ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠡ᠎ᠳᠤ᠄
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2025 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2025] 87 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠷᠢᠰ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠮᠡᠳᠡᠭᠦᠯᠬᠦ ᠠᠵᠢᠯ᠎ᠢ ᠰᠠᠢ᠌ᠲᠤᠷ ᠬᠢᠬᠦ ᠵᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠰᠢᠯᠭ᠋ᠠᠷᠠᠭᠤᠯᠤᠯᠲᠠ᠎ᠳᠤ ᠣᠷᠣᠯᠴᠠᠬᠤ ᠬᠥᠮᠥᠰ᠎ᠤᠨ ᠬᠡᠪᠴᠢᠶ᠎ᠡ
ᠪᠦᠬᠦ ᠣᠷᠣᠨ᠎ᠤ ᠡᠯ᠎ᠡ ᠲᠥᠷᠥᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠂ ᠨᠡᠢ᠌ᠭᠡᠮ᠎ᠤᠨ ᠪᠦᠯᠬᠦᠮ᠂ ᠬᠤᠪᠢ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠠᠬᠢ ᠲᠠᠷᠢᠶᠠᠯᠠᠩ᠎ᠤᠨ ᠤᠬᠠᠭ᠋ᠠᠨ᠂ ᠴᠡᠴᠡᠷᠯᠢᠭ᠎ᠤᠨ ᠮᠡᠷᠭᠡᠵᠢᠯ᠂ ᠤᠷᠭᠤᠮᠠᠯ᠎ᠤᠨ ᠬᠠᠮᠠᠭ᠋ᠠᠯᠠᠯᠲᠠ᠂ ᠮᠠᠯ ᠠᠵᠤ ᠠᠬᠤᠢ᠂ ᠨᠤᠲᠤᠭ ᠪᠡᠯᠴᠢᠭᠡᠷ᠂ ᠮᠠᠯ ᠡᠮᠨᠡᠯᠭᠡ ᠵᠢᠨ ᠦᠢ᠍ᠯᠡᠰ᠂ ᠤᠰᠤᠨ ᠭᠠᠷᠤᠯᠲᠠ᠂ ᠲᠠᠷᠢᠶᠠᠯᠠᠩ ᠮᠠᠯ ᠠᠵᠤ ᠠᠬᠤᠢ ᠵᠢᠨ ᠮᠠᠰᠢᠨᠴᠢᠯᠠᠯᠲᠠ᠂ ᠲᠠᠷᠢᠶᠠᠯᠠᠩ ᠮᠠᠯ ᠠᠵᠤ ᠠᠬᠤᠢ ᠵᠢᠨ ᠡᠬᠢ ᠪᠠᠶᠠᠯᠢᠭ᠎ᠤᠨ ᠣᠷᠴᠢᠨ ᠲᠣᠭᠣᠷᠢᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠯᠪᠠᠰᠤᠷᠠᠭᠤᠯᠤᠯᠲᠠ ᠪᠠ ᠶᠠᠰᠤ ᠴᠢᠨᠠᠷ᠎ᠤᠨ ᠠᠮᠤᠷ ᠲᠦᠪᠰᠢᠨ᠂ ᠮᠠᠯᠵᠢᠬᠤ ᠲᠠᠷᠢᠶᠠᠯᠠᠬᠤ ᠣᠷᠣᠨ᠎ᠤ ᠬᠤᠷᠰᠢᠭᠰᠠᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠮᠡᠷᠭᠡᠵᠢᠯ᠎ᠤᠨ ᠳᠡᠯᠭᠡᠷᠡᠭᠦᠯᠦᠯᠲᠡ᠂ ᠮᠡᠷᠭᠡᠵᠢᠯ᠎ᠤᠨ ᠪᠤᠰᠤ ᠳᠡᠯᠭᠡᠷᠡᠭᠦᠯᠦᠯᠲᠡ ᠵᠡᠷᠭᠡ ᠠᠵᠢᠯ᠎ᠤᠨ ᠪᠠᠢ᠌ᠷᠢ᠎ᠳᠤ ᠪᠠᠢ᠌ᠭ᠎ᠠ ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠮᠡᠷᠭᠡᠵᠢᠯ᠎ᠤᠨ ᠠᠵᠢᠯᠲᠠᠨ᠂ ᠡᠭᠦᠨ᠎ᠤ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2025]
16 ᠳ᠋ᠤᠭ᠋ᠠᠷ ᠲᠣᠭ᠋ᠠᠲᠤ)᠎ᠤᠨ ᠭᠤᠷᠪᠠᠳᠤᠭ᠋ᠠᠷ ᠪᠦᠯᠦᠭ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠬᠣᠶᠠᠷ᠂ ᠮᠡᠳᠡᠭᠦᠯᠬᠦ ᠲᠠᠰ ᠳᠠᠷᠠᠭ᠋ᠠᠯᠠᠯ᠎ᠤᠨ ᠱᠠᠭ᠋ᠠᠷᠳᠠᠯᠭ᠎ᠠ
ᠭᠤᠶᠤᠴᠢᠯᠠᠭᠴᠢ᠎ᠨᠢ ᠬᠠᠷᠢᠶᠠᠯᠠᠭᠳᠠᠬᠤ ᠬᠠᠷᠢᠴᠠᠭ᠎ᠠ ᠪᠠ ᠲᠣᠭᠲᠠᠭ᠋ᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠮᠠᠲ᠋ᠧᠷᠢᠶᠠᠯ ᠵᠶ᠋ᠠᠨ ᠰᠢᠯᠭ᠋ᠠᠷᠠᠭᠤᠯᠬᠤ ᠵᠥᠪᠯᠡᠯ᠎ᠤᠨ ᠬᠡᠷᠡᠭ ᠡᠷᠭᠢᠯᠡᠬᠦ ᠪᠠᠢ᠌ᠭᠤᠯᠤᠮᠵᠢ᠎ᠳᠤ ᠱᠠᠲᠤ ᠳᠠᠷᠠᠭ᠋ᠠᠯᠠᠨ ᠮᠡᠳᠡᠭᠦᠯᠦᠨ ᠬᠦᠷᠭᠡᠵᠦ᠂ ᠠᠳᠠᠯᠢ ᠨᠢᠭᠡ ᠵᠢᠯ᠎ᠳᠤ ᠨᠢᠭᠡ ᠲᠠᠰ ᠳᠠᠪᠬᠤᠷᠭ᠎ᠠ᠎ᠳᠤ ᠵᠥᠪᠬᠡᠨ ᠨᠢᠭᠡ ᠰᠢᠷᠢᠰ (ᠲᠤᠰᠬᠠᠢ ᠮᠡᠷᠭᠡᠵᠢᠯ) ᠮᠡᠷᠭᠡᠵᠢᠯ᠎ᠤᠨ ᠴᠣᠯᠠ ᠵᠢ ᠮᠡᠳᠡᠭᠦᠯᠵᠦ ᠪᠣᠯᠣᠨ᠎ᠠ᠃ ᠮᠡᠳᠡᠭᠦᠯᠬᠦ ᠨᠢᠭᠡᠴᠡ ᠠᠳᠠᠯᠢ ᠨᠢᠭᠡ ᠵᠢᠯ᠎ᠳᠤ ᠵᠥᠪᠬᠡᠨ ᠨᠢᠭᠡ ᠯᠡ ᠮᠡᠳᠡᠭᠦᠯᠬᠦ ᠠᠷᠭ᠎ᠠ ᠵᠠᠮ ᠵᠶ᠋ᠠᠷ ᠳᠠᠮᠵᠢᠭᠤᠯᠤᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠮᠡᠳᠡᠭᠦᠯᠦᠨ᠎ᠡ᠂ ᠣᠯᠠᠨ ᠲᠠᠯ᠎ᠠ᠎ᠠᠴᠠ ᠮᠡᠳᠡᠭᠦᠯᠵᠦ ᠪᠣᠯᠬᠤ ᠦᠭᠡᠢ᠃ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠵᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠵᠢ ᠲᠤᠷᠰᠢᠨ ᠬᠡᠷᠡᠭᠵᠢᠭᠦᠯᠬᠦ᠎ᠳᠤ᠂ ᠪᠣᠳᠠᠲᠠᠢ ᠱᠠᠭ᠋ᠠᠷᠳᠠᠯᠭ᠎ᠠ᠎ᠨᠢ ᠳᠣᠣᠷᠠᠬᠢ ᠮᠡᠲᠦ᠄
(ᠨᠢᠭᠡ) ᠰᠦᠯᠵᠢᠶᠡᠨ ᠳᠡᠭᠡᠷ᠎ᠡ ᠳᠠᠩᠰᠠᠯᠠᠭᠤᠯᠤᠨ ᠮᠡᠳᠡᠭᠦᠯᠬᠦ
