ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ 2025 ᠣᠨ᠎ᠤ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠵᠤ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-04-30

ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠳᠤ᠄

      ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠪᠠᠢ᠌ᠷᠢᠯᠠᠭᠤᠯᠤᠯᠲᠠ ᠵᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠥᠯᠥᠭᠡ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂  ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ᠎ᠪᠠᠷ᠂ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠡᠳ᠋᠎ᠤᠨ ᠵᠠᠰᠠᠭ᠎ᠤᠨ ᠶᠠᠮᠤᠨ᠎ᠤ 2025 ᠣᠨ᠎ᠤ ᠠᠮᠤ ᠪᠤᠳᠠᠭ᠎ᠠ ᠲᠣᠰᠣᠨ᠎ᠤ ᠦᠢ᠍ᠯᠡᠳᠪᠦᠷᠢᠯᠡᠯ᠎ᠤᠨ ᠪᠠᠲᠤᠯᠠᠭ᠎ᠠ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠲᠠᠷᠢᠶᠠᠯᠠᠩ  ᠲᠥᠯᠥᠪᠯᠡᠭᠡ  ᠡᠳ᠋  ᠲᠠᠷᠬᠠᠭ᠋ᠠᠭᠰᠠᠨ [2025] 9  ᠳ᠋ᠦ᠍ᠭᠡᠷ ᠲᠣᠭ᠋ᠠᠲᠤ)  ᠪᠠ 《2025 ᠣᠨ᠎ᠤ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠵᠤ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠲᠠᠷᠢᠶᠠᠯᠠᠩ ᠲᠠᠷᠢᠶᠠᠯᠠᠩ (ᠪᠣᠷᠳᠣᠭᠤᠷ ᠤᠰᠤ) [2025] 6 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ 2025 ᠣᠨ᠎ᠳᠤ ᠲᠥᠪ᠎ᠤᠨ ᠡᠳ᠋᠎ᠤᠨ ᠵᠠᠰᠠᠭ᠎ᠠᠴᠠ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠵᠤ ᠦᠷ᠎ᠡ ᠠᠰᠢᠭ᠎ᠢ ᠨᠡᠮᠡᠭᠳᠡᠭᠦᠯᠬᠦ ᠠᠵᠢᠯᠯᠠᠭ᠎ᠠ ᠵᠢ ᠦᠷᠭᠦᠯᠵᠢᠯᠡᠨ ᠳᠡᠮᠵᠢᠵᠦ ᠬᠡᠷᠡᠭᠵᠢᠭᠦᠯᠦᠨ᠎ᠡ᠃  ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠯᠠᠪᠳᠠᠭᠤᠨ ᠵᠶ᠋ᠠᠷ ᠠᠬᠢᠭᠤᠯᠬᠤ ᠵᠢᠨ ᠲᠤᠰᠠᠳᠠ᠂  ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂  ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ  ᠮᠡᠳᠡᠭᠳᠡᠶ᠎ᠡ᠃

      ᠨᠢᠭᠡ᠂  ᠠᠵᠢᠯ᠎ᠤᠨ ᠬᠠᠷᠠᠯᠲᠠ

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ ᠪᠣᠯᠲᠠᠯᠠᠬᠢ ᠬᠢᠮᠢ ᠵᠢᠨ ᠪᠣᠷᠳᠣᠭᠤᠷ᠎ᠤᠨ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠤ ᠲᠥᠰᠥᠯ》᠎ᠤᠨ ᠱᠠᠭ᠋ᠠᠷᠳᠠᠯᠭ᠎ᠠ ᠵᠢ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠵᠤ᠂  ᠠᠮᠤ ᠪᠤᠳᠠᠭ᠎ᠠ ᠲᠣᠰᠣ ᠵᠡᠷᠭᠡ ᠭᠣᠣᠯ ᠪᠣᠯᠬᠤ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠦᠢ᠍ᠯᠡᠴᠢᠯᠡᠭᠡᠨ᠎ᠤ ᠲᠤᠯᠭ᠋ᠠᠭᠤᠷᠢᠯᠠᠯ᠎ᠢ ᠨᠡᠩ ᠢᠯᠡᠭᠦᠦ ᠳᠣᠪᠣᠶ᠋ᠢᠯᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠬᠦ 《ᠬᠣᠶᠠᠷ ᠮᠢᠩᠭ᠋ᠠᠨ ᠲᠦᠮᠡ》 ᠵᠢᠨ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂  ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ ᠪᠠ ᠬᠠᠳᠤᠨ ᠭᠣᠣᠯ᠎ᠤᠨ ᠰᠠᠪᠠ ᠭᠠᠵᠠᠷ᠎ᠲᠤ ᠭᠣᠣᠯᠳᠠᠯᠭ᠎ᠠ᠎ᠲᠠᠢ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂  ᠲᠦᠷᠦ ᠵᠢᠨ ᠪᠣᠳᠣᠯᠭ᠎ᠠ ᠵᠢᠨ ᠳᠡᠮᠵᠢᠯᠭᠡ ᠪᠠ ᠰᠢᠨᠵᠢᠯᠡᠬᠦ ᠤᠬᠠᠭ᠋ᠠᠨ  ᠲᠸᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂  ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠪᠡᠶᠡᠴᠢ ᠴᠣᠭᠴᠠ ᠪᠠ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠎ᠳᠤ ᠲᠦᠰᠢᠭᠯᠡᠨ᠂  ᠬᠥᠷᠥᠰᠥ ᠰᠢᠷᠣᠢ ᠵᠢ ᠬᠡᠮᠵᠢᠵᠦ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠮᠡᠷᠭᠡᠵᠢᠯ᠎ᠢ ᠦᠷᠭᠦᠯᠵᠢᠯᠡᠨ ᠶᠡᠬᠡ᠎ᠪᠠᠷ ᠳᠡᠯᠭᠡᠷᠡᠭᠦᠯᠵᠦ᠂  ᠰᠢᠷ᠎ᠠ ᠪᠤᠷᠴᠠᠭ᠎ᠲᠤ ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢᠨ ᠡᠮ ᠨᠡᠮᠡᠵᠦ ᠣᠷᠣᠭᠤᠯᠤᠨ᠂  ᠪᠣᠷᠳᠣᠭᠤᠷ ᠣᠷᠣᠭᠤᠯᠬᠤ ᠰᠢᠨ᠎ᠡ ᠦᠢ᠍ᠯᠡᠳᠬᠦᠨ᠂  ᠰᠢᠨ᠎ᠡ ᠮᠡᠷᠭᠡᠵᠢᠯ᠂  ᠰᠢᠨ᠎ᠡ ᠮᠠᠰᠢᠨ ᠪᠠᠭ᠋ᠠᠵᠢ ᠵᠢᠨ 《ᠭᠤᠷᠪᠠᠨ ᠰᠢᠨ᠎ᠡ》 ᠵᠢᠨ ᠵᠠᠭᠪᠤᠷ᠎ᠢ ᠲᠥᠪᠯᠡᠷᠡᠭᠦᠯᠦᠨ ᠳᠡᠯᠭᠡᠷᠡᠭᠦᠯᠵᠦ᠂  ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠵᠤ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃

      ᠬᠣᠶᠠᠷ᠂  ᠭᠣᠣᠯᠳᠠᠯᠭ᠎ᠠ᠎ᠲᠠᠢ ᠡᠭᠦᠷᠭᠡ

      2025 ᠣᠨ᠎ᠳᠤ᠂  ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠲᠣᠰᠣ ᠵᠡᠷᠭᠡ ᠭᠣᠣᠯ ᠪᠣᠯᠬᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ᠎ᠲᠠᠢ ᠤᠶᠠᠯᠳᠤᠭᠤᠯᠵᠤ᠂  ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠎ᠠᠴᠠ 20 ᠰᠢᠶᠠᠨ᠎ᠢ ᠰᠣᠩᠭᠣᠵᠤ᠂ 《ᠭᠤᠷᠪᠠᠨ ᠰᠢᠨ᠎ᠡ》 ᠬᠤᠷᠠᠮᠠᠯ ᠵᠠᠭᠪᠤᠷ᠎ᠢ ᠳᠡᠯᠭᠡᠷᠡᠭᠦᠯᠬᠦ  ᠠᠵᠢᠯ ᠎ᠢ  ᠥᠷᠨᠢᠭᠦᠯᠵᠦ᠂  ᠰᠢᠶᠠᠨ ᠪᠦᠷᠢ᠎ᠳᠤ 10 ᠮᠢᠩᠭ᠋ᠠᠨ ᠲᠡᠭᠰᠢ ᠳᠥᠷᠪᠡᠯᠵᠢᠨ  ᠮᠦ᠍  ᠪᠠ 2 ᠲᠦᠮᠡᠨ ᠮᠦ᠍ ᠬᠡᠰᠡᠭ᠎ᠢ ᠭᠣᠣᠯᠳᠠᠯᠭ᠎ᠠ᠎ᠲᠠᠢ ᠪᠠᠢ᠌ᠭᠤᠯᠵᠤ᠂ 15 ᠲᠦᠮᠡᠨ ᠮᠦ᠍᠎ᠠᠴᠠ ᠳᠡᠭᠡᠭᠰᠢᠬᠢ ᠵᠢ ᠨᠥᠯᠥᠭᠡᠯᠡᠨ ᠳᠠᠶ᠋ᠢᠴᠢᠯᠠᠨ᠎ᠠ᠃  ᠲᠠᠷᠢᠶᠠᠨ ᠭᠠᠵᠠᠷ᠎ᠤᠨ ᠪᠣᠷᠳᠣᠭᠤᠷ᠎ᠤᠨ ᠠᠰᠢᠭᠯᠠᠮᠵᠢ ᠵᠢᠨ ᠲᠤᠷᠰᠢᠯᠲᠠ᠂  ᠲᠠᠷᠢᠶᠠᠴᠢᠨ ᠡᠷᠦᠬᠡ ᠵᠢᠨ ᠪᠣᠷᠳᠣᠭᠤᠷ ᠣᠷᠣᠭᠤᠯᠤᠭᠰᠠᠨ ᠪᠠᠢ᠌ᠳᠠᠯ᠎ᠢ ᠪᠠᠢ᠌ᠴᠠᠭ᠋ᠠᠬᠤ ᠪᠠ ᠬᠢᠮᠢ ᠵᠢᠨ ᠪᠣᠷᠳᠣᠭᠤᠷ᠎ᠤᠨ ᠠᠰᠢᠭᠯᠠᠯᠲᠠ ᠵᠢᠨ ᠨᠣᠷᠮ᠎ᠠ ᠵᠢ ᠲᠥᠰᠥᠭᠡᠯᠡᠨ ᠪᠤᠳᠤᠬᠤ ᠵᠡᠷᠭᠡ ᠰᠠᠭᠤᠷᠢ ᠲᠤᠯᠭ᠋ᠠᠭᠤᠷᠢᠯᠠᠬᠤ ᠠᠵᠢᠯ᠎ᠢ ᠦᠷᠭᠦᠯᠵᠢᠯᠡᠨ ᠥᠷᠨᠢᠭᠦᠯᠵᠦ (ᠡᠭᠦᠷᠭᠡ ᠵᠢᠨ ᠲᠣᠬᠢᠷᠠᠭᠤᠯᠤᠯᠲᠠ ᠵᠢ ᠳᠠᠭ᠋ᠠᠯᠳᠤᠭᠤᠯᠤᠯ 1᠎ᠳᠤ ᠦᠵᠡ)᠂  ᠭᠣᠣᠯ ᠪᠣᠯᠬᠤ ᠲᠠᠷᠢᠮᠠᠯ᠎ᠤᠨ  ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃  ᠡᠯ᠎ᠡ ᠭᠠᠵᠠᠷ᠎ᠤᠨ ᠎ᠬᠢᠨ 《ᠭᠤᠷᠪᠠᠨ ᠰᠢᠨ᠎ᠡ》 ᠵᠢ ᠲᠥᠪᠯᠡᠷᠡᠭᠦᠯᠦᠨ ᠢᠵᠢ ᠪᠦᠷᠢᠳᠦᠭᠦᠯᠦᠨ ᠲᠦᠯᠬᠢᠨ ᠠᠬᠢᠭᠤᠯᠬᠤ 20 ᠰᠢᠶᠠᠨ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂  ᠪᠣᠳᠠᠲᠤ ᠪᠠᠢ᠌ᠳᠠᠯ᠎ᠳᠠᠭᠠᠨ ᠰᠠᠭᠤᠷᠢᠯᠠᠨ᠂  ᠲᠤᠰ ᠭᠠᠵᠠᠷ ᠎ᠤᠨ ᠳᠠᠪᠠᠭᠤᠯᠢᠭ ᠣᠨᠴᠠᠯᠢᠭᠲᠤ ᠲᠠᠷᠢᠮᠠᠯ ᠎ᠲᠠᠢ ᠤᠶᠠᠯᠳᠤᠭᠤᠯᠤᠨ᠂  ᠨᠢᠭᠡ ᠪᠦᠯᠦᠭ ᠬᠢᠮᠢ ᠵᠢᠨ ᠪᠣᠷᠳᠣᠭᠤᠷ ᠬᠡᠷᠡᠭᠯᠡᠬᠦ ᠬᠡᠮᠵᠢᠶ᠎ᠡ᠎ᠪᠠᠷ ᠶᠡᠬᠡ᠂  ᠲᠥᠯᠥᠭᠡᠯᠡᠬᠦ ᠴᠢᠨᠠᠷ ᠵᠶ᠋ᠠᠷ ᠴᠢᠩᠭ᠎ᠠ᠂  ᠰᠠᠭᠤᠷᠢ ᠨᠥᠬᠥᠴᠡᠯ ᠵᠢᠡᠷ ᠰᠠᠢ᠌ᠨ᠂  ᠨᠥᠯᠥᠭᠡᠯᠡᠨ ᠳᠠᠢ᠌ᠴᠢᠯᠠᠬᠤ ᠴᠢᠳᠠᠪᠤᠷᠢ᠎ᠪᠠᠷ ᠲᠣᠪᠣᠢ᠌ᠮ᠎ᠠ ᠭᠣᠣᠯᠳᠠᠯᠭ᠎ᠠ᠎ᠲᠠᠢ ᠬᠣᠰᠢᠭᠤ ᠰᠢᠶᠠᠨ᠎ᠢ ᠨᠡᠮᠡᠨ ᠰᠣᠩᠭᠣᠵᠤ ᠳᠡᠮᠵᠢᠯᠭᠡ ᠦᠵᠡᠭᠦᠯᠵᠦ ᠪᠣᠯᠣᠨ᠎ᠠ᠃

