ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   1257 
《ᠬᠠᠮᠵᠢᠯᠴᠠᠨ ᠳᠡᠯᠭᠡᠷᠡᠭᠦᠯᠵᠦ ᠦᠷ᠎ᠡ ᠠᠰᠢᠭ᠎ᠢ ᠲᠣᠭᠲᠠᠭᠤᠨ ᠵᠶ᠋ᠠᠷ ᠨᠡᠮᠡᠭᠳᠡᠭᠦᠯᠦᠮᠦᠢ》—ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠤᠯᠠᠨ ᠲᠦᠮᠡᠨ᠎ᠤ ᠬᠥᠮᠦᠵᠢᠯ᠎ᠤᠨ 《1257》 ᠪᠠᠢ᠌ᠩᠭᠤᠵᠢᠭᠰᠠᠨ ᠠᠵᠢᠯᠯᠠᠭ᠎ᠠ ᠵᠢᠨ ᠰᠢᠷᠢᠰ ᠮᠡᠳᠡᠭᠡᠯᠡᠯ (ᠠᠷᠪᠠᠨ ᠳᠥᠷᠪᠡ)
ᠨᠡᠶ᠋ᠢᠲᠡᠯᠡᠭᠰᠡᠨ ᠴᠠᠭ᠄ 2025-06-09

      【ᠨᠠᠢ᠌ᠷᠠᠭᠤᠯᠤᠭᠴᠢ ᠵᠢᠨ ᠦᠭᠡ】 ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ  ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ  ᠦᠷᠭᠡᠳᠭᠡᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ  ᠨᠠᠢ᠌ᠳᠠᠪᠤᠷᠢᠵᠢᠭᠤᠯᠵᠤ᠂  ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ᠂ ᠺᠠᠳ᠋ᠷ᠂ ᠡᠵᠡᠩᠨᠡᠯᠲᠡ ᠵᠢᠨ ᠭᠣᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ᠎ᠤᠨ ᠭᠣᠣᠯ ᠴᠣᠭᠴᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠂ ᠬᠥᠳᠡᠭᠡ ᠲᠣᠰᠬᠣᠨ᠎ᠢ ᠪᠦᠬᠦ ᠲᠠᠯ᠎ᠠ ᠎ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ  ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠨᠢ ᠪᠥᠬᠥ ᠣᠷᠣᠨ᠎ᠳᠤ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠣᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤᠵᠢᠭᠰᠠᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠯᠠᠩ᠎ᠳᠤ ᠬᠣᠯᠪᠣᠭᠳᠠᠭᠰᠠᠨ 1 ᠲᠦᠮᠡ ᠭᠠᠷᠤᠢ ᠠᠵᠤ ᠠᠬᠤᠢ᠌ᠯᠠᠯ᠎ᠳᠤ 《ᠡᠭᠦᠳᠡ᠎ᠪᠠᠨ ᠨᠡᠭᠡᠭᠡᠵᠦ ᠢᠳᠬᠠᠯ  ᠰᠣᠨᠤᠰᠬᠤ》 ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠵᠢᠨ ᠺᠠᠳ᠋ᠷᠴᠤᠳ᠎ᠲᠤ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠵᠢᠨ ᠭᠣᠣᠯ ᠴᠣᠭᠴᠠ᠎ᠳᠤ ᠲᠦᠷᠦᠭᠦᠴᠢ  ᠬᠤᠨ᠂ ᠰᠢᠨ᠎ᠡ ᠲᠠᠷᠢᠶᠠᠴᠢᠨ᠎ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ᠎ᠳᠤ ᠨᠠᠮ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ ᠥᠷᠨᠢᠭᠦᠯᠪᠡ᠃

 

1.png

 

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ  ᠲᠢᠩᠬᠢᠮ᠎ᠤᠨ ᠨᠠᠮ᠎ᠤᠨ ᠠᠴᠢ᠎ᠳᠤ  ᠲᠠᠯᠠᠷᠬᠠᠵᠤ  ᠨᠠᠮ᠎ᠤᠨ ᠦᠭᠡ ᠵᠢ ᠰᠣᠨᠣᠰᠴᠤ ᠨᠠᠮ ᠵᠶ᠋ᠠᠨ  ᠳᠠᠭ᠋ᠠᠬᠤ  ᠤᠯᠠᠨ ᠲᠦᠮᠡᠨ᠎ᠤ ᠬᠥᠮᠦᠵᠢᠯ᠎ᠤᠨ 《1257》  ᠪᠠᠢ᠌ᠩᠭᠤᠵᠢᠭᠰᠠᠨ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠥᠯᠥᠭᠡ᠂ 5 ᠰᠠᠷ᠎ᠠ ᠵᠢᠨ 20 ᠎ᠤ ᠡᠳᠦᠷ—6 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ᠎ᠤ ᠪᠦᠯᠬᠦᠮ᠎ᠲᠠᠢ ᠬᠠᠮᠲᠤᠷᠠᠨ ᠪᠤᠭᠤᠲᠤ ᠬᠣᠲᠠ ᠵᠢᠨ ᠭᠦᠶᠠᠩ ᠰᠢᠶᠠᠨ᠂ ᠣᠷᠳᠣᠰ ᠬᠣᠲᠠ ᠵᠢᠨ ᠬᠠᠩᠭᠢᠨ ᠬᠣᠰᠢᠭᠤ᠂ ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤ᠂ ᠤᠯᠠᠭ᠋ᠠᠨᠴᠠᠪ ᠬᠣᠲᠠ ᠵᠢᠨ ᠱᠠᠩᠳᠤ ᠰᠢᠶᠠᠨ᠂ ᠬᠥᠬᠡᠬᠣᠲᠠ ᠵᠢᠨ ᠲᠦᠮᠡᠳ ᠵᠡᠭᠦᠨ ᠬᠣᠰᠢᠭᠤᠨ᠎ᠳᠤ ᠬᠦᠷᠴᠦ᠂ ᠨᠡᠷᠡᠨ  ᠬᠤᠸᠠᠷ᠎ᠤᠨ ᠭᠣᠣᠯ ᠭᠠᠷᠤᠯᠲᠠ ᠵᠢᠨ ᠣᠷᠣᠨ᠎ᠤ ᠲᠠᠷᠢᠮᠠᠯ᠎ᠤᠨ ᠡᠷᠦᠬᠡ ᠵᠢᠨ ᠡᠪᠡᠳᠴᠢᠨ ᠬᠣᠷᠣᠬᠠᠢ ᠵᠢᠨ ᠬᠥᠨᠥᠭᠡᠯ᠎ᠢ ᠢᠯᠭ᠋ᠠᠨ ᠲᠠᠨᠢᠬᠤ ᠬᠦᠴᠢᠷᠳᠡᠯ᠂ ᠰᠢᠨᠵᠢᠯᠡᠬᠦ ᠤᠬᠠᠭ᠋ᠠᠨᠴᠢ᠎ᠪᠠᠷ ᠡᠮ᠎ᠢ ᠰᠣᠩᠭᠣᠨ ᠬᠡᠷᠡᠭᠯᠡᠬᠦ ᠬᠢᠷᠢ ᠬᠡᠮᠵᠢᠶ᠎ᠡ  ᠪᠠᠭᠤᠷᠠᠢ᠂ ᠭᠣᠣᠯ ᠪᠣᠯᠬᠤ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ ᠮᠡᠷᠭᠡᠵᠢᠯ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ  ᠪᠠᠭᠤᠷᠠᠢ᠂  