1. ᠭᠤᠶᠤᠴᠢᠯᠠᠭᠴᠢ᠎ᠨᠢ ᠡᠷᠬᠡᠪᠰᠢ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (ᠰᠦᠯᠵᠢᠶᠡᠨ᠎ᠤ ᠬᠠᠶᠢᠭ᠄ www.nmgrck.cn)᠎ᠳᠤ ᠬᠦᠷᠴᠦ᠂ ᠰᠦᠯᠵᠢᠶᠡᠨ ᠳᠡᠭᠡᠷ᠎ᠡ ᠳᠠᠩᠰᠠᠯᠠᠬᠤ ᠵᠢᠨ ᠬᠠᠮᠲᠤ ᠲᠡᠮᠳᠡᠭᠯᠡᠵᠦ᠂ ᠬᠤᠪᠢ ᠬᠥᠮᠥᠨ᠎ᠤ ᠦᠨᠳᠦᠰᠦᠨ ᠮᠡᠳᠡᠭᠡ ᠵᠠᠩᠭᠢ᠎ᠪᠠᠨ ᠲᠡᠭᠦᠯᠳᠡᠷᠵᠢᠭᠦᠯᠵᠦ᠂ ᠠᠵᠢᠯ᠎ᠤᠨ ᠪᠦᠲᠦᠮᠵᠢ ᠵᠢᠨ ᠲᠠᠩᠰᠠ ᠡᠪᠬᠡᠮᠡᠯ᠎ᠳᠠᠬᠢ ᠰᠤᠷᠤᠯᠭ᠎ᠠ ᠵᠢᠨ ᠨᠠᠮᠲᠠᠷ᠂ ᠠᠵᠢᠯ᠎ᠤᠨ ᠥᠩᠭᠡᠷᠡᠯᠲᠡ ᠵᠡᠷᠭᠡ ᠮᠡᠳᠡᠭᠡ ᠵᠠᠩᠭᠢ᠎ᠪᠠᠨ ᠲᠠᠭᠯᠠᠨ ᠪᠢᠴᠢᠬᠦ ᠵᠢᠨ ᠬᠠᠮᠲᠤ ᠠᠵᠢᠯᠯᠠᠵᠤ ᠪᠠᠢ᠌ᠭ᠎ᠠ ᠪᠠᠢ᠌ᠭᠤᠯᠭ᠎ᠠ᠎ᠠᠴᠠ ᠬᠢᠨᠠᠨ ᠬᠠᠷᠭᠤᠭᠤᠯᠵᠤ ᠪᠠᠲᠤᠯᠠᠨ᠎ᠠ᠃ ᠬᠣᠯᠪᠣᠭᠳᠠᠯ ᠪᠦᠬᠦᠢ ᠮᠡᠳᠡᠭᠡ ᠵᠠᠩᠭᠢ ᠵᠢ ᠨᠢᠭᠡᠨᠲᠡ ᠳᠠᠩᠰᠠᠯᠠᠭᠤᠯᠤᠭᠰᠠᠨ ᠪᠥᠭᠡᠳ ᠲᠠᠭᠯᠠᠨ ᠪᠢᠴᠢᠭᠰᠡᠨ ᠭᠤᠶᠤᠴᠢᠯᠠᠭᠴᠢ ᠨᠢ᠂ ᠲᠠᠭᠯᠠᠨ ᠪᠢᠴᠢᠭᠰᠡᠨ ᠮᠡᠳᠡᠭᠡ ᠵᠠᠩᠭᠢ ᠵᠢᠨ ᠵᠥᠪ ᠣᠨᠣᠪᠴᠢᠲᠠᠶ ᠡᠰᠡᠬᠦ ᠵᠢ ᠬᠢᠨᠠᠨ ᠬᠠᠷᠭᠤᠭᠤᠯᠬᠤ ᠴᠢᠬᠤᠯᠠᠲᠠᠢ᠃
2. ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ — 2025 ᠣᠨ᠎ᠤ ᠮᠡᠷᠭᠡᠵᠢᠯ᠎ᠤᠨ ᠴᠣᠯᠠ ᠮᠡᠳᠡᠭᠦᠯᠬᠦ ᠪᠤᠯᠤᠩ᠎ᠳᠤ᠂ ᠮᠡᠳᠡᠭᠦᠯᠬᠦ ᠲᠥᠯᠥᠪᠯᠡᠭᠡ ᠵᠢ ᠰᠣᠩᠭᠣᠵᠤ᠂ ᠮᠡᠷᠭᠡᠵᠢᠯ᠎ᠤᠨ ᠴᠣᠯᠠ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠵᠢ ᠪᠡᠶᠡᠯᠡᠭᠦᠯᠬᠦ ᠵᠢᠨ ᠬᠠᠮᠲᠤ᠂ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠮᠡᠳᠡᠭᠦᠯᠬᠦ ᠮᠠᠲ᠋ᠧᠷᠢᠶᠠᠯ᠎ᠢ ᠳᠡᠭᠡᠭᠰᠢ ᠳᠠᠮᠵᠢᠭᠤᠯᠵᠤ᠂ ᠲᠤᠰᠢᠶᠠᠭᠰᠠᠨ᠎ᠤ ᠳᠠᠷᠠᠭ᠎ᠠ 《ᠲᠤᠰᠬᠠᠢ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠬᠦᠰᠦᠨᠦᠭᠲᠦ》 ᠪᠠ 《ᠲᠤᠰᠬᠠᠢ ᠮᠡᠷᠭᠡᠵᠢᠯ᠎ᠤᠨ ᠴᠣᠯᠠ ᠵᠢᠨ ᠬᠦᠷᠭᠡᠨ ᠬᠢᠨᠠᠭᠤᠯᠬᠤ ᠬᠦᠰᠦᠨᠦᠭᠲᠦ》 ᠵᠢ ᠪᠠᠭᠤᠯᠭ᠋ᠠᠨ ᠠᠪᠤᠨ᠎ᠠ᠃ (ᠰᠦᠯᠵᠢᠶᠡᠨ ᠳᠡᠭᠡᠷᠡᠬᠢ ᠮᠡᠳᠡᠭᠦᠯᠬᠦ ᠠᠯᠬᠤᠮ ᠳᠠᠷᠠᠭ᠎ᠠ᠂ ᠵᠠᠭᠪᠤᠷ᠎ᠤᠨ ᠲᠣᠳᠣᠷᠬᠠᠢ᠌ᠯᠠᠯᠲᠠ ᠵᠢ ᠲᠠᠭᠯᠠᠨ ᠪᠢᠴᠢᠬᠦ᠂ ᠮᠠᠲ᠋ᠧᠷᠢᠶᠠᠯ ᠵᠶ᠋ᠠᠨ ᠲᠤᠰᠢᠶᠠᠬᠤ ᠱᠠᠭ᠋ᠠᠷᠳᠠᠯᠭ᠎ᠠ ᠵᠡᠷᠭᠡ ᠵᠢ ᠰᠢᠰᠲ᠋ᠧᠮ᠎ᠤᠨ ᠳᠣᠲᠣᠷᠠᠬᠢ ᠮᠡᠳᠡᠭᠦᠯᠬᠦ ᠠᠵᠢᠯᠯᠠᠭ᠋ᠠᠨ᠎ᠤ ᠵᠢᠭ᠋ᠠᠯᠲᠠ ᠵᠢ ᠦᠵᠡᠭᠡᠷᠡᠢ)᠃
ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠨᠡᠪᠲᠡᠷᠡᠬᠦ ᠵᠠᠮ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠮᠡᠳᠡᠭᠦᠯᠬᠦ᠎ᠳᠤ᠂ ᠬᠠᠷᠠᠭ᠋ᠠᠯᠵᠠᠭᠰᠠᠨ ᠪᠤᠯᠤᠩ᠎ᠳᠤ ᠣᠷᠣᠵᠤ ᠲᠠᠭᠯᠠᠨ ᠮᠡᠳᠡᠭᠦᠯᠬᠦ ᠬᠡᠷᠡᠭᠲᠡᠢ᠃
(ᠬᠣᠶᠠᠷ) ᠰᠦᠯᠵᠢᠶᠡᠨ ᠭᠠᠳᠠᠨ᠎ᠠ ᠲᠤᠰᠢᠶᠠᠬᠤ ᠮᠠᠲ᠋ᠧᠷᠢᠶᠠᠯ
ᠭᠤᠶᠤᠴᠢᠯᠠᠭᠴᠢ ᠰᠦᠯᠵᠢᠶᠡᠨ ᠳᠡᠭᠡᠷ᠎ᠡ ᠮᠡᠳᠡᠭᠦᠯᠦᠭᠰᠡᠨ᠎ᠤ ᠳᠠᠷᠠᠭ᠎ᠠ᠂ ᠮᠥᠨ ᠲᠣᠭᠲᠠᠭ᠋ᠠᠯ ᠶᠣᠰᠣᠭ᠋ᠠᠷ ᠰᠦᠯᠵᠢᠶᠡᠨ ᠭᠠᠳᠠᠨ᠎ᠠ ᠮᠡᠳᠡᠭᠦᠯᠬᠦ ᠪᠦᠷᠢᠨ ᠪᠦᠲᠦᠨ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠬᠣᠯᠪᠣᠭᠳᠠᠯ ᠪᠦᠬᠦᠢ ᠲᠠᠰ ᠳᠠᠷᠠᠭ᠋ᠠᠯᠠᠯ᠂ ᠠᠷᠭ᠎ᠠ ᠵᠠᠮ ᠪᠠ ᠱᠠᠭ᠋ᠠᠷᠳᠠᠯᠭ᠎ᠠ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2025] 16 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠵᠶ᠋ᠠᠷ ᠪᠠᠷᠢᠮᠵᠢᠶ᠎ᠠ ᠪᠣᠯᠭ᠋ᠠᠨ᠎ᠠ᠃
(ᠭᠤᠷᠪᠠ) ᠬᠣᠯᠪᠣᠭᠳᠠᠯ ᠪᠦᠬᠦᠢ ᠱᠠᠭ᠋ᠠᠷᠳᠠᠯᠭ᠎ᠠ
ᠭᠤᠶᠤᠴᠢᠯᠠᠭᠴᠢ ᠪᠣᠶ ᠪᠦᠬᠦᠢ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠲᠤᠰᠢᠶᠠᠭᠰᠠᠨ ᠮᠠᠲ᠋ᠧᠷᠢᠶᠠᠯ᠎ᠤᠨ ᠦᠨᠡᠨ ᠪᠣᠳᠠᠲᠠᠢ᠂ ᠣᠨᠣᠪᠴᠢᠲᠠᠶ᠂ ᠬᠦᠴᠦᠨ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠮᠥᠷᠲᠡᠭᠡᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠲᠤᠰᠢᠶᠠᠭᠰᠠᠨ ᠮᠠᠲ᠋ᠧᠷᠢᠶᠠᠯ (ᠲᠠᠭᠯᠠᠭᠰᠠᠨ ᠮᠡᠳᠡᠭᠡ ᠵᠠᠩᠭᠢ᠂ ᠠᠵᠢᠯ᠎ᠤᠨ ᠪᠦᠲᠦᠮᠵᠢ ᠵᠡᠷᠭᠡ) ᠨᠢ ᠠᠳᠠᠯᠢ ᠪᠠᠢ᠌ᠬᠤ ᠬᠡᠷᠡᠭᠲᠡᠢ᠃