      ᠭᠤᠷᠪᠠ᠂  ᠬᠡᠷᠡᠭᠵᠢᠭᠦᠯᠬᠦ ᠠᠭᠤᠯᠭ᠎ᠠ

      (ᠨᠢᠭᠡ) 《ᠭᠤᠷᠪᠠᠨ ᠰᠢᠨ᠎ᠡ》 ᠵᠢ ᠲᠥᠪᠯᠡᠷᠡᠭᠦᠯᠦᠨ ᠢᠵᠢ ᠪᠦᠷᠢᠳᠦᠭᠦᠯᠦᠨ ᠳᠡᠯᠭᠡᠷᠡᠭᠦᠯᠬᠦ ᠵᠢ ᠭᠦᠨᠵᠡᠭᠡᠢ᠌ᠷᠡᠭᠦᠯᠬᠦ ᠬᠡᠷᠡᠭᠲᠡᠢ᠃ 《ᠭᠤᠷᠪᠠᠨ ᠰᠢᠨ᠎ᠡ》 ᠵᠢ ᠲᠥᠪᠯᠡᠷᠡᠭᠦᠯᠦᠨ ᠠᠬᠢᠭᠤᠯᠬᠤ ᠡᠭᠦᠷᠭᠡ ᠵᠢ ᠡᠭᠦᠷᠭᠡᠯᠡᠭᠰᠡᠨ ᠬᠣᠰᠢᠭᠤ ᠰᠢᠶᠠᠨ᠎ᠨᠢ ᠬᠠᠷᠠᠯᠲᠠᠲᠤ ᠲᠠᠷᠢᠮᠠᠯ ᠵᠶ᠋ᠠᠷ ᠭᠣᠣᠯᠳᠠᠯᠭ᠎ᠠ ᠪᠣᠯᠭ᠋ᠠᠨ᠂  ᠪᠤᠰᠤᠳ ᠭᠣᠣᠯ ᠳᠠᠷᠢᠬᠤ ᠲᠠᠷᠢᠮᠠᠯ᠎ᠢ ᠬᠠᠮᠲᠤ᠎ᠳᠤᠨᠢ ᠬᠠᠷᠠᠭ᠋ᠠᠯᠵᠠᠵᠤ᠂  ᠳᠠᠷᠢᠬᠤ ᠬᠡᠪᠴᠢᠶ᠎ᠡ᠎ᠪᠠᠷ ᠶᠡᠬᠡ᠂  ᠮᠡᠷᠭᠡᠵᠢᠯ᠎ᠤᠨ ᠴᠢᠳᠠᠪᠤᠷᠢ᠎ᠪᠠᠷ ᠴᠢᠩᠭ᠎ᠠ᠂  ᠬᠠᠮᠵᠢᠯᠴᠠᠬᠤ ᠬᠦᠰᠡᠯ ᠵᠶ᠋ᠡᠷ ᠥᠨᠳᠥᠷ  ᠲᠠᠷᠢᠮᠠᠯ᠎ᠤᠨ ᠲᠣᠮᠣ ᠡᠷᠦᠬᠡ᠂  ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠭᠣᠣᠯ ᠴᠣᠭᠴᠠ ᠵᠡᠷᠭᠡ ᠵᠢ ᠤᠷᠢᠳᠠᠪᠠᠷ ᠰᠣᠩᠭᠣᠵᠤ ᠮᠢᠩᠭ᠋ᠠᠨ ᠲᠡᠭᠰᠢ ᠳᠥᠷᠪᠡᠯᠵᠢᠨ  ᠮᠦ᠍᠂  ᠲᠦᠮᠡᠨ ᠮᠦ᠍ ᠬᠡᠰᠡᠭ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠬᠡᠷᠡᠭᠲᠡᠢ᠃  ᠡᠷᠳᠡᠨᠢ ᠰᠢᠰᠢ ᠵᠢ ᠤᠰᠤᠯᠠᠯᠲᠠ ᠵᠢᠨ ᠣᠷᠣᠨ᠎ᠳᠤ 《ᠬᠥᠷᠥᠰᠥ ᠰᠢᠷᠣᠢ ᠵᠢ ᠬᠡᠮᠵᠢᠭᠰᠡᠨ ᠨᠠᠢ᠌ᠷᠠᠯᠭ᠎ᠠ ᠭᠡᠷᠡᠭᠯᠡᠬᠦ + ᠵᠣᠬᠢᠬᠤ ᠬᠡᠮᠵᠢᠶ᠎ᠡ᠎ᠪᠠᠷ  ᠨᠢᠭᠳᠠᠴᠠ ᠵᠢ ᠨᠡᠮᠡᠭᠳᠡᠬᠦᠯᠬᠦ + ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ + ᠠᠽᠣᠲ ᠪᠣᠷᠳᠣᠭᠤᠷ᠎ᠢ ᠬᠣᠢ᠌ᠰᠢ ᠰᠢᠯᠵᠢᠭᠦᠯᠬᠦ》  ᠮᠡᠷᠭᠡᠵᠢᠯ᠎ᠤᠨ ᠵᠠᠭᠪᠤᠷ᠎ᠢ ᠭᠣᠣᠯᠳᠠᠯᠭ᠎ᠠ᠎ᠲᠠᠢ ᠲᠥᠪᠯᠡᠷᠡᠭᠦᠯᠦᠨ ᠳᠡᠯᠭᠡᠷᠡᠭᠦᠯᠵᠦ᠂  ᠬᠠᠭᠤᠷᠠᠢ ᠲᠠᠷᠢᠶᠠᠯᠠᠭ᠎ᠠ ᠵᠢᠨ ᠣᠷᠣᠨ᠎ᠳᠤ 《ᠣᠷᠭ᠋ᠠᠨᠢᠭ ᠪᠣᠷᠳᠣᠭᠤᠷ᠎ᠢ ᠨᠡᠮᠡᠵᠦ ᠣᠷᠣᠭᠤᠯᠬᠤ + ᠳᠠᠪᠬᠤᠷᠭ᠎ᠠ ᠬᠤᠪᠢᠶᠠᠨ ᠪᠣᠷᠳᠣᠭᠤᠷ ᠣᠷᠣᠭᠤᠯᠬᠤ + ᠠᠯᠭᠤᠷ ᠡᠵᠡᠮᠳᠡᠨ  ᠪᠣᠷᠳᠣᠭᠤᠷ ᠣᠷᠣᠭᠤᠯᠬᠤ + ᠤᠰᠤ ᠬᠠᠳᠠᠭ᠋ᠠᠯᠠᠬᠤ ᠡᠳ᠋ ᠭᠡᠷᠡᠭᠯᠡᠬᠦ》  ᠮᠡᠷᠭᠡᠵᠢᠯ᠎ᠤᠨ ᠵᠠᠭᠪᠤᠷ᠎ᠢ ᠭᠣᠣᠯᠳᠠᠯᠭ᠎ᠠ᠎ᠲᠠᠢ ᠲᠥᠪᠯᠡᠷᠡᠭᠦᠯᠦᠨ ᠳᠡᠯᠭᠡᠷᠡᠭᠦᠯᠦᠨ᠎ᠡ;  ᠪᠤᠭᠤᠳᠠᠢ᠎ᠳᠤ 《ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ + ᠮᠠᠰᠢᠨ ᠵᠶ᠋ᠠᠷ ᠭᠦᠨ ᠣᠷᠣᠭᠤᠯᠬᠤ + ᠵᠢᠯᠣᠭᠣᠴᠢ ᠦᠭᠡᠢ ᠨᠢᠰᠬᠡᠯ ᠵᠶ᠋ᠡᠷ ᠪᠣᠷᠳᠣᠭᠤᠷ ᠨᠡᠮᠡᠬᠦ》᠂ 《ᠮᠠᠰᠢᠨ  ᠵᠶ᠋ᠠᠷ ᠭᠦᠨ ᠣᠷᠣᠭᠤᠯᠬᠤ + ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ + ᠨᠢᠭᠡ ᠵᠢ ᠰᠦᠷᠴᠢᠵᠦ ᠭᠤᠷᠪᠠ ᠵᠢ  ᠰᠡᠷᠭᠡᠢ᠌ᠯᠡᠬᠦ》  ᠵᠡᠷᠭᠡ ᠮᠡᠷᠭᠡᠵᠢᠯ᠎ᠤᠨ ᠵᠠᠭᠪᠤᠷ᠎ᠢ ᠭᠣᠣᠯᠳᠠᠯᠭ᠎ᠠ᠎ᠲᠠᠢ ᠲᠥᠪᠯᠡᠷᠡᠭᠦᠯᠦᠨ ᠳᠡᠯᠭᠡᠷᠡᠭᠦᠯᠦᠨ᠎ᠡ;  ᠤᠰᠤᠨ ᠲᠤᠲᠤᠷᠭ᠎ᠠ ᠵᠢᠨ 《ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ + ᠬᠠᠵᠠᠭᠤ᠎ᠠᠴᠠ ᠎ᠨᠢ ᠭᠦᠨ ᠪᠣᠷᠳᠣᠭᠤᠷ ᠣᠷᠣᠭᠤᠯᠬᠤ + ᠵᠢᠯᠣᠭᠣᠴᠢ ᠦᠭᠡᠢ ᠨᠢᠰᠬᠡᠯ ᠵᠶ᠋ᠡᠷ ᠪᠣᠷᠳᠣᠭᠤᠷ ᠨᠡᠮᠡᠬᠦ》  ᠮᠡᠷᠭᠡᠵᠢᠯ᠎ᠤᠨ ᠵᠠᠭᠪᠤᠷ᠎ᠢ ᠭᠣᠣᠯᠳᠠᠯᠭ᠎ᠠ᠎ᠲᠠᠢ ᠲᠥᠪᠯᠡᠷᠡᠭᠦᠯᠦᠨ ᠳᠡᠯᠭᠡᠷᠡᠭᠦᠯᠦᠨ᠎ᠡ;  ᠲᠥᠮᠥᠰᠥᠨ᠎ᠳᠤ 《ᠬᠥᠷᠥᠰᠥ ᠰᠢᠷᠣᠢ ᠵᠢ ᠬᠡᠮᠵᠢᠭᠰᠡᠨ ᠨᠠᠢ᠌ᠷᠠᠯᠭ᠎ᠠ  ᠭᠡᠷᠡᠭᠯᠡᠬᠦ + ᠰᠢᠮ᠎ᠡ ᠲᠡᠵᠢᠭᠡᠯ᠎ᠤᠨ ᠣᠨᠣᠰᠢᠯᠠᠯᠲᠠ  ᠬᠢᠬᠦ + ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ + ᠠᠽᠣᠲ ᠪᠣᠷᠳᠣᠭᠤᠷ᠎ᠢ ᠬᠣᠢ᠌ᠰᠢ ᠰᠢᠯᠵᠢᠭᠦᠯᠬᠦ》  ᠮᠡᠷᠭᠡᠵᠢᠯ᠎ᠤᠨ ᠵᠠᠭᠪᠤᠷ᠎ᠢ ᠭᠣᠣᠯᠳᠠᠯᠭ᠎ᠠ᠎ᠲᠠᠢ ᠲᠥᠪᠯᠡᠷᠡᠭᠦᠯᠦᠨ ᠳᠡᠯᠭᠡᠷᠡᠭᠦᠯᠦᠨ᠎ᠡ;  ᠰᠢᠷ᠎ᠠ ᠪᠤᠷᠴᠠᠭ᠎ᠲᠤ 《ᠵᠣᠬᠢᠰᠲᠠᠢ᠎ᠪᠠᠷ ᠨᠢᠭᠲᠠᠴᠠ ᠵᠢ ᠨᠡᠮᠡᠭᠳᠡᠭᠦᠯᠬᠦ + ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢᠨ ᠲᠠᠷᠢᠯᠭ᠎ᠠ + ᠠᠯᠭᠤᠷ ᠡᠵᠡᠮᠳᠡᠨ  ᠪᠣᠷᠳᠣᠭᠤᠷ ᠤᠷᠤᠭᠤᠯᠬᠤ + ᠵᠢᠯᠣᠭᠣᠴᠢ ᠦᠭᠡᠢ ᠨᠢᠰᠬᠡᠯ ᠵᠶ᠋ᠡᠷ ᠪᠣᠷᠳᠣᠭᠤᠷ

