ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠤᠮᠠᠷᠠᠲᠤ ᠬᠢᠯᠢ ᠵᠢᠨ ᠰᠢᠨ᠎ᠡ ᠲᠠᠷᠢᠶᠠᠴᠢᠨ》 ᠬᠦᠰᠡᠯ ᠡᠷᠡᠮᠡᠯᠵᠡᠯ᠎ᠨᠢ ᠴᠦ᠍ ᠬᠦᠰᠡᠯ ᠵᠡᠭᠦᠳᠦ ᠵᠢᠨ ᠦᠷ᠎ᠡ ᠪᠣᠯᠳᠠᠭ—ᠬᠤᠵᠢᠷᠯᠢᠭ ᠭᠠᠵᠠᠷ᠎ᠢ ᠰᠠᠢ᠌ᠵᠢᠷᠠᠭᠤᠯᠤᠭᠴᠢ
ᠨᠡᠶ᠋ᠢᠲᠡᠯᠡᠭᠰᠡᠨ ᠴᠠᠭ᠄ 2025-06-04

      ᠦ᠋ ᠯᠢ ᠪᠣᠯ ᠥᠪᠥᠷ ᠮᠣᠩᠭᠣᠯ᠎ᠤᠨ ᠰᠢᠩ ᠰᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠠᠷᠢᠭᠤᠴᠠᠯᠭ᠋ᠠᠲᠠᠨ ᠪᠣᠯᠣᠨ᠎ᠠ᠃ ᠦᠬᠠᠢ ᠬᠣᠲᠠ ᠵᠢᠨ ᠬᠠᠢ᠌ᠨᠠᠨ ᠲᠣᠭᠣᠷᠢᠭ᠎ᠤᠨ ᠳᠣᠯᠣᠳᠤᠭ᠋ᠠᠷ᠂ ᠨᠠᠢ᠍ᠮᠠᠳᠤᠭ᠋ᠠᠷ ᠬᠤᠭᠤᠴᠠᠭ᠋ᠠᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ;  ᠦᠬᠠᠢ ᠬᠣᠲᠠ ᠵᠢᠨ ᠠᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ  ᠬᠤᠷᠠᠯ᠎ᠤᠨ ᠲᠦᠯᠦᠭᠡᠯᠡᠭᠴᠢ; ᠦᠬᠠᠢ ᠬᠣᠲᠠ ᠵᠢᠨ ᠡᠸᠦ᠋ᠷᠦᠫᠡ ᠠᠮᠧᠷᠢᠺᠠ᠎ᠳᠤ ᠰᠤᠷᠤᠯᠴᠠᠵᠤ ᠪᠠᠢ᠌ᠭ᠎ᠠ ᠰᠤᠷᠤᠭᠴᠢᠳ᠎ᠤᠨ ᠨᠡᠢ᠌ᠭᠡᠮᠯᠢᠭ᠎ᠤᠨ ᠳᠡᠳ᠋ ᠳᠠᠷᠤᠭ᠎ᠠ; ᠬᠣᠶᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠠᠬᠢᠭᠤᠯᠬᠤ  ᠲᠤᠰᠢᠶᠠᠯᠲᠠᠨ  ᠴᠣᠯᠠ ᠭᠥᠷᠳᠡᠪᠡ; 2022 ᠣᠨ᠎ᠤ  ᠲᠠᠷᠢᠶᠠᠯᠠᠩ  ᠬᠥᠳᠡᠭᠡ ᠲᠣᠰᠬᠣᠨ᠎ᠤ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠳᠠᠭ᠋ᠠᠭᠤᠯᠤᠭᠴᠢ ᠵᠢᠨ 《ᠲᠦᠷᠦᠭᠦᠴᠢ ᠬᠤᠨ》  ᠪᠣᠢ᠌ᠵᠢᠭᠤᠯᠬᠤ ᠲᠦᠷᠦᠯ ᠵᠦᠢ᠍ᠯ᠎ᠳᠤ ᠰᠣᠩᠭᠣᠭᠳᠠᠵᠠᠢ; 《ᠲᠡᠵᠢᠭᠡᠨ ᠦᠷᠡᠵᠢᠭᠦᠯᠬᠦ ᠴᠥᠭᠥᠷᠥᠮ᠎ᠤᠨ ᠤᠰᠤᠨ᠎ᠤ ᠭᠠᠳᠠᠷᠭᠤ ᠵᠢ ᠴᠡᠪᠡᠷᠯᠡᠬᠦ》 《ᠮᠢᠺᠷᠣᠪ᠎ᠤᠨ ᠲᠠᠷᠬᠠᠭ᠋ᠠᠯᠲᠠ》 ᠵᠡᠷᠭᠡ 4 ᠵᠦᠢ᠍ᠯ᠎ᠤᠨ ᠲᠤᠰᠬᠠᠢ ᠠᠰᠢᠭ᠎ᠤᠨ ᠦᠷ᠎ᠡ ᠪᠦᠲᠦᠭᠡᠯ᠎ᠢ ᠭᠥᠷᠳᠡᠪᠡ᠃

      ᠣᠯᠠᠨ ᠵᠢᠯ᠎ᠤᠨ ᠲᠤᠷᠰᠢ᠂ 《ᠬᠤᠵᠢᠷᠯᠢᠭ ᠭᠠᠵᠠᠷ᠎ᠢ ᠰᠠᠢ᠌ᠵᠢᠷᠠᠭᠤᠯᠬᠤ》᠎ᠨᠢ ᠲᠤᠬᠠᠢ ᠵᠢᠨ ᠭᠠᠵᠠᠷ᠎ᠤᠨ ᠬᠥᠮᠥᠰ᠎ᠤᠨ ᠬᠠᠮᠲᠤ ᠵᠢᠨ ᠬᠦᠰᠡᠯ ᠡᠷᠡᠮᠡᠯᠵᠡᠯ ᠪᠤᠯᠤᠭᠰᠠᠨ ᠪᠠᠢ᠌ᠳᠠᠭ᠃ ᠬᠠᠷᠠᠬᠠᠨ ᠪᠠᠭ᠎ᠠ᠎ᠠᠴᠠ᠎ᠪᠠᠨ ᠬᠤᠵᠢᠷᠯᠢᠭ ᠭᠠᠵᠠᠷ᠎ᠤᠨ ᠣᠶ᠋ᠢᠷᠠᠯᠴᠠᠭ᠎ᠠ ᠠᠮᠢᠳᠤᠷᠠᠵᠤ ᠪᠠᠢ᠌ᠭᠰᠠᠨ ᠦ᠋ ᠯᠢ ᠬᠤᠵᠢᠷᠯᠢᠭ ᠭᠠᠵᠠᠷ᠎ᠢ ᠪᠦᠲᠦᠮᠵᠢᠲᠡᠶ᠎ᠪᠠᠷ ᠨᠡᠭᠡᠭᠡᠨ ᠠᠰᠢᠭᠯᠠᠬᠤ ᠭᠡᠰᠡᠨ ᠬᠦᠰᠡᠯ᠎ᠨᠢ ᠴᠦ᠍ ᠬᠦᠰᠡᠯ ᠮᠥᠷᠥᠭᠡᠳᠦᠯ᠎ᠤᠨ ᠦᠷ᠎ᠡ ᠪᠣᠯᠵᠤ ᠲᠡᠭᠦᠨ᠎ᠤ ᠰᠡᠳᠬᠢᠯ᠎ᠳᠤ ᠬᠠᠳᠠᠩᠰᠢᠵᠠᠢ᠃

