ᠤᠯᠤᠰ᠎ᠤᠨ ᠳᠣᠲᠣᠭ᠋ᠠᠳᠤ ᠵᠢᠨ ᠬᠣᠯᠪᠣᠭᠳᠠᠯ ᠪᠦᠬᠦᠢ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠨᠢᠭᠡᠴᠡ᠂ ᠨᠡᠢ᠌ᠭᠡᠮ᠎ᠤᠨ ᠪᠦᠯᠬᠦᠮ᠂ ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠳᠤ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠡᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠶᠠᠪᠤᠴᠠ ᠵᠢ ᠵᠢᠷᠤᠮᠵᠢᠭᠤᠯᠵᠤ᠂ ᠲᠠᠷᠢᠶᠠᠨ ᠡᠮ ᠦᠢ᠍ᠯᠡᠳᠪᠦᠷᠢᠯᠡᠬᠦ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠵᠢᠴᠢ ᠬᠢᠨᠠᠨ ᠬᠠᠮᠢᠶᠠᠷᠬᠤ ᠠᠵᠢᠯ᠎ᠤᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠥᠯᠥᠭᠡ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠡᠮ᠎ᠤᠨ ᠬᠠᠮᠢᠶᠠᠷᠤᠯᠲᠠ ᠵᠢᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠰᠢᠨᠡᠳᠬᠡᠵᠦ᠂ ᠡᠯ᠎ᠡ ᠬᠣᠯᠪᠣᠭᠳᠠᠯ ᠪᠦᠬᠦᠢ ᠨᠢᠭᠡᠴᠡ ᠪᠠ ᠨᠡᠢ᠌ᠭᠡᠮ᠎ᠤᠨ ᠪᠦᠯᠬᠦᠮ᠎ᠠᠴᠠ ᠨᠢᠭᠡ ᠪᠦᠯᠦᠭ ᠲᠤᠰᠬᠠᠢ ᠮᠡᠷᠭᠡᠵᠢᠯ᠎ᠤᠨ ᠬᠡᠪ ᠴᠢᠨᠠᠷ ᠵᠶ᠋ᠠᠷ ᠴᠢᠩᠭ᠎ᠠ᠂ ᠦᠢ᠍ᠯᠡᠳᠦᠯᠭᠡ ᠵᠢᠨ ᠲᠤᠷᠰᠢᠯᠭ᠎ᠠ᠎ᠪᠠᠷ ᠪᠠᠶᠠᠯᠢᠭ ᠵᠢᠯᠤᠭᠣᠳᠬᠤ ᠲᠤᠰᠬᠠᠢ ᠮᠡᠷᠭᠡᠵᠢᠯᠲᠡᠨ᠎ᠢ ᠡᠯᠰᠡᠬᠦ᠎ᠪᠠᠷ ᠲᠣᠭᠲᠠᠪᠠ᠂ ᠬᠣᠯᠪᠣᠭᠳᠠᠯ ᠪᠦᠬᠦᠢ ᠵᠦᠢ᠍ᠯᠡᠰ᠎ᠨᠢ ᠳᠣᠣᠷᠠᠬᠢ ᠮᠡᠲᠦ᠄
ᠨᠢᠭᠡ᠂ ᠲᠤᠰᠬᠠᠢ ᠮᠡᠷᠭᠡᠵᠢᠯᠲᠡᠨ᠎ᠤ ᠡᠭᠦᠷᠭᠡ ᠬᠠᠷᠢᠭᠤᠴᠠᠯᠭ᠎ᠠ
(ᠨᠢᠭᠡ) ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠡᠮ ᠦᠢ᠍ᠯᠡᠳᠪᠦᠷᠢᠯᠡᠬᠦ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠮᠡᠷᠭᠡᠵᠢᠯ᠎ᠤᠨ ᠬᠢᠨᠠᠨ ᠲᠣᠭᠲᠠᠭ᠋ᠠᠬᠤ ᠠᠵᠢᠯ᠎ᠳᠤ ᠣᠷᠣᠯᠴᠠᠵᠤ᠂ ᠭᠤᠶᠤᠴᠢᠯᠠᠭᠰᠠᠨ ᠮᠠᠲ᠋ᠧᠷᠢᠶᠠᠯ᠎ᠳᠠᠬᠢ ᠦᠢ᠍ᠯᠡᠳᠪᠦᠷᠢᠯᠡᠬᠦ ᠤᠷ᠎ᠠ ᠮᠡᠷᠭᠡᠰᠢᠯ᠂ ᠶᠠᠰᠤ ᠴᠢᠨᠠᠷ᠎ᠤᠨ ᠡᠵᠡᠮᠳᠡᠯ᠂ ᠲᠠᠷᠢᠶᠠᠨ ᠡᠮ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠲᠤᠰᠬᠠᠢ ᠮᠡᠷᠭᠡᠵᠢᠯ᠎ᠤᠨ ᠰᠠᠨᠠᠯ ᠳᠤᠷᠠᠳᠬᠤ ᠵᠢᠨ ᠬᠠᠮᠲᠤ ᠲᠠᠷᠢᠶᠠᠨ ᠡᠮ ᠦᠢ᠍ᠯᠡᠳᠪᠦᠷᠢᠯᠡᠬᠦ ᠵᠥᠪᠰᠢᠶᠡᠷᠡᠯ᠎ᠤᠨ ᠲᠤᠬᠠᠢ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠬᠤ ᠡᠭᠦᠷᠭᠡ ᠵᠢ ᠡᠭᠦᠷᠭᠡᠯᠡᠵᠦ᠂ ᠦᠢ᠍ᠯᠡᠳᠪᠦᠷᠢᠯᠡᠬᠦ ᠨᠥᠬᠥᠴᠡᠯ᠂ ᠦᠢ᠍ᠯᠡᠳᠪᠦᠷᠢᠯᠡᠬᠦ ᠭᠣᠭᠴᠣᠭ᠎ᠠ ᠬᠢᠭᠡᠳ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠵᠢ ᠦᠨᠡᠨᠬᠦ ᠪᠠᠲᠤᠯᠠᠬᠤ ᠬᠡᠷᠡᠭᠲᠡᠢ᠃
(ᠬᠣᠶᠠᠷ) ᠮᠡᠷᠭᠡᠵᠢᠯ᠎ᠤᠨ ᠲᠤᠯᠭ᠋ᠠᠭᠤᠷᠢᠯᠠᠯ ᠪᠠ ᠯᠠᠪᠯᠠᠭ᠎ᠠ ᠬᠠᠩᠭ᠋ᠠᠬᠤ ᠬᠡᠷᠡᠭᠲᠡᠢ᠃ ᠲᠠᠷᠢᠶᠠᠨ ᠡᠮ᠎ᠢ ᠳᠠᠩᠰᠠᠯᠠᠬᠤ᠂ ᠦᠢ᠍ᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠡᠷᠭᠡ ᠲᠠᠯ᠎ᠠ᠎ᠳᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠮᠡᠷᠭᠡᠵᠢᠯ᠎ᠤᠨ ᠯᠠᠪᠯᠠᠭ᠎ᠠ ᠵᠢᠴᠢ ᠲᠦᠭᠰᠢᠭᠦᠷᠢ ᠵᠢᠨ ᠦᠨᠡᠯᠡᠨ ᠵᠢᠱ᠌ᠢᠯᠲᠡ ᠬᠠᠩᠭ᠋ᠠᠨ᠎ᠠ; ᠲᠠᠷᠢᠶᠠᠨ ᠡᠮ᠎ᠤᠨ ᠬᠠᠮᠢᠶᠠᠷᠤᠯᠲᠠ ᠵᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠦ᠂ ᠬᠠᠯᠠᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢᠨ ᠲᠤᠬᠠᠢ ᠰᠠᠨᠠᠭᠤᠯᠭ᠎ᠠ ᠳᠤᠷᠠᠳᠤᠨ᠎ᠠ᠃
(ᠭᠤᠷᠪᠠ) ᠲᠠᠷᠢᠶᠠᠨ ᠡᠮ᠎ᠤᠨ ᠬᠠᠮᠢᠶ᠎ᠠ ᠪᠦᠬᠦᠢ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠵᠢᠴᠢ ᠪᠣᠯᠪᠠᠰᠤᠷᠠᠭᠤᠯᠤᠨ ᠵᠢᠯᠤᠭᠣᠳᠬᠤ ᠵᠡᠷᠭᠡ ᠠᠵᠢᠯ᠎ᠳᠤ ᠣᠷᠣᠯᠴᠠᠬᠤ ᠬᠡᠷᠡᠭᠲᠡᠢ᠃
(ᠳᠥᠷᠪᠡ) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠤᠰᠢᠶᠠᠭᠰᠠᠨ ᠪᠤᠰᠤᠳ ᠠᠵᠢᠯ᠎ᠢ ᠪᠡᠶᠡᠯᠡᠭᠦᠯᠬᠦ ᠬᠡᠷᠡᠭᠲᠡᠢ᠃
ᠬᠣᠶᠠᠷ᠂ ᠡᠯᠰᠡᠬᠦ ᠬᠡᠪᠴᠢᠶ᠎ᠡ
ᠲᠣᠰ ᠤᠳᠠᠭ᠎ᠠ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ᠎ᠤᠨ ᠬᠦᠷᠢᠶ᠎ᠡ᠂ ᠶᠠᠰᠤ ᠴᠢᠨᠠᠷ᠎ᠤᠨ ᠡᠵᠡᠮᠳᠡᠯ᠎ᠤᠨ ᠬᠦᠷᠢᠶ᠎ᠡ ᠪᠠ ᠲᠠᠷᠢᠶᠠᠨ ᠡᠮ᠎ᠤᠨ ᠬᠠᠮᠢᠶᠠᠷᠤᠯᠲᠠ ᠵᠢᠨ ᠬᠦᠷᠢᠶ᠎ᠡ ᠭᠤᠷᠪᠠᠨ ᠲᠠᠯ᠎ᠠ ᠠᠴᠠ ᠲᠠᠷᠢᠶᠠᠨ ᠡᠮ᠎ᠤᠨ ᠬᠠᠮᠢᠶᠠᠷᠤᠯᠲᠠ ᠵᠢᠨ ᠵᠢᠯᠤᠭᠣᠳᠬᠤ ᠲᠤᠰᠬᠠᠢ ᠮᠡᠷᠭᠡᠵᠢᠯᠲᠡᠨ ᠡᠯᠰᠡᠬᠦ ᠪᠣᠯᠣᠨ᠎ᠠ᠃
ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ᠎ᠤᠨ ᠬᠦᠷᠢᠶ᠎ᠡ ᠴᠠᠷᠠᠭ᠎ᠠ᠄ ᠲᠠᠷᠢᠶᠠᠨ ᠡᠮ᠎ᠤᠨ ᠦᠢ᠍ᠯᠡᠳᠪᠦᠷᠢᠯᠡᠯ᠎ᠤᠨ ᠮᠡᠷᠭᠡᠵᠢᠯ᠎ᠢ ᠰᠤᠳᠤᠯᠤᠨ ᠨᠡᠭᠡᠭᠡᠬᠦ᠂ ᠭᠠᠷ ᠤᠷᠠᠯᠠᠯ᠎ᠤᠨ ᠴᠤᠪᠤᠷᠠᠯ᠎ᠢ ᠰᠢᠯᠢᠳᠡᠭᠵᠢᠭᠦᠯᠬᠦ᠂ ᠲᠥᠬᠦᠭᠡᠷᠦᠮᠵᠢ ᠵᠢᠨ ᠬᠠᠮᠢᠶᠠᠷᠤᠯᠲᠠ ᠵᠡᠷᠭᠡ ᠠᠵᠢᠯ᠎ᠢ ᠡᠷᠭᠢᠯᠡᠨ ᠬᠢᠵᠦ ᠪᠠᠢ᠌ᠭ᠎ᠠ ᠲᠤᠰᠬᠠᠢ ᠮᠡᠷᠭᠡᠵᠢᠯᠲᠡᠨ᠃ ᠲᠠᠷᠢᠶᠠᠨ ᠡᠮ᠎ᠢ ᠨᠡᠢ᠌ᠯᠡᠭᠦᠯᠬᠦ᠂ ᠨᠠᠢ᠌ᠷᠠᠯᠭ᠎ᠠ ᠵᠢ ᠦᠢ᠍ᠯᠡᠳᠪᠦᠷᠢᠯᠡᠬᠦ᠂ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠮᠡᠷᠭᠡᠵᠢᠯ᠎ᠤᠨ ᠵᠠᠩᠭᠢᠯᠠᠭ᠎ᠠ ᠵᠢ ᠰᠠᠢ᠌ᠨ ᠮᠡᠳᠡᠵᠦ᠂ ᠦᠢ᠍ᠯᠡᠳᠪᠦᠷᠢᠯᠡᠯ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠲᠠᠢ ᠪᠠᠢ᠌ᠬᠤ ᠬᠡᠷᠡᠭᠲᠡᠢ᠃
ᠶᠠᠰᠤ ᠴᠢᠨᠠᠷ᠎ᠢ ᠡᠵᠡᠮᠳᠡᠬᠦ ᠬᠦᠷᠢᠶ᠎ᠡ ᠴᠠᠷᠠᠭ᠎ᠠ᠄ ᠲᠠᠷᠢᠶᠠᠨ ᠡᠮ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ᠂ ᠪᠠᠷᠢᠮᠵᠢᠶ᠎ᠠ ᠲᠣᠭᠲᠠᠭ᠋ᠠᠬᠤ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠵᠡᠷᠭᠡ ᠠᠵᠢᠯ᠎ᠢ ᠬᠢᠵᠦ ᠪᠠᠢ᠌ᠭ᠎ᠠ ᠲᠤᠰᠬᠠᠢ ᠮᠡᠷᠭᠡᠵᠢᠯᠲᠡᠨ᠃ ᠲᠠᠷᠢᠶᠠᠨ ᠡᠮ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠪᠠᠷᠢᠮᠵᠢᠶ᠎ᠠ᠂ ᠰᠢᠯᠭ᠋ᠠᠨ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ ᠠᠷᠭ᠎ᠠ ᠵᠢᠴᠢ ᠲᠦᠭᠰᠢᠭᠦᠷᠢ ᠵᠢ ᠦᠨᠡᠯᠡᠨ ᠵᠢᠱ᠌ᠢᠬᠦ ᠵᠢ ᠰᠠᠢ᠌ᠨ ᠮᠡᠳᠡᠵᠦ᠂ ᠶᠠᠰᠤ ᠴᠢᠨᠠᠷ᠎ᠤᠨ ᠰᠢᠰᠲ᠋ᠧᠮᠵᠢ ᠵᠢ ᠬᠢᠨᠠᠨ ᠬᠠᠷᠭᠤᠭᠤᠯᠬᠤ ᠵᠢᠴᠢ ᠠᠰᠠᠭᠤᠳᠠᠯ᠎ᠤᠨ ᠢᠷᠡᠯᠲᠡ ᠵᠢ ᠡᠷᠢᠬᠦ᠎ᠳᠤ ᠣᠷᠣᠯᠴᠠᠵᠤ ᠪᠣᠯᠣᠨ᠎ᠠ᠃