ᠨᠡᠮᠡᠬᠦ》᠂ 《ᠵᠣᠬᠢᠰᠲᠠᠢ᠎ᠪᠠᠷ ᠨᠢᠭᠲᠠᠴᠠ ᠵᠢ ᠨᠡᠮᠡᠭᠳᠡᠭᠦᠯᠬᠦ + ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢ ᠠᠷᠢᠯᠭ᠋ᠠᠠᠬᠤ ᠡᠮ ᠲᠠᠷᠢᠬᠤ + ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ》  ᠵᠡᠷᠭᠡ ᠮᠡᠷᠭᠡᠵᠢᠯ᠎ᠤᠨ ᠵᠠᠭᠪᠤᠷ᠎ᠢ ᠭᠣᠣᠯᠳᠠᠯᠭ᠎ᠠ᠎ᠲᠠᠢ ᠲᠥᠪᠯᠡᠷᠡᠭᠦᠯᠦᠨ ᠳᠡᠯᠭᠡᠷᠡᠭᠦᠯᠦᠨ᠎ᠡ᠃  ᠡᠯ᠎ᠡ ᠭᠠᠵᠠᠷ᠎ᠤᠨ᠎ᠬᠢᠨ ᠲᠠᠷᠢᠮᠠᠯ᠎ᠤᠨ ᠲᠥᠷᠥᠯ ᠬᠡᠯᠪᠡᠷᠢ᠂  ᠬᠥᠷᠥᠰᠥ ᠰᠢᠷᠣᠢ ᠵᠢᠨ ᠰᠢᠮ᠎ᠡ ᠲᠡᠵᠢᠭᠡᠯ᠎ᠤᠨ ᠪᠠᠢ᠌ᠳᠠᠯ᠂  ᠪᠣᠷᠳᠣᠭᠤᠷ ᠣᠷᠣᠭᠤᠯᠬᠤ ᠳᠠᠳᠬᠠᠯ ᠵᠡᠷᠭᠡ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂  ᠰᠢᠷ᠎ᠠ ᠪᠤᠷᠴᠠᠭ᠎ᠤᠨ ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢᠨ ᠲᠠᠷᠢᠯᠭ᠎ᠠ ᠵᠢᠨ ᠠᠵᠢᠯ᠎ᠲᠠᠢ ᠤᠶᠠᠯᠳᠤᠭᠤᠯᠤᠨ᠂  ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠬᠤ ᠵᠢ ᠲᠠᠨᠢᠯᠴᠠᠭᠤᠯᠬᠤ ᠰᠢᠰᠲ᠋ᠧᠮ ᠪᠠ ᠣᠲᠣ ᠵᠢᠨ ᠪᠠᠢ᠌ᠭ᠎ᠠ ᠮᠡᠷᠭᠡᠵᠢᠯ᠎ᠤᠨ ᠵᠠᠭᠪᠤᠷ᠎ᠤᠨ ᠰᠠᠭᠤᠷᠢᠨ ᠳᠡᠭᠡᠷ᠎ᠡ᠂  ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠠᠭᠠᠨ  ᠲᠣᠬᠢᠷᠠᠭᠤᠯᠤᠨ ᠮᠡᠷᠭᠡᠵᠢᠯ᠎ᠤᠨ ᠪᠣᠯᠵᠣᠯᠲᠤ ᠲᠣᠭ᠎ᠠ ᠵᠢ ᠰᠢᠯᠢᠳᠡᠭᠵᠢᠭᠦᠯᠵᠦ᠂ 《ᠭᠤᠷᠪᠠᠨ ᠰᠢᠨ᠎ᠡ》  ᠬᠤᠷᠠᠮᠠᠯ ᠵᠠᠭᠪᠤᠷ ᠪᠠ ᠪᠣᠷᠳᠣᠭᠤᠷ ᠣᠷᠣᠭᠤᠯᠬᠤ ᠲᠥᠰᠥᠯ᠎ᠢ ᠲᠣᠭᠲᠠᠭ᠋ᠠᠬᠤ ᠬᠡᠷᠡᠭᠲᠡᠢ᠃

      (ᠬᠣᠶᠠᠷ)  ᠬᠥᠷᠥᠰᠥ ᠰᠢᠷᠣᠢ ᠵᠢ ᠭᠡᠮᠵᠢᠨ  ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠵᠢ ᠪᠡᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠨ᠎ᠤ ᠪᠣᠷᠳᠣᠭᠤᠷ᠎ᠤᠨ ᠠᠰᠢᠭᠯᠠᠮᠵᠢ ᠵᠢᠨ ᠲᠤᠷᠰᠢᠯᠲᠠ ᠵᠢ  ᠰᠠᠢ᠌ᠲᠤᠷ ᠬᠢᠬᠦ ᠬᠡᠷᠡᠭᠲᠡᠢ᠃ 《2025 ᠣᠨ᠎ᠤ ᠠᠮᠤ ᠪᠤᠳᠠᠭ᠋ᠠᠨ᠎ᠤ ᠲᠠᠷᠢᠮᠠᠯ᠎ᠤᠨ ᠬᠢᠮᠢ ᠵᠢᠨ ᠪᠣᠷᠳᠣᠭᠤᠷ᠎ᠤᠨ ᠠᠰᠢᠭᠯᠠᠯᠲᠠ ᠵᠢᠨ ᠨᠣᠷᠮ᠎ᠠ ᠵᠢᠨ ᠲᠠᠷᠢᠶᠠᠨ ᠭᠠᠵᠠᠷ᠎ᠤᠨ ᠲᠤᠷᠰᠢᠯᠲᠠ ᠵᠢᠨ ᠲᠥᠰᠥᠯ》 (ᠥᠪᠥᠷ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠰᠢᠷᠣᠢ ᠪᠣᠷᠳᠣᠭᠤᠷ  ᠲᠠᠷᠬᠠᠭ᠋ᠠᠭᠰᠠᠨ [2025] 19  ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂  ᠪᠤᠭᠤᠳᠠᠢ᠂  ᠡᠷᠳᠡᠨᠢ ᠰᠢᠰᠢ ᠵᠢᠨ ᠬᠢᠮᠢ ᠵᠢᠨ ᠪᠣᠷᠳᠣᠭᠤᠷ᠎ᠤᠨ ᠠᠰᠢᠭᠯᠠᠯᠲᠠ ᠵᠢᠨ ᠨᠣᠷᠮ᠎ᠠ ᠵᠢᠨ ᠲᠤᠷᠰᠢᠯᠲᠠ ᠵᠢ ᠵᠦᠢ ᠵᠣᠬᠢᠰᠲᠠᠢ ᠪᠠᠢ᠌ᠷᠢᠯᠠᠭᠤᠯᠵᠤ᠂  ᠲᠥᠰᠥᠯ᠎ᠳᠤ ᠱᠠᠭ᠋ᠠᠷᠳᠠᠭᠰᠠᠨ ᠠᠰᠢᠭᠯᠠᠯᠲᠠ ᠵᠢᠨ ᠨᠣᠷᠮ᠎ᠠ ᠵᠢᠨ ᠲᠤᠷᠰᠢᠯᠲᠠ ᠵᠢ ᠪᠡᠶᠡᠯᠡᠭᠦᠯᠦᠭᠰᠡᠨ ᠤᠷᠢᠲᠠᠯ ᠳᠣᠣᠷ᠎ᠠ᠂  ᠲᠣᠰ ᠪᠡᠶ᠎ᠡ ᠵᠢᠨ ᠬᠡᠷᠡᠭᠴᠡᠭᠡ᠎ᠪᠠᠨ ᠦᠨᠳᠦᠰᠦᠯᠡᠨ ᠠᠰᠢᠭᠯᠠᠯᠲᠠ ᠵᠢᠨ ᠨᠣᠷᠮ᠎ᠠ ᠵᠢᠨ ᠲᠤᠷᠰᠢᠯᠲᠠ ᠵᠢ ᠨᠡᠮᠡᠨ ᠪᠠᠢ᠌ᠭᠤᠯᠵᠤ ᠪᠣᠯᠣᠨ᠎ᠠ᠃  ᠪᠣᠷᠳᠣᠭᠤᠷ ᠣᠷᠣᠭᠤᠯᠬᠤ ᠰᠢᠨ᠎ᠡ ᠮᠡᠷᠭᠡᠵᠢᠯ᠂  ᠰᠢᠨ᠎ᠡ ᠦᠢ᠍ᠯᠡᠳᠬᠦᠨ᠂  ᠰᠢᠨ᠎ᠡ ᠮᠠᠰᠢᠨ ᠪᠠᠭ᠋ᠠᠵᠢ ᠵᠢᠨ ᠲᠣᠭᠣᠷᠢᠨ᠎ᠳᠤ᠂  ᠪᠣᠷᠳᠣᠭᠤᠷ ᠣᠷᠣᠭᠤᠯᠬᠤ ᠣᠳᠣᠬᠢ ᠪᠠᠢ᠌ᠳᠠᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ᠂  ᠰᠢᠨ᠎ᠡ ᠬᠡᠯᠪᠡᠷᠢ ᠵᠢᠨ ᠪᠣᠷᠳᠣᠭᠤᠷ ᠣᠷᠣᠭᠤᠯᠬᠤ᠂  ᠪᠣᠷᠳᠣᠭᠤᠷ ᠣᠷᠣᠭᠤᠯᠬᠤ ᠦᠢ᠍ᠯᠡᠳᠦᠯ᠂  ᠨᠠᠢ᠌ᠷᠠᠯᠭ᠎ᠠ ᠵᠢ ᠵᠠᠯᠠᠷᠠᠭᠤᠯᠬᠤ ᠵᠡᠷᠭᠡ ᠲᠠᠷᠢᠶᠠᠨ ᠭᠠᠵᠠᠷ᠎ᠤᠨ ᠲᠤᠷᠰᠢᠯᠲᠠ ᠵᠢ ᠥᠷᠨᠢᠭᠦᠯᠦᠨ᠎ᠡ᠃  ᠬᠠᠮᠢᠶ᠎ᠠ ᠪᠦᠬᠦᠢ ᠲᠤᠷᠰᠢᠯᠲᠠ᠎ᠳᠤ ᠲᠤᠰᠬᠠᠢ ᠮᠡᠷᠭᠡᠵᠢᠯ᠎ᠤᠨ ᠠᠬᠤᠢ ᠪᠠᠢ᠌ᠳᠠᠯ᠎ᠲᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠢᠭ᠋ᠠᠨ ᠰᠤᠷᠭ᠋ᠠᠯᠲᠠ ᠵᠢᠨ ᠨᠢᠭᠡᠴᠡ᠎ᠳᠤ ᠨᠠᠢ᠌ᠳᠠᠨ ᠡᠭᠦᠷᠭᠡ ᠡᠭᠦᠷᠭᠡᠯᠡᠭᠦᠯᠵᠦ᠂  ᠣᠷᠳᠣ ᠬᠤᠭᠤᠴᠠᠭ᠎ᠠ᠎ᠪᠠᠷ ᠴᠢᠭ᠋ ᠲᠣᠭᠲᠠᠭ᠋ᠠᠨ ᠬᠢᠨᠠᠨ ᠰᠢᠨᠵᠢᠬᠦ ᠰᠤᠳᠤᠯᠭ᠋ᠠᠨ ᠥᠷᠨᠢᠭᠦᠯᠬᠦ ᠵᠢ ᠵᠣᠷᠢᠭᠵᠢᠭᠤᠯᠤᠨ᠎ᠠ᠃  ᠡᠯ᠎ᠡ ᠭᠠᠵᠠᠷ᠎ᠤᠨ᠎ᠬᠢᠨ ᠪᠣᠷᠳᠣᠭᠤᠷ ᠬᠡᠷᠡᠭᠯᠡᠬᠦ᠂  ᠲᠠᠷᠢᠶᠠᠨ ᠠᠵᠢᠯ᠎ᠤᠨ ᠬᠠᠮᠢᠶᠠᠷᠤᠯᠲᠠ᠂  ᠥᠯᠢᠭᠡᠷ ᠡᠳ᠋ ᠴᠤᠭᠯᠠᠭᠤᠯᠬᠤ᠂  ᠤᠨᠠᠯᠲᠠ ᠵᠢ ᠬᠡᠮᠵᠢᠨ ᠵᠠᠳᠠᠯᠬᠤ ᠵᠡᠷᠭᠡ ᠪᠥᠬᠥ ᠵᠠᠩᠭᠢᠯᠠᠭ᠎ᠠ ᠵᠢᠨ ᠮᠡᠷᠭᠡᠵᠢᠯ᠎ᠤᠨ ᠵᠢᠯᠣᠭᠣᠳᠤᠯᠭ᠎ᠠ ᠪᠠ ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠳᠬᠠᠵᠤ᠂  ᠲᠤᠷᠰᠢᠯᠲᠠ ᠵᠢᠨ ᠦᠷ᠎ᠡ ᠳ᠋ᠦᠩ᠎ᠤᠨ ᠦᠨᠡᠨ ᠪᠣᠳᠠᠲᠠᠢ ᠪᠥᠭᠡᠳ ᠨᠠᠢ᠌ᠳᠠᠪᠤᠷᠢᠲᠠᠢ᠂  ᠲᠣᠭ᠎ᠠ ᠪᠠᠷᠢᠮᠲᠠ ᠵᠢᠨ