      《ᠬᠤᠵᠢᠷᠯᠢᠭ ᠭᠠᠵᠠᠷ᠎ᠤᠨ ᠤᠰᠤᠨ᠎ᠤ ᠴᠢᠨᠠᠷ᠎ᠨᠢ ᠳᠠᠯᠠᠢ ᠵᠢᠨ ᠤᠰᠤ᠎ᠲᠠᠢ ᠮᠠᠰᠢ ᠣᠶ᠋ᠢᠷᠠᠯᠴᠠᠭ᠎ᠠ ᠪᠣᠯᠬᠣᠷ ᠳᠠᠯᠠᠢ ᠵᠢᠨ ᠢᠳᠡᠭᠡᠨ᠎ᠢ ᠲᠡᠵᠢᠭᠡᠨ ᠦᠷᠡᠵᠢᠭᠦᠯᠬᠦ᠎ᠳᠤ ᠲᠣᠬᠢᠷᠠᠨ᠎ᠠ᠃》 ᠡᠨᠡᠬᠦ ᠵᠠᠩᠭᠢᠯᠠᠭ᠎ᠠ ᠵᠢᠨ ᠮᠡᠳᠡᠭᠡ ᠵᠠᠩᠭᠢ᠎ᠨᠢ ᠦ᠋ ᠯᠢ ᠵᠢᠨ ᠤᠯᠠᠨ ᠵᠢᠯ᠎ᠤᠨ ᠬᠦᠰᠡᠯ ᠵᠡᠭᠦᠳᠦ ᠵᠢ ᠲᠡᠷᠭᠡᠯᠰᠢᠭᠦᠯᠵᠦ᠂ ᠲᠡᠷᠡ ᠪᠡᠭᠡᠵᠢᠩ᠎ᠤᠨ ᠲᠣᠭᠲᠠᠭᠤᠨ ᠠᠵᠢᠯ ᠪᠣᠯᠣᠨ ᠣᠷᠣᠯᠭ᠎ᠠ᠎ᠠᠴᠠ᠎ᠪᠠᠨ ᠪᠠᠭᠤᠵᠤ᠂ ᠨᠤᠲᠤᠭ᠎ᠲᠠᠭᠠᠨ ᠪᠤᠴᠠᠵᠤ  ᠠᠳᠠᠯ  ᠦᠢ᠍ᠯᠡᠰ ᠪᠣᠰᠬᠠᠬᠤ ᠠᠶᠠᠨ᠎ᠳᠠᠭᠠᠨ ᠮᠣᠷᠳᠠᠵᠠᠢ᠃ 2020 ᠣᠨ᠎ᠳᠤ᠂ ᠦ᠋ ᠯᠢ ᠦᠬᠠᠢ ᠬᠤᠳᠠ ᠵᠢᠨ ᠬᠠᠢ᠌ᠨᠠᠨ ᠲᠣᠭᠣᠷᠢᠭ᠎ᠤᠨ ᠪᠠᠶᠠᠨᠳᠤᠬᠠᠢ ᠪᠠᠯᠭ᠋ᠠᠰᠤᠨ᠎ᠤ 1600 ᠭᠠᠷᠤᠢ ᠮᠦ᠍ ᠬᠤᠵᠢᠷᠯᠢᠭ ᠭᠠᠵᠠᠷ᠎ᠢ ᠳᠠᠭ᠋ᠠᠭ᠋ᠠᠴᠢᠯᠠᠵᠤ᠂ ᠬᠡᠪᠴᠢᠶᠡᠵᠢᠭᠰᠡᠨ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠰᠠᠭᠤᠷᠢᠨ  ᠭᠠᠵᠠᠷ᠎ᠢ ᠡᠬᠢᠯᠡᠨ ᠪᠦᠲᠦᠭᠡᠨ ᠪᠠᠢ᠌ᠭᠤᠯᠪᠠ᠃ ᠡᠭᠦᠨ᠎ᠤ ᠬᠠᠮᠲᠤ ᠠᠩᠭᠢ ᠳᠠᠭ᠋ᠠᠭᠤᠯᠤᠨ ᠤᠷᠢᠳ ᠬᠣᠵᠢᠳ  ᠭᠤᠸᠠᠩᠵᠸᠦ᠂ ᠪᠤᠭᠤᠲᠤ᠂ ᠨᠢᠩᠰᠢᠶᠠ᠂ ᠱᠠᠨᠳᠦ᠋ᠩ ᠵᠡᠷᠭᠡ ᠭᠠᠵᠠᠷ᠎ᠲᠤ ᠬᠦᠷᠴᠦ ᠳᠠᠯᠠᠢ ᠵᠢᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠮᠡᠷᠭᠡᠵᠢᠯ᠎ᠢ ᠰᠤᠷᠤᠯᠴᠠᠵᠤ᠂ ᠰᠤᠷᠤᠯᠴᠠᠯᠭ᠎ᠠ᠎ᠪᠠᠷ ᠳᠠᠮᠵᠢᠨ ᠲᠡᠭᠦᠨ᠎ᠢ 《ᠰᠠᠮ ᠬᠣᠷᠣᠬᠠᠢ ᠲᠡᠵᠢᠭᠡᠬᠦ》 ᠪᠠᠢ᠌ᠭᠰᠠᠨ᠎ᠠᠴᠠ᠎ᠨᠢ ᠲᠡᠵᠢᠭᠡᠨ ᠦᠷᠡᠵᠢᠭᠦᠯᠬᠦ ᠲᠤᠰᠬᠠᠢ ᠡᠷᠦᠬᠡ᠎ᠳᠤ ᠬᠦᠷᠭᠡᠪᠡ᠃ 2021 ᠣᠨ᠎ᠳᠤ᠂ 8600 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ 8000 ᠲᠡᠭᠰᠢ ᠳᠥᠷᠪᠡᠯᠵᠢᠨ ᠮᠧᠲᠷ᠎ᠤᠨ ᠰᠠᠮ ᠬᠣᠷᠣᠬᠠᠢ ᠲᠡᠵᠢᠭᠡᠨ ᠦᠷᠡᠵᠢᠭᠦᠯᠬᠦ ᠦᠢ᠍ᠯᠡᠳᠪᠦᠷᠢ ᠵᠢᠨ ᠲᠠᠰᠤᠭ᠂ 43 ᠭᠡᠷ᠎ᠤᠨ ᠭᠠᠳᠠᠨᠠᠬᠢ ᠲᠡᠵᠢᠭᠡᠨ ᠦᠷᠡᠵᠢᠭᠦᠯᠬᠦ ᠴᠥᠭᠥᠷᠥᠮ᠂ 9 ᠭᠡᠷ᠎ᠤᠨ ᠭᠠᠳᠠᠨᠠᠬᠢ ᠳᠤᠯᠠᠭ᠋ᠠᠨ᠎ᠢ ᠬᠠᠮᠠᠭ᠋ᠠᠯᠠᠬᠤ ᠰᠠᠷᠠᠪᠴᠢ᠂ 72 ᠦᠢ᠍ᠯᠡᠳᠪᠦᠷᠢ ᠵᠢᠨ ᠲᠠᠰᠤᠭ᠎ᠤᠨ ᠲᠡᠵᠢᠭᠡᠨ ᠦᠷᠡᠵᠢᠭᠦᠯᠬᠦ ᠴᠥᠭᠥᠷᠥᠮ᠂ ᠣᠷᠴᠢᠯ ᠤᠰᠤᠨ᠎ᠤ ᠰᠢᠰᠲ᠋ᠧᠮ᠂ ᠢᠯᠴᠢ ᠬᠠᠩᠭ᠋ᠠᠬᠤ᠂ ᠴᠠᠬᠢᠯᠭ᠋ᠠᠨ ᠬᠠᠩᠭ᠋ᠠᠬᠤ ᠵᠡᠷᠭᠡ ᠲᠡᠵᠢᠭᠡᠨ ᠦᠷᠡᠵᠢᠭᠦᠯᠬᠦ ᠲᠥᠬᠦᠭᠡᠷᠦᠮᠵᠢ ᠵᠢ ᠪᠠᠢ᠌ᠭᠤᠯᠪᠠ᠃ 7 ᠰᠠᠷ᠎ᠠ᠎ᠳᠤ ᠡᠮᠦᠨᠡᠲᠦ ᠠᠮᠧᠷᠢᠺᠠ ᠵᠢᠨ ᠴᠠᠭ᠋ᠠᠨ ᠵᠦᠢ᠍ᠷᠡᠢ ᠰᠠᠮ ᠬᠣᠷᠣᠬᠠᠢ ᠵᠢ ᠲᠤᠷᠰᠢᠨ ᠲᠡᠵᠢᠭᠡᠨ ᠦᠷᠡᠵᠢᠭᠦᠯᠦᠭᠡᠳ ᠠᠮᠵᠢᠯᠲᠠ ᠣᠯᠵᠤ᠂ ᠨᠡᠯᠦᠭᠡᠷ ᠴᠠᠭ᠋ᠠᠨ ᠬᠤᠵᠢᠷᠯᠢᠭ ᠭᠠᠵᠠᠷ᠎ᠠᠴᠠ ᠤᠰᠤᠨ᠎ᠤ ᠭᠠᠷᠤᠯᠲᠠ ᠵᠢ ᠲᠡᠵᠢᠭᠡᠨ ᠦᠷᠡᠵᠢᠭᠦᠯᠬᠦ ᠰᠢᠨ᠎ᠡ ᠵᠠᠮ᠎ᠢ ᠨᠡᠭᠡᠭᠡᠵᠦ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ᠎ᠳᠤ ᠰᠢᠨ᠎ᠡ ᠠᠷᠭ᠎ᠠ ᠵᠠᠮ᠎ᠢ ᠨᠡᠭᠡᠭᠡᠭᠰᠡᠨ ᠪᠠᠢ᠌ᠨ᠎ᠠ᠃ ᠬᠠᠮᠤᠭ ᠠᠩᠬᠠᠨ᠎ᠤ ᠮᠥᠬᠥᠯᠢᠭ ᠠᠮᠤ  ᠴᠦ᠍  ᠬᠤᠷᠢᠶᠠᠬᠤ ᠦᠭᠡᠢ ᠰᠤᠯᠠ ᠲᠠᠯᠪᠢᠵᠤ ᠪᠠᠢ᠌ᠭᠰᠠᠨ ᠬᠤᠵᠢᠷᠯᠢᠭ ᠭᠠᠵᠠᠷ᠂ ᠬᠤᠵᠢᠷᠯᠢᠭ ᠤᠰᠤ ᠪᠠᠢ᠌ᠭᠰᠠᠨ᠎ᠠᠴᠠ᠎ᠪᠠᠨ ᠣᠳᠣ ᠬᠠᠶᠠᠭᠳᠠᠮᠠᠯ᠎ᠢ ᠡᠷᠳᠡᠨᠢ ᠪᠣᠯᠭ᠋ᠠᠭᠰᠠᠨ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠤᠭᠰᠠᠨ ᠪᠠᠢ᠌ᠨ᠎ᠠ᠃ ᠡᠭᠦᠨ᠎ᠤ ᠲᠤᠯᠠᠳᠠ ᠪᠠᠰᠠ ᠬᠣᠲᠠ ᠵᠢᠨ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ  ᠦᠢ᠍ᠯᠡᠰᠵᠢᠯᠲᠡ ᠵᠢᠨ  ᠳᠠᠭ᠋ᠠᠭᠤᠯᠤᠭᠴᠢ  ᠠᠵᠤ ᠠᠬᠤᠢ᠌ᠯᠠᠯ᠎ᠤᠨ ᠴᠣᠯᠠ ᠭᠥᠷᠳᠡᠪᠡ᠃

      ᠰᠠᠮ ᠬᠣᠷᠣᠬᠠᠢ ᠲᠡᠵᠢᠭᠡᠬᠦ ᠠᠵᠢᠯ ᠲᠥᠷᠥᠯ᠎ᠤᠨ᠎ᠬᠢᠨ᠎ᠳᠤ 《ᠪᠦᠲᠦᠭᠰᠡᠨ ᠴᠦ᠍ ᠰᠠᠮ  ᠬᠣᠷᠣᠬᠠᠢ ᠵᠢᠨ  ᠴᠢᠬᠢ᠂ ᠢᠯᠠᠭᠳᠠᠭᠰᠠᠨ ᠴᠤ᠌ ᠰᠠᠮ ᠬᠣᠷᠣᠬᠠᠢ ᠵᠢᠨ  ᠴᠢᠬᠢ》 ᠭᠡᠳᠡᠭ ᠦᠭᠡ ᠪᠠᠢ᠌ᠳᠠᠭ᠃ ᠱᠠᠨᠳᠦ᠋ᠩ᠂ ᠬᠠᠢ᠌ᠨᠠᠨ᠂ ᠭᠤᠸᠠᠩᠵᠸᠦ  ᠵᠡᠷᠭᠡ ᠭᠠᠵᠠᠷ᠎ᠠᠴᠠ ᠡᠳᠦᠷ᠎ᠤᠨ ᠬᠦᠨᠳᠦ ᠵᠢᠨ ᠨᠡᠮᠡᠭᠳᠡᠯ᠎ᠤᠨ ᠨᠣᠷᠮ᠎ᠠ᠎ᠪᠠᠷ ᠥᠨᠳᠥᠷ᠂ ᠡᠪᠡᠳᠴᠢᠨ᠎ᠢ ᠡᠰᠡᠷᠭᠦᠴᠡᠬᠦ ᠴᠢᠨᠠᠷ ᠵᠶ᠋ᠠᠷ ᠴᠢᠩᠭ᠎ᠠ᠂ ᠣᠷᠴᠢᠨ ᠲᠣᠭᠣᠷᠢᠨ᠎ᠳᠤ ᠵᠣᠬᠢᠴᠠᠬᠤ ᠴᠢᠳᠠᠪᠤᠷᠢ᠎ᠪᠠᠷ ᠰᠠᠢ᠌ᠨ ᠰᠠᠮ ᠬᠣᠷᠣᠬᠠᠢ ᠵᠢᠨ ᠵᠤᠯᠵᠠᠭ᠎ᠠ ᠪᠡᠶ᠎ᠡ ᠵᠢ ᠣᠷᠣᠭᠤᠯᠤᠨ ᠠᠪᠴᠢᠷᠠᠵᠤ ᠲᠤᠷᠰᠢᠨ ᠲᠡᠵᠢᠭᠡᠨ  ᠦᠷᠡᠵᠢᠭᠦᠯᠦᠭᠰᠡᠨ ᠪᠠᠢ᠌ᠨ᠎ᠠ᠃ ᠠᠭ᠋ᠠᠷ᠎ᠤᠨ ᠳᠤᠯᠠᠭ᠋ᠠᠨ᠎ᠤ ᠬᠤᠪᠢᠷᠠᠯᠲᠠ ᠶᠡᠬᠡᠲᠡᠢ ᠪᠠᠢ᠌ᠳᠠᠯ᠎ᠳᠤ ᠴᠢᠭᠯᠡᠭᠦᠯᠦᠨ᠂ ᠲᠡᠷᠡ ᠬᠦᠯᠡᠮᠵᠢ᠎ᠳᠤ ᠲᠡᠵᠢᠭᠡᠨ ᠦᠷᠡᠵᠢᠭᠦᠯᠬᠦ ᠮᠡᠷᠭᠡᠵᠢᠯ ᠪᠣᠯᠣᠨ ᠴᠢᠬᠢ ᠪᠣᠢ᠌ᠵᠢᠭᠤᠯᠬᠤ ᠮᠡᠷᠭᠡᠵᠢᠯ᠎ᠢ ᠬᠠᠢ᠌ᠨ ᠰᠦᠪᠡᠭᠴᠢᠯᠡᠵᠦ᠂ 2022 ᠣᠨ᠎ᠤ 4 ᠰᠠᠷ᠎ᠠ᠎ᠳᠤ᠂ ᠲᠡᠷᠡ 《ᠴᠢᠬᠢ ᠵᠢᠨ  ᠲᠠᠰᠤᠭ + ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠰᠤᠭ + ᠡᠩ᠎ᠤᠨ ᠬᠦᠯᠡᠮᠵᠢ》 ᠵᠢᠨ ᠵᠠᠭᠪᠤᠷ᠎ᠢ ᠬᠡᠷᠡᠭᠯᠡᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠢ ᠪᠡᠶᠡᠯᠡᠭᠦᠯᠵᠦ᠂ ᠨᠢᠭᠡ ᠵᠢᠯ᠎ᠤᠨ ᠳᠣᠲᠣᠷᠠᠬᠢ 6 ᠰᠠᠷ᠎ᠠ ᠰᠢᠬᠠᠮ᠎ᠤᠨ ᠬᠤᠭᠤᠴᠠᠭ᠋ᠠᠨ᠎ᠳᠤ ᠲᠡᠷᠡ ᠴᠥᠮ ᠰᠠᠭᠤᠷᠢᠨ ᠭᠠᠵᠠᠷ ᠵᠶ᠋ᠠᠨ ᠰᠠᠬᠢᠵᠤ᠂ ᠰᠠᠮ ᠬᠣᠷᠣᠬᠠᠢ ᠵᠢᠨ ᠡᠳᠡᠭᠡᠷᠡᠯᠲᠡ ᠵᠢᠨ ᠨᠤᠷᠮ᠎ᠠ ᠵᠢ 85%᠎ᠠᠴᠠ ᠳᠡᠭᠡᠭᠰᠢ ᠲᠣᠭᠲᠠᠭᠤᠨ ᠪᠠᠢ᠌ᠯᠭ᠋ᠠᠵᠤ᠂ ᠰᠠᠮ ᠬᠣᠷᠣᠬᠠᠢ ᠵᠢᠨ ᠡᠳᠡᠭᠡᠷᠡᠯᠲᠡ ᠵᠢᠨ ᠨᠤᠷᠮ᠎ᠠ ᠵᠢ ᠶᠡᠬᠡ᠎ᠪᠠᠷ ᠳᠡᠭᠡᠭᠰᠢᠯᠡᠭᠦᠯᠵᠦ᠂ ᠵᠢᠯ᠎ᠤᠨ ᠭᠠᠷᠤᠯᠲᠠ ᠵᠢ 5 ᠲᠦᠮᠡ ᠭᠠᠷᠤᠢ ᠵᠢᠩ᠎ᠳᠤ ᠬᠦᠷᠭᠡᠬᠦ ᠵᠢᠨ ᠬᠠᠮᠲᠤ 《ᠪᠠ  ᠶᠤᠶᠸ  ᠪᠠ》  ᠵᠦᠢ᠍ᠷᠡᠢ ᠰᠠᠮ ᠬᠣᠷᠣᠬᠠᠢ ᠵᠢᠨ  ᠨᠡᠷᠡᠲᠦ ᠲᠡᠮᠳᠡᠭᠲᠦ ᠵᠢ  ᠳᠠᠩᠰᠠᠯᠠᠭᠤᠯᠵᠤ᠂ ᠦᠬᠠᠢ ᠬᠤᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠤᠰᠤᠨ ᠭᠠᠷᠤᠯᠲᠠ ᠵᠢᠨ ᠵᠠᠬ᠎ᠠ ᠳᠡᠯᠭᠡᠭᠦᠷ᠎ᠲᠤ ᠠᠯᠬᠤᠮ ᠠᠯᠬᠤᠮ ᠵᠶ᠋ᠠᠷ ᠯᠠᠪᠳᠠᠭᠤᠨ ᠵᠣᠭᠰᠣᠵᠤ᠂ ᠥᠪᠥᠷ ᠮᠣᠩᠭᠣᠯ᠎ᠤᠨ ᠨᠠᠷᠠᠲᠠᠢ ᠤᠰᠤᠨ ᠭᠠᠷᠤᠯᠲᠠ ᠵᠢᠨ ᠨᠡᠷᠡᠲᠦ ᠲᠡᠮᠳᠡᠭᠲᠦ  ᠪᠣᠯᠤᠭᠰᠠᠨ ᠪᠠᠢ᠌ᠨ᠎ᠠ᠃ ᠪᠠᠰᠠ ᠡᠷᠬᠢᠨ ᠲᠣᠭᠣᠷᠢᠨ᠎ᠤ ᠲᠠᠷᠢᠶᠠᠴᠢᠨ ᠡᠷᠤᠭᠡ᠎ᠳᠤ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠵᠢᠯᠣᠭᠣᠳᠤᠯᠭ᠎ᠠ ᠪᠠ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠪᠣᠯᠪᠠᠰᠤᠷᠠᠯ᠎ᠢ ᠢᠳᠡᠪᠬᠢᠲᠡᠢ ᠬᠠᠩᠭ᠋ᠠᠵᠤ᠂ ᠲᠠᠷᠢᠶᠠᠴᠢᠨ ᠡᠷᠤᠭᠡ ᠵᠢᠨ ᠦᠢ᠍ᠯᠡᠳᠪᠦᠷᠢᠯᠡᠯ᠎ᠤᠨ ᠬᠡᠷᠡᠭᠰᠡᠯ᠂ ᠲᠡᠵᠢᠭᠡᠨ ᠦᠷᠡᠵᠢᠭᠦᠯᠬᠦ᠂ ᠪᠣᠷᠣᠯᠠᠭᠤᠯᠬᠤ᠂ ᠪᠣᠯᠪᠠᠰᠤᠷᠠᠭᠤᠯᠬᠤ᠂ ᠮᠡᠳᠡᠭᠡ ᠵᠠᠩᠭᠢ᠂ ᠮᠡᠷᠭᠡᠵᠢᠯ ᠵᠡᠷᠭᠡ ᠡᠯ᠎ᠡ ᠲᠠᠯ᠎ᠠ ᠵᠢᠨ ᠠᠰᠠᠭᠤᠳᠠᠯ᠎ᠢ ᠰᠢᠢ᠍ᠳᠪᠦᠷᠢᠯᠡᠵᠡᠢ᠃ 2022 ᠣᠨ᠎ᠤ ᠪᠦᠬᠦ ᠤᠯᠤᠰ᠎ᠤᠨ ᠤᠯᠠᠨ ᠵᠶ᠋ᠠᠷ ᠵᠶ᠋ᠠᠨ  ᠠᠳᠠᠯ  ᠦᠢ᠍ᠯᠡᠰ ᠪᠣᠰᠬᠠᠵᠤ ᠨᠡᠶ᠋ᠢᠲᠡ᠎ᠪᠠᠷ ᠵᠶ᠋ᠡᠨ ᠰᠢᠨ᠎ᠡ ᠵᠢ ᠡᠭᠦᠳᠬᠦ ᠠᠵᠢᠯᠯᠠᠭ᠎ᠠ ᠳᠤᠮᠳᠠ᠂ ᠬᠤᠵᠢᠷᠯᠢᠭ ᠤᠰᠤᠨ᠎ᠳᠤ ᠴᠠᠭ᠋ᠠᠨ ᠵᠦᠢ᠍ᠷᠡᠢ ᠰᠠᠮ ᠬᠣᠷᠣᠬᠠᠢ ᠲᠡᠵᠢᠭᠡᠨ ᠦᠷᠡᠵᠢᠭᠦᠯᠬᠦ ᠲᠦᠷᠦᠯ ᠵᠦᠢ᠍ᠯ᠎ᠨᠢ ᠪᠦᠬᠦ ᠤᠯᠤᠰ᠎ᠤᠨ ᠰᠢᠨ᠎ᠡ ᠵᠢ ᠡᠭᠦᠳᠴᠦ  ᠠᠳᠠᠯ  ᠦᠢ᠍ᠯᠡᠰ ᠪᠣᠰᠬᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠣᠭᠳᠠᠵᠤ᠂  ᠲᠠᠷᠢᠶᠠᠯᠠᠩ  ᠬᠥᠳᠡᠭᠡ ᠲᠣᠰᠬᠣᠨ᠎ᠤ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠳᠠᠭ᠋ᠠᠭᠤᠯᠤᠭᠴᠢ ᠵᠢᠨ 《ᠲᠦᠷᠦᠭᠦᠴᠢ ᠬᠤᠨ》  ᠪᠣᠢ᠌ᠵᠢᠭᠤᠯᠬᠤ ᠲᠦᠷᠦᠯ ᠵᠦᠢ᠍ᠯ᠎ᠳᠤ ᠰᠣᠩᠭᠣᠭᠳᠠᠵᠤ᠂ ᠵᠧᠵᠢᠶᠠᠩ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠳᠤ ᠣᠷᠣᠯᠴᠠᠵᠤ᠂ ᠨᠢᠭᠡ ᠵᠢᠯ᠎ᠤᠨ ᠬᠥᠮᠥᠵᠢᠭᠦᠯᠬᠦ ᠡᠭᠦᠷᠭᠡ᠎ᠪᠠᠨ ᠪᠡᠶᠡᠯᠡᠭᠦᠯᠦᠭᠰᠡᠨ ᠪᠥᠭᠡᠳ ᠰᠤᠷᠤᠯᠭ᠎ᠠ ᠲᠡᠭᠦᠰᠦᠭᠰᠡᠨ ᠦᠨᠡᠮᠯᠡᠯ ᠣᠯᠵᠠᠢ᠃

      ᠬᠤᠵᠢᠷᠯᠢᠭ ᠭᠠᠵᠠᠷ ᠎ᠢ  ᠶᠡᠷᠦᠩᠬᠡᠢ᠌ᠯᠡᠨ ᠠᠰᠢᠭᠯᠠᠬᠤ ᠦᠷᠳᠡᠭ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠤᠳᠤ ᠪᠠᠢ᠌ᠭ᠎ᠠ ᠬᠤᠵᠢᠷᠯᠢᠭ ᠤᠰᠤᠨ᠎ᠤ ᠰᠠᠮ ᠬᠣᠷᠣᠬᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠤᠨ ᠰᠠᠭᠤᠷᠢᠨ ᠳᠡᠭᠡᠷ᠎ᠡ᠂ ᠦ᠋ ᠯᠢ ᠡᠩ ᠲᠡᠷᠢᠭᠦᠨ᠎ᠳᠤ ᠠᠵᠤ ᠠᠬᠤᠢ᠌ᠯᠠᠯ ᠵᠶ᠋ᠠᠨ ᠳᠠᠭ᠋ᠠᠭᠤᠯᠵᠤ᠂  ᠨᠡᠷᠡᠲᠦ  ᠳᠡᠮᠳᠡᠭᠴᠢᠯᠡᠭᠰᠡᠨ᠂ ᠠᠵᠤ ᠦᠢ᠍ᠯᠡᠰᠵᠢᠭᠰᠡᠨ᠂ ᠠᠮᠢ ᠠᠬᠤᠢ᠌ᠵᠢᠭᠰᠠᠨ ᠲᠡᠵᠢᠭᠡᠨ ᠦᠷᠡᠵᠢᠭᠦᠯᠬᠦ ᠰᠡᠳᠬᠢᠴᠡ᠎ᠪᠠᠷ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠦᠢ᠍ᠯᠡᠰ᠎ᠢ ᠬᠥᠭᠵᠢᠭᠦᠯᠵᠦ᠂ ᠵᠢᠭ᠋ᠠᠰᠤ᠂ ᠰᠠᠮ ᠬᠣᠷᠣᠬᠠᠢ᠂ ᠭᠠᠯᠠᠭᠤ᠂ ᠨᠠᠢ᠍ᠮᠠᠯᠵᠢ ᠤᠯᠠᠨ ᠡᠰᠢᠴᠢᠯᠡᠨ ᠬᠠᠮᠲᠤ ᠣᠷᠣᠰᠢᠬᠤ ᠲᠡᠵᠢᠭᠡᠨ ᠦᠷᠡᠵᠢᠭᠦᠯᠬᠦ ᠵᠠᠭᠪᠤᠷ᠎ᠢ ᠪᠠᠢ᠌ᠭᠤᠯᠪᠠ᠃ 《ᠵᠢᠭ᠋ᠠᠰᠤ ᠭᠠᠯᠠᠭᠤ ᠵᠢ ᠬᠣᠯᠢᠯᠳᠤᠭᠤᠯᠤᠨ ᠲᠡᠵᠢᠭᠡᠬᠦ》᠎ᠨᠢ ᠤᠰᠤᠨ᠎ᠤ ᠬᠦᠴᠢᠯᠲᠥ᠋ᠷᠥᠭᠴᠢ ᠵᠢᠨ ᠠᠭᠤᠯᠤᠭᠳᠠᠴᠠ ᠵᠢ ᠨᠡᠮᠡᠭᠳᠡᠭᠦᠯᠬᠦ᠎ᠳᠤ ᠠᠰᠢᠭᠲᠠᠢ  ᠪᠠᠢ᠌ᠵᠤ᠂  ᠭᠠᠯᠠᠭᠤᠨ᠎ᠤ  ᠢᠯᠭ᠋ᠠᠳᠠᠰᠤ ᠎ᠨᠢ ᠵᠢᠭ᠋ᠠᠰᠤᠨ᠎ᠤ ᠪᠠᠢ᠌ᠭ᠋ᠠᠯᠢ ᠵᠢᠨ ᠪᠣᠷᠳᠣᠭᠤᠷ  ᠪᠣᠯᠵᠤ᠂  ᠪᠦᠬᠦᠶ᠋ᠢᠯᠡ ᠠᠮᠢ ᠠᠬᠤᠢ ᠵᠢᠨ ᠰᠢᠰᠲ᠋ᠧᠮ᠎ᠤᠨ ᠪᠣᠳᠠᠰ᠎ᠤᠨ ᠣᠷᠴᠢᠯ ᠪᠠ ᠡᠨᠧᠷᠭᠢ ᠵᠢᠨ ᠰᠢᠯᠵᠢᠯᠲᠡ ᠵᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠬᠡ᠎ᠪᠠᠷ ᠠᠰᠢᠭᠯᠠᠬᠤ ᠪᠠ ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ ᠵᠢ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠬᠡᠮᠵᠢᠶ᠎ᠡ ᠵᠢ ᠪᠠᠭ᠋ᠠᠰᠬᠠᠵᠤ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠠᠰᠢᠭᠯᠠᠯᠲᠠ ᠵᠢᠨ ᠨᠤᠷᠮ᠎ᠠ ᠵᠢ ᠳᠡᠭᠡᠭᠰᠢᠯᠡᠭᠦᠯᠵᠦ᠂ ᠠᠵᠤ ᠠᠬᠤᠢ ᠵᠢᠨ ᠣᠷᠣᠯᠭ᠎ᠠ ᠵᠢ ᠨᠡᠮᠡᠭᠳᠡᠭᠦᠯᠦᠨ᠂ ᠲᠡᠵᠢᠭᠡᠨ ᠦᠷᠡᠵᠢᠭᠦᠯᠬᠦ ᠰᠢᠰᠲ᠋ᠧᠮ᠎ᠤᠨ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠨᠡᠮᠡᠭᠳᠡᠭᠦᠯᠵᠦ᠂ ᠦᠢ᠍ᠯᠡᠳᠪᠦᠷᠢᠯᠡᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠪᠡ᠃ ᠡᠨᠡ ᠬᠦ᠌ ᠰᠢᠨ᠎ᠡ ᠡᠭᠦᠳᠦᠯᠲᠡ᠎ᠨᠢ ᠡᠲᠡᠭᠡᠷ  ᠡᠭᠦᠯᠳᠡᠷ᠎ᠤᠨ ᠲᠤᠬᠠᠢ ᠵᠢᠨ ᠭᠠᠵᠠᠷ᠎ᠤᠨ ᠬᠤᠵᠢᠷᠯᠢᠭ ᠤᠰᠤᠨ᠎ᠤ ᠨᠥᠬᠥᠴᠡᠯ ᠳᠣᠣᠷᠠᠬᠢ ᠣᠷᠣᠰᠢᠨ ᠠᠮᠢᠳᠤᠷᠠᠬᠤ ᠪᠠ ᠦᠰᠦᠨ ᠪᠣᠢ᠌ᠵᠢᠬᠤ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ 《ᠨᠢᠭᠡ ᠭᠠᠵᠠᠷ᠎ᠲᠤ ᠬᠣᠶᠠᠷ ᠵᠦᠢ᠍ᠯ ᠵᠶ᠋ᠡᠷ  ᠬᠡᠷᠡᠭᠯᠡᠵᠦ᠂ ᠨᠢᠭᠡ  ᠤᠰᠤᠨ᠎ᠳᠤ  ᠬᠣᠶᠠᠷ ᠵᠦᠢ᠍ᠯ ᠲᠡᠵᠢᠭᠡᠬᠦ》 ᠵᠢ ᠪᠡᠶᠡᠯᠡᠭᠦᠯᠵᠦ᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ᠎ᠳᠤ ᠰᠢᠨ᠎ᠡ ᠠᠷᠭ᠎ᠠ ᠵᠠᠮ᠎ᠢ ᠨᠡᠭᠡᠭᠡᠨ ᠥᠭᠴᠦ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠢᠳᠡᠰᠢᠨ ᠨᠣᠭᠣᠭ᠎ᠠ ᠵᠢᠨ ᠰᠠᠭᠰᠤ ᠵᠢ ᠴᠤ᠌ ᠶᠡᠬᠡ᠎ᠪᠠᠷ ᠪᠠᠶᠠᠯᠢᠭᠵᠢᠭᠤᠯᠤᠭᠰᠠᠨ ᠪᠠᠢ᠌ᠨ᠎ᠠ᠃

     ᠡᠭᠦᠨ᠎ᠤ ᠬᠠᠮᠲᠤ ᠦ᠋ ᠯᠢ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠪᠡᠯᠡ ᠣᠷᠣᠭᠤᠯᠤᠯᠲᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠪᠡᠶ᠎ᠡ᠎ᠪᠠᠷ ᠵᠶ᠋ᠡᠨ ᠪᠦᠯᠬᠦᠮ ᠳᠠᠭ᠋ᠠᠭᠤᠯᠤᠨ ᠲᠦᠷᠦᠯ ᠵᠦᠢ᠍ᠯ᠎ᠤᠨ ᠰᠢᠨ᠎ᠡ ᠵᠢ ᠡᠭᠦᠳᠴᠦ᠂ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠬᠢᠵᠡᠢ᠃ 2023 ᠣᠨ᠎ᠳᠤ 《ᠡᠮᠦᠨᠡᠲᠦ ᠠᠮᠧᠷᠢᠺᠠ ᠵᠢᠨ ᠴᠠᠭ᠋ᠠᠨ ᠵᠦᠢ᠍ᠷᠡᠢ ᠰᠠᠮ ᠬᠣᠷᠣᠬᠠᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠲᠡᠵᠢᠭᠡᠨ ᠦᠷᠡᠵᠢᠭᠦᠯᠬᠦ ᠴᠥᠭᠥᠷᠥᠮ》 《ᠡᠮᠦᠨᠡᠲᠦ ᠠᠮᠧᠷᠢᠺᠠ ᠵᠢᠨ ᠴᠠᠭ᠋ᠠᠨ ᠵᠦᠢ᠍ᠷᠡᠢ ᠰᠠᠮ ᠬᠣᠷᠣᠬᠠᠢ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠴᠤᠭᠯᠠᠭᠤᠯᠬᠤ ᠪᠠᠭ᠋ᠠᠵᠢ》 《ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ᠎ᠳᠤ ᠬᠡᠷᠡᠭᠯᠡᠬᠦ ᠲᠡᠵᠢᠭᠡᠨ ᠦᠷᠡᠵᠢᠭᠦᠯᠬᠦ ᠴᠥᠭᠥᠷᠥᠮ᠎ᠤᠨ ᠤᠰᠤᠨ᠎ᠤ ᠭᠠᠳᠠᠷᠭᠤ ᠵᠢ ᠴᠡᠪᠡᠷᠯᠡᠬᠦ ᠲᠥᠬᠦᠭᠡᠷᠦᠮᠵᠢ》 《ᠨᠠᠢ᠍ᠮᠠᠯᠵᠢ ᠲᠡᠵᠢᠭᠡᠨ ᠦᠷᠡᠵᠢᠭᠦᠯᠬᠦ ᠴᠥᠭᠥᠷᠥᠮ᠎ᠤᠨ ᠤᠰᠤᠨ᠎ᠤ ᠴᠢᠨᠠᠷ᠎ᠢ ᠰᠠᠢ᠌ᠵᠢᠷᠠᠭᠤᠯᠬᠤ ᠮᠢᠺᠷᠣᠪ ᠲᠠᠯᠪᠢᠬᠤ ᠲᠥᠬᠦᠭᠡᠷᠦᠮᠵᠢ》 ᠵᠡᠷᠭᠡ 4 ᠵᠦᠢ᠍ᠯ᠎ᠤᠨ ᠡᠭᠦᠳᠦᠯᠲᠡ ᠵᠢᠨ ᠲᠤᠰᠬᠠᠢ ᠠᠰᠢᠭ᠎ᠢ ᠭᠥᠷᠳᠡᠪᠡ᠃ ᠡᠳᠡᠭᠡᠷ ᠲᠤᠰᠬᠠᠢ ᠠᠰᠢᠭ᠎ᠤᠨ ᠡᠭᠦᠳᠦᠯᠲᠡ᠎ᠨᠢ ᠤᠰᠤ ᠰᠣᠯᠢᠬᠤ ᠤᠳᠠᠭ᠎ᠠ ᠵᠢ ᠪᠠᠭ᠋ᠠᠰᠬᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠨ᠂ ᠠᠵᠢᠯᠴᠢᠨ᠎ᠤ ᠬᠥᠳᠡᠯᠮᠦᠷᠢ ᠵᠢᠨ ᠡᠷᠴᠢᠮ᠎ᠢ ᠪᠠᠭ᠋ᠠᠰᠬᠠᠵᠤ᠂ ᠤᠰᠤᠨ᠎ᠤ ᠴᠢᠨᠠᠷ᠎ᠤᠨ ᠬᠤᠪᠢᠷᠠᠯᠲᠠ ᠵᠢ ᠴᠠᠭ ᠲᠤᠬᠠᠢ᠎ᠳᠤᠨᠢ ᠣᠨᠣᠪᠴᠢᠲᠠᠶ ᠲᠤᠰᠬᠠᠬᠤ ᠵᠢ ᠪᠡᠶᠡᠯᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ᠂ ᠤᠰᠤᠨ᠎ᠤ ᠴᠢᠨᠠᠷ᠎ᠤᠨ ᠠᠰᠠᠭᠤᠳᠠᠯ᠎ᠠᠴᠠ ᠪᠣᠯᠵᠤ ᠦᠷ᠎ᠡ ᠵᠢᠷᠠᠭ᠋ᠠᠬᠠᠢ ᠵᠢ ᠶᠡᠬᠡ ᠬᠡᠪᠴᠢᠶ᠎ᠡ᠎ᠪᠠᠷ ᠦᠬᠦᠭᠦᠯᠵᠦ ᠰᠢᠷᠬᠠᠲᠤᠭᠤᠯᠬᠤ᠎ᠠᠴᠠ ᠵᠠᠢ᠌ᠯᠠᠰᠬᠢᠵᠦ᠂ ᠲᠡᠵᠢᠭᠡᠨ ᠦᠷᠡᠵᠢᠭᠦᠯᠬᠦ ᠦᠢ᠍ᠯᠡᠰ᠎ᠤᠨ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠶᠡᠬᠡ᠎ᠪᠠᠷ ᠨᠡᠮᠡᠭᠳᠡᠭᠦᠯᠵᠡᠢ᠃

      ᠤᠰᠤᠨ ᠭᠠᠷᠤᠯᠲᠠ ᠵᠢᠨ ᠦᠢ᠍ᠯᠡᠰ᠎ᠢ ᠬᠥᠭᠵᠢᠭᠦᠯᠬᠦ ᠵᠢᠨ ᠬᠠᠮᠲᠤ᠂ ᠲᠠᠷᠢᠶᠠᠯᠠᠩ ᠰᠣᠶᠣᠯ ᠵᠢᠭᠤᠯᠴᠢᠯᠠᠯ᠎ᠳᠤ ᠭᠦᠨᠵᠡᠭᠡᠢ ᠠᠭᠤᠰᠤᠯᠴᠠᠭ᠎ᠠ ᠬᠢᠵᠦ᠂ ᠪᠠᠶᠠᠨᠳᠤᠬᠠᠢ ᠪᠠᠯᠭ᠋ᠠᠰᠤᠨ᠎ᠤ 15 ᠢᠵᠢ ᠰᠤᠯᠠ ᠪᠠᠢ᠌ᠭ᠎ᠠ ᠲᠠᠷᠢᠶᠠᠴᠢᠨ ᠠᠢ᠌ᠯ᠎ᠤᠨ ᠵᠢᠵᠢᠭ ᠬᠦᠷᠢᠶ᠎ᠡ ᠵᠢ ᠳᠠᠭ᠋ᠠᠭ᠋ᠠᠴᠢᠯᠠᠨ ᠠᠪᠴᠤ᠂ 100 ᠭᠠᠷᠤᠢ ᠲᠦᠮᠡᠨ ᠲᠥᠭᠥᠷᠢᠭ᠎ᠤᠨ ᠪᠡᠯᠡ ᠣᠷᠣᠭᠤᠯᠵᠤ ᠥᠭᠡᠷᠡᠴᠢᠯᠡᠨ ᠲᠡᠰ ᠳᠡᠪᠰᠢᠭᠦᠯᠵᠦ᠂ ᠠᠷᠠᠳ᠎ᠤᠨ ᠣᠷᠣᠨ ᠰᠠᠭᠤᠴᠠ ᠪᠣᠯᠣᠨ ᠲᠠᠷᠢᠶᠠᠴᠢᠨ ᠠᠢ᠌ᠯ᠎ᠤᠨ ᠵᠤᠭ᠋ᠠᠴᠠᠯ᠂ ᠵᠢᠭ᠋ᠠᠰᠤ ᠭᠥᠬᠢᠳᠡᠬᠦ ᠵᠡᠷᠭᠡ ᠵᠤᠭ᠋ᠠᠴᠠᠯ᠎ᠤᠨ ᠲᠦᠷᠦᠯ ᠵᠦᠢ᠍ᠯ᠎ᠢ ᠬᠥᠭᠵᠢᠭᠦᠯᠵᠦ᠂ ᠬᠥᠳᠡᠭᠡ ᠲᠣᠰᠬᠣᠨ᠎ᠤ ᠵᠤᠭ᠋ᠠᠴᠠᠯ᠎ᠤᠨ ᠦᠢ᠍ᠯᠡᠰ᠎ᠤᠨ ᠬᠡᠯᠪᠡᠷᠢ ᠵᠢ ᠪᠠᠶᠠᠯᠢᠭᠵᠢᠭᠤᠯᠵᠤ᠂ ᠨᠡᠩ ᠤᠯᠠᠨ ᠵᠤᠭ᠋ᠠᠴᠠᠭᠰᠠᠳ᠎ᠢ  ᠲᠠᠲᠠᠨ  ᠵᠤᠭ᠋ᠠᠴᠠᠭᠤᠯᠵᠤ᠂ ᠤᠰᠤᠨ ᠭᠠᠷᠤᠯᠲᠠ ᠵᠢ ᠲᠡᠵᠢᠭᠡᠨ ᠦᠷᠡᠵᠢᠭᠦᠯᠬᠦ᠂ ᠰᠡᠯᠡᠭᠦᠴᠡᠨ ᠵᠤᠭ᠋ᠠᠴᠠᠬᠤ᠂ ᠵᠢᠭ᠋ᠠᠰᠤ ᠭᠥᠬᠢᠳᠡᠵᠦ ᠰᠢᠷᠠᠵᠤ  ᠢᠳᠡᠬᠦ  ᠵᠡᠷᠭᠡ ᠤᠯᠠᠨ ᠡᠰᠢᠲᠦ ᠨᠢᠭᠡ ᠴᠣᠭᠴᠠᠵᠢᠭᠤᠯᠤᠭᠰᠠᠨ ᠰᠢᠨ᠎ᠡ ᠡᠵᠡᠩᠨᠡᠯᠲᠡ ᠵᠢᠨ ᠬᠡᠯᠪᠡᠷᠢ ᠵᠢ ᠪᠦᠷᠢᠯᠳᠦᠭᠦᠯᠵᠦ᠂ ᠲᠤᠬᠠᠢ ᠵᠢᠨ ᠭᠠᠵᠠᠷ᠎ᠤᠨ ᠲᠣᠰᠬᠣᠨ᠎ᠤ ᠠᠷᠠᠳ᠎ᠲᠤ 80 ᠭᠠᠷᠤᠢ ᠠᠵᠢᠯ᠎ᠤᠨ ᠪᠠᠢ᠌ᠷᠢ ᠬᠠᠩᠭ᠋ᠠᠵᠤ᠂ ᠲᠤᠬᠠᠢ ᠵᠢᠨ ᠭᠠᠵᠠᠷ᠎ᠤᠨ ᠲᠣᠰᠬᠣᠨ᠎ᠤ ᠬᠠᠮᠲᠤ ᠨᠡᠢ᠍ᠢ᠍ᠳᠡ ᠪᠣᠯᠣᠨ ᠰᠠᠭᠤᠭ᠋ᠠᠯᠢ ᠠᠷᠠᠳ᠎ᠤᠨ ᠣᠷᠣᠯᠭ᠎ᠠ ᠵᠢ 200 ᠲᠦᠮᠡ ᠭᠠᠷᠤᠢ ᠲᠥᠭᠥᠷᠢᠭ ᠲᠠᠢ᠍ᠢ᠍ᠴᠢᠯᠠᠵᠠᠢ᠃

      ᠬᠤᠳᠠ ᠵᠢᠨ ᠴᠠᠭ᠋ᠠᠨ ᠵᠠᠭ᠋ᠠᠮᠠᠳᠠᠨ ᠪᠠᠢ᠌ᠭᠰᠠᠨ᠎ᠠᠴᠠ᠎ᠪᠠᠨ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ  ᠲᠦᠷᠦᠭᠦᠴᠢ ᠬᠤᠨ  ᠪᠤᠯᠤᠭᠰᠠᠨ  ᠦ᠋ ᠯᠢ ᠤᠳᠤ ᠦᠶ᠎ᠡ ᠵᠢᠨ ᠬᠤᠵᠢᠷᠯᠢᠭ  ᠤᠰᠤᠨ᠎ᠳᠤ  ᠲᠡᠵᠢᠭᠡᠨ ᠦᠷᠡᠵᠢᠭᠦᠯᠬᠦ ᠮᠡᠷᠭᠡᠵᠢᠯ᠎ᠢ ᠣᠷᠣᠭᠤᠯᠤᠨ ᠠᠪᠴᠢᠷᠠᠬᠤ᠎ᠪᠠᠷ ᠳᠠᠮᠵᠢᠭᠤᠯᠵᠤ᠂ ᠬᠤᠵᠢᠷᠯᠢᠭ ᠭᠠᠵᠠᠷ᠎ᠤᠨ ᠣᠳᠣᠬᠢ ᠪᠠᠢ᠌ᠳᠠᠯ᠎ᠢ ᠪᠦᠲᠦᠮᠵᠢᠲᠡᠢ ᠰᠠᠢ᠌ᠵᠢᠷᠠᠭᠤᠯᠵᠤ᠂ ᠬᠤᠵᠢᠷᠯᠢᠭ ᠭᠠᠵᠠᠷ ᠣᠷᠣᠨ᠎ᠤ ᠭᠠᠵᠠᠷ ᠰᠢᠷᠣᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠨᠤᠷᠮ᠎ᠠ ᠵᠢ ᠲᠡᠭᠡᠭᠰᠢᠯᠡᠭᠦᠯᠦᠭᠰᠡᠨ ᠵᠶ᠋ᠡᠷ ᠪᠠᠷᠠᠬᠤ ᠦᠭᠡᠢ᠂ ᠪᠠᠰᠠ ᠤᠯᠤᠰ᠎ᠤᠨ ᠬᠤᠵᠢᠷᠯᠢᠭ ᠭᠠᠵᠠᠷ᠎ᠢ ᠥᠭᠡᠷᠡᠴᠢᠯᠡᠬᠦ᠎ᠳᠤ ᠦᠢ᠍ᠯᠡᠳᠦᠯᠭᠡ ᠵᠢᠨ ᠵᠢᠱ᠌ᠢᠶ᠎ᠡ ᠪᠠ ᠰᠡᠳᠬᠢᠴᠡ ᠵᠢᠨ ᠯᠠᠪᠯᠠᠯᠲᠠ ᠬᠠᠩᠭ᠋ᠠᠬᠤ ᠵᠢᠨ ᠬᠠᠮᠲᠤ ᠦᠬᠠᠢ ᠬᠤᠳᠠ ᠵᠢᠨ ᠪᠣᠬᠢᠷᠲᠤᠯ ᠦᠭᠡᠢ  ᠦᠷᠭᠦᠯᠵᠢᠯᠡᠬᠦᠢ᠌ᠴᠡ  ᠣᠨᠴᠠᠯᠢᠭᠲᠤ ᠲᠠᠷᠢᠶᠠᠯᠠᠩ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠡᠮᠦᠨ᠎ᠡ ᠹᠷᠤᠨᠲ᠎ᠲᠤ ᠴᠤᠴᠠᠯᠳᠠ ᠦᠭᠡᠢ ᠭᠠᠪᠰᠢᠭ᠋ᠠᠢ᠌ᠯᠠᠭᠰᠠᠭ᠋ᠠᠷ ᠁

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            