ᠲᠠᠷᠢᠶᠠᠨ ᠡᠮ᠎ᠤᠨ ᠬᠠᠮᠢᠶᠠᠷᠤᠯᠲᠠ ᠵᠢᠨ ᠬᠦᠷᠢᠶ᠎ᠡ ᠴᠠᠷᠠᠭ᠎ᠠ᠄ ᠲᠠᠷᠢᠶᠠᠨ ᠡᠮ᠎ᠤᠨ ᠲᠥᠷᠥ ᠵᠢᠨ ᠪᠣᠳᠣᠯᠭ᠎ᠠ ᠵᠢᠨ ᠰᠤᠳᠤᠯᠤᠯ᠂ ᠳᠠᠩᠰᠠᠯᠠᠵᠤ ᠬᠢᠨᠠᠨ ᠵᠥᠪᠰᠢᠶᠡᠷᠡᠬᠦ ᠪᠠ ᠲᠠᠷᠢᠶᠠᠨ ᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠳᠡᠯᠭᠡᠷᠡᠭᠦᠯᠦᠯᠲᠡ᠂ ᠦᠢ᠍ᠯᠡᠳᠪᠦᠷᠢᠯᠡᠯ᠂ ᠵᠢᠭ᠋ᠠᠨ ᠰᠤᠷᠭ᠋ᠠᠯᠲᠠ᠂ ᠬᠠᠮᠢᠶᠠᠷᠤᠯᠲᠠ ᠵᠡᠷᠭᠡ ᠲᠠᠯ᠎ᠠ ᠵᠢᠨ ᠲᠤᠰᠬᠠᠢ ᠮᠡᠷᠭᠡᠵᠢᠯᠲᠡᠨ᠃ 《ᠲᠠᠷᠢᠶᠠᠨ ᠡᠮ᠎ᠤᠨ ᠬᠠᠮᠢᠶᠠᠷᠤᠯᠲᠠ ᠵᠢᠨ ᠳᠦᠷᠢᠮ》 《ᠲᠠᠷᠢᠶᠠᠨ ᠡᠮ᠎ᠤᠨ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠪᠠ ᠲᠠᠷᠢᠶᠠᠨ ᠡᠮ᠎ᠢ ᠰᠤᠳᠤᠯᠬᠤ᠂ ᠬᠠᠮᠢᠶᠠᠷᠬᠤ᠂ ᠬᠡᠷᠡᠭᠯᠡᠬᠦ᠂ ᠳᠡᠯᠭᠡᠷᠡᠭᠦᠯᠬᠦ ᠵᠡᠷᠭᠡ ᠵᠢ ᠲᠣᠳᠣᠷᠬᠠᠢ ᠣᠢ᠌ᠯᠠᠭ᠋ᠠᠵᠤ᠂ ᠠᠵᠢᠯ ᠲᠥᠷᠥᠯ᠎ᠤᠨ ᠬᠠᠮᠢᠶᠠᠷᠤᠯᠲᠠ ᠵᠢᠨ ᠲᠤᠷᠰᠢᠯᠭ᠎ᠠ᠎ᠲᠠᠢ ᠪᠠᠢ᠌ᠬᠤ ᠬᠡᠷᠡᠭᠲᠡᠢ᠃
ᠭᠤᠷᠪᠠ᠂ ᠮᠡᠳᠡᠭᠦᠯᠬᠦ ᠨᠥᠬᠥᠴᠡᠯ
(ᠨᠢᠭᠡ) ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠤᠯᠤᠰ ᠲᠥᠷᠥ ᠵᠢᠨ ᠲᠠᠯ᠎ᠠ᠎ᠪᠠᠷ ᠴᠠᠭ᠋ᠠᠷᠠᠭᠰᠠᠨ ᠬᠡᠪ ᠴᠢᠨᠠᠷᠲᠠᠢ ᠪᠠᠢ᠌ᠬᠤ ᠬᠡᠷᠡᠭᠲᠡᠢ; ᠠᠵᠢᠯ ᠦᠢ᠍ᠯᠡᠰ᠎ᠲᠡᠭᠡᠨ ᠵᠢᠳᠬᠦᠬᠦ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ ᠪᠠᠢ᠌ᠵᠤ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠬᠤ ᠬᠡᠷᠡᠭᠲᠡᠢ; ᠰᠠᠢ᠌ᠨ ᠰᠠᠢ᠌ᠬᠠᠨ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ᠎ᠲᠠᠢ᠂ ᠵᠠᠷᠴᠢᠮ᠎ᠢ ᠪᠠᠷᠢᠮᠲᠠᠯᠠᠨ᠂ ᠪᠤᠰᠤᠳᠴᠢ ᠪᠥᠭᠡᠳ ᠲᠥᠪ ᠭᠣᠣᠯᠴᠢ᠂ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠬᠡᠷᠡᠭᠲᠡᠢ᠃
(ᠬᠣᠶᠠᠷ) ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠢ᠌ᠵᠤ᠂ ᠳᠡᠳ᠋ ᠳᠡᠭᠡᠳᠦ ᠳᠡᠰ (ᠪᠠᠭᠲᠠᠨ᠎ᠠ)᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ ᠣᠯᠣᠭᠰᠠᠨ ᠪᠤᠶᠤ ᠳᠡᠳ᠋ ᠭᠠᠵᠠᠷ᠎ᠤᠨ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠲᠤᠰᠢᠶᠠᠯ (ᠲᠤᠰᠢᠶᠠᠯ᠎ᠤᠨ ᠳᠡᠰ)᠎ᠢ ᠡᠭᠦᠷᠭᠡᠯᠡᠵᠦ᠂ ᠣᠨᠴᠠᠭ᠋ᠠᠶ ᠰᠢᠯᠢᠳᠡᠭ᠎ᠨᠢ ᠳᠤᠮᠳᠠ ᠵᠡᠷᠭᠡ (ᠪᠠᠭᠲᠠᠨ᠎ᠠ)᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ ᠣᠯᠬᠤ ᠪᠣᠯᠲᠠᠯ᠎ᠠ ᠠᠭᠤᠵᠢᠭᠤ ᠲᠠᠯᠪᠢᠵᠤ ᠪᠣᠯᠣᠨ᠎ᠠ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ᠎ᠤᠨ ᠠᠵᠢᠯ ᠦᠢ᠍ᠯᠡᠰ᠎ᠢ ᠬᠠᠯᠠᠭᠤᠨ ᠵᠶ᠋ᠠᠷ ᠬᠠᠢ᠌ᠷᠠᠯᠠᠵᠤ᠂ ᠲᠠᠷᠢᠶᠠᠨ ᠡᠮ᠎ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠠᠵᠢᠯ᠎ᠢ 5 ᠵᠢᠯ᠎ᠠᠴᠠ ᠳᠡᠭᠡᠭᠰᠢ ᠬᠢᠵᠦ᠂ ᠲᠠᠷᠢᠶᠠᠯᠠᠩ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠣᠰ ᠠᠵᠢᠯ ᠲᠥᠷᠥᠯ᠎ᠤᠨ ᠤᠯᠤᠰ᠎ᠤᠨ ᠲᠥᠷᠥ ᠵᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ᠂ ᠣᠳᠣᠬᠢ ᠪᠠᠢ᠌ᠳᠠᠯ ᠵᠢᠴᠢ ᠬᠥᠭᠵᠢᠯᠲᠡ ᠵᠢᠨ ᠬᠠᠨᠳᠤᠰᠢ ᠵᠢ ᠣᠢ᠌ᠯᠠᠭ᠋ᠠᠵᠤ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠲᠠᠷᠢᠶᠠᠯᠠᠩ᠎ᠤᠨ ᠮᠡᠷᠭᠡᠵᠢᠯ᠂ ᠡᠵᠡᠩᠨᠡᠯᠲᠡ ᠬᠠᠮᠢᠶᠠᠷᠤᠯᠲᠠ ᠪᠠ ᠠᠭᠤᠰᠤᠯᠴᠠᠨ ᠬᠥᠭᠵᠢᠬᠦ ᠵᠡᠷᠭᠡ ᠠᠵᠢᠯ᠎ᠳᠤ ᠥᠪᠡᠷᠮᠢᠴᠡ ᠦᠵᠡᠯᠲᠡ᠎ᠲᠠᠢ ᠪᠠᠢ᠌ᠬᠤ ᠬᠡᠷᠡᠭᠲᠡᠢ᠃
(ᠭᠤᠷᠪᠠ) ᠡᠩ᠎ᠤᠨ ᠪᠠᠢ᠌ᠳᠠᠯ᠎ᠳᠤ ᠪᠦᠬᠦᠯᠢ 60 ᠨᠠᠰᠤᠨ ᠠᠴᠠ ᠬᠡᠲᠦᠷᠡᠬᠦ ᠦᠭᠡᠢ (ᠬᠣᠶᠠᠷ ᠬᠦᠷᠢᠶᠡᠯᠡᠩ᠎ᠤᠨ ᠠᠺᠠᠳᠧᠮᠢᠴᠢ᠎ᠳᠤ ᠨᠠᠰᠤᠨ᠎ᠤ ᠬᠢᠵᠠᠭ᠋ᠠᠷᠯᠠᠯ ᠪᠠᠢ᠌ᠬᠤ ᠦᠭᠡᠢ)᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠮᠡᠷᠭᠡᠵᠢᠯ᠎ᠤᠨ ᠬᠢᠨᠠᠨ ᠲᠣᠭᠲᠠᠭ᠋ᠠᠯᠲᠠ᠂ ᠲᠤᠬᠠᠢ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠯᠲᠠ ᠬᠢᠬᠦ᠂ ᠦᠨᠡᠯᠡᠨ ᠵᠢᠱ᠌ᠢᠵᠦ ᠬᠢᠨᠠᠨ ᠲᠣᠭᠲᠠᠭ᠋ᠠᠬᠤ᠂ ᠬᠢᠨᠠᠯᠲᠠ ᠲᠠᠯᠪᠢᠵᠤ ᠪᠠᠢ᠌ᠴᠠᠭ᠋ᠠᠬᠤ᠂ ᠳᠦᠷᠢᠮ ᠲᠣᠭᠲᠠᠭ᠋ᠠᠬᠤ᠂ ᠮᠡᠳᠡᠭᠡ ᠵᠠᠩᠭᠢ ᠵᠢᠨ ᠯᠠᠪᠯᠠᠭ᠎ᠠ ᠥᠭᠬᠦ ᠵᠡᠷᠭᠡ ᠲᠠᠷᠢᠶᠠᠨ ᠡᠮ᠎ᠤᠨ ᠬᠠᠮᠢᠶᠠᠷᠤᠯᠲᠠ ᠵᠢᠨ ᠬᠦᠷᠢᠶ᠎ᠡ ᠴᠠᠷᠠᠭ᠎ᠠ ᠵᠢᠨ ᠬᠠᠮᠢᠶ᠎ᠠ ᠪᠦᠬᠦᠢ ᠠᠵᠢᠯ᠎ᠤᠨ ᠡᠭᠦᠷᠭᠡ ᠵᠢ ᠡᠭᠦᠷᠭᠡᠯᠡᠵᠦ ᠳᠡᠢ᠌ᠯᠬᠦ ᠬᠡᠷᠡᠭᠲᠡᠢ᠃
(ᠳᠥᠷᠪᠡ) ᠬᠠᠤᠯᠢ ᠵᠢ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠦᠭᠡᠢ᠂ ᠠᠯᠪᠠᠨ ᠲᠤᠰᠢᠶᠠᠯ ᠠᠴᠠ᠎ᠪᠠᠨ ᠬᠥᠭᠡᠭᠡᠭᠳᠡᠵᠦ ᠥᠩᠭᠡᠷᠡᠭᠰᠡᠨ ᠦᠭᠡᠢ ᠪᠤᠶᠤ ᠰᠢᠢ᠍ᠳᠬᠡᠯ ᠣᠯᠣᠭᠰᠠᠨ ᠵᠢᠴᠢ ᠨᠥᠯᠥᠭᠡᠯᠡᠭᠳᠡᠭᠰᠡᠨ ᠬᠤᠭᠤᠴᠠᠭ᠋ᠠᠨ᠎ᠳᠤ ᠪᠠᠢ᠌ᠬᠤ᠂ ᠡᠷᠳᠡᠮ ᠰᠢᠨᠵᠢᠯᠡᠭᠡᠨ᠎ᠤ ᠲᠥᠪ ᠪᠤᠰᠤ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠦᠭᠡᠢ᠂ ᠳᠠᠭ᠋ᠠᠭ᠋ᠠᠴᠢᠯᠠᠯᠲᠠ ᠰᠢᠯᠭ᠋ᠠᠷᠠᠭᠤᠯᠵᠤ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠢᠷᠢ ᠬᠡᠮ ᠵᠶ᠋ᠡᠨ ᠬᠠᠰᠤᠭᠤᠯᠤᠭᠰᠠᠨ ᠦᠭᠡᠢ᠃
ᠳᠥᠷᠪᠡ᠂ ᠮᠡᠳᠡᠭᠦᠯᠬᠦ ᠲᠠᠰ ᠳᠠᠷᠠᠭ᠋ᠠᠯᠠᠯ ᠬᠢᠭᠡᠳ ᠱᠠᠭ᠋ᠠᠷᠳᠠᠯᠭ᠎ᠠ
ᠢᠯᠡ ᠲᠣᠳᠣ᠂ ᠡᠷᠬᠡ ᠲᠡᠭᠰᠢ᠂ ᠲᠥᠪ ᠭᠣᠥᠯᠴᠢ ᠪᠠᠢ᠌ᠬᠤ ᠵᠠᠷᠴᠢᠮ᠎ᠢ ᠵᠢᠷᠤᠮᠯᠠᠨ᠂ ᠬᠤᠪᠢ ᠬᠥᠮᠥᠨ᠎ᠤ ᠰᠠᠢ᠌ᠨ ᠳᠤᠷ᠎ᠠ᠎ᠠᠴᠠ᠎ᠪᠠᠨ ᠭᠤᠶᠤᠴᠢᠯᠠᠬᠤ᠂ ᠨᠢᠭᠡᠴᠡ᠎ᠠᠴᠠ ᠰᠢᠯᠢᠳᠡᠭ᠎ᠢ᠎ᠨᠢ ᠰᠣᠩᠭᠣᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠵᠣᠬᠢᠶᠠᠨ ᠪᠠᠢ᠌ᠭᠤᠯᠵᠤ ᠰᠢᠯᠢᠨ ᠰᠣᠩᠭᠣᠬᠤ ᠲᠠᠰ ᠳᠠᠷᠠᠭ᠋ᠠᠯᠠᠯ ᠵᠶ᠋ᠠᠷ ᠭᠤᠶᠤᠴᠢᠯᠠᠨ ᠮᠡᠳᠡᠭᠦᠯᠦᠨ᠎ᠡ᠃ ᠪᠣᠳᠠᠲᠠᠢ ᠮᠡᠳᠡᠭᠦᠯᠬᠦ ᠲᠠᠰ ᠳᠠᠷᠠᠭ᠋ᠠᠯᠠᠯ᠎ᠨᠢ ᠳᠣᠣᠷᠠᠬᠢ ᠮᠡᠲᠦ᠄
(ᠨᠢᠭᠡ) ᠬᠤᠪᠢ ᠬᠥᠮᠥᠨ ᠰᠠᠢ᠌ᠨ ᠳᠤᠷ᠎ᠠ᠎ᠠᠴᠠ᠎ᠪᠠᠨ ᠭᠤᠶᠤᠴᠢᠯᠠᠬᠤ᠃ ᠭᠤᠶᠤᠴᠢᠯᠠᠭᠴᠢ ᠲᠤᠰ ᠨᠢᠭᠡᠴᠡ᠎ᠳᠡᠭᠡᠨ 《ᠲᠠᠷᠢᠶᠠᠨ ᠡᠮ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ ᠮᠡᠳᠡᠭᠦᠯᠦᠯᠲᠡ ᠵᠢᠨ ᠬᠦᠰᠦᠨᠦᠭᠲᠦ》 (ᠳᠠᠭ᠋ᠠᠯᠳᠤᠭᠤᠯᠤᠯ 1) ᠵᠢ ᠲᠤᠰᠢᠶᠠᠨ᠎ᠠ᠃
(ᠬᠣᠶᠠᠷ) ᠲᠤᠰ ᠨᠢᠭᠡᠴᠡ᠎ᠠᠴᠠ ᠬᠢᠨᠠᠨ ᠬᠠᠷᠭᠤᠭᠤᠯᠬᠤ᠃ ᠭᠤᠶᠤᠴᠢᠯᠠᠭᠴᠢ ᠵᠢᠨ ᠪᠠᠢ᠌ᠭ᠎ᠠ ᠨᠢᠭᠡᠴᠡ᠎ᠨᠢ ᠮᠡᠳᠡᠭᠦᠯᠬᠦ ᠬᠦᠰᠦᠨᠦᠭᠲᠦ᠎ᠳᠠᠬᠢ ᠡᠯ᠎ᠡ ᠵᠦᠢ᠍ᠯ᠎ᠤᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠢ ᠬᠢᠨᠠᠮᠠᠭ᠋ᠠᠢ ᠬᠢᠨᠠᠨ ᠬᠠᠷᠭᠤᠭᠤᠯᠵᠤ᠂ ᠭᠤᠶᠤᠴᠢᠯᠠᠭᠴᠢ ᠵᠢᠨ ᠮᠡᠳᠡᠭᠦᠯᠬᠦ ᠬᠢᠷᠢ ᠴᠢᠳᠠᠮᠵᠢᠳᠤ ᠬᠠᠷᠢᠭᠤᠴᠠᠵᠤ᠂ ᠨᠢᠭᠡᠴᠡ ᠵᠢᠨ ᠰᠠᠨᠠᠯ᠎ᠤᠨ ᠨᠢᠭᠡ ᠪᠤᠯᠤᠩ᠎ᠳᠤ ᠨᠢᠭᠡᠴᠡ ᠵᠢᠨ ᠲᠠᠨᠢᠯᠴᠠᠭᠤᠯᠤᠭᠰᠠᠨ ᠰᠠᠨᠠᠯ᠎ᠳᠤ ᠭᠠᠷᠤᠨ ᠥᠰᠥᠭ ᠵᠢᠷᠤᠬᠤ ᠵᠢᠨ ᠬᠠᠮᠲᠤ ᠲᠠᠮᠠᠭ᠎ᠠ᠎ᠪᠠᠨ ᠳᠠᠷᠤᠬᠤ ᠬᠡᠷᠡᠭᠲᠡᠢ᠃
(ᠭᠤᠷᠪᠠ) ᠰᠢᠯᠢᠳᠡᠭ᠎ᠢ᠎ᠨᠢ ᠰᠣᠩᠭᠣᠨ ᠲᠠᠨᠢᠯᠴᠠᠭᠤᠯᠬᠤ᠃ ᠠᠢ᠌ᠮᠠᠭ ᠬᠣᠲᠠ ᠵᠢᠴᠢ ᠬᠣᠰᠢᠭᠤ ᠰᠢᠶᠠᠨ᠎ᠤ ᠱᠠᠲᠤᠨ᠎ᠤ ᠨᠢᠭᠡᠴᠡ ᠵᠢ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠠᠴᠠ ᠨᠢᠭᠡᠳᠦᠯᠲᠡᠢ ᠬᠤᠷᠢᠶᠠᠩᠭᠤᠢ᠌ᠯᠠᠨ ᠲᠠᠨᠢᠯᠴᠠᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠳᠡᠯᠭᠡᠷᠡᠭᠦᠯᠬᠦ ᠰᠠᠯᠠᠭ᠎ᠠ ᠮᠥᠴᠢᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠨᠡᠢ᠌ᠭᠡᠮ᠎ᠤᠨ ᠪᠦᠯᠬᠦᠮ ᠵᠡᠷᠭᠡ ᠵᠢ ᠨᠢᠭᠡᠴᠡ᠎ᠠᠴᠠ ᠨᠢᠭᠡᠳᠦᠯᠲᠡᠢ ᠲᠠᠨᠢᠯᠴᠠᠭᠤᠯᠤᠨ ᠬᠤᠷᠢᠶᠠᠩᠭᠤᠢ᠌ᠯᠠᠵᠤ ᠮᠡᠳᠡᠭᠦᠯᠦᠨ ᠬᠦᠷᠭᠡᠨ᠎ᠡ; ᠨᠢᠭᠡᠨᠲᠡ ᠠᠵᠢᠯ᠎ᠠᠴᠠ᠎ᠪᠠᠨ ᠪᠠᠭᠤᠭᠰᠠᠨ ᠪᠠ ᠤᠯᠤᠰ᠎ᠤᠨ ᠲᠠᠰ᠎ᠤᠨ ᠲᠤᠰᠬᠠᠢ ᠮᠡᠷᠭᠡᠵᠢᠯᠲᠡᠨ ᠮᠡᠳᠡᠭᠦᠯᠬᠦ ᠬᠦᠰᠦᠨᠦᠭᠲᠦ᠎ᠪᠠᠨ ᠵᠢᠭ᠋ᠠᠨ ᠲᠣᠭᠲᠠᠭ᠋ᠠᠭᠰᠠᠨ ᠰᠢᠤᠳᠠᠨ᠎ᠤ ᠬᠠᠢ᠌ᠷᠴᠠᠭ᠎ᠲᠤ ᠰᠢᠭᠤᠳ ᠮᠡᠳᠡᠭᠦᠯᠦᠨ ᠬᠦᠷᠭᠡᠵᠦ ᠪᠣᠯᠣᠨ᠎ᠠ᠃ ᠬᠡᠷᠪᠡ ᠦᠨᠡᠨ ᠪᠣᠳᠠᠲᠠᠢ᠎ᠪᠠᠷ ᠮᠡᠳᠡᠭᠦᠯᠦᠭᠰᠡᠨ ᠦᠭᠡᠢ ᠪᠠᠢ᠌ᠪᠠᠯ᠂ ᠭᠤᠶᠤᠴᠢᠯᠠᠭᠴᠢ ᠵᠢᠨ ᠮᠡᠳᠡᠭᠦᠯᠬᠦ ᠬᠢᠷᠢ ᠬᠡᠮ᠎ᠢ ᠬᠦᠴᠦᠨ ᠦᠭᠡᠢ ᠪᠣᠯᠭ᠋ᠠᠨ᠎ᠠ᠃
(ᠳᠥᠷᠪᠡ) ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠰᠢᠯᠢᠨ ᠰᠣᠩᠭᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠨᠢ ᠮᠡᠳᠡᠭᠦᠯᠦᠭᠰᠡᠨ ᠪᠠᠢ᠌ᠳᠠᠯ ᠵᠶ᠋ᠠᠨ ᠦᠨᠳᠦᠰᠦᠯᠡᠨ ᠵᠣᠬᠢᠶᠠᠨ ᠪᠠᠢ᠌ᠭᠤᠯᠤᠨ ᠬᠢᠨᠠᠨ ᠪᠠᠢ᠌ᠴᠠᠭ᠋ᠠᠵᠤ ᠰᠢᠯᠢᠨ ᠰᠣᠩᠭᠣᠵᠤ᠂ ᠢᠯᠡ ᠨᠡᠢ᠌ᠲᠡᠯᠡᠭᠰᠡᠨ᠎ᠤ ᠳᠠᠷᠠᠭ᠎ᠠ ᠲᠤᠰᠬᠠᠢ ᠮᠡᠷᠭᠡᠵᠢᠯᠲᠡᠨ᠎ᠤ ᠨᠡᠷᠡᠰ᠎ᠢ ᠲᠣᠭᠲᠠᠭ᠋ᠠᠨ᠎ᠠ᠃ ᠢᠯᠡ ᠨᠡᠢ᠌ᠲᠡᠯᠡᠭᠡᠳ ᠰᠠᠨᠠᠯ ᠦᠭᠡᠢ ᠪᠠᠢ᠌ᠬᠤ ᠲᠤᠰᠬᠠᠢ ᠮᠡᠷᠭᠡᠵᠢᠯᠲᠡᠨ᠎ᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠡᠮ᠎ᠤᠨ ᠬᠠᠮᠢᠶᠠᠷᠤᠯᠲᠠ ᠵᠢᠨ ᠵᠢᠭ᠋ᠠᠨ ᠵᠢᠯᠤᠭᠣᠳᠬᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠤᠨ᠎ᠠ᠃
(ᠲᠠᠪᠤ) ᠮᠡᠳᠡᠭᠦᠯᠦᠨ ᠬᠦᠷᠭᠡᠬᠦ ᠱᠠᠭ᠋ᠠᠷᠳᠠᠯᠭ᠎ᠠ᠃ 《ᠲᠠᠷᠢᠶᠠᠨ ᠡᠮ᠎ᠤᠨ ᠬᠠᠮᠢᠶᠠᠷᠤᠯᠲᠠ ᠵᠢᠨ ᠵᠢᠭ᠋ᠠᠨ ᠵᠢᠯᠤᠭᠣᠳᠬᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠬᠤ ᠮᠡᠳᠡᠭᠦᠯᠦᠯᠲᠡ ᠵᠢᠨ ᠬᠦᠰᠦᠨᠦᠭᠲᠦ》 (ᠳᠠᠭ᠋ᠠᠯᠳᠤᠭᠤᠯᠤᠯ 1)᠎ᠳᠤ ᠭᠠᠷᠤᠨ ᠥᠰᠥᠭ ᠵᠢᠷᠤᠭᠰᠠᠨ ᠪᠤᠶᠤ ᠲᠠᠮᠠᠭ᠎ᠠ ᠳᠠᠷᠤᠭᠰᠠᠨ PDF ᠰᠢᠷᠪᠢᠯᠲᠡ ᠵᠢᠨ ᠮᠠᠲ᠋ᠧᠷᠢᠶᠠᠯ 1 ᠬᠤᠪᠢ᠂ word ᠡᠯᠧᠺᠲᠷᠣᠨ ᠬᠡᠪᠯᠡᠯ 1 ᠬᠤᠪᠢ᠂ 《ᠲᠠᠷᠢᠶᠠᠨ ᠡᠮ᠎ᠤᠨ ᠬᠠᠮᠢᠶᠠᠷᠤᠯᠲᠠ ᠵᠢᠨ ᠵᠢᠭ᠋ᠠᠨ ᠵᠢᠯᠤᠭᠣᠳᠬᠤ ᠲᠤᠰᠬᠠᠢ ᠮᠡᠷᠭᠡᠵᠢᠯᠲᠡᠨ᠎ᠤ ᠮᠡᠳᠡᠭᠡ ᠵᠠᠩᠭᠢ ᠵᠢᠨ ᠬᠤᠷᠢᠶᠠᠩᠭᠤᠢ ᠬᠦᠰᠦᠨᠦᠭᠲᠦ》
(ᠳᠠᠭ᠋ᠠᠯᠳᠤᠭᠤᠯᠤᠯ 2)᠎ᠳᠤ Excel ᠡᠯᠧᠺᠲᠷᠣᠨ ᠬᠡᠪᠯᠡᠯ 1 ᠬᠤᠪᠢ ᠲᠤᠰᠢᠶᠠᠬᠤ ᠬᠡᠷᠡᠭᠲᠡᠢ᠃ ᠲᠠᠨᠢᠯᠴᠠᠭᠤᠯᠤᠭᠰᠠᠨ ᠨᠢᠭᠡᠴᠡ᠎ᠨᠢ ᠨᠢᠭᠡ ᠬᠤᠪᠢ ᠲᠠᠨᠢᠯᠴᠠᠭᠤᠯᠤᠭᠰᠠᠨ ᠮᠡᠳᠡᠭᠦᠯᠦᠯᠲᠡ ᠵᠢ ᠨᠢᠭᠡᠳᠦᠯᠲᠡᠢ ᠭᠠᠷᠭ᠋ᠠᠵᠤ ᠥᠭᠬᠦ ᠬᠡᠷᠡᠭᠲᠡᠢ᠃ ᠳᠡᠭᠡᠷᠡᠬᠢ ᠪᠥᠬᠥ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠎ᠲᠤ ᠮᠡᠳᠡᠭᠦᠯᠦᠨ ᠬᠦᠷᠭᠡᠭᠡᠷᠡᠢ᠃ ᠮᠡᠳᠡᠭᠦᠯᠬᠦ ᠳᠠᠭᠤᠰᠬᠤ ᠴᠠᠭ᠄ 2025 ᠣᠨ᠎ᠤ 6 ᠰᠠᠷ᠎ᠠ ᠵᠢᠨ 30᠎ᠤ ᠡᠳᠦᠷ᠃ ᠬᠤᠭᠤᠴᠠᠭ᠎ᠠ ᠬᠡᠲᠦᠷᠡᠵᠦ ᠮᠡᠳᠡᠭᠦᠯᠦᠭᠰᠡᠨ᠎ᠨᠢ ᠬᠦᠴᠦᠨ ᠦᠭᠡᠢ᠃ ᠣᠢ᠌ᠯᠭ᠋ᠠᠭᠠ ᠦᠭᠡᠢ ᠵᠦᠢ᠍ᠯ᠎ᠢ ᠤᠲᠠᠰᠤ᠎ᠪᠠᠷ ᠶᠠᠷᠢᠯᠴᠠᠭ᠋ᠠᠷᠠᠢ᠃
ᠬᠠᠷᠢᠯᠴᠠᠬᠤ ᠬᠥᠮᠥᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ ᠨᠢ ᠰᠢᠦᠢ ᠶᠠᠩ
ᠬᠠᠷᠢᠯᠴᠠᠬᠤ ᠤᠲᠠᠰᠤ᠄ 0471—6652076
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ ᠬᠤᠤ ᠵᠢᠶᠠᠩ ᠨᠢᠩ
ᠬᠠᠷᠢᠯᠴᠠᠬᠤ ᠤᠲᠠᠰᠤ᠄ 0471—4918573
ᠢᠮᠧᠯ᠄ nongyaoke@126.com
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
2025 ᠣᠨ᠎ᠤ 4 ᠰᠠᠷ᠎ᠠ ᠵᠢᠨ 30᠎ᠤ ᠡᠳᠦᠷ