ᠲᠥᠮᠥᠰᠥᠨ᠎ᠤ  ᠦᠷ᠎ᠡ᠎ᠪᠠᠷ ᠲᠠᠷᠬᠠᠬᠤ᠂ ᠰᠢᠷᠣᠢ᠎ᠪᠠᠷ ᠲᠠᠷᠬᠠᠬᠤ᠂ ᠪᠠᠺᠲ᠋ᠧᠷᠢ ᠵᠢᠨ ᠴᠢᠨᠠᠷᠲᠠᠢ ᠡᠪᠡᠳᠴᠢᠨ᠎ᠤ ᠬᠥᠨᠥᠭᠡᠯ᠎ᠢ ᠰᠡᠷᠭᠡᠢ᠌ᠯᠡᠨ ᠵᠠᠰᠠᠬᠤ᠎ᠳᠤ ᠬᠦᠴᠢᠷ᠂ ᠡᠷᠳᠡᠨᠢ ᠰᠢᠰᠢ ᠵᠢᠨ ᠡᠪᠡᠰᠦ ᠠᠷᠢᠯᠭ᠋ᠠᠭᠴᠢ ᠡᠮ᠎ᠤᠨ ᠬᠡᠮᠵᠢᠶ᠎ᠡ ᠵᠢ ᠪᠠᠭ᠋ᠠᠰᠬᠠᠵᠤ ᠦᠷ᠎ᠡ ᠠᠰᠢᠭ᠎ᠢ ᠨᠡᠮᠡᠭᠳᠡᠭᠦᠯᠬᠦ᠂ ᠭᠣᠣᠯ ᠪᠣᠯᠬᠤ ᠡᠪᠡᠳᠴᠢᠨ ᠬᠣᠷᠣᠬᠠᠢ ᠵᠢᠨ ᠬᠥᠨᠥᠭᠡᠯ᠎ᠢ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠵᠡᠷᠭᠡ ᠤᠷᠭᠤᠮᠠᠯ᠎ᠤᠨ ᠬᠠᠮᠠᠭ᠋ᠠᠯᠠᠯᠲᠠ ᠵᠢᠨ ᠮᠡᠷᠭᠡᠵᠢᠯ᠎ᠤᠨ ᠬᠦᠴᠢᠷ ᠠᠰᠠᠭᠤᠳᠠᠯ ᠎ᠳᠤ ᠴᠢᠭᠯᠡᠭᠦᠯᠦᠨ 《ᠲᠤᠰᠬᠠᠢ ᠮᠡᠷᠭᠡᠵᠢᠯᠲᠡᠨ + ᠮᠡᠷᠭᠡᠵᠢᠯᠲᠡᠨ+ ᠵᠢᠱ᠌ᠢᠶ᠎ᠡ ᠦᠵᠡᠭᠦᠯᠵᠦ ᠳᠡᠯᠭᠡᠨ ᠦᠵᠡᠭᠦᠯᠬᠦ ᠭᠣᠣᠯ ᠴᠣᠭᠴᠠ + ᠲᠠᠷᠢᠶᠠᠴᠢᠨ ᠡᠷᠦᠬᠡ ᠵᠢ ᠨᠥᠯᠥᠭᠡᠯᠡᠨ ᠳᠠᠢ᠌ᠴᠢᠯᠠᠬᠤ》  ᠬᠡᠯᠬᠢᠶᠡᠵᠢᠭᠰᠡᠨ  ᠳᠡᠯᠭᠡᠷᠡᠭᠦᠯᠬᠦ ᠦᠢ᠍ᠯᠡᠴᠢᠯᠡᠭᠡᠨ᠎ᠤ ᠵᠠᠭᠪᠤᠷ᠎ᠢ ᠬᠡᠷᠡᠭᠯᠡᠵᠦ᠂ ᠲᠦᠷᠦ ᠵᠢᠨ ᠪᠣᠳᠣᠯᠭ᠎ᠠ ᠬᠦᠷᠭᠡᠬᠦ᠂ ᠦᠢ᠍ᠯᠡᠴᠢᠯᠡᠭᠡ ᠬᠦᠷᠭᠡᠬᠦ᠂ ᠮᠡᠷᠭᠡᠵᠢᠯ ᠬᠦᠷᠭᠡᠬᠦ ᠠᠵᠢᠯᠯᠠᠭ᠎ᠠ ᠥᠷᠨᠢᠭᠦᠯᠵᠦ᠂ ᠲᠤᠬᠠᠢ ᠵᠢᠨ ᠭᠠᠵᠠᠷ᠎ᠤᠨ ᠲᠤᠰᠬᠠᠢ᠌ᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠬᠤᠷᠰᠢᠶ᠎ᠠ᠂ ᠲᠠᠷᠢᠮᠠᠯ᠎ᠤᠨ ᠲᠣᠮᠣ ᠡᠷᠦᠬᠡ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠨᠡᠢ᠍ᠢ᠍ᠳᠡ 160 ᠭᠠᠷᠤᠢ ᠬᠥᠮᠥᠨ ᠣᠷᠣᠯᠴᠠᠪᠠ᠃

 

2.png

 

      ᠪᠣᠯᠪᠠᠰᠤᠷᠠᠯ᠎ᠤᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ  ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠎ᠤᠨ ᠡᠷᠬᠢᠯᠡᠭᠴᠢ  ᠬᠤᠸᠠᠩ  ᠵᠢᠶᠦ᠋ᠨ ᠰᠢᠶᠠ᠎ᠠᠴᠠ  ᠨᠡᠷᠡᠨ  ᠬᠤᠸᠠᠷ᠂ ᠡᠷᠳᠡᠨᠢ ᠰᠢᠰᠢ ᠵᠢᠨ ᠲᠠᠷᠢᠶᠠᠨ᠎ᠤ ᠪᠤᠵᠠᠷ ᠡᠪᠡᠰᠦ ᠵᠢ ᠰᠡᠷᠭᠡᠢ᠌ᠯᠡᠨ ᠵᠠᠰᠠᠬᠤ ᠮᠡᠷᠭᠡᠵᠢᠯ᠎ᠤᠨ ᠲᠠᠯ᠎ᠠ᠎ᠪᠠᠷ ᠨᠠᠷᠢᠨ ᠲᠠᠢ᠌ᠯᠤᠮᠵᠢ ᠬᠢᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠵᠣᠣ ᠵᠢᠶᠦ᠋ᠨ᠎ᠠᠴᠠ  ᠨᠡᠷᠡᠨ  ᠬᠤᠸᠠᠷ᠎ᠤᠨ ᠭᠣᠣᠯ ᠪᠣᠯᠬᠤ ᠡᠪᠡᠳᠴᠢᠨ ᠬᠣᠷᠣᠬᠠᠢ ᠵᠢᠨ ᠬᠥᠨᠥᠭᠡᠯ᠎ᠢ ᠢᠯᠭ᠋ᠠᠨ ᠲᠠᠨᠢᠵᠤ ᠰᠡᠷᠭᠡᠢ᠌ᠯᠡᠨ ᠡᠵᠡᠮᠳᠡᠬᠦ ᠮᠡᠷᠭᠡᠵᠢᠯ᠎ᠤᠨ ᠲᠠᠯ᠎ᠠ᠎ᠪᠠᠷ ᠬᠢᠴᠢᠶᠡᠯ ᠣᠷᠣᠵᠤ᠂  ᠲᠠᠷᠢᠮᠠᠯ᠎ᠤᠨ  ᠲᠣᠮᠣ ᠡᠷᠦᠬᠡ ᠵᠢᠨ ᠳᠤᠷᠠᠳᠤᠭᠰᠠᠨ ᠨᠡᠷᠡᠨ  ᠬᠤᠸᠠᠷ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠳᠤ ᠬᠡᠷᠡᠭᠯᠡᠬᠦ ᠡᠮ᠂ ᠦᠷ᠎ᠡ ᠰᠢᠢ᠍ᠳᠪᠦᠷᠢᠯᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ ᠲᠤᠬᠠᠢ ᠵᠢᠨ ᠲᠠᠯᠠᠪᠤᠷ᠎ᠲᠤ ᠬᠠᠷᠢᠭᠤᠯᠲᠠ ᠥᠭᠪᠡ᠃

 

3.png

 

      ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠳᠡᠳ᠋ ᠫᠷᠤᠹᠧᠰᠰᠤᠷ ᠸᠠᠩ ᠳ᠋ᠦᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ ᠵᠢᠴᠢ ᠤᠯᠠᠭ᠋ᠠᠨᠴᠠᠪ ᠬᠣᠲᠠ ᠵᠢᠨ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠥᠷᠲᠡᠭᠡ ᠵᠢᠨ ᠤᠷᠭᠤᠮᠠᠯ᠎ᠤᠨ ᠬᠠᠮᠠᠭ᠋ᠠᠯᠠᠯᠲᠠ ᠵᠢᠨ  ᠮᠡᠷᠭᠡᠵᠢᠯᠲᠡᠳ  ᠲᠥᠮᠥᠰᠥ ᠵᠢᠨ ᠰᠢᠷᠣᠢ᠎ᠪᠠᠷ ᠲᠠᠷᠬᠠᠬᠤ ᠡᠪᠡᠳᠴᠢᠨ᠎ᠤ ᠬᠥᠨᠥᠭᠡᠯ᠂ ᠪᠠᠺᠲ᠋ᠧᠷᠢ ᠵᠢᠨ ᠴᠢᠨᠠᠷᠲᠠᠢ ᠡᠪᠡᠳᠴᠢᠨ᠎ᠤ ᠬᠥᠨᠥᠭᠡᠯ᠎ᠢ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠂ ᠴᠢᠬᠢᠯᠡᠭᠰᠡᠨ᠎ᠤ ᠳᠠᠷᠠᠭ᠎ᠠ ᠡᠪᠡᠰᠦ ᠠᠷᠢᠯᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ  ᠠᠶᠤᠯᠭᠦᠢ  ᠡᠮ ᠬᠡᠷᠡᠭᠯᠡᠬᠦ ᠵᠢᠴᠢ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠬᠣᠷᠢᠶᠠᠨ ᠠᠪᠬᠤ ᠠᠵᠢᠯ᠎ᠢ ᠰᠠᠢ᠌ᠲᠤᠷ ᠬᠢᠬᠦ ᠵᠡᠷᠭᠡ ᠲᠠᠯ᠎ᠠ᠎ᠪᠠᠷ ᠨᠠᠷᠢᠨ ᠲᠠᠢ᠌ᠯᠤᠮᠵᠢ ᠬᠢᠵᠡᠢ᠃

 

4.png

 

      ᠲᠦᠮᠡᠳ ᠵᠡᠭᠦᠨ ᠬᠣᠰᠢᠭᠤᠨ᠎ᠤ ᠤᠯᠤᠰ᠎ᠤᠨ ᠣᠳᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠎ᠤᠨ ᠲᠤᠰᠬᠠᠢ ᠮᠡᠷᠭᠡᠵᠢᠯᠲᠡᠨ᠎ᠠᠴᠠ 《ᠭᠤᠷᠪᠠᠨ  ᠪᠦᠷᠬᠦᠪᠴᠢ》 ᠵᠢᠨ  ᠹᠢᠽᠢᠺ᠎ᠤᠨ ᠡᠪᠡᠰᠦ ᠠᠷᠢᠯᠭ᠋ᠠᠬᠤ ᠮᠡᠷᠭᠡᠵᠢᠯ᠂ ᠡᠷᠳᠡᠨᠢ ᠰᠢᠰᠢ ᠵᠢᠨ ᠲᠠᠷᠢᠶᠠᠨ᠎ᠤ ᠶᠠᠨ ᠮᠢ  ᠬᠤᠸᠠᠩ  ᠯᠦᠩ·ᠰᠢᠦ ᠴᠢᠦᠢ ᠵᠢᠨ (烟嘧磺隆·莠去