ᠲᠡᠮᠳᠡᠭᠯᠡᠯ᠎ᠤᠨ ᠨᠠᠷᠢᠨ ᠪᠣᠳᠠᠲᠠᠢ ᠪᠥᠭᠡᠳ ᠨᠠᠷᠢᠯᠢᠭ ᠣᠨᠣᠪᠴᠢᠲᠠᠶ ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠢ᠃  ᠲᠠᠷᠢᠶᠠᠴᠢᠨ ᠡᠷᠦᠬᠡ ᠵᠢᠨ ᠪᠣᠷᠳᠣᠭᠤᠷ ᠣᠷᠣᠭᠤᠯᠤᠭᠰᠠᠨ ᠪᠠᠢ᠌ᠳᠠᠯ᠎ᠤᠨ ᠪᠠᠢ᠌ᠴᠠᠭ᠋ᠠᠯᠲᠠ ᠵᠢ ᠲᠠᠷᠢᠮᠠᠯ᠎ᠤᠨ ᠲᠥᠷᠥᠯ ᠬᠡᠯᠪᠡᠷᠢ᠂  ᠲᠠᠷᠢᠮᠠᠯ᠎ᠤᠨ ᠳᠦᠷᠢᠮ᠂  ᠪᠣᠷᠳᠣᠭᠤᠷ ᠣᠷᠣᠭᠤᠯᠬᠤ ᠭᠣᠣᠯ ᠴᠣᠭᠴᠠ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠵᠦ᠂  ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ᠎ᠪᠠᠷ ᠭᠣᠣᠯ ᠪᠣᠯᠭ᠋ᠠᠨ᠂  ᠵᠢᠵᠢᠭ ᠲᠠᠷᠢᠶᠠᠴᠢᠨ ᠡᠷᠦᠬᠡ ᠵᠢ ᠬᠠᠮᠲᠤ᠎ᠳᠤᠨᠢ ᠬᠠᠷᠠᠭ᠋ᠠᠯᠵᠠᠵᠤ᠂  ᠲᠠᠷᠢᠶᠠᠴᠢᠨ ᠡᠷᠦᠬᠡ ᠵᠢᠨ ᠪᠣᠷᠳᠣᠭᠤᠷ ᠣᠷᠣᠭᠤᠯᠤᠭᠰᠠᠨ ᠪᠠᠢ᠌ᠳᠠᠯ᠎ᠤᠨ ᠪᠠᠢ᠌ᠴᠠᠭ᠋ᠠᠯᠲᠠ ᠵᠢᠨ ᠴᠡᠭ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠤᠨ᠂  ᠪᠣᠳᠠᠲᠠᠢ ᠪᠠᠢ᠌ᠳᠠᠯ᠎ᠢ ᠦᠨᠳᠦᠰᠦᠯᠡᠨ ᠣᠲᠣ ᠵᠢᠨ ᠪᠠᠢ᠌ᠭ᠎ᠠ ᠲᠠᠷᠢᠶᠠᠴᠢᠨ ᠡᠷᠦᠬᠡ ᠵᠢᠨ ᠮᠠᠲ᠋ᠧᠷᠢᠶᠠᠯ᠎ᠢ ᠬᠥᠳᠡᠯᠦᠩᠭᠦᠢ᠎ᠪᠠᠷ ᠰᠢᠨᠡᠳᠬᠡᠬᠦ ᠬᠡᠷᠡᠭᠲᠡᠢ᠃ 《ᠪᠣᠷᠳᠣᠭᠤᠷ᠎ᠤᠨ ᠪᠠᠢ᠌ᠳᠠᠯ᠎ᠢ ᠬᠢᠨᠠᠨ ᠬᠡᠮᠵᠢᠬᠦ ᠨᠡᠪᠳᠡᠷᠬᠡᠢ》  ᠵᠢᠵᠢᠭ  ᠫᠷᠤᠭ᠌ᠷᠠᠮ (ᠬᠣᠶᠠᠷ ᠬᠡᠮᠵᠢᠯ᠎ᠤᠨ ᠺᠣᠳ᠋᠎ᠢ ᠳᠠᠭ᠋ᠠᠯᠳᠤᠭᠤᠯᠤᠯ 2᠎ᠲᠤ ᠦᠵᠡ) ᠵᠶ᠋ᠠᠷ ᠳᠠᠮᠵᠢᠭᠤᠯᠤᠨ᠂  ᠲᠠᠷᠢᠶᠠᠴᠢᠨ ᠡᠷᠦᠬᠡ ᠵᠢᠨ ᠪᠣᠷᠳᠣᠭᠤᠷ ᠣᠷᠣᠭᠤᠯᠤᠭᠰᠠᠨ ᠪᠠᠢ᠌ᠳᠠᠯ ᠪᠠ ᠪᠣᠷᠳᠣᠭᠤᠷ ᠬᠡᠷᠡᠭᠯᠡᠭᠰᠡᠨ ᠦᠷ᠎ᠡ ᠪᠦᠲᠦᠮᠵᠢ ᠵᠢ ᠪᠠᠢ᠌ᠴᠠᠭ᠋ᠠᠵᠤ ᠬᠢᠨᠠᠨ ᠬᠡᠮᠵᠢᠬᠦ

ᠠᠵᠢᠯ᠎ᠢ ᠦᠷᠨᠢᠬᠦᠯᠬᠦ ᠬᠡᠷᠡᠭᠳᠡᠢ᠃  ᠪᠥᠬᠥ ᠤᠯᠤᠰ᠎ᠤᠨ ᠪᠣᠷᠳᠣᠭᠤᠷ᠎ᠤᠨ ᠤᠰᠤ ᠠᠷᠪᠢᠯᠠᠬᠤ ᠲᠤᠰᠬᠠᠢ ᠮᠡᠷᠭᠡᠵᠢᠯ᠎ᠤᠨ ᠪᠦᠷᠢᠳᠬᠡᠯ᠎ᠲᠠᠢ ᠤᠶᠠᠯᠳᠤᠭᠤᠯᠤᠨ᠂  ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠷᠳᠣᠭᠤᠷ ᠣᠷᠣᠭᠤᠯᠬᠤ ᠬᠢᠷᠢ ᠬᠡᠮᠵᠢᠶ᠎ᠡ᠂  ᠪᠣᠷᠳᠣᠭᠤᠷ ᠣᠷᠣᠭᠤᠯᠬᠤ ᠪᠦᠲᠦᠴᠡ᠂  ᠪᠣᠷᠳᠣᠭᠤᠷ ᠣᠷᠣᠭᠤᠯᠬᠤ ᠠᠷᠭ᠎ᠠ ᠮᠠᠶᠢᠭ ᠵᠡᠷᠭᠡ ᠵᠢ ᠵᠠᠳᠠᠯᠵᠤ᠂  ᠲᠤᠰᠬᠠᠢ ᠰᠡᠳᠦᠪᠲᠦ ᠮᠡᠳᠡᠭᠦᠯᠦᠯᠲᠡ ᠵᠢ ᠪᠦᠷᠢᠯᠳᠦᠭᠦᠯᠬᠦ ᠭᠡᠷᠡᠭᠳᠡᠢ᠃

