠷ ᠪᠣᠷᠣᠯᠠᠭᠤᠯᠬᠤ ᠵᠢ ᠬᠠᠪᠰᠤᠷᠤᠨ ᠲᠡᠳᠬᠦᠵᠦ᠂ ᠤᠳᠤ ᠪᠣᠯᠲᠠᠯ᠎ᠠ 35 ᠬᠡᠯᠬᠢᠶ᠎ᠡ ᠳᠡᠯᠭᠡᠭᠦᠷ᠎ᠢ ᠬᠥᠭᠵᠢᠭᠦᠯᠵᠦ᠂ 15 ᠡᠷᠦᠬᠡ ᠵᠢ ᠨᠤᠲᠤᠭ᠎ᠲᠠᠭᠠᠨ ᠪᠤᠴᠠᠵᠤ  ᠠᠳᠠᠯ  ᠦᠢ᠍ᠯᠡᠰ ᠪᠣᠰᠬᠠᠬᠤ ᠲᠠᠷᠢᠶᠠᠴᠢᠨ ᠡᠷᠦᠬᠡ ᠵᠢ ᠬᠠᠪᠰᠤᠷᠤᠨ ᠲᠡᠳᠬᠦᠵᠡᠢ ᠃ ᠲᠠᠰᠤᠷᠠᠯᠲᠠ ᠦᠭᠡᠢ ᠬᠥᠭᠵᠢᠭᠦᠯᠬᠦ᠎ᠪᠠᠷ ᠳᠡᠮᠵᠢᠨ ᠡᠴᠦᠰ᠎ᠲᠡᠭᠡᠨ ᠬᠤᠷᠰᠢᠶ᠎ᠠ + ᠲᠠᠷᠢᠶᠠᠴᠢᠨ ᠡᠷᠦᠬᠡ + ᠳᠡᠯᠭᠡᠭᠦᠷ᠎ᠤᠨ ᠰᠢᠨ᠎ᠡ ᠮᠠᠶᠢᠭ᠎ᠤᠨ ᠬᠥᠭᠵᠢᠯᠲᠡ ᠵᠢᠨ ᠵᠠᠭᠪᠤᠷ᠎ᠢ ᠪᠣᠶ  ᠪᠣᠯᠭ᠋ᠠᠭᠰᠠᠨ ᠪᠠᠢ᠌ᠨ᠎ᠠ᠃ ᠠᠵᠤ ᠦᠢ᠍ᠯᠡᠰ᠎ᠤᠨ ᠬᠡᠯᠬᠢᠶ᠎ᠡ ᠵᠢ ᠴᠢᠨᠠᠭᠰᠢᠳᠠ ᠤᠷᠲᠤᠳᠬᠠᠬᠤ ᠵᠢᠨ ᠲᠥᠯᠥᠭᠡ᠂ ᠦ᠋᠎ᠳᠤ ᠪᠦᠦ ᠲᠤᠬᠠᠢ ᠵᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠨᠡᠢ᠌ᠳᠬᠡᠵᠦ᠂ ᠲᠤᠬᠠᠢ ᠵᠢᠨ ᠭᠠᠵᠠᠷ᠎ᠤᠨ 《ᠡᠮᠦᠨ᠎ᠡ ᠭᠣᠣᠯ ᠤᠮᠠᠷ᠎ᠠ  ᠡᠯᠡᠰᠦ》  ᠵᠢᠨ ᠥᠪᠡᠷᠮᠢᠴᠡ ᠭᠠᠵᠠᠷ ᠵᠦᠢ ᠵᠢᠨ ᠣᠨᠴᠠᠯᠢᠭ ᠵᠢᠴᠢ ᠲᠤᠬᠠᠢ ᠵᠢᠨ ᠭᠠᠵᠠᠷ᠎ᠤᠨ ᠢᠦᠢ  ᠫᠦ᠋  ᠪᠣᠯᠣᠨ ᠢᠦᠢ ᠮᠢᠩ ᠤᠰᠤᠨ ᠠᠰᠢᠭᠯᠠᠯᠲᠠ ᠵᠢᠨ ᠬᠦᠢ᠍ᠰᠦ᠎ᠳᠤ ᠲᠦᠰᠢᠭᠯᠡᠨ᠂ ᠲᠤᠬᠠᠢ ᠵᠢᠨ ᠭᠠᠵᠠᠷ᠎ᠤᠨ ᠲᠤᠲᠤᠷᠭ᠎ᠠ ᠵᠢ ᠲᠠᠷᠢᠵᠤ  ᠪᠣᠯᠪᠠᠰᠤᠷᠠᠭᠤᠯᠬᠤ᠎ᠠᠴᠠ ᠬᠥᠳᠡᠭᠡ ᠲᠣᠰᠬᠣᠨ᠎ᠤ ᠵᠤᠭ᠋ᠠᠴᠠᠯ ᠬᠦᠷᠲᠡᠯ᠎ᠡ ᠤᠷᠲᠤᠳᠬᠠᠵᠤ᠂ ᠲᠤᠲᠤᠷᠭ᠎ᠠ ᠵᠢᠨ ᠬᠦᠵᠢ ᠵᠢᠨ ᠲᠠᠷᠢᠶᠠᠯᠠᠩ᠎ᠤᠨ ᠵᠤᠭ᠋ᠠᠴᠠᠯ᠎ᠤᠨ ᠵᠢᠵᠢᠭ ᠪᠠᠯᠭ᠋ᠠᠰᠤ ᠵᠢ ᠠᠯᠬᠤᠮ ᠠᠯᠬᠤᠮ ᠵᠶ᠋ᠠᠷ ᠴᠣᠭᠴᠠᠯᠠᠪᠠ ᠃ ᠬᠡᠯᠬᠢᠶ᠎ᠡ ᠳᠡᠯᠭᠡᠭᠦᠷ ᠵᠢᠴᠢ ᠰᠦᠯᠵᠢᠶᠡᠨ ᠳᠡᠭᠡᠷᠡᠬᠢ  ᠸᠢᠳᠢᠤ᠋ ᠵᠢᠨ ᠤᠬᠠᠭᠤᠯᠭ᠎ᠠ᠎ᠪᠠᠷ ᠳᠠᠮᠵᠢᠭᠤᠯᠤᠨ᠂ ᠵᠢᠯ ᠪᠦᠷᠢ 6000 ᠬᠥᠮᠥᠨ ᠤᠳᠠᠭ᠎ᠠ ᠵᠤᠭ᠋ᠠᠴᠠᠭᠰᠠᠳ᠎ᠢ ᠲᠠᠲᠠᠵᠤ᠂ ᠲᠤᠲᠤᠷᠭ᠎ᠠ ᠵᠢᠨ  ᠨᠢᠭᠡ  ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠪᠣᠶ ᠪᠣᠯᠭ᠋ᠠᠪᠠ᠃ ᠦ᠋ ᠳ᠋ᠧ  ᠪᠦᠦ ᠵᠢᠨ ᠲᠤᠲᠤᠷᠭ᠎ᠠ ᠵᠢᠨ ᠨᠢᠭᠡ ᠬᠣᠶᠠᠷ ᠭᠤᠷᠪᠠᠳᠤᠭ᠋ᠠᠷ ᠠᠵᠤ ᠦᠢ᠍ᠯᠡᠰ᠎ᠤᠨ  ᠠᠭᠤᠰᠤᠯᠴᠠᠯ᠎ᠤᠨ  ᠬᠥᠭᠵᠢᠯᠲᠡ ᠵᠢᠨ ᠵᠠᠭᠪᠤᠷ᠎ᠨᠢ ᠲᠤᠬᠠᠢ ᠵᠢᠨ ᠭᠠᠵᠠᠷ᠎ᠤᠨ ᠲᠤᠲᠤᠷᠭ᠎ᠠ ᠵᠢᠨ ᠬᠥᠭᠵᠢᠯᠲᠡ᠎ᠳᠤ ᠦᠯᠢᠭᠡᠷ ᠳᠠᠭᠤᠷᠢᠶᠠᠯ᠎ᠤᠨ ᠰᠠᠭᠤᠷᠢ ᠬᠠᠩᠭ᠋ᠠᠭᠰᠠᠨ ᠪᠠᠢ᠌ᠨ᠎ᠠ᠃ ᠲᠤᠬᠠᠢ ᠵᠢᠨ ᠭᠠᠵᠠᠷ᠎ᠤᠨ ᠲᠠᠷᠢᠶᠠᠴᠢᠨ ᠡᠷᠦᠬᠡ ᠵᠢᠨ ᠲᠠᠷᠢᠮᠠᠯ᠎ᠤᠨ ᠦᠷ᠎ᠡ ᠠᠰᠢᠭ᠎ᠢ ᠪᠡᠶᠡᠯᠡᠭᠦᠯᠦᠭᠰᠡᠨ ᠵᠶ᠋ᠡᠷ ᠪᠠᠷᠠᠬᠤ ᠦᠭᠡᠢ᠂ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠴᠤ᠌ ᠣᠯᠠᠨ ᠲᠠᠯ᠎ᠠ᠎ᠠᠴᠠ ᠥᠷᠭᠡᠳᠬᠡᠭᠰᠡᠨ ᠪᠠᠢ᠌ᠨ᠎ᠠ᠃

      ᠭᠤᠷᠪᠠ᠂ ᠤᠯᠠᠨ ᠡᠰᠢᠴᠢᠯᠡᠭᠰᠡᠨ ᠲᠠᠷᠢᠶᠠᠯᠠᠩ᠎ᠤᠨ ᠪᠦᠲᠦᠭᠡᠭᠳᠡᠬᠦᠨ᠎ᠳᠤ  ᠬᠦᠴᠦᠨ ᠨᠡᠮᠡᠷᠢᠯᠡᠵᠦ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠰᠢᠭᠤᠳ ᠨᠡᠪᠲᠡᠷᠡᠭᠦᠯᠭᠡ ᠵᠢᠨ ᠪᠣᠷᠤᠯᠠᠭᠤᠯᠭ᠎ᠠ ᠵᠢᠨ ᠪᠦᠯᠬᠦᠮ᠎ᠢ ᠪᠠᠢ᠌ᠭᠤᠯᠵᠤ᠂ ᠨᠤᠲᠤᠭ᠎ᠤᠨ ᠵᠶ᠋ᠠᠨ ᠰᠠᠢ᠌ᠨ ᠶᠠᠭᠤᠮ᠎ᠠ ᠵᠢ  ᠪᠣᠷᠤᠯᠠᠭᠤᠯᠪᠠ

      ᠨᠠᠮ᠎ᠤᠨ ᠬᠣᠷᠢᠳᠤᠭ᠋ᠠᠷ ᠶᠡᠬᠡ ᠬᠤᠷᠠᠯ ᠠᠮᠵᠢᠯᠲᠠ᠎ᠲᠠᠢ ᠬᠤᠷᠠᠯᠳᠤᠭᠰᠠᠨ᠎ᠤ ᠲᠠᠷᠠᠭ᠎ᠠ᠂ ᠦ᠋ ᠳ᠋ᠧ ᠪᠦᠦ ᠶᠡᠷᠦᠩᠬᠡᠢ ᠱᠦᠵᠢ ᠰᠢ ᠵᠢᠨ ᠫᠢᠩ᠎ᠤᠨ  ᠬᠢᠭᠰᠡᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠢ ᠲᠠᠰᠤᠷᠠᠯᠳᠡ ᠦᠭᠡᠢ ᠰᠤᠷᠤᠯᠴᠠᠵᠤ᠂ ᠦ᠋ ᠳ᠋ᠧ ᠪᠦᠦ ᠵᠢᠨ ᠬᠠᠷᠠᠭ᠎ᠠ ᠥᠷᠭᠡᠵᠢᠵᠦ᠂ ᠲᠠᠷᠢᠬᠢ ᠲᠣᠯᠣᠭ᠋ᠠᠢ᠎ᠨᠢ ᠤᠯᠠᠮ ᠠᠮᠢᠳᠤᠯᠢᠭ ᠪᠣᠯᠵᠤ᠂ ᠠᠵᠤ ᠦᠢ᠍ᠯᠡᠰ᠎ᠤᠨ ᠬᠥᠭᠵᠢᠯ ᠪᠠᠳᠠᠷᠠᠯ ᠎ᠨᠢ  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠵᠠᠩᠭᠢᠯᠠᠭ᠎ᠠ᠂ ᠥᠪᠡᠷ᠎ᠤᠨ  ᠠᠳᠠᠯ  ᠦᠢ᠍ᠯᠡᠰ ᠪᠣᠰᠬᠠᠬᠤ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ  ᠬᠠᠮᠲᠤᠪᠠᠷ  ᠤᠷᠤᠭᠰᠢᠯᠠᠬᠤ ᠵᠢᠨ ᠲᠥᠯᠥᠭᠡ ᠶᠤᠮ᠃ ᠭᠠᠭᠴᠠ ᠬᠦ᠌ ᠪᠣᠶ ᠪᠦᠬᠦᠢ ᠲᠠᠷᠢᠶᠠᠴᠢᠨ ᠡᠷᠦᠬᠡ ᠵᠢ ᠣᠷᠣᠯᠴᠠᠭᠤᠯᠵᠤ᠂ ᠬᠠᠮᠲᠤ᠎ᠪᠠᠷ ᠣᠷᠣᠯᠭ᠎ᠠ ᠡᠭᠦᠳᠪᠡᠯ᠂ ᠥᠪᠡᠷ ᠵᠶ᠋ᠡᠨ ᠪᠠᠶᠠᠵᠢᠵᠤ ᠳᠡᠶ᠋ᠢᠯᠬᠦ᠎ᠪᠠᠷ ᠪᠠᠷᠠᠬᠤ ᠦᠭᠡᠢ ᠪᠠᠰᠠ ᠣᠯᠠᠨ ᠲᠠᠷᠢᠶᠠᠴᠢᠨ ᠡᠷᠦᠬᠡ ᠵᠢ ᠳᠠᠭ᠋ᠠᠭᠤᠯᠤᠨ ᠣᠷᠣᠯᠭ᠎ᠠ᠎ᠪᠠᠨ ᠨᠡᠮᠡᠭᠳᠡᠭᠦᠯᠵᠦ ᠲᠠᠶ᠋ᠢᠯᠤᠨ᠎ᠠ ᠭᠡᠳᠡᠭ᠎ᠢ ᠭᠦᠨᠵᠡᠭᠡᠢ ᠲᠠᠨᠢᠪᠠ᠃ ᠡᠨᠡ ᠮᠡᠲᠦ᠎ᠪᠠᠷ ᠦ᠋ ᠳ᠋ᠧ ᠪᠦᠦ ᠲᠤᠬᠠᠢ ᠵᠢᠨ ᠭᠠᠵᠠᠷ᠎ᠤᠨ ᠡᠯ᠎ᠡ ᠲᠣᠰᠬᠣᠨ ᠵᠶ᠋ᠠᠷ ᠶᠠᠪᠤᠬᠤ᠎ᠳᠠᠭᠠᠨ᠂  ᠲᠤᠬᠠᠢ ᠵᠢᠨ ᠭᠠᠵᠠᠷ᠎ᠲᠤ  ᠮᠠᠰᠢ   ᠣᠯᠠᠨ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠭᠦᠨ᠂ ᠵᠢᠱ᠌ᠢᠶᠡᠯᠡᠪᠡᠯ  ᠨᠠᠷᠢᠮᠤ᠂ ᠴᠠᠭ᠋ᠠᠨ ᠢᠳᠡᠭᠡ᠂ ᠦᠬᠡᠷ ᠬᠣᠨᠢᠨ᠎ᠤ ᠪᠦᠲᠦᠭᠡᠭᠳᠡᠬᠦᠨ ᠵᠢᠴᠢ ᠵᠢᠭ᠋ᠠᠰᠤᠨ᠎ᠤ ᠲᠥᠷᠥᠯ ᠵᠢᠭᠦᠷᠲᠡᠨ᠎ᠤ ᠥᠨᠳᠡᠭᠡ ᠵᠢᠨ ᠪᠦᠲᠦᠭᠡᠭᠳᠡᠬᠦᠨ ᠎ᠨᠢ ᠮᠠᠰᠢ ᠰᠢᠯᠢᠳᠡᠭ ᠪᠣᠷᠤᠯᠠᠭᠤᠯᠬᠤ᠎ᠳᠤ ᠬᠦᠴᠢᠷᠲᠠᠢ ᠪᠠᠢ᠌ᠬᠤ ᠵᠢ ᠣᠯᠵᠤ ᠮᠡᠳᠡᠪᠡ᠃ ᠡᠭᠦᠨ᠎ᠤ ᠬᠠᠮᠲᠤ ᠮᠠᠰᠢ ᠣᠯᠠᠨ ᠲᠤᠬᠠᠢ ᠵᠢᠨ ᠭᠠᠵᠠᠷ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ  ᠪᠣᠭᠤᠳᠠᠯ ᠪᠠᠭᠯᠠᠭ᠎ᠠ ᠳᠦᠭᠦᠮ ᠪᠦᠳᠦᠭᠦᠯᠢᠭ᠂ ᠵᠢᠷᠤᠭ ᠲᠦᠯᠦᠪᠯᠡᠭᠡ  ᠬᠣᠴᠤᠷᠤᠩᠭᠤᠢ᠂ ᠨᠡᠷᠡᠲᠦ ᠲᠡᠮᠳᠡᠭ᠎ᠤᠨ ᠦᠷ᠎ᠡ ᠠᠰᠢᠭ  ᠳᠣᠣᠷ᠎ᠠ᠂ ᠰᠦᠯᠵᠢᠶ᠎ᠡ᠎ᠪᠠᠷ ᠳᠠᠮᠵᠢᠭᠤᠯᠤᠨ ᠪᠣᠷᠣᠯᠠᠭᠤᠯᠬᠤ᠎ᠳᠤ ᠮᠠᠰᠢ ᠬᠦᠴᠢᠷ᠂  ᠡᠢ᠌ᠮᠦ᠎ᠠᠴᠠ  ᠦ᠋ ᠳ᠋ᠧ ᠪᠦᠦ ᠣᠳᠣᠬᠠᠨ᠎ᠤ  ᠸᠢᠳᠢᠤ᠋ ᠵᠢᠨ  ᠵᠠᠭᠤᠴᠢᠯᠠᠭᠤᠷ᠎ᠤᠨ ᠲᠤᠰᠬᠠᠢ ᠮᠡᠷᠭᠡᠵᠢᠯ᠎ᠤᠨ ᠮᠡᠳᠡᠯᠭᠡ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠲᠤᠬᠠᠢ ᠵᠢᠨ ᠭᠠᠵᠠᠷ᠎ᠤᠨ ᠬᠥᠳᠡᠭᠡ ᠲᠣᠰᠬᠣᠨ᠎ᠤ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭ᠋ᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠲᠤᠬᠠᠢ ᠵᠢᠨ ᠭᠠᠵᠠᠷ᠎ᠤᠨ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠠᠲᠤ ᠲᠡᠮᠳᠡᠭᠲᠦ᠎ᠪᠠᠷ ᠵᠢᠷᠤᠭᠯᠠᠨ ᠲᠥᠯᠥᠪᠯᠡᠵᠦ᠂ ᠰᠦᠯᠵᠢᠶᠡᠨ᠎ᠳᠤ ᠲᠣᠬᠢᠷᠠᠭᠰᠠᠨ ᠰᠦᠯᠵᠢᠶᠡᠨ᠎ᠤ ᠨᠠᠷᠠᠲᠤ ᠪᠦᠲᠦᠭᠡᠭᠳᠡᠬᠦᠨ᠎ᠢ  ᠪᠠᠢ᠌ᠭᠤᠯᠬᠤ ᠵᠢᠨ ᠬᠠᠮᠲᠤ  ᠦ᠋ ᠳ᠋ᠧ ᠪᠦᠦ ᠲᠤᠬᠠᠢ ᠵᠢᠨ ᠭᠠᠵᠠᠷ᠎ᠤᠨ ᠰᠢᠨ᠎ᠡ ᠵᠢ ᠡᠭᠦᠳᠬᠦ ᠴᠢᠨᠠᠷᠲᠠᠢ ᠰᠢᠭᠤᠳ ᠨᠡᠪᠲᠡᠷᠡᠭᠦᠯᠭᠡ ᠵᠢᠨ ᠲᠠᠷᠢᠶᠠᠴᠢᠨ ᠡᠷᠦᠬᠡ ᠵᠢ ᠢᠳᠡᠪᠬᠢᠲᠡᠢ᠎ᠪᠠᠷ ᠡᠷᠢᠵᠦ᠂ ᠰᠢᠭᠤᠳ ᠨᠡᠪᠲᠡᠷᠡᠭᠦᠯᠭᠡ ᠵᠢᠨ ᠲᠤᠰᠬᠠᠢ ᠮᠡᠷᠭᠡᠵᠢᠯ᠎ᠤᠨ ᠪᠣᠯᠪᠠᠰᠤᠷᠠᠯ ᠬᠢᠵᠦ᠂ ᠲᠤᠬᠠᠢ ᠵᠢᠨ ᠭᠠᠵᠠᠷ᠎ᠤᠨ 80 ᠭᠠᠷᠤᠢ ᠬᠥᠮᠥᠨ᠎ᠲᠠᠢ ᠬᠥᠳᠡᠭᠡ ᠲᠣᠰᠬᠣᠨ᠎ᠤ ᠭᠣᠣᠯ ᠨᠡᠪᠲᠡᠷᠡᠭᠦᠯᠭᠡ ᠵᠢᠨ ᠡᠩᠨᠡᠭᠡ ᠵᠢ  ᠪᠠᠢ᠌ᠭᠤᠯᠵᠤ᠂ ᠲᠠᠷᠢᠶᠠᠴᠢᠨ ᠡᠷᠦᠬᠡ ᠵᠢᠨ ᠪᠣᠷᠤᠯᠠᠭᠤᠯᠭ᠎ᠠ ᠵᠢᠨ ᠰᠢᠨ᠎ᠡ ᠠᠷᠭ᠎ᠠ ᠵᠠᠮ᠎ᠢ ᠨᠡᠮᠡᠭᠳᠡᠭᠦᠯᠪᠡ᠃ ᠲᠣᠰ ᠭᠠᠵᠠᠷ ᠣᠷᠣᠨ᠎ᠤ᠎ᠪᠠᠨ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠢ᠌ᠴᠢᠯᠠᠬᠤ᠎ᠳᠤ  ᠰᠢᠨ᠎ᠡ ᠬᠦᠳᠡᠯᠭᠡᠬᠦ ᠬᠦᠴᠦᠨ ᠪᠣᠯᠪᠠ᠃

      ᠲᠠᠰᠤᠷᠠᠯᠲᠠ ᠦᠭᠡᠢ ᠬᠥᠭᠵᠢᠭᠦᠯᠬᠦ᠎ᠪᠠᠷ ᠳᠡᠮᠵᠢᠨ᠂ ᠦ᠋ ᠳ᠋ᠧ  ᠪᠦᠦ 2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠭᠠᠷᠮᠠᠭ᠋ᠠᠢ ᠴᠢᠳᠠᠪᠤᠷᠢᠲᠠᠨ》᠎ᠤ ᠢᠨᠵᠧᠨᠧᠷᠢᠩ᠎ᠤᠨ ᠰᠢᠨ᠎ᠡ ᠵᠢ ᠡᠭᠦᠳᠬᠦ ᠪᠠ ᠠᠳᠠᠯ ᠦᠢ᠍ᠯᠡᠰ ᠴᠣᠭᠴᠠᠯᠠᠬᠤ ᠵᠠᠯᠠᠭᠤ ᠴᠢᠳᠠᠪᠤᠷᠢᠲᠠᠨ᠎ᠤ ᠴᠣᠯᠠ ᠵᠢ ᠭᠥᠷᠳᠡᠵᠦ᠂ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠯᠠᠭᠤᠴᠤᠳ᠎ᠤᠨ ᠬᠣᠰᠢᠭᠤᠴᠢ ᠴᠣᠯᠠ ᠭᠥᠷᠳᠡᠵᠦ᠂ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠡᠷᠢᠭᠦᠨ᠎ᠤ ᠬᠤᠪᠢ ᠬᠥᠮᠥᠨ᠎ᠤ ᠴᠣᠯᠠ ᠭᠥᠷᠳᠡᠵᠦ᠂ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠳᠠᠯ ᠦᠢ᠍ᠯᠡᠰ ᠴᠣᠭᠴᠠᠯᠠᠬᠤ ᠰᠢᠯᠢᠳᠡᠭ ᠨᠠᠷᠠᠲᠤ ᠲᠡᠮᠳᠡᠭ᠎ᠢ ᠭᠥᠷᠳᠡᠵᠦ᠂ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠳᠠᠯ ᠦᠢ᠍ᠯᠡᠰ ᠴᠣᠭᠴᠠᠯᠠᠬᠤ ᠵᠢᠱ᠌ᠢᠶ᠎ᠡ ᠦᠵᠡᠭᠦᠯᠬᠦ ᠳᠡᠯᠭᠡᠭᠦᠷ᠎ᠤᠨ ᠴᠣᠯᠠ ᠭᠥᠷᠳᠡᠪᠡ᠃ ᠲᠡᠷᠡ ᠮᠥᠷᠲᠡᠭᠡᠨ ᠤᠷᠢᠳ ᠬᠣᠵᠢᠳ ᠣᠩᠨᠢᠭᠤᠳ ᠬᠣᠰᠢᠭᠤᠨ᠎ᠤ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠠᠭ᠋ᠠᠨᠬᠠᠳᠠ ᠬᠣᠲᠠ ᠵᠢᠨ ᠨᠠᠢ᠍ᠮᠠᠳᠤᠭ᠋ᠠᠷ ᠬᠤᠭᠤᠴᠠᠭ᠋ᠠᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠵᠶ᠋ᠡᠷ ᠰᠣᠩᠭᠣᠭᠳᠠᠪᠠ᠃ ᠦ᠋ ᠳ᠋ᠧ ᠪᠦᠦ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠥᠪᠥᠷ ᠮᠣᠩᠭᠣᠯ᠎ᠤᠨ ᠥᠷᠯᠥᠭᠡ ᠵᠢᠨ ᠰᠣᠨᠢᠨ᠂ ᠤᠯᠠᠭ᠋ᠠᠨᠬᠠᠳᠠ ᠵᠢᠨ ᠡᠳᠦᠷ᠎ᠤᠨ ᠰᠣᠨᠢᠨ᠂ ᠤᠯᠠᠭ᠋ᠠᠨᠬᠠᠳᠠ ᠵᠢᠨ ᠲᠧᠯᠸᠢᠰ ᠵᠡᠷᠭᠡ  ᠤᠯᠠᠨ ᠵᠠᠭᠤᠴᠢᠯᠠᠭᠤᠷ᠎ᠤᠨ᠎ᠬᠢᠨ ᠤᠯᠠᠨ ᠤᠳᠠᠭ᠎ᠠ ᠮᠡᠳᠡᠭᠡᠯᠡᠵᠡᠢ᠃

