ᠬᠣᠯᠪᠣᠭᠳᠠᠯ ᠪᠦᠬᠦᠢ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠳᠤ᠄
ᠰᠢᠷ᠎ᠠ ᠪᠤᠷᠴᠠᠭ᠎ᠤᠨ ᠦᠷ᠎ᠡ ᠵᠢ ᠥᠷᠭᠡᠳᠬᠡᠨ ᠲᠠᠷᠢᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠲᠠᠬᠢᠨ ᠲᠠᠷᠢᠬᠤ ᠨᠥᠯᠥᠭᠡ ᠵᠢ ᠪᠠᠭ᠋ᠠᠰᠬᠠᠵᠤ᠂ ᠶᠡᠬᠡ ᠬᠡᠪᠴᠢᠶᠡᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢᠨ ᠲᠤᠰᠠᠳᠠ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠵᠤᠷᠭ᠋ᠠᠨ᠎ᠤ 《2025 ᠣᠨ᠎ᠤ ᠰᠢᠷ᠎ᠠ ᠪᠤᠷᠴᠠᠭ᠎ᠤᠨ ᠦᠷ᠎ᠡ ᠵᠢ ᠪᠠᠭᠯᠠᠬᠤ ᠠᠵᠢᠯ᠎ᠢ ᠦᠨᠡᠨ ᠬᠦ᠌ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ᠎ᠠᠴᠠ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷ᠎ᠠ ᠪᠤᠷᠴᠠᠭ᠎ᠤᠨ ᠦᠷ᠎ᠡ ᠵᠢ ᠪᠠᠭᠯᠠᠬᠤ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠡᠯ᠎ᠡ ᠭᠠᠵᠠᠷ᠎ᠤᠨ᠎ᠬᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠨ᠂ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠢ ᠰᠠᠢ᠌ᠲᠤᠷ ᠠᠳᠬᠤᠵᠤ᠂ ᠲᠥᠷᠥᠯ ᠵᠦᠢ᠍ᠯ᠎ᠤᠨ ᠪᠣᠳᠠᠲᠤ ᠦᠷ᠎ᠡ ᠪᠦᠲᠦᠮᠵᠢ ᠵᠢ ᠪᠠᠳᠠᠷᠠᠭᠤᠯᠲᠤᠭ᠋ᠠᠢ᠃
ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠬᠡᠯᠪᠡᠷᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠲᠠᠷᠢᠮᠠᠯ᠎ᠤᠨ ᠦᠢ᠍ᠯᠡᠰ᠎ᠤᠨ ᠬᠠᠮᠢᠶᠠᠷᠤᠯᠲᠠ ᠵᠢᠨ ᠭᠠᠵᠠᠷ᠎ᠤᠨ ᠪᠠᠢ ᠵᠢᠶᠠ ᠴᠢ᠂ 0471— 6651053᠂ ᠢᠮᠧᠯ 735733837@qq.com᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
2025 ᠣᠨ᠎ᠤ 4 ᠰᠠᠷ᠎ᠠ ᠵᠢᠨ 30᠎ᠤ ᠡᠳᠦᠷ