津)  ᠬᠡᠰᠡᠭ ᠣᠷᠣᠯᠠᠬᠤ ᠮᠡᠷᠭᠡᠵᠢᠯ᠂ ᠡᠷᠳᠡᠨᠢ ᠰᠢᠰᠢ ᠵᠢᠨ ᠤᠯᠠᠭ᠋ᠠᠨ ᠠᠭ᠋ᠠᠯᠵᠢ ᠵᠢᠨ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠮᠡᠷᠭᠡᠵᠢᠯ᠂ ᠬᠥᠪᠥᠩ᠎ᠤᠨ ᠢᠳᠤᠬᠠᠨ ᠬᠣᠷᠣᠬᠠᠢ ᠵᠢᠨ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠮᠡᠷᠭᠡᠵᠢᠯ᠎ᠢ ᠨᠠᠷᠢᠨ ᠲᠠᠨᠢᠯᠴᠠᠭᠤᠯᠵᠠᠢ᠃ ᠡᠭᠦᠨ᠎ᠤ ᠬᠠᠮᠲᠤ  ᠭᠠᠵᠠᠷ ᠬᠠᠭ᠋ᠠᠯᠪᠤᠷᠢᠯᠠᠵᠤ  ᠡᠪᠡᠰᠦ ᠠᠷᠢᠯᠭ᠋ᠠᠬᠤ᠂ ᠮᠠᠰᠢᠨ ᠵᠶ᠋ᠠᠷ ᠡᠮ  ᠣᠷᠤᠭᠤᠯᠬᠤ  ᠠᠵᠢᠯ᠎ᠤᠨ ᠲᠤᠬᠠᠢ ᠵᠢᠨ ᠲᠠᠯᠠᠪᠠᠢ ᠵᠢᠨ ᠦᠵᠡᠭᠦᠯᠭᠡ᠎ᠪᠠᠷ ᠳᠠᠮᠵᠢᠨ᠂ ᠡᠪᠡᠰᠦ ᠠᠷᠢᠯᠭ᠋ᠠᠬᠤ ᠡᠮ᠎ᠤᠨ ᠪᠠᠭ᠋ᠠᠵᠢ ᠬᠡᠷᠡᠭᠰᠡᠯ᠎ᠤᠨ ᠰᠣᠩᠭᠣᠯᠲᠠ᠂ ᠡᠮ᠎ᠤᠨ ᠨᠠᠢ᠌ᠷᠠᠯᠭ᠎ᠠ ᠵᠢᠨ ᠬᠡᠷᠡᠭᠯᠡᠯᠲᠡ ᠵᠢᠴᠢ ᠲᠠᠷᠢᠶᠠᠨ ᠭᠠᠵᠠᠷ᠎ᠤᠨ ᠠᠵᠢᠯᠯᠠᠭ᠎ᠠ ᠵᠢ ᠠᠮᠢᠳᠤᠯᠢᠭ ᠵᠶ᠋ᠠᠷ ᠲᠠᠢ᠌ᠯᠪᠤᠷᠢᠯᠠᠵᠤ᠂ ᠤᠳᠤ ᠦᠶ᠎ᠡ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠥᠪᠡᠷ᠎ᠤᠨ ᠦᠷᠳᠡᠭ᠎ᠢ ᠪᠠᠭᠤᠷᠠᠭᠤᠯᠵᠤ ᠦᠷ᠎ᠡ ᠠᠰᠢᠭ᠎ᠢ ᠨᠡᠮᠡᠭᠳᠡᠭᠦᠯᠬᠦ ᠲᠠᠯ᠎ᠠ᠎ᠪᠠᠷ᠎ᠬᠢ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠰᠢᠭᠤᠳ ᠳᠡᠯᠭᠡᠨ ᠦᠵᠡᠭᠦᠯᠵᠡᠢ᠃ ᠣᠷᠴᠢᠨ ᠠᠬᠤᠢ ᠵᠢᠨ ᠬᠠᠮᠠᠭ᠋ᠠᠯᠠᠯᠲᠠ ᠵᠢᠨ  ᠱᠠᠭ᠋ᠠᠷᠳᠠᠨ  ᠪᠠᠢ᠌ᠴᠠᠭ᠋ᠠᠯᠲᠠ ᠵᠢᠨ ᠭᠣᠣᠯᠳᠠᠯᠭ᠎ᠠ᠎ᠲᠠᠢ ᠠᠵᠢᠯ᠎ᠳᠤ ᠴᠢᠭᠯᠡᠭᠦᠯᠦᠨ᠂ 《ᠡᠮ᠎ᠢ ᠬᠢᠵᠠᠭ᠋ᠠᠷᠯᠠᠨ ᠬᠣᠣᠷ ᠬᠥᠨᠥᠭᠡᠯ᠎ᠢ ᠪᠠᠭ᠋ᠠᠰᠬᠠᠬᠤ ᠪᠠ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠬᠣᠷᠢᠶᠠᠨ ᠠᠪᠴᠤ ᠰᠢᠢ᠍ᠳᠪᠦᠷᠢᠯᠡᠬᠦ》 ᠵᠢᠨ ᠲᠣᠭᠣᠷᠢᠨ᠎ᠳᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ  ᠬᠣᠪᠢᠶᠠᠯᠴᠠᠵᠤ᠂ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠬᠤ ᠮᠡᠷᠭᠡᠵᠢᠯ᠎ᠢ ᠳᠡᠯᠭᠡᠷᠡᠭᠦᠯᠦᠨ᠂ ᠲᠠᠷᠢᠶᠠᠴᠢᠨ ᠡᠷᠦᠬᠡ ᠵᠢᠨ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠬᠣᠷᠢᠶᠠᠨ ᠠᠪᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠲᠠᠷᠢᠶᠠᠯᠠᠩ᠎ᠤᠨ ᠪᠣᠬᠢᠷᠲᠤᠯ ᠦᠭᠡᠢ ᠬᠥᠭᠵᠢᠯᠲᠡ ᠵᠢᠨ  ᠣᠢ᠌ᠯᠠᠭ᠋ᠠᠭᠳᠠᠬᠤᠨ᠎ᠢ ᠰᠠᠨᠠᠭ᠋ᠠᠴᠢᠯᠠᠪᠠ᠃