ᠬᠢᠨᠠᠨ ᠬᠠᠷᠭᠤᠭᠤᠯᠬᠤ ᠶᠠᠪᠤᠴᠠ᠎ᠳᠤ᠂ ᠮᠡᠳᠡᠭᠦᠯᠦᠭᠰᠡᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠤᠶᠤ ᠰᠦᠯᠵᠢᠶᠡᠨ ᠳᠡᠭᠡᠷ᠎ᠡ᠂ ᠰᠦᠯᠵᠢᠶᠡᠨ᠎ᠠᠴᠠ ᠭᠠᠳᠠᠨ᠎ᠠ ᠲᠤᠰᠢᠶᠠᠭᠰᠠᠨ ᠮᠠᠲ᠋ᠧᠷᠢᠶᠠᠯ (ᠮᠡᠳᠡᠭᠡ ᠵᠠᠩᠭᠢ᠂ ᠨᠡᠷᠡᠢ᠌ᠳᠦᠯ ᠵᠡᠷᠭᠡ) ᠨᠢ ᠠᠳᠠᠯᠢ ᠪᠤᠰᠤ ᠵᠡᠷᠭᠡ ᠠᠰᠠᠭᠤᠳᠠᠯ᠎ᠢ ᠣᠯᠵᠤ ᠮᠡᠳᠡᠪᠡᠯ᠂ ᠮᠡᠳᠡᠭᠦᠯᠦᠭᠰᠡᠨ ᠮᠡᠳᠡᠭᠡ ᠵᠠᠩᠭᠢ ᠵᠢ ᠴᠥᠮ ᠲᠣᠰ ᠬᠥᠮᠥᠨ᠎ᠤ ᠲᠠᠩᠰᠠᠨ ᠨᠣᠮᠧᠷᠲᠤ ᠪᠤᠴᠠᠭ᠋ᠠᠵᠤ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ᠂ ᠳᠠᠭᠢᠵᠤ ᠭᠤᠶᠤᠴᠢᠯᠠᠨ ᠮᠡᠳᠡᠭᠦᠯᠬᠦ᠎ᠪᠠᠷ ᠲᠤᠰᠢᠶᠠᠨ᠎ᠠ᠃ ᠳᠡᠭᠡᠷ᠎ᠡ ᠳᠤᠷᠠᠳᠤᠭᠰᠠᠨ ᠰᠢᠯᠲᠠᠭ᠋ᠠᠨ᠎ᠠᠴᠠ ᠪᠣᠯᠵᠤ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠦᠭᠡᠢ᠎ᠠᠴᠠ ᠪᠣᠯᠵᠤ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠲᠣᠭᠲᠠᠭᠰᠠᠨ ᠴᠠᠭ ᠬᠤᠭᠤᠴᠠᠭ᠋ᠠᠨ᠎ᠳᠤ ᠮᠡᠳᠡᠭᠦᠯᠵᠦ ᠳᠡᠢ᠌ᠯᠦᠭᠰᠡᠨ ᠦᠭᠡᠢ ᠪᠠᠢ᠌ᠪᠠᠯ ᠨᠥᠬᠥᠵᠦ ᠮᠡᠳᠡᠭᠦᠯᠵᠦ ᠪᠣᠯᠬᠤ ᠦᠭᠡᠢ᠃
ᠭᠤᠷᠪᠠ᠂ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ
(ᠨᠢᠭᠡ) ᠮᠡᠳᠡᠭᠦᠯᠬᠦ ᠮᠠᠲ᠋ᠧᠷᠢᠶᠠᠯ
ᠮᠡᠳᠡᠭᠦᠯᠬᠦ ᠮᠠᠲ᠋ᠧᠷᠢᠶᠠᠯ᠎ᠢ 《ᠲᠤᠰᠬᠠᠢ ᠮᠡᠷᠭᠡᠵᠢᠯ᠎ᠤᠨ ᠴᠣᠯᠠ ᠵᠢᠨ ᠬᠦᠷᠭᠡᠵᠦ ᠬᠢᠨᠠᠭᠤᠯᠬᠤ ᠬᠦᠰᠦᠨᠦᠭᠲᠦ》 (ᠨᠢᠭᠡ ᠬᠡᠯᠪᠡᠷᠢ ᠵᠢᠨ 15 ᠬᠤᠪᠢ)᠂ 《ᠲᠤᠰᠬᠠᠢ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠦᠰᠦᠨᠦᠭᠲᠦ》 (ᠨᠢᠭᠡ ᠬᠡᠯᠪᠡᠷᠢ ᠵᠢᠨ 2 ᠬᠤᠪᠢ᠂ ᠳᠡᠪᠲᠡᠷᠯᠡᠵᠦ ᠪᠣᠯᠬᠤ ᠦᠭᠡᠢ) ᠵᠢ ᠲᠤᠰᠢᠶᠠᠬᠤ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠬᠢᠨᠠᠨ ᠬᠠᠷᠭᠤᠭᠤᠯᠵᠤ᠂ ᠭᠠᠷᠤᠨ ᠥᠰᠥᠭ ᠵᠢᠷᠤᠬᠤ ᠪᠠ ᠲᠠᠮᠠᠭ᠎ᠠ ᠳᠠᠷᠤᠬᠤ ᠬᠡᠷᠡᠭᠲᠡᠢ᠃ ᠬᠦᠰᠦᠨᠦᠭᠲᠦ᠎ᠳᠤ ᠲᠠᠭᠯᠠᠭᠰᠠᠨ ᠠᠵᠢᠯ᠎ᠤᠨ ᠪᠦᠲᠦᠮᠵᠢ ᠵᠢᠨ ᠦᠷ᠎ᠡ ᠪᠦᠲᠦᠭᠡᠯ᠂ ᠥᠭᠦᠯᠡᠯ ᠵᠡᠷᠭᠡ᠎ᠳᠤ ᠭᠡᠷᠡᠴᠢᠯᠡᠬᠦ ᠮᠠᠲ᠋ᠧᠷᠢᠶᠠᠯ ᠪᠠᠢ᠌ᠬᠤ ᠬᠡᠷᠡᠭᠲᠡᠢ᠃
(ᠬᠣᠶᠠᠷ) ᠭᠡᠷᠡᠴᠢᠯᠡᠬᠦ ᠮᠠᠲ᠋ᠧᠷᠢᠶᠠᠯ
ᠭᠡᠷᠡᠴᠢᠯᠡᠬᠦ ᠮᠠᠲ᠋ᠧᠷᠢᠶᠠᠯ᠎ᠨᠢ ᠴᠥᠮ ᠬᠠᠭᠤᠯᠪᠤᠷᠢ ᠮᠠᠲ᠋ᠧᠷᠢᠶᠠᠯ ᠪᠠᠢ᠌ᠬᠤ ᠬᠡᠷᠡᠭᠲᠡᠢ᠂ ᠤᠤᠯ ᠮᠠᠲ᠋ᠧᠷᠢᠶᠠᠯ᠎ᠢ ᠪᠢᠲᠡᠭᠡᠢ ᠲᠤᠰᠢᠶᠠᠭ᠋ᠠᠷᠠᠢ᠂ ᠮᠠᠲ᠋ᠧᠷᠢᠶᠠᠯ᠎ᠢ ᠳᠡᠭᠡᠭᠰᠢ ᠮᠡᠳᠡᠭᠦᠯᠦᠭᠰᠡᠨ᠎ᠤ ᠳᠠᠷᠠᠭ᠎ᠠ ᠪᠦᠷ ᠪᠤᠴᠠᠭ᠋ᠠᠵᠤ ᠥᠭᠬᠦ ᠦᠭᠡᠢ᠂ ᠥᠪᠡᠷᠲᠡᠭᠡᠨ ᠢᠯᠡᠭᠦᠦ ᠨᠢᠭᠡ ᠬᠤᠪᠢ ᠪᠡᠯᠡᠳᠬᠡᠵᠦ ᠠᠪᠤᠭ᠋ᠠᠷᠠᠢ᠃ ᠭᠡᠷᠡᠴᠢᠯᠡᠬᠦ ᠮᠠᠲ᠋ᠧᠷᠢᠶᠠᠯ᠎ᠤᠨ ᠭᠠᠳᠠᠷ ᠨᠢᠭᠤᠷ᠎ᠲᠤ ᠲᠠᠨᠢᠯᠴᠠᠭᠤᠯᠬᠤ ᠨᠢᠭᠡᠴᠡ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ᠂ ᠪᠣᠶ ᠪᠦᠬᠦᠢ ᠭᠡᠷᠡᠴᠢᠯᠡᠬᠦ ᠮᠠᠲ᠋ᠧᠷᠢᠶᠠᠯ᠎ᠳᠤ ᠴᠥᠮ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ (ᠪᠤᠶᠤ ᠨᠢᠭᠡᠴᠡ)᠎ᠤᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ ᠪᠥᠭᠡᠳ ᠬᠢᠨᠠᠨ ᠰᠢᠯᠭ᠋ᠠᠭᠴᠢ᠎ᠪᠠᠷ ᠭᠠᠷᠤᠨ ᠥᠰᠥᠭ ᠵᠢᠷᠤᠭᠤᠯᠵᠤ᠂ ᠦᠨᠡᠨ ᠪᠣᠳᠠᠲᠠᠢ ᠪᠥᠭᠡᠳ ᠬᠦᠴᠦᠨ᠎ᠲᠠᠢ᠂ ᠠᠭᠤᠯᠭ᠎ᠠ᠎ᠨᠢ ᠨᠢᠭᠡᠳᠦᠯᠲᠡᠢ ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠢ᠃ ᠭᠡᠷᠡᠴᠢᠯᠡᠬᠦ ᠮᠠᠲ᠋ᠧᠷᠢᠶᠠᠯ᠎ᠳᠤ ᠠᠵᠢᠯ᠎ᠤᠨ ᠪᠦᠲᠦᠮᠵᠢ ᠵᠢᠨ ᠦᠷ᠎ᠡ ᠪᠦᠲᠦᠭᠡᠯ᠂ ᠥᠭᠦᠯᠡᠯ ᠵᠡᠷᠭᠡ᠎ᠠᠴᠠ ᠭᠠᠳᠠᠨ᠎ᠠ ᠪᠠᠰᠠ ᠳᠣᠣᠷᠠᠬᠢ ᠮᠠᠲ᠋ᠧᠷᠢᠶᠠᠯ᠎ᠤᠳ᠎ᠢ ᠪᠠᠭᠲᠠᠭ᠋ᠠᠨ᠎ᠠ᠄ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠢᠨᠠᠨ ᠰᠢᠯᠭ᠋ᠠᠯᠲᠠ ᠵᠢᠨ ᠺᠠᠷᠲ᠂ ᠰᠤᠷᠤᠯᠭ᠎ᠠ ᠵᠢᠨ ᠨᠠᠮᠲᠠᠷ (ᠡᠷᠳᠡᠮ᠎ᠤᠨ ᠴᠣᠯᠠ)᠎ᠤᠨ ᠦᠨᠡᠮᠯᠡᠯ᠂ ᠵᠢᠩᠬᠢᠨᠢ ᠠᠩᠭᠢ ᠵᠢᠨ ᠭᠣᠣᠯ ᠬᠢᠴᠢᠶᠡᠯ᠎ᠤᠨ ᠰᠤᠷᠤᠯᠭ᠎ᠠ ᠲᠡᠭᠦᠰᠦᠭᠰᠡᠨ ᠦᠨᠡᠮᠯᠡᠯ᠂ ᠣᠲᠣ ᠵᠢᠨ ᠣᠯᠣᠭᠰᠠᠨ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠂ ᠪᠠᠢ᠌ᠭᠤᠯᠭ᠎ᠠ ᠵᠢᠨ ᠪᠠᠢ᠌ᠳᠠᠯ᠎ᠤᠨ ᠲᠣᠳᠣᠷᠬᠠᠢ᠌ᠯᠠᠯᠲᠠ (ᠲᠣᠳᠣᠷᠬᠠᠢ᠌ᠯᠠᠯᠲᠠ᠎ᠳᠤ ᠤᠷᠢᠨ ᠬᠡᠷᠡᠭᠯᠡᠭᠰᠡᠨ ᠴᠠᠭ᠂ ᠤᠷᠢᠨ ᠬᠡᠷᠡᠭᠯᠡᠭᠰᠡᠨ ᠠᠵᠢᠯ᠎ᠤᠨ ᠪᠠᠢ᠌ᠷᠢ᠂ ᠣᠢ᠌ᠷ᠎ᠠ ᠵᠢᠨ ᠭᠤᠷᠪᠠᠨ ᠵᠢᠯ (2022 ᠣᠨ—2024 ᠣᠨ)᠎ᠤᠨ ᠬᠢᠨᠠᠨ ᠰᠢᠯᠭ᠋ᠠᠭᠰᠠᠨ ᠪᠠᠢ᠌ᠳᠠᠯ ᠪᠠ ᠠᠵᠢᠯ᠎ᠤᠨ ᠪᠠᠢ᠌ᠷᠢ ᠵᠢᠨ ᠪᠦᠲᠦᠴᠡ ᠵᠢᠨ ᠬᠠᠷᠢᠴᠠᠯ᠎ᠤᠨ ᠳᠣᠲᠣᠷ᠎ᠠ ᠭᠤᠶᠤᠴᠢᠯᠠᠨ ᠮᠡᠳᠡᠭᠦᠯᠦᠭᠰᠡᠨ ᠡᠰᠡᠬᠦ ᠵᠡᠷᠭᠡ ᠵᠢ ᠪᠠᠭᠲᠠᠭ᠋ᠠᠨ᠎ᠠ)᠃
(ᠭᠤᠷᠪᠠ) ᠮᠠᠲ᠋ᠧᠷᠢᠶᠠᠯ ᠮᠡᠳᠡᠭᠦᠯᠬᠦ ᠳᠠᠭᠤᠰᠬᠤ ᠴᠠᠭ
1.2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠷᠢᠰ ᠮᠡᠷᠭᠡᠵᠢᠯ᠎ᠤᠨ ᠴᠣᠯᠠ ᠮᠡᠳᠡᠭᠦᠯᠦᠨ ᠰᠢᠯᠭ᠋ᠠᠷᠠᠭᠤᠯᠬᠤ ᠠᠵᠢᠯ᠎ᠨᠢ᠂ 6 ᠰᠠᠷ᠎ᠠ ᠵᠢᠨ 25᠎ᠤ ᠡᠳᠦᠷ᠎ᠠᠴᠠ ᠡᠮᠦᠨ᠎ᠡ ᠬᠤᠪᠢ ᠬᠥᠮᠥᠨ᠎ᠤ ᠭᠤᠶᠤᠴᠢᠯᠠᠨ ᠮᠡᠳᠡᠭᠦᠯᠬᠦ ᠵᠢ ᠪᠡᠶᠡᠯᠡᠭᠦᠯᠵᠦ᠂ 7 ᠰᠠᠷ᠎ᠠ ᠵᠢᠨ 15᠎ᠤ ᠡᠳᠦᠷ᠎ᠠᠴᠠ ᠡᠮᠦᠨ᠎ᠡ ᠮᠠᠲ᠋ᠧᠷᠢᠶᠠᠯ᠎ᠢ ᠬᠢᠨᠠᠨ ᠬᠠᠷᠭᠤᠭᠤᠯᠬᠤ ᠪᠠ ᠱᠠᠲᠤ ᠳᠠᠷᠠᠭ᠋ᠠᠯᠠᠨ ᠮᠡᠳᠡᠭᠦᠯᠦᠨ ᠬᠦᠷᠭᠡᠬᠦ ᠠᠵᠢᠯ᠎ᠢ ᠪᠡᠶᠡᠯᠡᠭᠦᠯᠬᠦ ᠬᠡᠷᠡᠭᠲᠡᠢ᠃ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠮᠡᠳᠡᠭᠦᠯᠦᠭᠰᠡᠨ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ᠎ᠤᠨ ᠪᠦᠲᠦᠮᠵᠢ ᠦᠷ᠎ᠡ ᠪᠦᠲᠦᠭᠡᠯ (ᠥᠭᠦᠯᠡᠯ᠂ ᠱᠠᠩᠨᠠᠯ᠂ ᠢᠷᠠᠭᠤ ᠠᠯᠳᠠᠷ ᠵᠡᠷᠭᠡ)᠂ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠢᠨᠠᠨ ᠰᠢᠯᠭ᠋ᠠᠬᠤ ᠺᠠᠷᠲ᠎ᠤᠨ ᠳᠠᠭᠤᠰᠬᠤ ᠴᠠᠭ᠎ᠨᠢ 2025 ᠣᠨ᠎ᠤ 7 ᠰᠠᠷ᠎ᠠ ᠵᠢᠨ 15᠎ᠤ ᠡᠳᠦᠷ ᠪᠣᠯᠣᠨ᠎ᠠ᠃
2. ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠪᠣᠶ ᠪᠦᠬᠦᠢ ᠮᠡᠳᠡᠭᠦᠯᠬᠦ ᠮᠠᠲ᠋ᠧᠷᠢᠶᠠᠯ᠎ᠳᠤ ᠳᠠᠬᠢᠨ ᠬᠢᠨᠠᠯᠲᠠ ᠬᠢᠵᠦ᠂ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠦᠭᠡᠢ ᠪᠣᠯ᠂ ᠮᠡᠳᠡᠭᠦᠯᠬᠦ ᠠᠵᠢᠯᠲᠠᠨ᠎ᠳᠤ ᠨᠥᠬᠥᠪᠦᠷᠢᠯᠡᠨ ᠵᠠᠯᠠᠷᠠᠭᠤᠯᠬᠤ ᠴᠢᠬᠤᠯᠠᠲᠠᠢ ᠪᠥᠬᠥ ᠮᠠᠲ᠋ᠧᠷᠢᠶᠠᠯ ᠵᠢᠴᠢ ᠴᠠᠭ᠎ᠤᠨ ᠬᠢᠵᠠᠭ᠋ᠠᠷ᠎ᠢ ᠨᠢᠭᠡ ᠯᠡ ᠤᠳᠠᠭ᠎ᠠ᠎ᠳᠤ ᠪᠢᠴᠢᠭ ᠵᠶ᠋ᠡᠷ ᠮᠡᠳᠡᠭᠳᠡᠵᠦ᠂ ᠬᠤᠭᠤᠴᠠᠭ᠎ᠠ ᠬᠡᠲᠦᠷᠡᠲᠡᠯ᠎ᠡ ᠨᠥᠬᠥᠪᠦᠷᠢᠯᠡᠨ ᠵᠠᠯᠠᠷᠠᠭᠤᠯᠤᠭᠰᠠᠨ ᠦᠭᠡᠢ ᠪᠣᠯ ᠮᠡᠳᠡᠭᠦᠯᠬᠦ᠎ᠪᠠᠨ ᠪᠣᠯᠢᠭᠰᠠᠨ ᠵᠶ᠋ᠠᠷ ᠦᠵᠡᠨ᠎ᠡ᠃ ᠮᠡᠳᠡᠭᠦᠯᠦᠭᠰᠡᠳ᠎ᠤᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠮᠠᠲ᠋ᠧᠷᠢᠶᠠᠯ᠎ᠨᠢ ᠨᠢᠭᠡᠳᠦᠯ ᠦᠭᠡᠢ ᠪᠠᠢ᠌ᠬᠤ ᠵᠢ ᠣᠯᠵᠤ ᠮᠡᠳᠡᠪᠡᠯ᠂ ᠪᠤᠴᠠᠭ᠋ᠠᠬᠤ ᠵᠢᠨ ᠬᠠᠮᠲᠤ ᠰᠢᠯᠲᠠᠭ᠋ᠠᠨ᠎ᠢ᠎ᠨᠢ ᠲᠣᠳᠣᠷᠬᠠᠢ᠌ᠯᠠᠨ᠎ᠠ; ᠭᠤᠶᠤᠴᠢᠯᠠᠭᠴᠢ᠎ᠨᠢ ᠮᠡᠷᠭᠡᠵᠢᠯ᠎ᠤᠨ ᠴᠣᠯᠠ ᠮᠡᠳᠡᠭᠦᠯᠬᠦ ᠨᠥᠬᠥᠴᠡᠯ᠎ᠳᠤ ᠨᠡᠢ᠌ᠴᠡᠬᠦ ᠦᠭᠡᠢ ᠪᠠᠢ᠌ᠬᠤ ᠵᠢ ᠲᠣᠳᠣᠷᠬᠠᠢ ᠮᠡᠳᠡᠵᠦ ᠪᠠᠢ᠌ᠭ᠋ᠠᠳ ᠮᠥᠨ ᠬᠦ᠌ ᠵᠣᠷᠢᠭᠤᠳᠠ ᠬᠤᠳᠠᠯ ᠬᠠᠭᠤᠷᠮᠠᠭ (ᠦᠨᠡᠨ ᠪᠣᠳᠠᠲᠠᠢ ᠪᠤᠰᠤ) ᠠᠮᠠᠯᠠᠯᠲᠠ ᠬᠢᠬᠦ᠂ ᠮᠡᠳᠡᠭᠡ ᠵᠠᠩᠭᠢ ᠵᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠮᠡᠳᠡᠭᠦᠯᠦᠭᠰᠡᠨ ᠪᠤᠶᠤ ᠬᠤᠳᠠᠯ ᠬᠠᠭᠤᠷᠮᠠᠭ (ᠦᠨᠡᠨ ᠪᠣᠳᠠᠲᠠᠢ ᠪᠤᠰᠤ) ᠮᠠᠲ᠋ᠧᠷᠢᠶᠠᠯ ᠬᠠᠩᠭ᠋ᠠᠭᠰᠠᠨ (ᠲᠠᠭᠯᠠᠭᠰᠠᠨ) ᠪᠠᠢ᠌ᠪᠠᠯ᠂ ᠮᠡᠳᠡᠭᠦᠯᠵᠦ ᠲᠠᠨᠢᠯᠴᠠᠭᠤᠯᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ᠂ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ᠎ᠳᠤ ᠲᠡᠮᠳᠡᠭᠯᠡᠨ ᠣᠷᠣᠭᠤᠯᠤᠨ᠎ᠠ᠃
ᠳᠥᠷᠪᠡ᠂ ᠬᠢᠨᠠᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ
(ᠨᠢᠭᠡ) ᠮᠡᠳᠡᠭᠦᠯᠬᠦ ᠦᠨᠳᠦᠰᠦᠨ ᠨᠥᠬᠥᠴᠡᠯ
ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠭᠤᠶᠤᠴᠢᠯᠠᠬᠤ᠎ᠳᠤ᠂ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠷᠯᠢᠭ 40 ᠳ᠋ᠦ᠍ᠭᠡᠷ ᠲᠣᠭ᠋ᠠᠲᠤ)᠂ 《ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [2024] 56 ᠳ᠋ᠤᠭ᠋ᠠᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠬᠥᠮᠥᠨ ᠨᠡᠢ᠌ᠭᠡᠮ [2025] 16 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠡᠭᠦᠨ᠎ᠤ ᠬᠠᠮᠲᠤ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ〉᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2022] 1 ᠳ᠋ᠦ᠍ᠭᠡᠷ ᠲᠣᠭ᠋ᠠᠲᠤ)᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
(ᠬᠣᠶᠠᠷ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ᠎ᠤᠨ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ᠎ᠳᠤ ᠬᠡᠯᠪᠡᠢ᠌ᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ
1. ᠬᠣᠰᠢᠭᠤ ᠰᠢᠶᠠᠨ (ᠬᠣᠲᠠ᠂ ᠲᠣᠭᠣᠷᠢᠭ)᠎ᠳᠤ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 30 ᠵᠢᠯ ᠪᠣᠯᠤᠭᠰᠠᠨ ᠪᠤᠶᠤ ᠰᠤᠮᠤ ᠰᠢᠶᠠᠩ ᠪᠠᠯᠭ᠋ᠠᠰᠤ᠎ᠳᠤ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 20 ᠵᠢᠯ ᠪᠣᠯᠤᠭᠰᠠᠨ ᠰᠢᠯᠢᠳᠡᠭ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠳᠤ ᠰᠤᠷᠤᠯᠭ᠎ᠠ ᠵᠢᠨ ᠨᠠᠮᠲᠠᠷ᠂ ᠲᠤᠰᠬᠠᠢ ᠮᠡᠷᠭᠡᠵᠢᠯ ᠪᠠ ᠨᠢᠭᠡᠴᠡ ᠵᠢᠨ ᠠᠵᠢᠯ᠎ᠤᠨ ᠪᠠᠢ᠌ᠷᠢ ᠵᠢᠨ ᠲᠤᠰᠢᠶᠠᠯ᠎ᠤᠨ ᠲᠣᠭ᠎ᠠ ᠵᠢᠨ ᠬᠢᠵᠠᠭ᠋ᠠᠷᠯᠠᠯ᠎ᠢ ᠬᠦᠯᠢᠶᠡᠬᠦ ᠦᠭᠡᠢ᠂ ᠠᠵᠢᠯ᠎ᠤᠨ ᠠᠮᠵᠢᠯᠲᠠ ᠪᠦᠲᠦᠮᠵᠢ ᠦᠷ᠎ᠡ ᠪᠦᠲᠦᠭᠡᠯ ᠵᠡᠷᠭᠡ ᠪᠤᠰᠤᠳ ᠨᠥᠬᠥᠴᠡᠯ᠎ᠳᠤ ᠨᠡᠢ᠌ᠴᠡᠭᠰᠡᠨ ᠪᠠᠢ᠌ᠳᠠᠯ ᠳᠣᠣᠷ᠎ᠠ᠂ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠲᠣᠭᠲᠠᠭ᠋ᠠᠬᠤ ᠪᠠ ᠤᠷᠢᠬᠤ᠎ᠳᠤ ᠱᠠᠲᠤ ᠠᠯᠭ᠋ᠠᠰᠠᠨ ᠣᠷᠣᠯᠴᠠᠵᠤ ᠪᠣᠯᠣᠨ᠎ᠠ᠃ ᠬᠥᠮᠥᠨ ᠬᠡᠷᠡᠭᠯᠡᠬᠦ ᠨᠢᠭᠡᠴᠡ ᠰᠣᠩᠭᠣᠨ ᠲᠠᠨᠢᠯᠴᠠᠭᠤᠯᠬᠤ ᠵᠢᠱ᠌ᠢᠭᠳᠡᠭᠴᠢ ᠵᠢ ᠬᠢᠨᠠᠨ ᠬᠠᠷᠭᠤᠭᠤᠯᠬᠤ ᠪᠣᠭᠣᠮᠲᠠ ᠵᠢ ᠰᠠᠢ᠌ᠲᠤᠷ ᠠᠳᠬᠤᠵᠤ᠂ ᠲᠣᠪᠣᠢ᠌ᠮ᠎ᠠ ᠠᠮᠵᠢᠯᠲᠠ ᠪᠦᠲᠦᠮᠵᠢ ᠵᠢᠨ ᠬᠤᠪᠢ ᠨᠡᠮᠡᠷᠢ ᠵᠢ ᠮᠡᠳᠡᠭᠦᠯᠦᠨ ᠲᠠᠨᠢᠯᠴᠠᠭᠤᠯᠵᠤ᠂ ᠡᠩ᠎ᠤᠨ ᠦᠶ᠎ᠡ ᠵᠢᠨ ᠬᠢᠨᠠᠨ ᠰᠢᠯᠭ᠋ᠠᠯᠲᠠ᠂ ᠣᠨ᠎ᠤ ᠬᠢᠨᠠᠨ ᠰᠢᠯᠭ᠋ᠠᠯᠲᠠ ᠵᠢᠨ ᠦᠷ᠎ᠡ ᠳ᠋ᠦᠩ ᠵᠡᠷᠭᠡ᠎ᠯᠦᠭᠡ ᠬᠠᠷᠢᠯᠴᠠᠨ ᠤᠶᠠᠯᠳᠤᠭᠤᠯᠵᠤ᠂ ᠪᠠᠷᠢᠮᠵᠢᠶ᠎ᠠ ᠵᠢᠨ ᠨᠥᠬᠥᠴᠡᠯ᠎ᠢ ᠳᠥᠭᠥᠮᠬᠡᠨ ᠵᠶ᠋ᠡᠷ ᠨᠢᠭᠡ ᠯᠡ ᠬᠥᠭ ᠵᠶ᠋ᠡᠷ ᠪᠠᠭᠤᠷᠠᠭᠤᠯᠵᠤ ᠪᠣᠯᠬᠤ ᠦᠭᠡᠢ᠂ ᠲᠥᠷᠥ ᠵᠢᠨ ᠪᠣᠳᠣᠯᠭ᠎ᠠ ᠵᠢᠨ 《ᠬᠣᠲᠣᠭᠣᠷ ᠭᠠᠵᠠᠷ》 ᠭᠠᠷᠭ᠋ᠠᠵᠤ ᠪᠣᠯᠬᠤ ᠦᠭᠡᠢ᠂ ᠦᠨᠡᠨ ᠬᠦ᠌ ᠨᠥᠬᠥᠴᠡᠯ᠎ᠳᠤ ᠨᠡᠢ᠌ᠴᠡᠬᠦ᠂ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠦᠨᠳᠦᠰᠦᠨ ᠱᠠᠲᠤᠨ᠎ᠤ ᠰᠢᠯᠢᠳᠡᠭ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠲᠠᠨᠢᠯᠴᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
2. ᠰᠤᠮᠤ ᠰᠢᠶᠠᠩ ᠪᠠᠯᠭ᠋ᠠᠰᠤ ᠵᠢᠨ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ᠎ᠳᠤ ᠠᠵᠢᠯᠯᠠᠭ᠋ᠠᠳ ᠪᠦᠬᠦᠯᠢ 2 ᠵᠢᠯ ᠪᠣᠯᠤᠭᠰᠠᠨ ᠵᠢᠩᠬᠢᠨᠢ ᠠᠩᠭᠢ ᠵᠢᠨ ᠲᠡᠭᠦᠰᠦᠭᠰᠡᠳ ᠪᠠ ᠪᠦᠬᠦᠯᠢ 4 ᠵᠢᠯ ᠪᠣᠯᠤᠭᠰᠠᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠬᠢᠨᠠᠨ ᠰᠢᠯᠭ᠋ᠠᠭ᠋ᠠᠳ ᠬᠢᠷᠢ ᠲᠡᠩᠴᠡᠪᠡᠯ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠰᠢᠭᠤᠳ ᠣᠷᠣᠯᠴᠠᠵᠤ ᠪᠣᠯᠣᠨ᠎ᠠ᠃
3. ᠬᠣᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠲᠤᠬᠠᠢ ᠵᠢᠨ ᠵᠢᠯ᠎ᠳᠤ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠳᠤ ᠦᠢ᠍ᠯᠡᠴᠢᠯᠡᠬᠦ ᠴᠠᠭ᠎ᠨᠢ 3 ᠰᠠᠷ᠎ᠠ᠎ᠠᠴᠠ ᠳᠡᠭᠡᠭᠰᠢ ᠪᠣᠯᠤᠭᠰᠠᠨ ᠪᠠᠢ᠌ᠪᠠᠯ᠂ ᠮᠡᠷᠭᠡᠵᠢᠯ᠎ᠤᠨ ᠴᠣᠯᠠ ᠮᠡᠳᠡᠭᠦᠯᠬᠦ᠎ᠳᠤ ᠲᠤᠬᠠᠢ ᠵᠢᠨ ᠵᠢᠯ᠎ᠤᠨ ᠦᠷᠭᠦᠯᠵᠢᠯᠡᠯ ᠰᠤᠷᠭ᠋ᠠᠨ ᠬᠥᠮᠥᠵᠢᠭᠦᠯᠬᠦ ᠤᠬᠠᠭ᠋ᠠᠨ᠎ᠤ ᠦᠶ᠎ᠡ ᠵᠢᠨ ᠱᠠᠭ᠋ᠠᠷᠳᠠᠯᠭ᠎ᠠ ᠵᠢ ᠬᠡᠯᠲᠦᠷᠢᠭᠦᠯᠵᠦ ᠪᠣᠯᠣᠨ᠎ᠠ; ᠣᠲᠣ ᠵᠢᠨ ᠪᠠᠢ᠌ᠭ᠎ᠠ ᠮᠡᠷᠭᠡᠵᠢᠯ᠎ᠤᠨ ᠴᠣᠯᠠ ᠣᠯᠣᠭᠰᠠᠨ᠎ᠤ ᠳᠠᠷᠠᠭ᠎ᠠ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠳᠤ ᠦᠢ᠍ᠯᠡᠴᠢᠯᠡᠭᠰᠡᠨ ᠵᠢᠯ ᠬᠤᠭᠤᠴᠠᠭ᠎ᠠ᠎ᠨᠢ ᠨᠡᠶ᠋ᠢᠲᠡ 3 ᠵᠢᠯ᠎ᠠᠴᠠ ᠳᠡᠭᠡᠭᠰᠢ ᠪᠣᠯᠤᠭᠰᠠᠨ ᠪᠥᠭᠡᠳ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠪᠠᠢ᠌ᠪᠠᠯ᠂ 1 ᠵᠢᠯ᠎ᠤᠨ ᠡᠮᠦᠨ᠎ᠡ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠵᠤ ᠪᠣᠯᠣᠨ᠎ᠠ᠃
(ᠭᠤᠷᠪᠠ) ᠨᠡᠶ᠋ᠢᠲᠡ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ᠎ᠳᠤ ᠬᠡᠯᠪᠡᠢ᠌ᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ
ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠨᠡᠢ᠌ᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠡᠩ᠎ᠤᠨ ᠪᠠᠢ᠌ᠳᠠᠯ᠎ᠳᠤ ᠬᠥᠳᠡᠯᠮᠦᠷᠢ ᠵᠢᠨ ᠬᠠᠷᠢᠴᠠᠭ᠎ᠠ ᠵᠢᠨ ᠪᠠᠢ᠌ᠭ᠎ᠠ ᠭᠠᠵᠠᠷ᠎ᠲᠤ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠮᠡᠳᠡᠭᠦᠯᠵᠦ᠂ ᠠᠯᠪᠠᠨ᠎ᠠᠴᠠ ᠪᠠᠢ᠌ᠭᠤᠯᠤᠭᠰᠠᠨ ᠪᠠᠢ᠌ᠭᠤᠯᠤᠮᠵᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨᠯᠤᠭᠠ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠲᠠᠯ᠎ᠠ᠎ᠪᠠᠷ ᠠᠳᠠᠯᠢ ᠲᠡᠭᠰᠢ ᠬᠠᠷᠠᠭ᠋ᠠᠯᠵᠠᠯ ᠬᠦᠷᠲᠡᠭᠡᠨ᠎ᠡ᠃ ᠤᠷᠲᠤ ᠬᠤᠭᠤᠴᠠᠭ᠎ᠠ᠎ᠪᠠᠷ ᠲᠤᠰᠬᠠᠢ ᠮᠡᠷᠭᠡᠵᠢᠯ᠎ᠤᠨ ᠠᠵᠢᠯ ᠬᠢᠭᠰᠡᠨ ᠪᠥᠭᠡᠳ ᠮᠠᠨ᠎ᠤ ᠣᠷᠣᠨ᠎ᠳᠤ ᠪᠦᠬᠦᠯᠢ 1 ᠵᠢᠯ ᠠᠵᠢᠯᠯᠠᠭᠰᠠᠨ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠡᠯ᠎ᠡ ᠵᠦᠢ᠍ᠯ᠎ᠤᠨ ᠦᠢ᠍ᠯᠡᠰ᠎ᠤᠨ ᠬᠥᠭᠵᠢᠯᠲᠡ᠎ᠳᠤ ᠢᠳᠡᠪᠬᠢᠲᠡᠢ ᠣᠷᠣᠯᠴᠠᠵᠤ᠂ ᠰᠤᠷᠤᠯᠭ᠎ᠠ ᠵᠢᠨ ᠨᠠᠮᠲᠠᠷ᠂ ᠠᠵᠢᠯ᠎ᠤᠨ ᠪᠦᠲᠦᠮᠵᠢ ᠵᠡᠷᠭᠡ ᠨᠥᠬᠥᠴᠡᠯ᠎ᠢ ᠬᠠᠩᠭ᠋ᠠᠭᠰᠠᠨ ᠪᠠᠢ᠌ᠪᠠᠯ᠂ ᠮᠡᠷᠭᠡᠵᠢᠯ᠎ᠤᠨ ᠴᠣᠯᠠ᠎ᠪᠠᠨ ᠱᠠᠲᠤ ᠳᠠᠷᠠᠭ᠋ᠠᠯᠠᠨ ᠮᠡᠳᠡᠭᠦᠯᠬᠦ ᠱᠠᠭ᠋ᠠᠷᠳᠠᠯᠭ᠎ᠠ᠎ᠳᠤ ᠬᠢᠵᠠᠭ᠋ᠠᠷᠯᠠᠭᠳᠠᠬᠤ ᠦᠭᠡᠢ᠎ᠪᠠᠷ ᠰᠢᠭᠤᠳ ᠵᠣᠬᠢᠬᠤ ᠲᠤᠰᠬᠠᠢ ᠮᠡᠷᠭᠡᠵᠢᠯ᠂ ᠲᠠᠰ ᠳᠠᠪᠬᠤᠷᠭ᠎ᠠ ᠵᠢᠨ ᠮᠡᠷᠭᠡᠵᠢᠯ᠎ᠤᠨ ᠴᠣᠯᠠ᠎ᠳᠤ ᠮᠡᠳᠡᠭᠦᠯᠵᠦ ᠪᠣᠯᠣᠨ᠎ᠠ᠂ ᠡᠭᠦᠨ᠎ᠳᠤ᠂ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ᠎ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠩᠭᠢ᠎ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠪᠠᠢ᠌ᠪᠠᠯ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠎ᠪᠠᠨ ᠰᠢᠭᠤᠳ ᠮᠡᠳᠡᠭᠦᠯᠵᠦ ᠪᠣᠯᠣᠨ᠎ᠠ; ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ᠎ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ᠎ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠪᠠᠢ᠌ᠪᠠᠯ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠳᠤ ᠰᠢᠭᠤᠳ ᠮᠡᠳᠡᠭᠦᠯᠵᠦ ᠪᠣᠯᠣᠨ᠎ᠠ᠃ ᠨᠡᠶ᠋ᠢᠲᠡ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ᠎ᠳᠤ ᠣᠷᠣᠯᠴᠠᠬᠤ ᠵᠢ ᠵᠣᠷᠢᠭᠵᠢᠭᠤᠯᠵᠤ᠂ ᠲᠡᠭᠦᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ ᠵᠢ ᠮᠡᠷᠭᠡᠵᠢᠯ᠎ᠤᠨ ᠴᠣᠯᠠ ᠬᠢᠨᠠᠨ ᠰᠢᠯᠭ᠋ᠠᠷᠠᠭᠤᠯᠬᠤ᠎ᠪᠠᠷ ᠮᠡᠳᠡᠭᠦᠯᠬᠦ ᠵᠢᠨ ᠬᠠᠲᠠᠭᠤ ᠱᠠᠭ᠋ᠠᠷᠳᠠᠯᠭ᠎ᠠ ᠪᠣᠯᠭ᠋ᠠᠬᠤ ᠦᠭᠡᠢ᠃
(ᠳᠥᠷᠪᠡ) ᠮᠡᠷᠭᠡᠵᠢᠯ᠎ᠤᠨ ᠴᠣᠯᠠ ᠵᠢᠨ ᠳᠦᠷᠢᠮ ᠬᠢᠭᠡᠳ ᠬᠥᠮᠥᠨ ᠬᠡᠷᠡᠭᠯᠡᠬᠦ ᠳᠦᠷᠢᠮ᠎ᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠤᠨ᠎ᠠ
1. ᠬᠥᠮᠥᠨ ᠬᠡᠷᠡᠭᠯᠡᠬᠦ ᠨᠢᠭᠡᠴᠡ ᠬᠥᠮᠥᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ᠂ ᠮᠡᠷᠭᠡᠵᠢᠯ᠎ᠤᠨ ᠴᠣᠯᠠ ᠵᠢᠨ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠵᠦᠢ ᠵᠣᠬᠢᠰᠲᠠᠢ ᠬᠡᠷᠡᠭᠯᠡᠬᠦ (ᠤᠷᠢᠨ ᠬᠡᠷᠡᠭᠯᠡᠬᠦ)᠂ ᠮᠡᠷᠭᠡᠵᠢᠯ᠎ᠤᠨ ᠴᠣᠯᠠ ᠵᠢᠨ ᠦᠨᠡᠯᠡᠯᠲᠡ ᠵᠢᠨ ᠦᠷ᠎ᠡ ᠳ᠋ᠦᠩ᠎ᠢ ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠤᠷᠢᠨ ᠬᠡᠷᠡᠭᠯᠡᠬᠦ᠂ ᠰᠢᠯᠭ᠋ᠠᠨ ᠬᠢᠨᠠᠬᠤ᠂ ᠳᠡᠪᠰᠢᠭᠦᠯᠬᠦ ᠵᠡᠷᠭᠡ ᠬᠥᠮᠥᠨ ᠬᠡᠷᠡᠭᠯᠡᠬᠦ ᠳᠦᠷᠢᠮ᠎ᠯᠦᠭᠡ ᠵᠣᠯᠭ᠋ᠠᠭᠤᠯᠬᠤ ᠵᠢ ᠪᠡᠶᠡᠯᠡᠭᠦᠯᠦᠨ᠎ᠡ᠃ ᠠᠵᠢᠯ᠎ᠤᠨ ᠪᠠᠢ᠌ᠷᠢ ᠵᠢᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠦᠭᠰᠡᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠮᠡᠷᠭᠡᠵᠢᠯ᠎ᠤᠨ ᠬᠢᠷᠢ ᠬᠡᠮᠵᠢᠶ᠎ᠡ ᠬᠢᠭᠡᠳ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠯᠤᠭ᠎ᠠ ᠨᠢᠭᠲᠠ ᠬᠣᠯᠪᠣᠭ᠎ᠠ᠎ᠲᠠᠢ ᠠᠵᠢᠯ ᠦᠢ᠍ᠯᠡᠰ᠎ᠤᠨ ᠨᠢᠭᠡᠴᠡ᠎ᠳᠤ᠂ ᠠᠵᠢᠯ᠎ᠤᠨ ᠪᠠᠢ᠌ᠷᠢ ᠵᠢᠨ ᠪᠦᠲᠦᠴᠡ ᠵᠢᠨ ᠬᠠᠷᠢᠴᠠᠯ᠎ᠤᠨ ᠳᠣᠲᠣᠷ᠎ᠠ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠭᠠᠵᠠᠷ ᠣᠷᠣᠨ᠂ ᠰᠠᠯᠠᠭ᠎ᠠ ᠮᠥᠴᠢᠷ (ᠨᠢᠭᠡᠴᠡ)᠎ᠤᠨ ᠴᠢᠳᠠᠪᠤᠷᠢᠲᠠᠨ᠎ᠤ ᠡᠩᠨᠡᠭᠡ ᠵᠢᠨ ᠪᠦᠲᠦᠴᠡ ᠵᠢ ᠦᠨᠡᠨᠬᠦ ᠰᠢᠯᠢᠳᠡᠭᠵᠢᠭᠦᠯᠵᠦ᠂ ᠠᠵᠢᠯ᠎ᠤᠨ ᠪᠠᠢ᠌ᠷᠢ᠎ᠠᠴᠠ ᠳᠠᠪᠠᠭᠤᠯᠤᠨ ᠮᠡᠷᠭᠡᠵᠢᠯ᠎ᠤᠨ ᠴᠣᠯᠠ ᠬᠢᠨᠠᠨ ᠰᠢᠯᠭ᠋ᠠᠷᠠᠭᠤᠯᠬᠤ᠎ᠪᠠᠷ ᠮᠡᠳᠡᠭᠦᠯᠬᠦ ᠴᠢᠬᠤᠯᠠᠲᠠᠢ ᠪᠣᠯ᠂ ᠡᠯ᠎ᠡ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠰᠠᠨᠠᠯ᠎ᠢ ᠨᠢᠭᠡᠳᠦᠯᠲᠡᠢ ᠵᠥᠪᠳᠡᠯᠴᠡᠵᠦ᠂ ᠮᠡᠳᠡᠭᠦᠯᠬᠦ ᠠᠵᠢᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠰᠠᠢ᠌ᠲᠤᠷ ᠬᠢᠬᠦ ᠬᠡᠷᠡᠭᠲᠡᠢ᠃
2. ᠤᠯᠤᠰ ᠠᠴᠠ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠵᠢ ᠳᠡᠮᠵᠢᠨ ᠵᠣᠷᠢᠭᠵᠢᠭᠤᠯᠬᠤ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠢ ᠮᠡᠷᠭᠡᠵᠢᠯ᠎ᠤᠨ ᠠᠵᠢᠯᠲᠠᠨ ᠵᠥᠪᠰᠢᠶᠡᠷᠡᠯ ᠵᠶ᠋ᠡᠷ ᠳᠡᠮᠵᠢᠨ ᠠᠵᠢᠯ᠎ᠤᠨ ᠪᠠᠢ᠌ᠷᠢ᠎ᠠᠴᠠ᠎ᠪᠠᠨ ᠰᠠᠯᠵᠤ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠬᠤᠭᠤᠴᠠᠭ᠋ᠠᠨ᠎ᠳᠤ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ ᠡᠷᠬᠡ ᠵᠢ ᠠᠳᠠᠯᠢ ᠲᠡᠭᠰᠢ᠎ᠪᠠᠷ ᠡᠳ᠋ᠯᠡᠨ᠎ᠡ᠃
(ᠲᠠᠪᠤ) ᠮᠡᠷᠭᠡᠵᠢᠯ᠎ᠤᠨ ᠴᠣᠯᠠ ᠬᠢᠭᠡᠳ ᠲᠤᠰᠬᠠᠢ ᠮᠡᠷᠭᠡᠵᠢᠯ᠎ᠤᠨ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠬᠠᠷᠢᠴᠠᠭᠤᠯᠤᠨ ᠮᠠᠭ᠋ᠠᠳᠯᠠᠨ ᠲᠣᠭᠲᠠᠭ᠋ᠠᠬᠤ ᠵᠢ ᠠᠬᠢᠭᠤᠯᠤᠨ᠎ᠠ
1. ᠮᠡᠷᠭᠡᠵᠢᠯ᠎ᠤᠨ ᠴᠣᠯᠠ ᠵᠢᠨ ᠳᠦᠷᠢᠮ ᠬᠢᠭᠡᠳ ᠠᠵᠢᠯ ᠮᠡᠷᠭᠡᠵᠢᠯ᠎ᠤᠨ ᠬᠢᠷᠢ ᠬᠡᠮ᠎ᠤᠨ ᠳᠦᠷᠢᠮ᠎ᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠠᠵᠢᠯ ᠮᠡᠷᠭᠡᠵᠢᠯ᠎ᠤᠨ ᠬᠢᠷᠢ ᠬᠡᠮ᠎ᠤᠨ ᠲᠣᠭᠲᠠᠭ᠋ᠠᠯ ᠶᠣᠰᠣᠭ᠋ᠠᠷ᠂ ᠵᠣᠬᠢᠬᠤ ᠲᠤᠰᠬᠠᠢ ᠮᠡᠷᠭᠡᠵᠢᠯ᠎ᠤᠨ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠢ ᠣᠯᠪᠠᠯ ᠳᠠᠷᠤᠢ ᠲᠡᠭᠦᠨ᠎ᠤ ᠵᠣᠬᠢᠬᠤ ᠰᠢᠷᠢᠰ (ᠲᠤᠰᠬᠠᠢ ᠮᠡᠷᠭᠡᠵᠢᠯ)᠂ ᠲᠠᠰ ᠳᠠᠪᠬᠤᠷᠭ᠎ᠠ ᠵᠢᠨ ᠮᠡᠷᠭᠡᠵᠢᠯ᠎ᠤᠨ ᠴᠣᠯᠠ ᠵᠢ ᠪᠦᠷᠢᠯᠳᠦᠭᠦᠯᠦᠭᠰᠡᠨ᠎ᠢ ᠮᠠᠭ᠋ᠠᠳᠯᠠᠨ ᠲᠣᠭᠲᠠᠭ᠋ᠠᠵᠤ ᠪᠣᠯᠣᠨ᠎ᠠ᠂ ᠬᠥᠮᠥᠨ ᠬᠡᠷᠡᠭᠯᠡᠬᠦ ᠨᠢᠭᠡᠴᠡ᠎ᠨᠢ ᠠᠵᠢᠯ᠎ᠤᠨ ᠪᠠᠢ᠌ᠷᠢ ᠵᠢᠨ ᠬᠡᠷᠡᠭᠴᠡᠭᠡ᠎ᠪᠠᠨ ᠦᠨᠳᠦᠰᠦᠯᠡᠨ ᠤᠷᠢᠨ ᠲᠣᠮᠢᠯᠠᠵᠤ ᠪᠣᠯᠬᠤ ᠪᠥᠭᠡᠳ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠮᠡᠳᠡᠭᠦᠯᠬᠦ ᠨᠥᠬᠥᠴᠡᠯ ᠪᠣᠯᠭ᠋ᠠᠵᠤ ᠪᠣᠯᠣᠨ᠎ᠠ᠃
2. ᠳᠡᠭᠡᠳᠦ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠨᠡᠪᠲᠡᠷᠡᠯᠴᠡᠭᠡ ᠵᠢ ᠴᠢᠩᠭ᠋ᠠᠳᠬᠠᠨ᠎ᠠ᠃ ᠨᠥᠬᠥᠴᠡᠯ᠎ᠳᠤ ᠨᠡᠢ᠌ᠴᠡᠬᠦ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠨᠢ 《ᠳᠡᠭᠡᠳᠦ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠡᠷᠡᠭᠵᠢᠭᠦᠯᠬᠦ ᠰᠠᠨᠠᠯ᠎ᠢ ᠳᠠᠮᠵᠢᠭᠤᠯᠤᠨ ᠲᠠᠷᠬᠠᠭ᠋ᠠᠬᠤ ᠮᠡᠳᠡᠭᠳᠡᠯ》 (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2025]16 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠭᠤᠶᠤᠴᠢᠯᠠᠵᠤ
ᠪᠣᠯᠣᠨ᠎ᠠ᠃
(ᠵᠢᠷᠭᠤᠭ᠎ᠠ) ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠎ᠡ
ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 2025 ᠣᠨ᠎ᠤ ᠪᠥᠬᠥ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2024] 201 ᠳ᠋ᠦ᠍ᠭᠡᠷ ᠲᠣᠭ᠋ᠠᠲᠤ)᠎ᠤᠨ ᠶᠣᠰᠣᠭ᠋ᠠᠷ ᠬᠡᠷᠡᠭᠵᠢᠭᠦᠯᠦᠨ᠎ᠡ᠃
(ᠳᠣᠯᠣᠭ᠎ᠠ) ᠰᠢᠷᠢᠰ ᠰᠢᠯᠵᠢᠭᠦᠯᠦᠨ ᠬᠢᠨᠠᠨ ᠲᠣᠭᠲᠠᠭ᠋ᠠᠬᠤ
ᠲᠤᠰᠬᠠᠢ ᠮᠡᠷᠭᠡᠵᠢᠯ᠎ᠤᠨ ᠴᠢᠳᠠᠪᠤᠷᠢᠲᠠᠨ ᠠᠵᠢᠯ᠎ᠤᠨ ᠪᠠᠢ᠌ᠷᠢ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠠᠵᠢᠯ᠎ᠤᠨ ᠲᠤᠰᠬᠠᠢ ᠮᠡᠷᠭᠡᠵᠢᠯ᠎ᠳᠤ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ)᠎ᠢ ᠰᠢᠯᠵᠢᠭᠦᠯᠦᠨ ᠦᠨᠡᠯᠡᠬᠦ ᠴᠢᠬᠤᠯᠠᠲᠠᠢ ᠪᠣᠯ᠂ ᠡᠷᠬᠡᠪᠰᠢ ᠣᠲᠣ ᠵᠢᠨ ᠠᠵᠢᠯ᠎ᠤᠨ ᠪᠠᠢ᠌ᠷᠢ᠎ᠳᠠᠭᠠᠨ 1 ᠵᠢᠯ᠎ᠠᠴᠠ ᠳᠡᠭᠡᠭᠰᠢ ᠲᠤᠰᠬᠠᠢ ᠮᠡᠷᠭᠡᠵᠢᠯ᠎ᠤᠨ ᠠᠵᠢᠯ ᠬᠢᠵᠦ᠂ ᠵᠣᠬᠢᠬᠤ ᠰᠢᠷᠢᠰ (ᠲᠤᠰᠬᠠᠢ ᠮᠡᠷᠭᠡᠵᠢᠯ)᠎ᠤᠨ ᠠᠳᠠᠯᠢ ᠲᠠᠰ᠎ᠤᠨ ᠮᠡᠷᠭᠡᠵᠢᠯ᠎ᠤᠨ ᠴᠣᠯᠠ ᠵᠢ ᠲᠣᠭᠲᠠᠭ᠋ᠠᠯ ᠶᠣᠰᠣᠭ᠋ᠠᠷ ᠭᠤᠶᠤᠴᠢᠯᠠᠨ ᠮᠡᠳᠡᠭᠦᠯᠵᠦ ᠬᠢᠨᠠᠨ ᠰᠢᠯᠭ᠋ᠠᠷᠠᠭᠤᠯᠵᠤ ᠪᠣᠯᠣᠨ᠎ᠠ᠃ ᠰᠢᠨ᠎ᠡ ᠮᠡᠷᠭᠡᠵᠢᠯ᠎ᠤᠨ ᠴᠣᠯᠠ ᠣᠯᠣᠭᠰᠠᠨ᠎ᠤ ᠳᠠᠷᠠᠭ᠎ᠠ᠂ ᠵᠣᠬᠢᠬᠤ ᠲᠤᠰᠬᠠᠢ ᠮᠡᠷᠭᠡᠵᠢᠯ᠎ᠤᠨ ᠠᠵᠢᠯ᠎ᠢ 1 ᠵᠢᠯ᠎ᠠᠴᠠ ᠳᠡᠭᠡᠭᠰᠢ (ᠵᠣᠬᠢᠬᠤ ᠰᠢᠷᠢᠰ᠂ ᠲᠤᠰᠬᠠᠢ ᠮᠡᠷᠭᠡᠵᠢᠯ᠎ᠤᠨ ᠬᠢᠨᠠᠨ ᠲᠣᠭᠲᠠᠭ᠋ᠠᠬᠤ ᠨᠥᠬᠥᠴᠡᠯ᠎ᠳᠤ ᠮᠡᠳᠡᠭᠦᠯᠬᠦ᠎ᠳᠤ ᠠᠵᠢᠯ᠎ᠤᠨ ᠪᠠᠢ᠌ᠷᠢ᠎ᠳᠤ ᠤᠷᠢᠵᠤ ᠲᠣᠮᠢᠯᠠᠬᠤ ᠲᠣᠳᠣᠷᠬᠠᠢ ᠱᠠᠭ᠋ᠠᠷᠳᠠᠯᠭ᠎ᠠ᠎ᠲᠠᠢ ᠪᠠᠢ᠌ᠪᠠᠯ᠂ ᠰᠢᠨ᠎ᠡ ᠠᠵᠢᠯ᠎ᠤᠨ ᠪᠠᠢ᠌ᠷᠢ᠎ᠳᠤ ᠤᠷᠢᠵᠤ ᠲᠣᠮᠢᠯᠠᠭ᠋ᠠᠳ ᠪᠦᠬᠦᠯᠢ 1 ᠵᠢᠯ ᠪᠣᠯᠤᠭᠰᠠᠨ ᠪᠠᠢ᠌ᠬᠤ ᠬᠡᠷᠡᠭᠲᠡᠢ) ᠪᠥᠭᠡᠳ ᠬᠢᠨᠠᠨ ᠲᠣᠭᠲᠠᠭ᠋ᠠᠬᠤ᠎ᠪᠠᠷ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠯᠭ᠋ᠠᠬᠤ᠎ᠪᠠᠷ ᠮᠡᠳᠡᠭᠦᠯᠵᠦ ᠪᠣᠯᠣᠨ᠎ᠠ᠃ ᠰᠢᠷᠢᠰ (ᠲᠤᠰᠬᠠᠢ ᠮᠡᠷᠭᠡᠵᠢᠯ) ᠰᠢᠯᠵᠢᠭᠦᠯᠦᠭᠰᠡᠨ ᠠᠵᠢᠯᠲᠠᠨ᠎ᠤ ᠬᠢᠷᠢ ᠬᠡᠮ ᠪᠠ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠵᠢ ᠤᠤᠯ᠎ᠤᠨ ᠮᠡᠷᠭᠡᠵᠢᠯ᠎ᠤᠨ ᠴᠣᠯᠠ᠎ᠲᠠᠢ᠎ᠨᠢ ᠦᠷᠭᠦᠯᠵᠢᠯᠡᠨ ᠪᠤᠳᠤᠵᠤ᠂ ᠬᠠᠮᠢᠶ᠎ᠠ ᠪᠦᠬᠦᠢ ᠠᠵᠢᠯ᠎ᠤᠨ ᠠᠮᠵᠢᠯᠲᠠ ᠪᠦᠲᠦᠮᠵᠢ ᠵᠢᠨ ᠦᠷ᠎ᠡ ᠪᠦᠲᠦᠭᠡᠯ᠎ᠢ ᠮᠡᠳᠡᠷᠡᠨ ᠵᠥᠪᠰᠢᠶᠡᠷᠡᠨ᠎ᠡ᠃
ᠲᠠᠪᠤ᠂ ᠪᠤᠰᠤᠳ ᠵᠦᠢ᠍ᠯᠡᠰ᠎ᠤᠳ
ᠪᠤᠰᠤᠳ ᠵᠢᠭᠰᠠᠭ᠋ᠠᠭᠰᠠᠨ ᠦᠭᠡᠢ ᠵᠦᠢ᠍ᠯᠡᠰ ᠵᠢᠴᠢ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2025 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ ᠨᠡᠢ᠌ᠭᠡᠮ ᠠᠯᠪᠠᠨ [2025] 87 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠶᠣᠰᠣᠭ᠋ᠠᠷ ᠨᠢᠭᠡᠳᠦᠯᠲᠡᠢ ᠬᠡᠷᠡᠭᠵᠢᠭᠦᠯᠦᠨ᠎ᠡ᠃
ᠵᠢᠷᠭᠤᠭ᠎ᠠ᠂ ᠬᠠᠷᠢᠯᠴᠠᠬᠤ ᠠᠷᠭ᠎ᠠ
ᠬᠠᠷᠢᠯᠴᠠᠬᠤ ᠬᠥᠮᠥᠨ᠄ ᠯᠢᠦᠢ ᠮᠢᠩ ᠵᠢᠦᠢ
ᠬᠠᠷᠢᠯᠴᠠᠬᠤ ᠤᠲᠠᠰᠤ᠄ 0471—6652153
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
2025 ᠣᠨ᠎ᠤ 6 ᠰᠠᠷ᠎ᠠ ᠵᠢᠨ 7᠎ᠤ ᠡᠳᠦᠷ