【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ ᠰᠣᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠤᠰᠴᠤ᠂ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》 ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ 5 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠣᠷᠳᠣᠰ ᠬᠣᠲᠠ ᠵᠢᠨ ᠳᠠᠯᠠᠳ ᠬᠣᠰᠢᠭᠤᠨ᠎ᠳᠤ ᠥᠪᠥᠷ ᠮᠣᠩᠭᠣᠯ᠎ᠤᠨ 《ᠡᠵᠡᠩᠨᠡᠯᠲᠡ ᠵᠢᠨ ᠭᠣᠣᠯ ᠴᠣᠭᠴᠠ ᠵᠢᠨ ᠣᠨ᠎ᠤ ᠮᠡᠳᠡᠭᠦᠯᠦᠯᠲᠡ ᠵᠢᠨ ᠦᠢ᠍ᠯᠡᠴᠢᠯᠡᠭᠡᠨ᠎ᠤ ᠰᠠᠷ᠎ᠠ》 ᠵᠢᠨ ᠠᠵᠢᠯᠯᠠᠭ᠎ᠠ ᠵᠢᠴᠢ ᠲᠠᠷᠢᠶᠠᠴᠢᠳ᠎ᠤᠨ ᠲᠤᠰᠬᠠᠢ ᠠᠵᠢᠯ᠎ᠤᠨ ᠬᠣᠷᠰᠢᠶ᠎ᠠ ᠵᠢᠨ ᠣᠨ᠎ᠤ ᠮᠡᠳᠡᠭᠦᠯᠦᠯᠲᠡ ᠵᠢᠨ ᠲᠤᠰᠬᠠᠢ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠵᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠲᠠᠷᠢᠶᠠᠴᠢᠨ᠎ᠤ ᠲᠤᠰᠬᠠᠢ ᠠᠵᠢᠯ᠎ᠤᠨ ᠬᠤᠷᠰᠢᠶ᠎ᠠ ᠵᠡᠷᠭᠡ ᠲᠠᠷᠢᠶᠠᠯᠠᠩ᠎ᠳᠤ ᠬᠣᠯᠪᠣᠭᠳᠠᠬᠤ ᠳᠤᠮᠳᠠ ᠪᠠᠭ᠎ᠠ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠵᠢᠴᠢ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠯᠲᠠ ᠵᠢᠨ ᠲᠤᠬᠠᠢ᠌ᠯᠠᠭᠰᠠᠨ ᠠᠵᠢᠯ᠎ᠢ ᠪᠣᠳᠠᠲᠠᠢ ᠭᠦᠢ᠍ᠴᠡᠳᠬᠡᠵᠦ ᠪᠠᠢ᠌ᠭ᠎ᠠ 60 ᠭᠠᠷᠤᠢ ᠬᠥᠮᠥᠨ ᠤᠬᠠᠭᠤᠯᠤᠨ ᠲᠠᠢ᠌ᠯᠪᠤᠷᠢᠯᠠᠬᠤ᠎ᠳᠤ ᠣᠷᠣᠯᠴᠠᠪᠠ᠃
ᠤᠬᠠᠭᠤᠯᠤᠨ ᠲᠠᠢ᠌ᠯᠪᠤᠷᠢᠯᠠᠬᠤ ᠬᠤᠷᠠᠯ᠎ᠤᠨ ᠠᠬᠤᠢ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠥᠭᠡᠷᠡᠴᠢᠯᠡᠯᠲᠡ ᠬᠢᠭᠡᠳ ᠬᠤᠷᠰᠢᠭᠰᠠᠨ ᠠᠵᠤ ᠠᠬᠤᠢ ᠵᠢᠨ ᠵᠢᠯᠤᠭᠣᠳᠬᠤ ᠭᠠᠵᠠᠷ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠵᠢᠨ ᠣᠨ᠎ᠤ ᠮᠡᠳᠡᠭᠦᠯᠦᠯᠲᠡ ᠵᠢᠨ ᠠᠭᠤᠯᠭ᠎ᠠ᠎ᠳᠤ ᠤᠬᠠᠭᠤᠯᠭ᠎ᠠ ᠲᠠᠢ᠌ᠯᠪᠤᠷᠢᠯᠠᠯᠲᠠ ᠬᠢᠵᠤ᠂ ᠡᠭᠦᠨ᠎ᠤ ᠬᠠᠮᠲᠤ ᠲᠠᠷᠢᠶᠠᠴᠢᠳ᠎ᠤᠨ ᠬᠤᠷᠰᠢᠶ᠎ᠠ ᠵᠡᠷᠭᠡ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠳᠤᠷᠠᠳᠤᠭᠰᠠᠨ ᠠᠰᠠᠭᠤᠳᠠᠯ᠎ᠳᠤ ᠬᠠᠷᠢᠭᠤᠯᠲᠠ ᠥᠭᠴᠦ᠂ 《ᠡᠵᠡᠩᠨᠡᠯᠲᠡ ᠵᠢᠨ ᠪᠡᠶᠡᠴᠢ ᠴᠣᠭᠴᠠ ᠵᠢᠨ ᠣᠨ᠎ᠤ ᠮᠡᠳᠡᠭᠦᠯᠦᠯᠲᠡ ᠵᠢ ᠲᠠᠭᠯᠠᠨ ᠮᠡᠳᠡᠭᠦᠯᠬᠦ ᠵᠦᠭᠯᠡᠭᠦᠷ》᠂ 《ᠪᠠᠢ᠌ᠩᠭᠤ ᠲᠣᠬᠢᠶᠠᠯᠳᠤᠳᠠᠭ ᠡᠵᠡᠩᠨᠡᠯᠲᠡ ᠵᠢᠨ ᠪᠡᠶᠡᠴᠢ ᠴᠣᠭᠴᠠ ᠵᠢᠨ ᠣᠨ᠎ᠤ ᠮᠡᠳᠡᠭᠦᠯᠦᠯᠲᠡ ᠵᠢᠨ 33 ᠠᠰᠠᠭᠤᠳᠠᠯ᠎ᠤᠨ ᠬᠠᠷᠢᠭᠤᠯᠲᠠ》᠂ 《ᠵᠠᠰᠠᠨ ᠰᠡᠷᠭᠦᠭᠡᠬᠦ ᠪᠡᠶᠡᠴᠢ ᠴᠣᠭᠴᠠ ᠵᠢᠨ ᠰᠦᠯᠵᠢᠶᠡᠨ ᠳᠡᠭᠡᠷᠡᠬᠢ ᠢᠲᠡᠭᠡᠮᠵᠢ ᠵᠢ ᠵᠠᠰᠠᠨ ᠰᠡᠷᠭᠦᠭᠡᠬᠦ ᠵᠦᠭᠯᠡᠭᠦᠷ》᠂ 《ᠲᠠᠷᠢᠶᠠᠴᠢᠳ᠎ᠤᠨ ᠬᠤᠷᠰᠢᠶ᠎ᠠ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠭᠡᠢ᠌ᠯᠡᠬᠦ》 ᠵᠡᠷᠭᠡ ᠤᠬᠠᠭᠤᠯᠭ᠎ᠠ ᠵᠢᠨ ᠬᠠᠭᠤᠳᠠᠰᠤ ᠵᠢ ᠲᠠᠷᠬᠠᠭ᠋ᠠᠪᠠ᠃
ᠲᠤᠰ ᠤᠳᠠᠭ᠋ᠠᠨ᠎ᠤ ᠲᠤᠰᠬᠠᠢ ᠰᠡᠳᠦᠪᠲᠦ ᠲᠠᠢ᠌ᠯᠤᠮᠵᠢ ᠨᠢ ᠪᠦᠬᠦ ᠣᠷᠣᠨ᠎ᠤ 《ᠡᠵᠡᠩᠨᠡᠯᠲᠡ ᠵᠢᠨ ᠭᠣᠣᠯ ᠴᠣᠭᠴᠠ ᠵᠢᠨ ᠣᠨ᠎ᠤ ᠮᠡᠳᠡᠭᠦᠯᠦᠯᠲᠡ ᠵᠢᠨ ᠦᠢ᠍ᠯᠡᠴᠢᠯᠡᠭᠡᠨ᠎ᠤ ᠰᠠᠷ᠎ᠠ》 ᠵᠢᠨ ᠠᠵᠢᠯᠯᠠᠭ᠎ᠠ ᠵᠢᠨ ᠶᠡᠷᠦᠩᠬᠡᠢ ᠲᠣᠬᠢᠷᠠᠭᠤᠯᠤᠯᠲᠠ ᠶᠣᠰᠣᠭ᠋ᠠᠷ᠂ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠠᠵᠤ ᠠᠬᠤᠢ᠌ᠯᠠᠯ᠎ᠤᠨ ᠣᠨ᠎ᠤ ᠮᠡᠳᠡᠭᠦᠯᠦᠯᠲᠡ ᠵᠢᠨ ᠪᠣᠳᠠᠲᠠᠢ ᠱᠠᠭ᠋ᠠᠷᠳᠠᠯᠭ᠎ᠠ ᠪᠠ ᠶᠠᠪᠤᠴᠠ ᠵᠢ ᠣᠢ᠌ᠯᠠᠭ᠋ᠠᠬᠤ᠎ᠳᠤ ᠳᠥᠭᠥᠮ ᠦᠵᠡᠭᠦᠯᠵᠦ᠂ ᠵᠢᠴᠢ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ᠎ᠤ ᠳᠠᠷᠠᠭ᠋ᠠᠬᠢ ᠢᠲᠡᠭᠡᠮᠵᠢ ᠵᠢ ᠰᠡᠷᠭᠦᠭᠡᠬᠦ ᠳᠡᠰ ᠳᠠᠷᠠᠭ᠎ᠠ ᠵᠢᠨ ᠲᠥᠯᠥᠭᠡ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠯᠭ᠎ᠠ ᠵᠢᠨ ᠠᠵᠤ ᠠᠬᠤᠢ᠌ᠯᠠᠯ᠎ᠢ ᠬᠠᠪᠰᠤᠷᠤᠨ ᠢᠲᠡᠭᠡᠮᠵᠢ ᠵᠢ ᠨᠡᠮᠡᠭᠳᠡᠭᠦᠯᠬᠦ᠂ ᠦᠨᠳᠦᠰᠦᠨ ᠱᠠᠲᠤᠨ᠎ᠳᠤ ᠦᠢ᠍ᠯᠡᠴᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠰᠢᠷᠢᠰ ᠠᠵᠢᠯᠯᠠᠭ᠎ᠠ ᠵᠢᠨ ᠨᠢᠭᠡ ᠪᠣᠯᠣᠨ᠎ᠠ᠂ ᠮᠥᠨᠴᠦ ᠥᠭᠡᠷᠡᠴᠢᠯᠡᠯᠲᠡ ᠪᠣᠯᠣᠨ ᠬᠣᠷᠰᠢᠭᠰᠠᠨ ᠠᠵᠤ ᠠᠬᠤᠢ ᠵᠢᠨ ᠵᠢᠯᠤᠭᠣᠳᠬᠤ ᠭᠠᠵᠠᠷ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠣᠯᠠᠨ ᠲᠦᠮᠡᠨ᠎ᠤ ᠰᠤᠷᠭ᠋ᠠᠨ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠲᠠᠢ᠍ᠢ᠍ᠴᠢᠯᠠᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠵᠤ᠂ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠵᠤ᠂ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠡᠷᠡᠭᠦᠯ ᠵᠶ᠋ᠡᠷ ᠬᠥᠭᠵᠢᠬᠦ᠎ᠳᠤ ᠬᠦᠴᠦᠨ ᠨᠡᠮᠡᠷᠢᠯᠡᠬᠦ ᠦᠢ᠍ᠯᠡᠳᠦᠯᠭᠡ ᠵᠢᠨ ᠠᠵᠢᠯᠯᠠᠭ᠎ᠠ ᠪᠣᠯᠣᠨ᠎ᠠ᠃
ᠲᠠᠷᠠᠭ᠋ᠠᠴᠢ ᠵᠢᠨ ᠠᠯᠬᠤᠮ᠎ᠳᠤ᠂ ᠬᠣᠶᠠᠷ ᠰᠠᠯᠠᠭ᠎ᠠ ᠮᠥᠴᠢᠷ᠎ᠤᠨ᠎ᠬᠢᠨ ᠬᠠᠷᠢᠯᠴᠠᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠬᠦ᠎ᠪᠠᠷ ᠳᠠᠮᠵᠢᠭᠤᠯᠵᠤ᠂ ᠲᠣᠭ᠎ᠠ ᠪᠠᠷᠢᠮᠲᠠ ᠵᠢ ᠲᠦᠷᠦᠯ ᠬᠤᠪᠢᠶᠠᠨ ᠡᠵᠡᠮᠳᠡᠬᠦ ᠵᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠵᠢ ᠰᠠᠢ᠌ᠲᠤᠷ ᠬᠢᠵᠦ᠂ 《ᠦᠢ᠍ᠯᠡᠴᠢᠯᠡᠭᠡ + ᠬᠢᠨᠠᠯᠲᠠ ᠬᠠᠮᠢᠶᠠᠷᠤᠯᠲᠠ》 ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠲᠠᠷᠢᠶᠠᠴᠢᠨ᠎ᠤ ᠲᠤᠰᠬᠠᠢ ᠠᠵᠢᠯ᠎ᠤᠨ ᠬᠤᠷᠰᠢᠶ᠎ᠠ ᠵᠢᠨ ᠣᠨ᠎ᠤ ᠮᠡᠳᠡᠭᠦᠯᠦᠯᠲᠡ ᠵᠢ ᠤᠬᠠᠭᠤᠯᠤᠨ ᠵᠢᠯᠤᠭᠣᠳᠬᠤ ᠡᠷᠴᠢᠮ ᠵᠶ᠋ᠡᠨ ᠴᠢᠩᠭ᠋ᠠᠷᠠᠭᠤᠯᠵᠤ᠂ ᠣᠨ᠎ᠤ ᠮᠡᠳᠡᠭᠦᠯᠦᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠡᠷᠡᠭᠦᠯ ᠵᠶ᠋ᠡᠷ ᠬᠥᠭᠵᠢᠬᠦ᠎ᠳᠤ ᠬᠦᠴᠦ᠎ᠪᠠᠨ ᠬᠠᠮᠲᠤᠳᠬᠠᠨ ᠠᠬᠢᠭᠤᠯᠤᠨ᠎ᠠ᠃