      (ᠭᠤᠷᠪᠠ) 《ᠰᠢᠯᠢᠳᠡᠭ᠎ᠢ ᠡᠵᠡᠮᠳᠡᠵᠦ ᠪᠦᠬᠦᠨ᠎ᠢ ᠮᠦᠷᠳᠡᠭᠦ》  ᠮᠡᠷᠭᠡᠵᠢᠯ᠎ᠤᠨ ᠳᠡᠯᠭᠡᠷᠡᠭᠦᠯᠦᠯᠲᠡ ᠵᠢ ᠴᠢᠩᠭ᠋ᠠᠷᠠᠭᠤᠯᠬᠤ ᠬᠡᠷᠡᠭᠲᠡᠢ᠃  ᠡᠯ᠎ᠡ ᠭᠠᠵᠠᠷ᠎ᠤᠨ᠎ᠬᠢᠨ 《ᠰᠢᠯᠢᠳᠡᠭ᠎ᠢ ᠡᠵᠡᠮᠳᠡᠨ ᠪᠦᠬᠦᠨ᠎ᠢ ᠮᠦᠷᠳᠡᠬᠦ》 (ᠤᠤᠯ᠎ᠤᠨ ᠰᠠᠭᠤᠷᠢ  ᠪᠣᠷᠳᠣᠭᠤᠷ ᠤᠷᠤᠭᠤᠯᠬᠤ  ᠦᠭᠡᠢ  ᠮᠡᠷᠭᠡᠵᠢᠯ)  ᠮᠡᠷᠭᠡᠵᠢᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠡᠷᠴᠢᠮ ᠵᠶ᠋ᠡᠨ ᠦᠷᠭᠦᠯᠵᠢᠯᠡᠨ ᠥᠷᠭᠡᠳᠬᠡᠵᠦ (ᠲᠥᠰᠥᠯ᠎ᠢ ᠳᠠᠭ᠋ᠠᠯᠳᠤᠭᠤᠯᠤᠯ 3᠎ᠳᠤ ᠦᠵᠡ)᠂  ᠲᠣᠬᠢᠷᠠᠮᠵᠢᠲᠠᠢ ᠭᠠᠵᠠᠷ ᠣᠷᠣᠨ᠎ᠤ ᠭᠣᠣᠯ ᠳᠠᠷᠢᠬᠤ ᠲᠠᠷᠢᠮᠠᠯ ᠳᠡᠭᠡᠷ᠎ᠡ ᠰᠠᠭᠤᠷᠢ ᠪᠣᠷᠳᠣᠭᠤᠷ ᠣᠷᠣᠭᠤᠯᠬᠤ ᠦᠭᠡᠢ ᠪᠤᠶᠤ ᠪᠠᠭ᠎ᠠ ᠣᠷᠣᠭᠤᠯᠬᠤ᠂  ᠦᠷᠡᠵᠢᠯ᠎ᠤᠨ ᠬᠤᠭᠤᠴᠠᠭ᠋ᠠᠨ᠎ᠳᠤ ᠪᠠᠭ᠎ᠠ ᠬᠡᠮᠵᠢᠶ᠎ᠡ᠎ᠪᠠᠷ ᠣᠯᠠᠨ ᠤᠳᠠᠭ᠎ᠠ ᠪᠣᠷᠳᠣᠭᠤᠷ ᠣᠷᠣᠭᠤᠯᠬᠤ ᠣᠨᠣᠯᠵᠢᠬᠤᠨ᠎ᠢ ᠬᠡᠷᠡᠭᠵᠢᠭᠦᠯᠵᠦ᠂  ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂  ᠬᠢᠮᠢ ᠵᠢᠨ ᠪᠣᠷᠳᠣᠭᠤᠷ᠎ᠤᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠢ᠃  ᠲᠤᠷᠰᠢᠯᠲᠠ ᠵᠢᠨ ᠣᠷᠣᠨ᠎ᠨᠢ ᠲᠤᠬᠠᠢ ᠵᠢᠨ ᠭᠠᠵᠠᠷ᠎ᠤᠨ ᠭᠣᠣᠯ ᠳᠠᠷᠢᠬᠤ ᠲᠠᠷᠢᠮᠠᠯ᠎ᠤᠨ 《ᠰᠢᠯᠢᠳᠡᠭ᠎ᠢ ᠡᠵᠡᠮᠳᠡᠵᠦ ᠪᠦᠬᠦᠨ᠎ᠢ  ᠮᠦᠷᠳᠡᠭᠦ》  ᠪᠣᠷᠳᠣᠭᠤᠷ ᠣᠷᠣᠭᠤᠯᠬᠤ ᠭᠦᠢ᠍ᠴᠡᠳᠬᠡᠯ ᠲᠣᠭ᠎ᠠ ᠵᠢᠨ ᠰᠢᠰᠲ᠋ᠧᠮᠵᠢ ᠵᠢ ᠰᠦᠪᠡᠭᠴᠢᠯᠡᠨ ᠪᠠᠶ᠋ᠢᠭᠤᠯᠬᠤ᠎ᠪᠠᠷ ᠭᠣᠣᠯ ᠬᠠᠷᠠᠯᠲᠠ᠎ᠪᠠᠨ ᠪᠣᠯᠭ᠋ᠠᠵᠤ᠂  ᠲᠡᠯᠭᠡᠨ  ᠦᠵᠡᠭᠦᠯᠭᠡ ᠵᠢᠨ ᠣᠷᠣᠨ ᠪᠠ ᠵᠢᠱ᠌ᠢᠶ᠎ᠡ ᠦᠵᠡᠭᠦᠯᠬᠦ  ᠣᠷᠣᠨ᠎ᠨᠢ ᠪᠣᠷᠳᠣᠭᠤᠷ ᠣᠷᠣᠭᠤᠯᠬᠤ ᠦᠵᠡᠯ ᠤᠬᠠᠮᠰᠠᠷ᠎ᠢ ᠳᠡᠭᠡᠭᠰᠢᠯᠡᠭᠦᠯᠬᠦ᠂  ᠪᠣᠷᠳᠣᠭᠤᠷ ᠣᠷᠣᠭᠤᠯᠬᠤ ᠠᠷᠭ᠎ᠠ ᠮᠠᠶᠢᠭ᠎ᠢ ᠰᠢᠯᠢᠳᠡᠭᠵᠢᠭᠦᠯᠬᠦ᠎ᠪᠠᠷ ᠭᠣᠣᠯ ᠬᠠᠷᠠᠯᠲᠠ᠎ᠪᠠᠨ ᠪᠣᠯᠭ᠋ᠠᠵᠤ᠂  ᠪᠣᠷᠳᠣᠭᠤᠷ ᠣᠷᠣᠭᠤᠯᠬᠤ ᠬᠡᠮᠵᠢᠶ᠎ᠡ ᠵᠢ ᠵᠣᠬᠢᠬᠤ ᠬᠡᠮᠵᠢᠶ᠎ᠡ᠎ᠪᠠᠷ ᠪᠠᠭᠤᠷᠠᠭᠤᠯᠤᠭᠰᠠᠨ ᠤᠷᠢᠲᠠᠯ ᠳᠣᠣᠷ᠎ᠠ ᠭᠠᠷᠤᠯᠲᠠ ᠵᠢᠨ ᠬᠡᠮᠵᠢᠶ᠎ᠡ ᠵᠢ ᠦᠨᠳᠦᠰᠦᠨ᠎ᠳᠡᠭᠡᠨ ᠲᠣᠭᠲᠠᠭᠤᠨ ᠪᠠᠢ᠌ᠯᠭ᠋ᠠᠬᠤ ᠵᠢ ᠴᠢᠷᠮᠠᠢ᠌ᠨ ᠪᠡᠶᠡᠯᠡᠭᠦᠯᠵᠦ᠂  ᠪᠣᠷᠳᠣᠭᠤᠷ ᠣᠷᠣᠭᠤᠯᠬᠤ ᠵᠢ ᠬᠢᠵᠠᠭ᠋ᠠᠷᠯᠠᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠬᠦ ᠭᠡᠷᠡᠭᠳᠡᠢ᠃

      (ᠳᠥᠷᠪᠡ)  ᠣᠶᠤᠨᠴᠢ ᠨᠠᠷᠢᠯᠢᠭ ᠣᠨᠣᠴᠠᠲᠠᠢ᠎ᠪᠠᠷ ᠪᠣᠷᠳᠣᠭᠤᠷ ᠣᠷᠣᠭᠤᠯᠬᠤ ᠦᠢ᠍ᠯᠡᠴᠢᠯᠡᠭᠡ ᠵᠢ ᠠᠬᠢᠭᠤᠯᠬᠤ ᠬᠡᠷᠡᠭᠲᠡᠢ᠃  ᠡᠯ᠎ᠡ ᠭᠠᠵᠠᠷ᠎ᠤᠨ᠎ᠬᠢᠨ ᠵᠠᠩᠭᠢᠯᠠᠭ᠎ᠠ ᠵᠢᠨ ᠲᠠᠷᠢᠶᠠᠯᠠᠩ᠎ᠤᠨ ᠴᠠᠭ᠎ᠲᠤ᠂  ᠲᠣᠮᠣ ᠳ᠋ᠠᠢ᠌ᠲ᠋ᠠ ᠵᠢᠨ ᠵᠠᠳᠠᠯᠤᠯᠲᠠ ᠵᠢᠨ ᠠᠷᠭ᠎ᠠ ᠪᠠᠷᠢᠯ᠎ᠢ ᠰᠦᠪᠡᠭᠴᠢᠯᠡᠨ ᠬᠡᠷᠡᠭᠯᠡᠵᠦ᠂  ᠬᠥᠷᠥᠰᠥ ᠰᠢᠷᠣᠢ ᠵᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠲᠣᠭ᠎ᠠ ᠪᠠᠷᠢᠮᠲᠠ ᠵᠢ ᠭᠦᠨᠵᠡᠭᠡᠢ ᠠᠭᠤᠳᠠᠯᠵᠤ᠂  ᠬᠣᠰᠢᠭᠤ ᠰᠢᠶᠠᠨ᠎ᠢ ᠵᠢᠯᠣᠭᠣᠳᠤᠨ ᠲᠣᠰ ᠭᠠᠵᠠᠷ ᠣᠷᠣᠨ᠎ᠤ ᠭᠣᠣᠯ ᠪᠣᠯᠬᠤ ᠲᠠᠷᠢᠮᠠᠯ᠎ᠤᠨ ᠪᠣᠷᠳᠣᠭᠤᠷ ᠣᠷᠣᠭᠤᠯᠬᠤ ᠮᠡᠷᠭᠡᠵᠢᠯ᠎ᠤᠨ ᠵᠦᠭᠯᠡᠭᠦᠷ᠎ᠢ ᠲᠣᠭᠲᠠᠭ᠋ᠠᠨ ᠨᠡᠢ᠌ᠲᠡᠯᠡᠬᠦ ᠬᠡᠷᠡᠭᠲᠡᠢ᠃  ᠨᠥᠬᠥᠴᠡᠯ᠎ᠲᠠᠢ ᠭᠠᠵᠠᠷ ᠣᠷᠣᠨ᠎ᠤ ᠣᠶᠤᠨᠴᠢᠯᠠᠭᠰᠠᠨ ᠪᠣᠷᠳᠣᠭᠤᠷ ᠣᠷᠣᠭᠤᠯᠬᠤ ᠵᠢ ᠲᠠᠨᠢᠯᠴᠠᠭᠤᠯᠬᠤ ᠰᠢᠰᠲ᠋ᠧᠮ (ᠵᠢᠱ᠌ᠢᠶᠡᠯᠡᠪᠡᠯ NE ᠰᠢᠰᠲ᠋ᠧᠮ᠂  ᠬᠣᠶᠠᠷ ᠬᠡᠮᠵᠢᠯᠲᠦ ᠺᠣᠳ᠋᠎ᠢ ᠳᠠᠭ᠋ᠠᠯᠳᠤᠭᠤᠯᠤᠯ 2᠎ᠲᠤ ᠦᠵᠡ)  ᠪᠤᠶᠤ ᠣᠶᠤᠨᠴᠢᠯᠠᠭᠰᠠᠨ ᠪᠣᠷᠳᠣᠭᠤᠷ ᠣᠷᠣᠭᠤᠯᠬᠤ ᠲᠥᠰᠥᠯ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠵᠤ᠂  ᠪᠥᠬᠥ ᠲᠣᠰᠬᠣᠨ ᠪᠥᠬᠥ ᠰᠢᠶᠠᠩ ᠵᠶ᠋ᠠᠷ ᠵᠶ᠋ᠠᠨ 《ᠨᠢᠭᠡᠳᠦᠯᠲᠡᠢ ᠬᠡᠮᠵᠢᠬᠦ᠂  ᠨᠢᠭᠡᠳᠦᠯᠲᠡᠢ ᠬᠤᠪᠢᠶᠠᠷᠢᠯᠠᠬᠤ᠂  ᠨᠢᠭᠡᠳᠦᠯᠲᠡᠢ ᠬᠠᠩᠭ᠋ᠠᠬᠤ᠂  ᠨᠢᠭᠡᠳᠦᠯᠲᠡᠢ ᠬᠡᠷᠡᠭᠯᠡᠬᠦ》  ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠬᠤ ᠦᠢ᠍ᠯᠡᠴᠢᠯᠡᠭᠡ ᠵᠢ ᠦᠷᠨᠢᠬᠦᠯᠬᠦ ᠭᠡᠷᠡᠭᠳᠡᠢ; ᠪᠥᠭᠡᠮ ᠵᠶ᠋ᠡᠷ ᠬᠡᠮᠵᠢᠶᠡᠵᠢᠭᠦᠯᠦᠨ ᠥᠨᠳᠥᠷ ᠦᠷ᠎ᠡ ᠪᠦᠲᠦᠮᠵᠢᠲᠡᠶ ᠵᠠᠳᠠᠯᠤᠨ ᠰᠢᠯᠭ᠋ᠠᠬᠤ ᠪᠠ ᠵᠢᠯᠣᠭᠣᠴᠢ ᠦᠭᠡᠢ ᠨᠢᠰᠬᠡᠯ ᠵᠶ᠋ᠡᠷ ᠣᠨᠣᠰᠢᠯᠠᠬᠤ ᠬᠤᠪᠢᠰᠤᠭᠴᠢ ᠪᠣᠷᠳᠣᠭᠤᠷ ᠣᠷᠣᠭᠤᠯᠬᠤ ᠵᠡᠷᠭᠡ ᠣᠶᠤᠨᠴᠢᠯᠠᠭᠰᠠᠨ ᠮᠡᠳᠡᠭᠡ ᠵᠠᠩᠭᠢᠵᠢᠯᠲᠠ ᠵᠢᠨ ᠨᠠᠷᠢᠯᠢᠭ ᠣᠨᠣᠴᠠᠲᠠᠢ᠎ᠪᠠᠷ ᠪᠣᠷᠳᠣᠭᠤᠷ ᠣᠷᠣᠭᠤᠯᠬᠤ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢ ᠤᠬᠠᠭᠤᠯᠬᠤ᠂  ᠲᠦᠭᠡᠮᠡᠯᠵᠢᠭᠦᠯᠬᠦ ᠪᠠ ᠬᠡᠷᠡᠭᠯᠡᠬᠦ ᠵᠢ ᠲᠦᠷᠭᠡᠳᠬᠡᠵᠦ᠂  ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠬᠤ ᠲᠡᠷᠢᠭᠦᠨ᠎ᠤ ᠮᠡᠷᠭᠡᠵᠢᠯ᠎ᠤᠨ ᠲᠦᠭᠡᠮᠡᠯᠵᠢᠭᠦᠯᠦᠯᠲᠡ ᠵᠢᠨ ᠨᠣᠷᠮ᠎ᠠ ᠪᠠ ᠪᠣᠳᠠᠲᠠᠶ᠋ᠢᠵᠢᠭᠤᠯᠤᠯᠲᠠ ᠵᠢᠨ ᠨᠣᠷᠮ᠎ᠠ ᠵᠢ ᠲᠡᠭᠡᠭᠰᠢᠯᠡᠭᠦᠯᠬᠦ ᠭᠡᠷᠡᠭᠳᠡᠢ᠃

