ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2025 ᠣᠨ᠎ᠤ ᠪᠥᠬᠥ ᠤᠯᠤᠰ᠎ᠤᠨ ᠲᠠᠷᠢᠶᠠᠯᠠᠩ᠎ᠤᠨ ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠤᠬᠠᠢ ᠵᠢᠨ ᠲᠠᠯᠠᠪᠤᠷ᠎ᠤᠨ ᠬᠤᠷᠠᠯ ᠥᠪᠥᠷ ᠮᠣᠩᠭᠣᠯ᠎ᠤᠨ ᠬᠥᠬᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-06-26

      6 ᠰᠠᠷ᠎ᠠ ᠵᠢᠨ 19—20᠎ᠤ ᠡᠳᠦᠷ᠂ 2025 ᠣᠨ᠎ᠤ ᠪᠥᠬᠥ ᠤᠯᠤᠰ᠎ᠤᠨ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠤᠬᠠᠢ ᠵᠢᠨ ᠲᠠᠯᠠᠪᠤᠷ᠎ᠤᠨ ᠬᠤᠷᠠᠯ ᠥᠪᠥᠷ ᠮᠣᠩᠭᠣᠯ᠎ᠤᠨ ᠬᠥᠬᠡᠬᠣᠲᠠ᠎ᠳᠤ ᠬᠤᠷᠠᠯᠳᠤᠪᠠ᠃ ᠲᠤᠰ ᠤᠳᠠᠭ᠎ᠠ ᠵᠢᠨ ᠬᠤᠷᠠᠯ᠎ᠨᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠤᠨ ᠲᠤᠷᠰᠢᠯᠭ᠎ᠠ ᠠᠷᠭ᠎ᠠ ᠬᠢᠳᠡᠯ᠎ᠢ ᠰᠣᠯᠢᠯᠴᠠᠵᠤ᠂ ᠣᠳᠣᠬᠠᠨ᠎ᠤ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠦᠢ᠍ᠯᠡᠰ᠎ᠤᠨ ᠬᠥᠭᠵᠢᠯᠲᠡ ᠵᠢᠨ ᠠᠵᠠ ᠲᠣᠬᠢᠶᠠᠯ ᠥᠷᠢᠰᠦᠯᠳᠦᠭᠡᠨ᠎ᠳᠤ ᠵᠠᠳᠠᠯᠤᠯᠲᠠ ᠬᠢᠵᠦ᠂ ᠳᠠᠷᠠᠭ᠋ᠠᠴᠢ ᠵᠢᠨ ᠱᠠᠲᠤᠨ᠎ᠤ ᠪᠦᠬᠦ ᠤᠯᠤᠰ᠎ᠤᠨ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠰᠤᠳᠤᠯᠵᠤ᠂ ᠰᠢᠨ᠎ᠡ ᠴᠠᠭ ᠦᠶ᠎ᠡ ᠵᠢᠨ ᠰᠢᠨ᠎ᠡ ᠠᠶᠠᠨ᠎ᠳᠠᠬᠢ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠥᠯᠥᠪᠵᠢᠭᠦᠯᠦᠨ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠥᠳᠡᠭᠡ ᠲᠣᠰᠬᠣᠨ᠎ᠤ ᠨᠡᠢ᠌ᠭᠡᠮ᠎ᠤᠨ ᠦᠢ᠍ᠯᠡᠰ᠎ᠢ ᠠᠬᠢᠭᠤᠯᠬᠤ ᠵᠤᠷᠭ᠋ᠠᠨ᠎ᠤ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠮᠣᠣ ᠳ᠋ᠧ ᡁᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠲᠥᠪ᠎ᠤᠨ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠪᠠᠢ᠌ᠩᠭᠤ ᠵᠢᠨ ᠳᠡᠳ᠋ ᠵᠠᠬᠢᠷᠤᠯ ᠰᠥᠩ ᠵᠢᠦᠢ ᠭᠦᠸᠧ ᠬᠤᠷᠠᠯ᠎ᠢ ᠡᠷᠭᠢᠯᠡᠪᠡ᠃ ᠪᠥᠬᠥ ᠤᠯᠤᠰ᠎ᠤᠨ 34 ᠮᠤᠵᠢ ᠵᠢᠨ ᠱᠠᠲᠤᠨ᠎ᠤ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠨ᠂ ᠬᠡᠰᠡᠭ ᠣᠷᠣᠨ᠎ᠤ ᠲᠠᠰ᠎ᠤᠨ ᠬᠣᠲᠠ ᠵᠢᠨ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠵᠠᠬᠢᠷᠤᠯ ᠪᠣᠯᠣᠨ ᠲᠥᠪ᠎ᠤᠨ ᠰᠤᠷᠭ᠋ᠠᠭᠤᠯᠢ ᠵᠢᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃

 

图片1.png

 

      ᠾᠧᠪᠧᠢ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠠᠨᠾᠦ᠋ᠢ ᠮᠤᠵᠢ᠂ ᠬᠤᠪᠧᠢ ᠮᠤᠵᠢ᠂ ᠶᠦᠨᠨᠠᠨ ᠮᠤᠵᠢ᠂ ᠭᠠᠨᠰᠤ ᠮᠤᠵᠢ ᠵᠢᠨ ᠲᠠᠷᠢᠶᠠᠯᠠᠩ᠎ᠤᠨ ᠷᠠᠳᠢᠣ᠋ ᠲᠧᠯᠸᠢᠰ᠎ᠤᠨ ᠰᠤᠷᠭ᠋ᠠᠭᠤᠯᠢ᠎ᠠᠴᠠ  ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠤᠷᠰᠢᠯᠭ᠎ᠠ ᠪᠠ ᠠᠷᠭ᠎ᠠ ᠬᠢᠳᠡᠯ ᠵᠡᠷᠭᠡ ᠵᠢᠨ ᠲᠤᠬᠠᠢ ᠶᠠᠷᠢᠶ᠎ᠠ ᠲᠠᠯᠪᠢᠪᠠ᠃

 

图片2.png

 

      ᠬᠤᠷᠠᠯ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠵᠢᠦᠢ ᠨᠦᠩ  ᠯᠢᠶᠠᠩ ᠫᠢᠨ  ᠲᠠᠷᠢᠶᠠᠯᠠᠩ ᠮᠠᠯ ᠠᠵᠤ ᠠᠬᠤᠢ ᠵᠢᠨ  ᠺᠣᠮᠫᠠᠨᠢ ᠵᠢᠨ ᠲᠠᠷᠢᠶᠠᠴᠢᠨ᠎ᠤ ᠲᠠᠷᠢᠶᠠᠨ  ᠭᠠᠵᠠᠷ᠎ᠤᠨ  ᠰᠤᠷᠭ᠋ᠠᠭᠤᠯᠢ ᠪᠣᠯᠣᠨ ᠢᠯᠢ᠂  ᠮᠸᠩ  ᠼᠤᠤ᠂ ᠵᠧᠩ ᠳ᠋ᠡ ᠪᠦᠯᠦᠭᠯᠡᠯ᠎ᠢ ᠲᠣᠭᠣᠷᠢᠨ ᠦᠵᠡᠵᠦ᠂ ᠮᠠᠨ᠎ᠤ ᠣᠷᠣᠨ᠎ᠤ ᠮᠠᠯᠴᠢᠨ ᠲᠠᠷᠢᠶᠠᠴᠢᠨ᠎ᠤ ᠰᠤᠷᠭ᠋ᠠᠨ ᠬᠥᠮᠦᠵᠢᠯ ᠪᠣᠯᠪᠠᠰᠤᠷᠠᠯ ᠵᠢᠴᠢ ᠲᠠᠷᠢᠶᠠᠯᠠᠩ ᠮᠠᠯ ᠠᠵᠤ ᠠᠬᠤᠢ ᠵᠢᠨ  ᠬᠥᠭᠵᠢᠯᠲᠡ ᠵᠢᠨ ᠲᠤᠷᠰᠢᠯᠭ᠎ᠠ ᠬᠢᠳᠡᠯ᠎ᠢ ᠣᠢ᠌ᠯᠠᠭ᠋ᠠᠨ ᠰᠤᠷᠤᠯᠴᠠᠵᠠᠢ᠃ ᠬᠣᠷᠢᠨᠭᠡᠷ ᠰᠢᠶᠠᠨ᠎ᠤ ᠎ᠲᠠᠢ ᠭ᠋ᠸ ᠳ᠋ᠸᠦ  ᠲᠣᠰᠬᠣᠨ᠎ᠳᠤ᠂ ᠰᠢᠶᠠᠨ᠎ᠤ ᠱᠠᠲᠤᠨ᠎ᠤ ᠰᠢᠯᠢᠳᠡᠭ ᠲᠠᠷᠢᠶᠠᠴᠢᠨ᠎ᠤ ᠲᠠᠷᠢᠶᠠᠨ ᠭᠠᠵᠠᠷ᠎ᠤᠨ ᠰᠤᠷᠭ᠋ᠠᠭᠤᠯᠢ—ᠥᠪᠥᠷ ᠮᠣᠩᠭᠣᠯ᠎ᠤᠨ ᠵᠢᠦᠢ ᠨᠦᠩ  ᠯᠢᠶᠠᠩ ᠫᠢᠨ  ᠲᠠᠷᠢᠶᠠᠴᠢᠨ᠎ᠤ ᠲᠠᠷᠢᠶᠠᠨ ᠭᠠᠵᠠᠷ᠎ᠤᠨ ᠰᠤᠷᠭ᠋ᠠᠭᠤᠯᠢ ᠵᠢ ᠲᠣᠭᠣᠷᠢᠨ ᠦᠵᠡᠵᠦ᠂ ᠦᠨᠳᠦᠰᠦᠨ ᠱᠠᠲᠤᠨ᠎ᠤ ᠲᠠᠷᠢᠶᠠᠯᠠᠩ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠲᠤ ᠭᠦᠨᠵᠡᠭᠡᠢ ᠰᠢᠨᠵᠢᠯᠡᠨ ᠪᠠᠢ᠌ᠴᠠᠭ᠋ᠠᠯᠲᠠ ᠬᠢᠵᠦ᠂ ᠲᠠᠷᠢᠶᠠᠨ ᠭᠠᠵᠠᠷ᠎ᠤᠨ ᠰᠤᠷᠭ᠋ᠠᠭᠤᠯᠢ ᠵᠢᠨ ᠠᠵᠤ ᠦᠢ᠍ᠯᠡᠰ᠎ᠤᠨ ᠬᠡᠪᠴᠢᠶ᠎ᠡ᠂ ᠦᠢ᠍ᠯᠡᠳᠪᠦᠷᠢᠯᠡᠯ᠎ᠤᠨ ᠮᠡᠷᠭᠡᠵᠢᠯ᠂ ᠡᠵᠡᠩᠨᠡᠯᠲᠡ ᠵᠢᠨ ᠵᠠᠭᠪᠤᠷ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠲᠡᠳᠡᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠂ ᠲᠠᠷᠢᠶᠠᠴᠢᠨ᠎ᠤ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠲᠠᠯ᠎ᠠ᠎ᠪᠠᠷ᠎ᠬᠢ ᠪᠣᠳᠠᠲᠠᠢ ᠠᠷᠭ᠎ᠠ ᠬᠢᠳᠡᠯ ᠪᠠ ᠦᠷ᠎ᠡ ᠪᠦᠲᠦᠮᠵᠢ ᠵᠢ ᠣᠢ᠌ᠯᠠᠭ᠋ᠠᠪᠠ᠃ ᠳᠤᠭᠤᠢ᠌ᠯᠠᠩ ᠬᠤᠪᠢᠶᠠᠨ ᠰᠤᠳᠤᠯᠤᠨ ᠶᠠᠷᠢᠯᠴᠠᠬᠤ ᠭᠣᠭᠴᠣᠭ᠎ᠠ᠎ᠳᠤ  ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ  ᠰᠢᠰᠲᠸᠮᠵᠢ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠲᠥᠰᠥᠯ᠂ ᠲᠣᠭᠣᠷᠢᠭ ᠬᠤᠪᠢᠶᠠᠨ ᠪᠠᠢ᠌ᠴᠠᠭ᠋ᠠᠨ ᠰᠤᠳᠤᠯᠤᠭᠰᠠᠨ ᠮᠡᠳᠡᠭᠦᠯᠦᠯᠲᠡ ᠵᠡᠷᠭᠡ ᠵᠢᠨ ᠲᠣᠭᠣᠷᠢᠨ᠎ᠳᠤ ᠭᠦᠨᠵᠡᠭᠡᠢ ᠶᠠᠷᠢᠯᠴᠠᠬᠤ ᠵᠢᠨ ᠬᠠᠮᠲᠤ ᠬᠠᠷᠢᠭᠤ ᠮᠡᠳᠡᠭᠦᠯᠦᠯᠲᠡ ᠵᠢᠨ ᠰᠤᠳᠤᠯᠤᠨ ᠶᠠᠷᠢᠯᠴᠠᠭᠰᠠᠨ ᠦᠷ᠎ᠡ ᠪᠦᠲᠦᠭᠡᠯ ᠵᠶ᠋ᠡᠨ ᠰᠣᠯᠢᠯᠴᠠᠵᠤ᠂ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠵᠢᠨ ᠢᠷᠡᠭᠡᠳᠦᠢ ᠵᠢᠨ ᠬᠥᠭᠵᠢᠯᠲᠡ᠎ᠳᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠪᠠ᠃