5.png


      ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠎ᠠᠴᠠ ᠬᠥᠨᠥᠭᠡᠯᠲᠡᠢ ᠠᠮᠢᠳᠤ ᠪᠣᠳᠠᠰ᠎ᠤᠨ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠲᠠᠷᠢᠶᠠᠨ ᠡᠮ᠎ᠤᠨ ᠣᠷᠣᠭᠤᠯᠤᠯᠲᠠ ᠵᠢ ᠪᠠᠭ᠋ᠠᠰᠬᠠᠬᠤ ᠮᠡᠷᠭᠡᠵᠢᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠦᠷᠭᠦᠯᠵᠢᠯᠡᠨ ᠠᠬᠢᠭᠤᠯᠵᠤ᠂ ᠮᠡᠷᠭᠡᠵᠢᠯ᠎ᠤᠨ ᠪᠣᠯᠪᠠᠰᠤᠷᠠᠯ᠎ᠤᠨ ᠵᠢᠯᠣᠭᠣᠳᠤᠯᠭ᠎ᠠ ᠵᠢ ᠴᠢᠩᠭ᠋ᠠᠳᠬᠠᠨ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ  ᠪᠦᠲᠦᠭᠡᠭᠳᠡᠬᠦᠨ᠎ᠤ ᠠᠮᠤᠷ ᠲᠦᠪᠰᠢᠨ ᠬᠠᠩᠭ᠋ᠠᠯᠭ᠎ᠠ ᠵᠢ ᠪᠠᠲᠤᠯᠠᠬᠤ᠎ᠳᠤ ᠤᠷᠭᠤᠮᠠᠯ᠎ᠤᠨ ᠬᠠᠮᠠᠭ᠋ᠠᠯᠠᠯᠲᠠ ᠵᠢᠨ ᠬᠦᠴᠦᠨ ᠴᠢᠳᠠᠯ ᠵᠶ᠋ᠠᠨ ᠨᠡᠮᠡᠷᠢᠯᠡᠨ᠎ᠡ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            