      (ᠲᠠᠪᠤ)  ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠤᠭᠰᠠᠨ ᠦᠷ᠎ᠡ ᠪᠦᠲᠦᠮᠵᠢ ᠵᠢᠨ ᠦᠨᠡᠯᠡᠯᠳᠡ ᠵᠢ ᠴᠢᠩᠭ᠋ᠠᠷᠠᠭᠤᠯᠬᠤ ᠬᠡᠷᠡᠭᠲᠡᠢ᠃  ᠡᠯ᠎ᠡ ᠭᠠᠵᠠᠷ᠎ᠤᠨ᠎ᠬᠢᠨ ᠬᠥᠷᠥᠰᠥ ᠰᠢᠷᠣᠢ ᠵᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠵᠢ ᠬᠡᠷᠡᠭᠵᠢᠭᠦᠯᠦᠭᠰᠡᠨ ᠬᠣᠷᠢᠨ ᠵᠢᠯ᠎ᠤᠨ ᠠᠵᠢᠯ᠎ᠤᠨ ᠥᠩᠭᠡᠷᠡᠯᠲᠡ᠂  ᠮᠡᠷᠭᠡᠵᠢᠯ᠎ᠤᠨ ᠳᠠᠪᠰᠢᠯᠲᠠ᠂  ᠲᠤᠷᠰᠢᠯᠭ᠎ᠠ ᠵᠢᠨ ᠲᠡᠯᠭᠡᠷᠡᠭᠦᠯᠦᠯᠳᠡ᠂  ᠬᠡᠷᠡᠭᠯᠡᠯᠲᠡ ᠵᠢᠨ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂  ᠢᠯᠠᠩᠭᠤᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠪᠣᠷᠳᠣᠭᠤᠷ᠎ᠢ ᠬᠢᠵᠠᠭ᠋ᠠᠷᠯᠠᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠤᠨ ᠠᠬᠢᠴᠠ ᠪᠠ ᠣᠯᠣᠭᠰᠠᠨ ᠦᠷ᠎ᠡ ᠪᠦᠲᠦᠮᠵᠢ ᠵᠢ ᠭᠦᠨᠵᠡᠭᠡᠢ ᠳ᠋ᠦᠩᠨᠡᠵᠦ᠂  ᠲᠠᠷᠢᠮᠠᠯ᠎ᠤᠨ ᠤᠨᠠᠯᠲᠠ ᠵᠢᠨ ᠶᠠᠰᠤ ᠴᠢᠨᠠᠷ᠂  ᠬᠥᠷᠥᠰᠥ ᠰᠢᠷᠣᠢ ᠵᠢᠨ ᠥᠩ ᠰᠢᠮ᠎ᠡ᠂  ᠪᠣᠷᠳᠣᠭᠤᠷ᠎ᠤᠨ ᠠᠰᠢᠭᠯᠠᠯᠲᠠ ᠵᠢᠨ ᠦᠷ᠎ᠡ ᠪᠦᠲᠦᠮᠵᠢ᠎ᠳᠤ ᠦᠵᠡᠭᠦᠯᠦᠭᠰᠡᠨ ᠬᠥᠷᠥᠰᠥ ᠰᠢᠷᠣᠢ ᠵᠢᠨ ᠨᠠᠢ᠌ᠷᠠᠯᠭ᠎ᠠ᠎ᠲᠠᠢ ᠪᠣᠷᠳᠣᠭᠤᠷ᠎ᠤᠨ ᠬᠤᠪᠢ ᠨᠡᠮᠡᠷᠢ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠵᠦ᠂  ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠪᠣᠯᠪᠠᠰᠤᠷᠠᠭᠤᠯᠤᠨ ᠠᠪᠴᠤ᠂  ᠡᠯ᠎ᠡ ᠭᠠᠵᠠᠷ᠎ᠤᠨ᠎ᠬᠢᠨ᠎ᠤ ᠦᠷ᠎ᠡ ᠪᠦᠲᠦᠭᠡᠯ ᠵᠶ᠋ᠡᠨ ᠬᠤᠷᠢᠶᠠᠩᠭᠤᠢ᠌ᠯᠠᠨ ᠨᠣᠮ ᠪᠢᠴᠢᠭ ᠬᠡᠪᠯᠡᠭᠦᠯᠬᠦ ᠵᠢ ᠵᠣᠷᠢᠭᠵᠢᠭᠤᠯᠤᠨ᠎ᠠ᠃  ᠡᠭᠦᠨ᠎ᠤ ᠬᠠᠮᠲᠤ᠂  ᠪᠣᠷᠳᠣᠭᠤᠷ᠎ᠤᠨ ᠦᠢ᠍ᠯᠡᠴᠢᠯᠡᠭᠡ ᠵᠢ ᠬᠢᠨᠠᠨ ᠬᠡᠮᠵᠢᠵᠦ ᠦᠨᠡᠯᠡᠬᠦ ᠵᠢ ᠴᠢᠨᠠᠭᠰᠢᠳᠠ ᠴᠢᠩᠭ᠋ᠠᠳᠬᠠᠵᠤ᠂ 《ᠭᠤᠷᠪᠠᠨ ᠰᠢᠨ᠎ᠡ》 ᠬᠤᠷᠠᠮᠠᠯ ᠵᠠᠭᠪᠤᠷ᠎ᠲᠠᠢ ᠤᠶᠠᠯᠳᠤᠭᠤᠯᠤᠨ ᠮᠢᠩᠭ᠋ᠠᠨ  ᠲᠡᠭᠰᠢ  ᠳᠥᠷᠪᠡᠯᠵᠢᠨ ᠮᠦ᠍᠂  ᠲᠦᠮᠡᠨ ᠮᠦ᠍ ᠬᠡᠰᠡᠭ᠎ᠢ ᠳᠡᠯᠭᠡᠷᠡᠭᠦᠯᠵᠦ᠂  ᠬᠥᠷᠥᠰᠥ ᠰᠢᠷᠣᠢ ᠵᠢᠨ ᠰᠢᠮ᠎ᠡ ᠲᠡᠵᠢᠭᠡᠯ᠂  ᠪᠣᠷᠳᠣᠭᠤᠷ ᠣᠷᠣᠭᠤᠯᠤᠭᠰᠠᠨ ᠦᠷ᠎ᠡ ᠪᠦᠲᠦᠮᠵᠢ᠂  ᠭᠠᠷᠤᠯᠲᠠ ᠵᠢᠨ ᠲᠦᠪᠰᠢᠨ᠎ᠤ ᠬᠤᠪᠢᠷᠠᠯᠲᠠ ᠵᠢ ᠬᠢᠨᠠᠨ ᠬᠡᠮᠵᠢᠵᠦ᠂  ᠨᠠᠢ᠌ᠳᠠᠪᠤᠷᠢᠲᠠᠢ ᠲᠣᠭ᠎ᠠ ᠪᠠᠷᠢᠮᠲᠠ᠎ᠪᠠᠷ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠤᠭᠰᠠᠨ ᠦᠷ᠎ᠡ ᠪᠦᠲᠦᠮᠵᠢ ᠵᠢ ᠦᠨᠡᠯᠡᠬᠦ ᠬᠡᠷᠡᠭᠲᠡᠢ᠃

      (ᠵᠢᠷᠭᠤᠭ᠎ᠠ)  ᠪᠣᠯᠪᠠᠰᠤᠷᠠᠯ  ᠤᠬᠠᠭᠤᠯᠭ᠎ᠠ ᠵᠢ ᠦᠷᠭᠦᠯᠵᠢᠯᠡᠨ  ᠥᠷᠨᠢᠭᠦᠯᠬᠦ ᠬᠡᠷᠡᠭᠲᠡᠢ᠃ 《ᠵᠠᠭᠤᠨ ᠰᠢᠶᠠᠨ ᠮᠢᠩᠭ᠋ᠠᠨ ᠰᠢᠶᠠᠩ ᠲᠦᠮᠡᠨ ᠡᠷᠦᠬᠡ》 ᠵᠢᠨ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠬᠤ ᠪᠣᠯᠪᠠᠰᠤᠷᠠᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂  ᠳᠡᠯᠭᠡᠷᠡᠭᠦᠯᠬᠦ᠂  ᠰᠢᠨᠵᠢᠯᠡᠬᠦ ᠤᠬᠠᠭ᠋ᠠᠨ᠎ᠤ ᠰᠤᠳᠤᠯᠤᠯ᠂  ᠵᠢᠭ᠋ᠠᠨ ᠰᠤᠷᠭ᠋ᠠᠯᠲᠠ᠂  ᠨᠡᠢ᠌ᠭᠡᠮᠯᠢᠭ᠂  ᠠᠵᠤ ᠠᠬᠤᠢ᠌ᠯᠠᠯ ᠵᠡᠷᠭᠡ ᠬᠦᠴᠦᠨ᠎ᠤ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠵᠢ ᠴᠢᠩᠭ᠋ᠠᠷᠠᠭᠤᠯᠤᠨ᠂  ᠲᠠᠷᠢᠶᠠᠨ ᠭᠠᠵᠠᠷ᠎ᠤᠨ ᠬᠢᠴᠢᠶᠡᠯ᠎ᠤᠨ ᠲᠠᠩᠬᠢᠮ᠂  ᠭᠡᠷ ᠳᠣᠲᠣᠷᠠᠬᠢ ᠵᠢᠭ᠋ᠠᠨ ᠰᠤᠷᠭ᠋ᠠᠯᠲᠠ᠂  ᠸᠢᠳᠢᠤ᠋᠎ᠪᠠᠷ ᠰᠢᠭᠤᠳ ᠨᠡᠪᠲᠡᠷᠡᠭᠦᠯᠬᠦ᠂  ᠣᠬᠣᠷ  ᠸᠢᠳᠢᠤ᠋᠎ᠪᠠᠷ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠡᠷᠭᠡ ᠬᠡᠯᠪᠡᠷᠢ᠎ᠪᠠᠷ ᠮᠡᠷᠭᠡᠵᠢᠯ᠎ᠤᠨ ᠪᠣᠯᠪᠠᠰᠤᠷᠠᠯ ᠪᠠ ᠵᠢᠯᠤᠭᠣᠳᠬᠤ ᠦᠢ᠍ᠯᠡᠴᠢᠯᠡᠭᠡ ᠵᠢ  ᠦᠷᠨᠢᠭᠦᠯᠬᠦ ᠭᠡᠷᠡᠭᠳᠡᠢ᠃  ᠬᠢᠮᠢ ᠵᠢᠨ ᠪᠣᠷᠳᠣᠭᠤᠷ᠎ᠤᠨ ᠦᠢ᠍ᠯᠡᠳᠦᠯ᠎ᠢ ᠰᠢᠨᠵᠢᠯᠡᠬᠦ ᠤᠬᠠᠭ᠋ᠠᠨᠴᠢ᠎ᠪᠠᠷ ᠲᠠᠨᠢᠬᠤ ᠭᠣᠣᠯ ᠰᠡᠳᠦᠪᠲᠦ ᠤᠬᠠᠭᠤᠯᠭ᠎ᠠ ᠵᠢ ᠭᠦᠨᠵᠡᠭᠡᠢ ᠥᠷᠨᠢᠭᠦᠯᠵᠦ᠂ ᠡᠯ᠎ᠡ ᠭᠠᠵᠠᠷ᠎ᠤᠨ᠎ᠬᠢᠨ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠤᠷᠤᠭᠤᠯᠬᠤ  ᠳᠦᠷᠦ ᠵᠢᠨ ᠪᠣᠳᠣᠯᠭ᠎ᠠ ᠳᠦᠷᠢᠮ᠂  ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ᠂ ᠮᠡᠷᠭᠡᠵᠢᠯ᠎ᠢ ᠳᠡᠯᠭᠡᠷᠡᠭᠦᠯᠬᠦ ᠵᠡᠷᠭᠡ ᠲᠠᠯ᠎ᠠ᠎ᠪᠠᠷ᠎ᠬᠢ ᠰᠠᠢ᠌ᠨ ᠠᠷᠭ᠎ᠠ ᠬᠢᠳᠡᠯ ᠰᠠᠢ᠌ᠨ ᠲᠤᠷᠰᠢᠯᠭ᠎ᠠ ᠵᠢ ᠥᠷᠭᠡᠨ ᠵᠶ᠋ᠡᠷ ᠴᠤᠭᠯᠠᠭᠤᠯᠵᠤ᠂  ᠤᠬᠠᠭᠤᠯᠭ᠎ᠠ ᠵᠢᠨ ᠸᠢᠳᠢᠤ᠋ ᠪᠤᠶᠤ ᠡᠬᠡ ᠪᠢᠴᠢᠭ᠎ᠢ ᠪᠦᠷᠢᠯᠳᠦᠭᠦᠯᠵᠦ᠂  ᠲᠧᠯᠸᠢᠰ᠂  ᠷᠠᠳᠢᠣ᠋ ᠨᠡᠪᠲᠡᠷᠡᠭᠦᠯᠭᠡ᠂ ᠸᠸᠴᠠᠲ ᠵᠢᠨ ᠤᠯᠠᠨ ᠨᠡᠶ᠋ᠢᠲᠡ ᠵᠢᠨ ᠳ᠋ᠤᠭ᠋ᠠᠷ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠤᠨ ᠤᠬᠠᠭᠤᠯᠤᠨ ᠳᠡᠯᠭᠡᠷᠡᠭᠦᠯᠵᠦ᠂  ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃

      ᠭᠤᠷᠪᠠ᠂  ᠬᠣᠯᠪᠣᠭᠳᠠᠯ ᠪᠦᠬᠦᠢ ᠱᠠᠭ᠋ᠠᠷᠳᠠᠯᠭ᠎ᠠ

      ᠨᠢᠭᠡ᠎ᠳᠤ ᠵᠣᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ  ᠴᠢᠩᠭ᠋ᠠᠳᠬᠠᠬᠤ ᠬᠡᠷᠡᠭᠲᠡᠢ᠃  ᠡᠯ᠎ᠡ ᠠᠢ᠌ᠮᠠᠭ ᠬᠤᠳᠠ  ᠡᠭᠦᠷᠭᠡ ᠬᠠᠷᠠᠯᠲᠠ᠎ᠪᠠᠨ ᠲᠦᠷᠭᠡᠬᠡᠨ ᠵᠠᠳᠠᠯᠵᠤ᠂  ᠠᠢ᠌ᠮᠠᠭ ᠬᠤᠳᠠ ᠵᠢᠨ ᠱᠠᠲᠤᠨ᠎ᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠨᠠᠷᠢᠯᠢᠭᠵᠢᠭᠤᠯᠵᠤ᠂ 《ᠭᠤᠷᠪᠠᠨ ᠰᠢᠨ᠎ᠡ》 ᠵᠢ ᠲᠥᠪᠯᠡᠷᠡᠭᠦᠯᠦᠨ ᠠᠬᠢᠭᠤᠯᠬᠤ ᠰᠢᠶᠠᠨ᠎ᠢ ᠵᠢᠯᠤᠭᠣᠳᠴᠤ ᠪᠠᠢ᠌ᠭ᠋ᠠᠳ ᠭᠠᠵᠠᠷ ᠣᠷᠣᠨ᠎ᠤ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠰᠢᠶᠠᠨ᠎ᠤ ᠱᠠᠲᠤᠨ᠎ᠤ ᠬᠡᠷᠡᠭᠵᠢᠭᠦᠯᠬᠦ ᠲᠥᠰᠥᠯ᠎ᠢ ᠲᠣᠭᠲᠠᠭ᠋ᠠᠯᠭ᠋ᠠᠵᠤ᠂  ᠬᠠᠷᠠᠯᠲᠠ ᠡᠭᠦᠷᠭᠡ ᠵᠢ ᠬᠡᠮᠵᠢᠶᠡᠵᠢᠭᠦᠯᠬᠦ᠎ᠪᠠᠷ ᠱᠠᠭ᠋ᠠᠷᠳᠠᠵᠤ᠂  ᠬᠡᠷᠡᠭᠵᠢᠭᠦᠯᠬᠦ ᠣᠷᠣᠨ ᠪᠦᠰᠡ᠂  ᠬᠡᠷᠡᠭᠵᠢᠭᠦᠯᠬᠦ ᠭᠣᠣᠯ ᠴᠣᠭᠴᠠ᠂  ᠮᠡᠷᠭᠡᠵᠢᠯ᠎ᠤᠨ ᠵᠠᠭᠪᠤᠷ ᠵᠡᠷᠭᠡ ᠵᠢ ᠲᠣᠳᠣᠷᠬᠠᠢ᠌ᠯᠠᠵᠤ᠂  ᠨᠥᠬᠥᠪᠦᠷᠢ ᠥᠭᠬᠦ ᠪᠠᠷᠢᠮᠵᠢᠶ᠎ᠠ ᠵᠢ ᠲᠣᠭᠲᠠᠭ᠋ᠠᠨ ᠨᠠᠷᠢᠯᠢᠭᠵᠢᠭᠤᠯᠵᠤ᠂  ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠬᠡᠷᠡᠭᠲᠡᠢ᠃ 《ᠭᠤᠷᠪᠠᠨ ᠰᠢᠨ᠎ᠡ》 ᠵᠢ ᠲᠥᠪᠯᠡᠷᠡᠭᠦᠯᠦᠨ ᠠᠬᠢᠭᠤᠯᠬᠤ ᠰᠢᠶᠠᠨ᠎ᠤ ᠬᠡᠷᠡᠭᠵᠢᠭᠦᠯᠬᠦ ᠲᠥᠰᠥᠯ᠎ᠢ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠲᠤ ᠮᠡᠳᠡᠭᠦᠯᠵᠦ ᠳᠠᠩᠰᠠᠯᠠᠭᠤᠯᠤᠨ᠎ᠠ᠃  ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠨᠢ ᠨᠢᠭᠡᠳᠦᠯᠲᠡᠢ ᠲᠥᠯᠥᠪᠯᠡᠬᠦ᠎ᠪᠠᠨ ᠴᠢᠩᠭ᠋ᠠᠳᠬᠠᠵᠤ᠂  ᠤᠷᠢᠳᠠᠪᠠᠷ ᠲᠥᠷᠥᠯ ᠵᠦᠢ᠍ᠯ᠎ᠤᠨ ᠡᠬᠢ ᠪᠠᠶᠠᠯᠢᠭ᠎ᠢ ᠨᠢᠭᠡᠨᠲᠡ ᠨᠠᠢ᠌ᠳᠠᠪᠤᠷᠢᠵᠢᠭᠤᠯᠤᠭᠰᠠᠨ ᠭᠣᠣᠯ ᠴᠣᠭᠴᠠ᠂  ᠭᠠᠵᠠᠷ ᠰᠢᠷᠣᠢ ᠵᠢᠨ ᠭᠠᠵᠠᠷ ᠣᠷᠣᠨ ᠳᠠᠰᠢ ᠬᠡᠯᠪᠡᠢ᠌ᠯᠭᠡᠬᠦ ᠵᠢᠨ ᠬᠠᠮᠲᠤ᠂  ᠬᠠᠮᠢᠶ᠎ᠠ ᠪᠦᠬᠦᠢ ᠲᠥᠷᠥᠯ ᠵᠦᠢ᠍ᠯ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ᠎ᠪᠠᠷ ᠪᠠᠷᠠᠬᠤ ᠦᠭᠡᠢ᠂  ᠪᠠᠰᠠ ᠲᠥᠷᠥᠯ ᠵᠦᠢ᠍ᠯ᠎ᠤᠨ ᠬᠣᠭᠣᠷᠣᠨᠳᠤ᠎ᠪᠠᠨ ᠡᠭᠦᠷᠭᠡ ᠡᠭᠦᠷᠭᠡᠯᠡᠬᠦ ᠭᠣᠣᠯ ᠴᠣᠭᠴᠠ ᠪᠠ ᠭᠠᠵᠠᠷ ᠰᠢᠷᠣᠢ ᠵᠢ ᠳᠠᠪᠬᠤᠷᠳᠠᠭᠤᠯᠬᠤ ᠎ᠠᠴᠠ ᠵᠠᠢ᠌ᠯᠠᠰᠬᠢᠵᠦ᠂ 《ᠲᠦᠷᠦᠯ ᠵᠦᠢ᠍ᠯ᠎ᠢ ᠳᠠᠪᠬᠤᠴᠠᠭᠤᠯᠤᠭᠰᠠᠨ ᠲᠣᠮᠣ ᠡᠷᠦᠬᠡ ᠭᠠᠷᠬᠤ》᠎ᠠᠴᠠ  ᠰᠡᠷᠭᠡᠢ᠌ᠯᠡᠬᠦ ᠬᠡᠷᠡᠭᠲᠡᠢ᠃  ᠬᠣᠶᠠᠷ᠎ᠲᠤ ᠪᠡᠯᠡ ᠮᠥᠩᠭᠥ ᠵᠢᠨ ᠬᠡᠷᠡᠭᠯᠡᠯᠲᠡ ᠵᠢ  ᠵᠢᠷᠤᠮᠵᠢᠭᠤᠯᠬᠤ ᠬᠡᠷᠡᠭᠲᠡᠢ᠃  ᠲᠥᠷᠥᠯ ᠵᠦᠢ᠍ᠯ᠎ᠤᠨ ᠪᠡᠯᠡ ᠮᠥᠩᠭᠥ ᠵᠢ ᠭᠣᠣᠯᠳᠠᠭᠤ ᠬᠥᠷᠥᠰᠥ ᠰᠢᠷᠣᠢ ᠵᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠰᠠᠭᠤᠷᠢ ᠠᠵᠢᠯ᠂ 《ᠭᠤᠷᠪᠠᠨ ᠰᠢᠨ᠎ᠡ》 ᠵᠢᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ᠂  ᠰᠢᠷ᠎ᠠ ᠪᠤᠷᠴᠠᠭ᠎ᠤᠨ ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢᠨ ᠲᠠᠷᠢᠯᠭ᠎ᠠ᠂  ᠲᠤᠷᠰᠢᠯᠲᠠ ᠵᠢᠨ ᠬᠢᠨᠠᠨ ᠬᠡᠮᠵᠢᠯᠲᠡ᠂  ᠲᠣᠭ᠎ᠠ ᠪᠠᠷᠢᠮᠲᠠ ᠵᠢ ᠵᠠᠳᠠᠯᠤᠯᠳᠠ ᠭᠡᠷᠡᠭᠯᠡᠯᠳᠡ᠂  ᠰᠢᠮ᠎ᠡ ᠲᠡᠵᠢᠭᠡᠯ᠎ᠤᠨ ᠣᠨᠣᠰᠢᠯᠠᠯᠲᠠ᠂  ᠤᠬᠠᠭᠤᠯᠭ᠎ᠠ ᠪᠣᠯᠪᠠᠰᠤᠷᠠᠯ᠂  ᠪᠣᠷᠳᠣᠭᠤᠷ᠎ᠤᠨ ᠶᠠᠰᠤ ᠴᠢᠨᠠᠷ᠎ᠤᠨ  ᠰᠤᠭᠤᠴᠢᠨ ᠪᠠᠢ᠌ᠴᠠᠭ᠋ᠠᠯᠳᠠ  ᠵᠡᠷᠭᠡ ᠬᠠᠮᠢᠶ᠎ᠠ ᠪᠦᠬᠦᠢ ᠠᠵᠢᠯ᠎ᠳᠤ ᠬᠡᠷᠡᠭᠯᠡᠨ᠎ᠡ᠃ 《ᠭᠤᠷᠪᠠᠨ ᠰᠢᠨ᠎ᠡ》 ᠵᠢᠨ ᠬᠤᠷᠠᠮᠠᠯ ᠵᠠᠭᠪᠤᠷ᠎ᠢ ᠳᠡᠯᠭᠡᠷᠡᠭᠦᠯᠬᠦ᠂ 《ᠴᠢᠬᠢ ᠦᠵᠡᠵᠦ ᠪᠣᠷᠳᠣᠭᠤᠷ ᠰᠣᠩᠭᠣᠬᠤ》  ᠲᠠᠪᠴᠠᠩ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠰᠡᠬᠦ ᠪᠣᠷᠳᠣᠭᠤᠷ (ᠡᠷᠬᠡᠪᠰᠢ ᠪᠣᠷᠳᠣᠭᠤᠷ᠎ᠤᠨ ᠳᠠᠩᠰᠠᠯᠠᠯᠲᠠ ᠵᠢᠨ ᠦᠨᠡᠮᠯᠡᠯ ᠪᠤᠶᠤ ᠳᠠᠩᠰᠠᠯᠠᠯᠲᠠ ᠵᠢᠨ ᠳ᠋ᠤᠭ᠋ᠠᠷ ᠣᠯᠬᠤ ᠬᠡᠷᠡᠭᠲᠡᠢ)᠂  ᠦᠢ᠍ᠯᠡᠴᠢᠯᠡᠭᠡᠨ᠎ᠤ ᠠᠵᠢᠯ ᠵᠡᠷᠭᠡ᠎ᠳᠤ ᠵᠣᠬᠢᠰᠲᠠᠢ ᠨᠥᠬᠥᠪᠦᠷᠢ ᠥᠭᠴᠦ ᠪᠣᠯᠣᠨ᠎ᠠ᠂  ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ᠎ᠳᠤ ᠬᠡᠷᠡᠭᠯᠡᠵᠦ ᠪᠣᠯᠬᠤ ᠦᠭᠡᠢ᠃  ᠲᠥᠷᠥᠯ ᠵᠦᠢ᠍ᠯ᠎ᠤᠨ ᠲᠣᠭᠣᠷᠢᠭ᠎ᠤᠨ ᠲᠤᠬᠠᠢ ᠵᠢᠨ ᠭᠠᠵᠠᠷ᠎ᠤᠨ ᠲᠠᠷᠢᠶᠠᠴᠢᠨ ᠡᠷᠦᠬᠡ ᠵᠢ ᠬᠥᠳᠡᠯᠮᠦᠷᠢ ᠦᠢ᠍ᠯᠡᠴᠢᠯᠡᠭᠡ᠎ᠳᠤ ᠣᠷᠣᠯᠴᠠᠭᠤᠯᠬᠤ ᠵᠢ ᠵᠣᠷᠢᠭᠵᠢᠭᠤᠯᠵᠤ᠂  