      ᠦ᠋ ᠳ᠋ᠧ ᠪᠦᠦ ᠵᠢᠨ ᠨᠤᠲᠤᠭ᠎ᠲᠠᠭᠠᠨ ᠪᠤᠴᠠᠵᠤ  ᠠᠳᠠᠯ  ᠦᠢ᠍ᠯᠡᠰ ᠪᠣᠰᠬᠠᠬᠤ ᠵᠠᠮ᠎ᠨᠢ ᠶᠡᠷᠡᠭᠡᠳ ᠣᠨ᠎ᠠᠴᠠ ᠬᠣᠢ᠌ᠰᠢᠬᠢ  ᠨᠢᠭᠡᠨ ᠤᠶᠤᠲᠠᠨ᠎ᠢ ᠬᠥᠳᠡᠭᠡ ᠲᠣᠰᠬᠣᠨ᠎ᠤ 《ᠨᠤᠲᠤᠭ᠎ᠤᠨ  ᠤᠶᠤᠲᠠᠨ》  ᠪᠣᠯᠭ᠋ᠠᠵᠤ᠂ ᠲᠤᠰ ᠭᠠᠵᠠᠷ ᠣᠷᠣᠨ᠎ᠤ ᠪᠠᠶᠠᠵᠢᠯ᠎ᠤᠨ ᠳᠠᠭ᠋ᠠᠭᠤᠯᠤᠭᠴᠢ ᠪᠣᠯᠭ᠋ᠠᠵᠤ᠂ ᠰᠢᠨ᠎ᠡ ᠴᠠᠭ ᠦᠶ᠎ᠡ ᠵᠢᠨ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠲᠠᠷᠢᠶᠠᠴᠢᠨ ᠪᠣᠯᠭ᠋ᠠᠭᠰᠠᠨ ᠪᠠᠢ᠌ᠨ᠎ᠠ᠃ ᠦ᠋ ᠳ᠋ᠧ ᠪᠦᠦ᠂ ᠶᠡᠬᠡ ᠰᠤᠷᠭ᠋ᠠᠭᠤᠯᠢ ᠲᠡᠭᠦᠰᠦᠮᠡᠭᠴᠡ ᠨᠤᠲᠤᠭ᠎ᠲᠠᠭᠠᠨ ᠬᠠᠷᠢᠵᠤ  ᠠᠳᠠᠯ  ᠦᠢ᠍ᠯᠡᠰ ᠪᠣᠰᠬᠠᠭᠰᠠᠨ  ᠨᠢᠭᠡᠨ  ᠰᠢᠨ᠎ᠡ ᠲᠠᠷᠢᠶᠠᠴᠢᠨ ᠎ᠤ ᠰᠡᠳᠬᠢᠯ᠎ᠳᠤ ᠬᠥᠳᠡᠭᠡ ᠲᠣᠰᠬᠣᠨ᠎ᠤ ᠭᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ᠂ ᠬᠥᠳᠡᠭᠡ ᠲᠣᠰᠬᠣᠨ᠎ᠤ ᠬᠦᠰᠡᠯ ᠵᠡᠭᠦᠳᠦ ᠵᠢ ᠡᠪᠦᠷᠯᠡᠵᠦ᠂ ᠬᠥᠳᠡᠭᠡ ᠲᠣᠰᠬᠣᠨ᠎ᠳᠤ ᠦᠨᠳᠦᠰᠦᠯᠡᠵᠦ᠂ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠬᠥᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠵᠶ᠋ᠠᠨ  ᠡᠷᠭᠦᠭᠰᠡᠨ ᠪᠠᠢ᠌ᠨ᠎ᠠ᠃

 

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            