 

图片3.png

 

      ᠢᠯᠢ ᠵᠢᠨ ᠤᠳᠤ ᠦᠶ᠎ᠡ ᠵᠢᠨ ᠣᠶᠤᠨᠲᠤ ᠡᠷᠡᠭᠦᠯ ᠮᠡᠨᠳᠦ ᠵᠢᠨ ᠬᠥᠨᠳᠡᠢ᠎ᠳᠤ᠂ ᠠᠵᠤ ᠠᠬᠤᠢ᠌ᠯᠠᠯ᠎ᠤᠨ ᠣᠶᠤᠨᠲᠤ ᠮᠠᠯᠵᠢᠯ᠎ᠤᠨ ᠲᠠᠯᠠᠪᠠᠢ ᠵᠢᠨ ᠲᠣᠭ᠋ᠠᠴᠢᠯᠠᠭᠰᠠᠨ ᠬᠠᠮᠢᠶᠠᠷᠤᠯᠲᠠ᠂ ᠰᠦ ᠵᠢᠨ ᠢᠷᠡᠯᠲᠡ ᠵᠢᠨ ᠶᠠᠰᠤ ᠴᠢᠨᠠᠷ᠎ᠤᠨ ᠪᠦᠬᠦ ᠶᠠᠪᠤᠴᠠ ᠵᠢ ᠮᠥᠷᠳᠡᠬᠦ ᠵᠢᠴᠢ ᠰᠦ ᠵᠢᠨ ᠪᠦᠲᠦᠭᠡᠭᠳᠡᠬᠦᠨ᠎ᠤ  ᠣᠶᠤᠨᠴᠢ ᠡᠳ᠋ᠰᠢᠭᠦᠯᠭᠡ ᠵᠡᠷᠭᠡ ᠲᠠᠯ᠎ᠠ᠎ᠪᠠᠷ ᠣᠯᠣᠭᠰᠠᠨ ᠢᠯᠡᠳᠲᠡ ᠦᠷ᠎ᠡ ᠪᠦᠲᠦᠭᠡᠯ᠎ᠢ ᠣᠢ᠌ᠯᠠᠭ᠋ᠠᠪᠠ᠃ ᠢᠯᠢ ᠵᠢᠨ ᠲᠡᠷᠢᠭᠦᠨ᠎ᠤ ᠮᠡᠷᠭᠡᠵᠢᠯ᠎ᠳᠤ ᠲᠦᠰᠢᠭᠯᠡᠨ ᠴᠣᠭᠴᠠᠯᠠᠭᠰᠠᠨ 《ᠮᠡᠷᠭᠡᠵᠢᠯ᠎ᠤᠨ ᠰᠤᠳᠤᠯᠤᠨ ᠨᠡᠭᠡᠭᠡᠯᠲᠡ—ᠦᠢ᠍ᠯᠡᠳᠪᠦᠷᠢᠯᠡᠯ᠎ᠤᠨ ᠦᠢ᠍ᠯᠡᠳᠦᠯᠭᠡ—ᠰᠤᠷᠭ᠋ᠠᠨ ᠬᠥᠮᠦᠵᠢᠯ᠎ᠤᠨ ᠪᠣᠯᠪᠠᠰᠤᠷᠠᠯ 》᠎ᠢ  ᠭᠦᠨᠵᠡᠭᠡᠢ  ᠠᠭᠤᠰᠤᠯᠴᠠᠭᠤᠯᠤᠭᠰᠠᠨ  ᠠᠵᠤ ᠦᠢ᠍ᠯᠡᠰ᠎ᠤᠨ ᠵᠠᠭᠪᠤᠷ᠎ᠨᠢ ᠣᠳᠣᠬᠢᠴᠢᠯᠠᠭᠰᠠᠨ ᠲᠠᠷᠢᠶᠠᠯᠠᠩ᠎ᠤᠨ ᠠᠵᠤ ᠦᠢ᠍ᠯᠡᠰ᠎ᠤᠨ ᠬᠡᠷᠡᠭᠴᠡᠭᠡ᠎ᠳᠤ ᠵᠣᠬᠢᠴᠠᠬᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠳᠤ ᠰᠢᠨ᠎ᠡ ᠰᠡᠳᠬᠢᠮᠵᠢ ᠬᠠᠩᠭ᠋ᠠᠵᠠᠢ᠃

 

图片4.png

 

      ᠥᠪᠥᠷ ᠮᠣᠩᠭᠣᠯ᠎ᠤᠨ  ᠮᠸᠩ  ᠼᠤᠤ ᠠᠮᠢ ᠠᠬᠤᠢ ᠵᠢᠨ ᠣᠷᠴᠢᠨ ᠲᠣᠭᠣᠷᠢᠨ (ᠪᠦᠯᠦᠭᠯᠡᠯ)᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠳᠤ᠂ ᠮᠸᠩ  ᠼᠤᠤ ᠪᠦᠯᠦᠭᠯᠡᠯ᠎ᠤᠨ ᠠᠮᠢ ᠠᠬᠤᠢ ᠵᠢ ᠰᠡᠷᠭᠦᠭᠡᠬᠦ᠂ ᠦᠷ᠎ᠡ ᠵᠢᠨ ᠦᠢ᠍ᠯᠡᠰ᠎ᠤᠨ ᠰᠢᠨ᠎ᠡ ᠵᠢ ᠡᠭᠦᠳᠬᠦ ᠵᠡᠷᠭᠡ  ᠬᠦᠷᠢᠶ᠎ᠡ ᠴᠠᠷᠠᠭ᠋ᠠᠨ᠎ᠳᠠᠬᠢ ᠦᠢ᠍ᠯᠡᠳᠦᠯᠭᠡ ᠪᠣᠯᠣᠨ ᠠᠮᠵᠢᠯᠲᠠ ᠵᠢ ᠣᠢ᠌ᠯᠠᠭ᠋ᠠᠪᠠ᠃ ᠮᠸᠩ  ᠼᠤᠤ ᠺᠣᠮᠫᠠᠨᠢ᠎ᠨᠢ ᠡᠪᠡᠰᠦᠨ ᠦᠷ᠎ᠡ ᠵᠢᠨ ᠦᠢ᠍ᠯᠡᠰ ᠵᠶ᠋ᠡᠷ ᠭᠣᠣᠯ ᠪᠣᠯᠭ᠋ᠠᠵᠤ᠂ ᠨᠤᠲᠤᠭ᠎ᠤᠨ ᠤᠷᠭᠤᠮᠠᠯ᠎ᠤᠨ ᠡᠭᠦᠯᠳᠡᠷ᠎ᠤᠨ ᠴᠢᠨᠠᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠵᠢ ᠥᠷᠨᠢᠭᠦᠯᠵᠦ᠂ ᠠᠮᠢ ᠠᠬᠤᠢ ᠵᠢᠨ ᠠᠵᠤ ᠦᠢ᠍ᠯᠡᠰ ᠬᠢᠭᠡᠳ ᠲᠠᠷᠢᠶᠠᠯᠠᠩ᠎ᠤᠨ ᠬᠠᠮᠵᠢᠯᠴᠠᠨ ᠬᠥᠭᠵᠢᠬᠦ ᠵᠢ ᠲᠦᠯᠬᠢᠨ ᠠᠬᠢᠭᠤᠯᠵᠤ᠂ ᠲᠠᠷᠢᠶᠠᠯᠠᠩ᠎ᠤᠨ  ᠦᠷᠭᠦᠯᠵᠢᠯᠡᠬᠦᠢ᠌ᠴᠡ  ᠬᠥᠭᠵᠢᠯᠲᠡ᠎ᠳᠤ ᠴᠢᠬᠤᠯᠠ ᠲᠣᠯᠢᠯᠠᠯ ᠬᠠᠩᠭ᠋ᠠᠭᠰᠠᠨ ᠪᠠᠢ᠌ᠨ᠎ᠠ᠃

 

图片5.png

 

      ᠵᠧᠩ ᠳ᠋ᠡ ᠪᠦᠯᠦᠭᠯᠡᠯ᠎ᠳᠤ᠂ ᠲᠡᠭᠦᠨ᠎ᠤ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠦᠯᠲᠡ᠂ ᠪᠦᠲᠦᠭᠡᠭᠳᠡᠬᠦᠨ᠎ᠤ ᠣᠶᠤᠨᠴᠢ ᠪᠣᠯᠪᠠᠰᠤᠷᠠᠭᠤᠯᠤᠯᠲᠠ᠂ ᠣᠶᠤᠨᠴᠢ ᠬᠠᠮᠢᠶᠠᠷᠤᠯᠲᠠ ᠵᠢ ᠰᠢᠯᠢᠳᠡᠭᠵᠢᠭᠦᠯᠬᠦ ᠵᠡᠷᠭᠡ  ᠬᠦᠷᠢᠶ᠎ᠡ ᠴᠠᠷᠠᠭ᠋ᠠᠨ᠎ᠳᠠᠬᠢ ᠦᠢ᠍ᠯᠡᠳᠦᠯᠭᠡ ᠪᠣᠯᠣᠨ ᠠᠮᠵᠢᠯᠲᠠ ᠵᠢ ᠲᠣᠭᠣᠷᠢᠨ ᠦᠵᠡᠪᠡ᠃ ᠵᠧᠩ ᠳ᠋ᠡ ᠪᠦᠯᠦᠭᠯᠡᠯ᠎ᠤᠨ ᠴᠣᠭᠴᠠᠯᠠᠭᠰᠠᠨ 《ᠲᠠᠷᠢᠮᠠᠯ—ᠲᠡᠵᠢᠭᠡᠨ ᠦᠷᠡᠵᠢᠭᠦᠯᠬᠦ—ᠢᠳᠡᠭᠡᠨ ᠡᠳ᠋ᠰᠢᠭᠦᠯᠬᠦ》  ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠵᠠᠭᠪᠤᠷ᠎ᠨᠢ ᠣᠳᠣᠬᠢᠴᠢᠯᠠᠭᠰᠠᠨ ᠲᠠᠷᠢᠶᠠᠯᠠᠩ᠎ᠤᠨ  ᠦᠷᠭᠦᠯᠵᠢᠯᠡᠬᠦᠢ᠌ᠴᠡ  ᠬᠥᠭᠵᠢᠯᠲᠡ ᠵᠢ ᠠᠬᠢᠭᠤᠯᠵᠠᠢ᠃


图片6.png


      ᠲᠤᠰ ᠤᠳᠠᠭ᠎ᠠ ᠵᠢᠨ ᠬᠤᠷᠠᠯ᠎ᠠᠴᠠ ᠲᠠᠷᠢᠶᠠᠯᠠᠩ᠎ᠤᠨ ᠷᠠᠳᠢᠣ᠋  ᠲᠸᠯᠸᠢᠰ᠎ᠤᠨ  ᠰᠤᠷᠭ᠋ᠠᠭᠤᠯᠢ ᠵᠢᠨ ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠪᠠ᠃ ᠲᠠᠷᠢᠶᠠᠴᠢᠳ᠎ᠤᠨ ᠬᠥᠮᠦᠵᠢᠯ ᠪᠣᠯᠪᠠᠰᠤᠷᠠᠯ᠎ᠳᠤ ᠲᠤᠯᠭ᠋ᠠᠷᠠᠵᠤ ᠪᠠᠢ᠌ᠭ᠎ᠠ ᠣᠷᠳᠣ ᠬᠤᠭᠤᠴᠠᠭ᠋ᠠᠨ᠎ᠤ ᠴᠢᠨᠠᠷᠲᠠᠢ᠂ ᠭᠦᠨ ᠲᠠᠰ ᠳᠠᠪᠬᠤᠷᠭ᠎ᠠ ᠵᠢᠨ ᠬᠦᠴᠢᠷᠳᠡᠯ ᠪᠣᠯᠣᠨ ᠥᠷᠢᠰᠦᠯᠳᠦᠭᠡᠨ᠎ᠢ ᠭᠦᠨᠵᠡᠭᠡᠢ ᠵᠠᠳᠠᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠲᠠᠷᠢᠶᠠᠯᠠᠩ᠎ᠤᠨ  ᠷᠠᠳᠢᠣ᠋ ᠲᠸᠯᠸᠢᠰ᠎ᠤᠨ ᠰᠤᠷᠭ᠋ᠠᠭᠤᠯᠢ ᠵᠢᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠴᠢᠩᠭ᠋ᠠᠳᠬᠠᠬᠤ ᠪᠣᠳᠠᠲᠠᠢ ᠠᠷᠭ᠎ᠠ ᠬᠡᠮᠵᠢᠶ᠎ᠡ ᠵᠢ ᠰᠤᠳᠤᠯᠤᠨ ᠶᠠᠷᠢᠯᠴᠠᠵᠤ ᠰᠣᠯᠢᠯᠴᠠᠪᠠ᠃ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠬᠦ ᠤᠯᠤᠰ᠎ᠤᠨ ᠡᠯ᠎ᠡ ᠱᠠᠲᠤᠨ᠎ᠤ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠎ᠨᠢ  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ  ᠪᠠᠷᠢᠮᠳᠠᠯᠠᠵᠤ᠂  ᠶᠡᠷᠦᠩᠬᠡᠢ ᠱᠦᠵᠢ ᠰᠢ ᠵᠢᠨ ᠫᠢᠩ᠎ᠤᠨ 《ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠲᠠᠷᠢᠶᠠᠯᠠᠩ ᠬᠥᠳᠡᠭᠡ ᠲᠣᠰᠬᠣᠨ᠎ᠤ ᠭᠣᠣᠯ ᠠᠵᠢᠯ᠎ᠤᠨ ᠲᠣᠭᠣᠷᠢᠨ᠎ᠳᠤ᠂ ᠲᠠᠷᠢᠶᠠᠴᠢᠳ᠎ᠤᠨ ᠬᠥᠮᠦᠵᠢᠯ ᠪᠣᠯᠪᠠᠰᠤᠷᠠᠯ᠎ᠢ ᠭᠦᠨᠵᠡᠭᠡᠢ ᠥᠷᠨᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠠᠷᠭ᠎ᠠ ᠵᠠᠮ᠎ᠤᠨ ᠰᠢᠨ᠎ᠡ ᠵᠢ ᠡᠭᠦᠳᠬᠦ ᠵᠢ ᠰᠦᠪᠡᠭᠴᠢᠯᠡᠵᠦ᠂ ᠲᠠᠷᠢᠶᠠᠴᠢᠳ᠎ᠤᠨ ᠶᠡᠷᠦᠩᠬᠡᠢ ᠬᠡᠪ ᠴᠢᠨᠠᠷ᠎ᠢ ᠳᠡᠭᠡᠭᠰᠢᠯᠡᠭᠦᠯᠬᠦ᠂ ᠬᠥᠳᠡᠭᠡ ᠲᠣᠰᠬᠣᠨ᠎ᠤ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠲᠦᠷᠭᠡᠳᠬᠡᠬᠦ᠎ᠳᠤ ᠴᠢᠬᠤᠯᠠ ᠦᠢ᠍ᠯᠡᠳᠦᠯ ᠵᠶ᠋ᠡᠨ ᠪᠠᠳᠠᠷᠠᠭᠤᠯᠬᠤ ᠬᠡᠷᠡᠭᠲᠡᠢ  ᠭᠡᠪᠡ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠫᠠᠩ ᠪᠥᠸᠧ᠂ ᠲᠥᠪ᠎ᠤᠨ ᠲᠠᠷᠢᠶᠠᠯᠠᠩ᠎ᠤᠨ  ᠷᠠᠳᠢᠣ᠋ ᠲᠸᠯᠸᠢᠰ᠎ᠤᠨ  ᠰᠤᠷᠭ᠋ᠠᠭᠤᠯᠢ ᠵᠢᠨ ᠪᠠᠢ᠌ᠩᠭᠤ ᠵᠢᠨ ᠳᠡᠳ᠋ ᠵᠠᠬᠢᠷᠤᠯ ᠰᠥᠩ ᠵᠢᠦᠢ ᠭᠦᠸᠧ ᠳ᠋ᠦᠩᠨᠡᠯᠲᠡ ᠵᠢᠨ ᠶᠠᠷᠢᠶ᠎ᠠ ᠲᠠᠯᠪᠢᠵᠤ᠂ ᠠᠵᠢᠯᠯᠠᠭ᠋ᠠᠨ᠎ᠤ ᠬᠥᠲᠥᠯᠪᠦᠷᠢ ᠵᠢ ᠲᠣᠳᠣᠷᠬᠠᠢ ᠲᠣᠭᠲᠠᠭ᠋ᠠᠪᠠ᠃