ᠲᠠᠷᠢᠶᠠᠴᠢᠨ ᠡᠷᠦᠬᠡ ᠵᠢᠨ ᠣᠷᠣᠯᠭ᠎ᠠ᠎ᠪᠠᠨ  ᠨᠡᠮᠡᠭᠳᠡᠭᠦᠯᠬᠦ ᠵᠠᠮ᠎ᠢ ᠥᠷᠭᠡᠳᠬᠡᠬᠦ ᠬᠡᠷᠡᠭᠲᠡᠢ᠃  ᠭᠤᠷᠪᠠ᠎ᠳᠤ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢ  ᠴᠢᠩᠭ᠋ᠠᠳᠬᠠᠬᠤ ᠬᠡᠷᠡᠭᠲᠡᠢ᠃  ᠲᠠᠷᠢᠶᠠᠴᠢᠨ ᠡᠷᠦᠬᠡ ᠵᠢᠨ ᠪᠣᠷᠳᠣᠭᠤᠷ ᠣᠷᠣᠭᠤᠯᠬᠤ ᠪᠠᠢ᠌ᠴᠠᠭ᠋ᠠᠯᠲᠠ ᠵᠡᠷᠭᠡ ᠲᠣᠭ᠎ᠠ ᠪᠠᠷᠢᠮᠲᠠ ᠵᠢ ᠴᠠᠭ ᠲᠤᠬᠠᠢ᠎ᠳᠤᠨᠢ ᠴᠤᠭᠯᠠᠭᠤᠯᠵᠤ ᠲᠠᠭᠯᠠᠨ ᠮᠡᠳᠡᠭᠦᠯᠵᠦ᠂  ᠡᠯ᠎ᠡ ᠠᠢ᠌ᠮᠠᠭ ᠬᠣᠲᠠ  ᠲᠣᠭ᠎ᠠ ᠪᠠᠷᠢᠮᠲᠠ ᠵᠢᠨ ᠠᠩᠬᠠᠨ᠎ᠤ ᠬᠢᠨᠠᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂  ᠯᠣᠭᠢᠭ᠎ᠤᠨ  ᠪᠤᠷᠤᠭᠤᠳᠠᠯ ᠎ᠠᠴᠠ ᠵᠠᠢ᠌ᠯᠠᠰᠬᠢᠬᠦ ᠬᠡᠷᠡᠭᠲᠡᠢ᠃  ᠲᠣᠭ᠎ᠠ ᠪᠠᠷᠢᠮᠲᠠ ᠵᠢᠨ ᠵᠠᠳᠠᠯᠤᠯᠲᠠ ᠵᠢ ᠴᠢᠩᠭ᠋ᠠᠷᠠᠭᠤᠯᠵᠤ᠂  ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ ᠰᠢᠷᠣᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ ᠳ᠋ᠠᠢ᠌ᠲ᠋ᠠ ᠵᠢᠨ ᠬᠥᠮᠥᠷᠭᠡ ᠵᠢᠨ ᠬᠡᠷᠡᠭᠯᠡᠭᠡᠨ᠎ᠤ ᠤᠯᠤᠰ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂  ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠬᠤ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠪᠤᠰᠤᠳ ᠨᠢᠭᠡᠴᠡ ᠪᠤᠶᠤ ᠬᠤᠪᠢ ᠬᠥᠮᠥᠨ᠎ᠳᠤ ᠳᠤᠷ᠎ᠠ᠎ᠪᠠᠷ ᠵᠶ᠋ᠠᠨ ᠬᠠᠩᠭ᠋ᠠᠵᠤ ᠪᠣᠯᠬᠤ ᠦᠭᠡᠢ᠃  ᠲᠣᠭ᠎ᠠ ᠪᠠᠷᠢᠮᠲᠠ ᠵᠢ ᠳᠡᠭᠡᠭᠰᠢ ᠮᠡᠳᠡᠭᠦᠯᠦᠭᠰᠡᠨ᠎ᠤ ᠳᠠᠷᠠᠭ᠎ᠠ  ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠢ᠃  ᠳᠥᠷᠪᠡ᠎ᠳᠤ᠂  ᠲᠦᠷᠦᠯ ᠵᠦᠢ᠍ᠯ᠎ᠤᠨ ᠬᠠᠮᠢᠶᠠᠷᠤᠯᠲᠠ ᠵᠢ  ᠴᠢᠩᠭ᠋ᠠᠳᠬᠠᠬᠤ ᠬᠡᠷᠡᠭᠲᠡᠢ᠃  ᠲᠤᠰᠬᠠᠢ ᠬᠥᠮᠥᠨ ᠵᠶ᠋ᠡᠷ ᠬᠠᠷᠢᠭᠤᠴᠠᠭᠤᠯᠤᠨ 《ᠨᠢᠭᠡ ᠰᠠᠷ᠎ᠠ᠎ᠳᠤ ᠨᠢᠭᠡ ᠤᠳᠠᠭ᠎ᠠ ᠲᠣᠬᠢᠷᠠᠭᠤᠯᠬᠤ》  ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂  ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠬᠦ ᠨᠢᠭᠡᠴᠡ ᠵᠢᠨ ᠭᠣᠣᠯ ᠬᠠᠷᠢᠭᠤᠴᠠᠯᠭ᠋ᠠᠲᠠᠨ ᠵᠶ᠋ᠠᠷ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠣᠯᠭ᠋ᠠᠵᠤ᠂  ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠬᠤ ᠭᠡᠷᠡᠭᠳᠡᠢ᠃ ᠲᠥᠷᠥᠯ ᠵᠦᠢ᠍ᠯ᠎ᠤᠨ ᠲᠣᠭᠣᠷᠢᠭ᠎ᠨᠢ ᠪᠣᠳᠠᠲᠠᠢ᠎ᠲᠠᠢ᠎ᠪᠠᠨ ᠤᠶᠠᠯᠳᠤᠭᠤᠯᠤᠨ ᠲᠡᠮᠳᠡᠭ ᠫᠠᠢ᠌ᠰᠠ ᠪᠤᠰᠬᠠᠵᠤ᠂  ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂  ᠬᠠᠭᠤᠴᠢᠨ ᠡᠳ᠋᠎ᠢ ᠠᠰᠢᠭᠯᠠᠨ᠂  ᠬᠡᠮ ᠬᠡᠮᠵᠢᠶ᠎ᠡ᠎ᠨᠢ ᠲᠣᠬᠢᠷᠠᠮᠵᠢᠲᠠᠢ᠂  ᠬᠡᠷᠡᠭᠯᠡᠬᠦ᠎ᠪᠠᠷ ᠭᠣᠣᠯ ᠪᠣᠯᠭ᠋ᠠᠬᠤ ᠬᠡᠷᠡᠭᠲᠡᠢ᠃  ᠡᠯ᠎ᠡ ᠭᠠᠵᠠᠷ᠎ᠤᠨ ᠪᠡᠯᠡ ᠮᠥᠩᠭᠥ  ᠪᠠᠭᠤᠯᠭ᠋ᠠᠨ ᠥᠭᠬᠦ ᠠᠬᠢᠴᠠ ᠵᠢ ᠡᠭᠦᠷᠭᠡ ᠵᠢᠨ ᠠᠬᠢᠴᠠ᠎ᠲᠠᠢ ᠵᠣᠬᠢᠴᠠᠭᠤᠯᠵᠤ᠂  ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠲᠠᠪᠴᠠᠩ᠎ᠳᠤ  ᠴᠠᠭ ᠲᠤᠬᠠᠢ᠎ᠳᠤᠨᠢ ᠲᠠᠭᠯᠠᠨ ᠮᠡᠳᠡᠭᠦᠯᠵᠦ᠂  ᠪᠡᠯᠡ ᠮᠥᠩᠭᠥ ᠥᠭᠬᠦ ᠠᠬᠢᠴᠠ ᠵᠢ ᠦᠷᠭᠦᠯᠵᠢᠯᠡᠨ ᠵᠢᠯ᠎ᠤᠨ ᠡᠴᠦᠰ᠎ᠤᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢᠴᠢ ᠳᠠᠷᠠᠭ᠎ᠠ ᠨᠢᠭᠡ ᠵᠢᠯ᠎ᠤᠨ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠴᠢᠬᠤᠯᠠ ᠦᠨᠳᠦᠰᠦᠯᠡᠯ  ᠪᠣᠯᠭ᠋ᠠᠬᠤ ᠬᠡᠷᠡᠭᠲᠡᠢ᠃

      ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠨᠢ 5 ᠰᠠᠷ᠎ᠠ ᠵᠢᠨ 16᠎ᠤ ᠡᠳᠦᠷ᠎ᠠᠴᠠ ᠡᠮᠦᠨ᠎ᠡ ᠬᠡᠷᠡᠭᠵᠢᠭᠦᠯᠬᠦ ᠲᠥᠰᠥᠯ ᠪᠠ 《ᠭᠤᠷᠪᠠᠨ ᠰᠢᠨ᠎ᠡ》 ᠵᠢ ᠲᠥᠪᠯᠡᠷᠡᠭᠦᠯᠦᠨ ᠠᠬᠢᠭᠤᠯᠬᠤ ᠰᠢᠶᠠᠨ᠎ᠤ ᠬᠡᠷᠡᠭᠵᠢᠭᠦᠯᠬᠦ ᠲᠥᠰᠥᠯ ᠵᠶ᠋ᠡᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠬᠦ ᠵᠢᠨ ᠬᠠᠮᠲᠤ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠬᠥᠷᠥᠰᠥ ᠰᠢᠷᠣᠢ ᠪᠣᠷᠳᠣᠭᠤᠷ ᠪᠠ ᠤᠰᠤ ᠠᠷᠪᠢᠯᠠᠬᠤ ᠲᠠᠷᠢᠶᠠᠯᠠᠩ᠎ᠤᠨ ᠮᠡᠷᠭᠡᠵᠢᠯ᠎ᠤᠨ ᠭᠠᠵᠠᠷ᠎ᠲᠤ ᠬᠠᠭᠤᠯᠤᠨ ᠬᠦᠷᠭᠡᠬᠦ ᠬᠡᠷᠡᠭᠲᠡᠢ᠃  ᠤᠯᠠᠷᠢᠯ ᠪᠦᠷᠢ ᠵᠢᠨ ᠡᠴᠦᠰ᠎ᠲᠤ ᠠᠬᠢᠴᠠ ