【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠰᠣᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠵᠢᠨ ᠲᠥᠯᠥᠭᠡ᠂ 4 ᠰᠠᠷ᠎ᠠ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠠᠴᠠ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠢ ᠵᠣᠬᠢᠶᠠᠨ ᠪᠠᠢ᠌ᠭᠤᠯᠤᠨ ᠲᠢᠩᠬᠢᠮ᠎ᠤᠨ ᠳᠠᠭ᠋ᠠᠭ᠋ᠠᠴᠢᠯᠠᠨ ᠬᠣᠯᠪᠣᠭ᠋ᠠᠯᠠᠵᠤ ᠬᠠᠪᠰᠤᠷᠤᠨ ᠲᠡᠳᠬᠦᠬᠦ ᠴᠡᠭ᠎ᠲᠤ ᠭᠦᠨᠵᠡᠭᠡᠢ᠌ᠷᠡᠭᠦᠯᠦᠨ ᠲᠦᠩᠯᠢᠶᠣᠣ ᠬᠣᠲᠠ ᠵᠢᠨ ᠬᠦᠷᠢᠶ᠎ᠡ ᠬᠣᠰᠢᠭᠤᠨ᠎ᠤ ᠺᠧᠦ ᠾᠧ ᠽᠢ ᠪᠠᠯᠭ᠋ᠠᠰᠤᠨ᠎ᠤ ᠺᠧᠦ ᠾᠧ ᠽᠢ ᠲᠣᠰᠬᠣᠨ᠂ ᠰᠢᠶᠠᠨ ᠵᠢᠨ ᠲᠣᠰᠬᠣᠨ᠎ᠳᠤ 《ᠭᠤᠷᠪᠠᠨ ᠳᠡᠰ ᠬᠣᠯᠪᠤᠭ᠋ᠠᠯᠠᠨ ᠰᠢᠨ᠎ᠡ ᠵᠢ ᠡᠭᠦᠳᠬᠦ》 ᠲᠤᠬᠠᠢ ᠵᠢᠨ ᠭᠠᠵᠠᠷ᠎ᠲᠤᠨᠢ ᠬᠦᠷᠴᠦ ᠰᠤᠷᠪᠤᠯᠵᠢᠯᠠᠬᠤ ᠵᠢ ᠥᠷᠨᠢᠭᠦᠯᠵᠦ᠂ 《ᠳᠠᠷᠢᠬᠤ ᠮᠡᠷᠭᠡᠵᠢᠯ᠎ᠤᠨ ᠭᠣᠣᠯᠳᠠᠯᠭ᠎ᠠ᠂ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ》 ᠵᠡᠷᠭᠡ ᠠᠭᠤᠯᠭ᠎ᠠ ᠵᠢᠨ ᠲᠣᠭᠣᠷᠢᠨ᠎ᠳᠤ ᠲᠠᠷᠢᠮᠠᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠢ᠌ᠯᠤᠮᠵᠢ ᠬᠢᠪᠡ; ᠡᠬᠡ ᠮᠠᠯ᠎ᠤᠨ ᠲᠤᠭᠤᠯᠯᠠᠭᠰᠠᠨ ᠪᠠᠢ᠌ᠳᠠᠯ ᠵᠢᠴᠢ ᠲᠤᠭᠤᠯᠤᠨ ᠥᠰᠦᠯᠲᠡ ᠵᠢᠨ ᠲᠣᠭ᠎ᠠ ᠪᠠᠷᠢᠮᠲᠠ ᠵᠢ ᠨᠠᠷᠢᠨ ᠣᠢ᠌ᠯᠠᠭ᠋ᠠᠵᠤ᠂ ᠦᠢ᠍ᠯᠡᠳᠪᠦᠷᠢᠯᠡᠯ᠎ᠤᠨ ᠭᠣᠭᠴᠣᠭ᠎ᠠ ᠵᠢᠨ ᠪᠠᠴᠢᠮ ᠰᠢᠢ᠍ᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ᠎ᠢ ᠰᠢᠰᠲ᠋ᠧᠮ᠎ᠲᠠᠢ ᠡᠮᠬᠢᠯᠡᠬᠦ ᠵᠢᠨ ᠬᠠᠮᠲᠤ ᠲᠤᠬᠠᠢ ᠵᠢᠨ ᠲᠠᠯᠠᠪᠠᠢ᠎ᠳᠤ ᠴᠢᠭᠯᠡᠭᠦᠯᠬᠦ ᠴᠢᠨᠠᠷᠲᠠᠢ ᠰᠢᠢ᠍ᠳᠪᠦᠷᠢᠯᠡᠬᠦ ᠲᠥᠰᠥᠯ᠎ᠢ ᠲᠣᠭᠲᠠᠭ᠋ᠠᠵᠤ᠂ ᠲᠣᠰᠬᠣᠨ᠎ᠤ ᠠᠷᠠᠳ᠎ᠲᠤ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠮᠡᠳᠡᠯᠭᠡ 《ᠴᠠᠭ᠎ᠤᠨ ᠬᠤᠷ᠎ᠠ》 ᠬᠦᠷᠭᠡᠭᠰᠡᠨ ᠪᠠᠢ᠌ᠨ᠎ᠠ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠮᠡᠷᠭᠡᠵᠢᠯ ᠳᠡᠯᠭᠡᠷᠡᠭᠦᠯᠬᠦ ᠲᠥᠪ᠎ᠤᠨ᠎ᠬᠢᠨ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠷᠭᠦᠯᠵᠢᠯᠡᠨ ᠠᠬᠢᠭᠤᠯᠵᠤ᠂ 《ᠭᠤᠷᠪᠠᠨ ᠳᠡᠰ ᠬᠣᠯᠪᠤᠭ᠋ᠠᠯᠠᠨ ᠰᠢᠨ᠎ᠡ ᠵᠢ ᠡᠭᠦᠳᠬᠦ》 ᠮᠡᠷᠭᠡᠵᠢᠯ᠎ᠤᠨ ᠦᠢ᠍ᠯᠡᠴᠢᠯᠡᠭᠡᠨ᠎ᠤ ᠲᠤᠷᠰᠢᠯᠲᠠ ᠵᠢᠨ ᠴᠡᠭ᠎ᠢ ᠡᠭᠦᠳᠦᠨ ᠪᠠᠶ᠋ᠢᠭᠤᠯᠬᠤ ᠵᠢ ᠥᠷᠨᠢᠭᠦᠯᠬᠦ ᠵᠢᠨ ᠲᠣᠭᠣᠷᠢᠨ᠎ᠳᠤ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠣᠭ ᠲᠥᠬᠦᠭᠡᠷᠦᠮᠵᠢ᠂ ᠰᠢᠨ᠎ᠡ ᠵᠠᠭᠪᠤᠷ᠎ᠢ ᠲᠤᠷᠰᠢᠨ ᠬᠡᠷᠡᠭᠯᠡᠬᠦ ᠵᠡᠷᠭᠡ ᠠᠵᠢᠯ᠎ᠢ ᠭᠣᠣᠯᠴᠢᠯᠠᠨ ᠠᠬᠢᠭᠤᠯᠬᠤ ᠵᠢ ᠬᠥᠲᠥᠯᠥᠨ ᠵᠢᠯᠤᠭᠣᠳᠴᠤ᠂ ᠬᠡᠷᠡᠭᠴᠡᠭᠡ ᠵᠢ᠎ᠨᠢ ᠠᠰᠠᠭᠤᠵᠤ ᠬᠦᠴᠢᠷᠳᠡᠯ᠎ᠢ᠎ᠨᠢ ᠰᠢᠢ᠍ᠳᠪᠦᠷᠢᠯᠡᠨ᠂ ᠰᠡᠳᠬᠢᠯ ᠲᠠᠯᠪᠢᠨ ᠦᠢ᠍ᠯᠡᠴᠢᠯᠡᠵᠦ᠂ ᠳᠠᠭ᠋ᠠᠭ᠋ᠠᠴᠢᠯᠠᠨ ᠬᠣᠯᠪᠣᠭ᠋ᠠᠯᠠᠵᠤ ᠬᠠᠪᠰᠤᠷᠤᠨ ᠲᠡᠳᠬᠦᠬᠦ ᠠᠵᠢᠯ᠎ᠤᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠤᠯᠠᠮ ᠨᠢᠭᠡ ᠠᠯᠬᠤᠮ ᠠᠬᠢᠭᠤᠯᠤᠨ᠎ᠠ᠃