图片7.png


      ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ 《ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ》᠎ᠳᠤ ᠦᠢ᠍ᠯᠡᠴᠢᠯᠡᠬᠦ ᠰᠤᠷᠭ᠋ᠠᠭᠤᠯᠢ ᠡᠷᠭᠢᠯᠡᠬᠦ ᠵᠣᠷᠢᠯᠲᠠ ᠵᠢ ᠪᠠᠷᠢᠮᠲᠠᠯᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠ ᠵᠡᠷᠭᠡ ᠭᠣᠣᠯᠳᠠᠯᠭ᠎ᠠ᠎ᠲᠠᠢ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠲᠠᠷᠢᠶᠠᠯᠠᠩ᠎ᠤᠨ  ᠷᠠᠳᠢᠣ᠋ ᠲᠧᠯᠸᠢᠰ᠎ᠤᠨ  ᠰᠤᠷᠭ᠋ᠠᠭᠤᠯᠢ ᠵᠢᠨ  ᠰᠢᠰᠲᠸᠮᠵᠢ ᠵᠢ  ᠪᠣᠳᠠᠲᠠᠢ᠌ᠵᠢᠭᠤᠯᠤᠨ ᠬᠦᠴᠦᠷᠬᠡᠭᠵᠢᠭᠦᠯᠵᠦ᠂ 《ᠲᠠᠷᠢᠶᠠᠯᠠᠩ  ᠲᠠᠷᠢᠶᠠᠯᠠᠬᠤ ᠣᠷᠣᠨ  ᠲᠠᠷᠢᠶᠠᠴᠢᠨ》᠎ᠤ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠵᠢᠭᠰᠠᠭ᠋ᠠᠯ᠎ᠤᠨ ᠭᠠᠵᠠᠷ᠎ᠢ ᠪᠠᠢ᠌ᠭᠤᠯᠵᠤ᠂ ᠰᠢᠨ᠎ᠡ ᠴᠠᠭ ᠦᠶ᠎ᠡ ᠵᠢᠨ ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠢ ᠪᠣᠳᠠᠲᠤ ᠦᠷ᠎ᠡ ᠪᠦᠲᠦᠮᠵᠢ ᠵᠢ ᠲᠣᠪᠤᠢ᠌ᠯᠭ᠋ᠠᠨ ᠰᠠᠢ᠌ᠲᠤᠷ ᠡᠷᠬᠢᠯᠡᠵᠦ᠂ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠬᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ  ᠭᠡᠪᠡ᠃


图片8.png


      ᠥᠪᠥᠷ ᠮᠣᠩᠭᠣᠯ᠎ᠤᠨ  ᠲᠠᠷᠢᠶᠠᠯᠠᠩ᠎ᠤᠨ  ᠷᠠᠳᠢᠣ᠋ ᠲᠧᠯᠸᠢᠰ᠎ᠤᠨ ᠰᠤᠷᠭ᠋ᠠᠭᠤᠯᠢ ᠲᠣᠰ  ᠤᠳᠠᠭ᠎ᠠ ᠵᠢᠨ  ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠢ᠌ᠳᠠᠪᠤᠷᠢᠵᠢᠭᠤᠯᠵᠤ᠂ ᠲᠡᠷᠢᠭᠦᠨ᠎ᠤ ᠲᠤᠷᠰᠢᠯᠭ᠎ᠠ ᠵᠢ ᠰᠢᠩᠭᠡᠬᠡᠨ ᠠᠪᠴᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠠᠷ ᠮᠠᠯᠴᠢᠨ ᠲᠠᠷᠢᠶᠠᠴᠢᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠲᠦᠯᠬᠢᠨ ᠠᠬᠢᠭᠤᠯᠬᠤ ᠪᠣᠯᠣᠨ᠎ᠠ᠃ 《ᠤᠮᠠᠷᠠᠲᠤ  ᠬᠢᠯᠢ ᠵᠢᠨ ᠰᠢᠨ᠎ᠡ ᠲᠠᠷᠢᠶᠠᠴᠢᠨ》᠎ᠤ ᠨᠠᠷᠠᠲᠤ ᠲᠡᠮᠳᠡᠭᠲᠦ ᠵᠢ ᠡᠭᠦᠳᠴᠦ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠴᠢᠩᠭ᠎ᠠ ᠬᠦᠴᠦᠨ ᠴᠢᠳᠠᠯ ᠵᠶ᠋ᠠᠨ ᠨᠡᠮᠡᠷᠢᠯᠡᠨ᠎ᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            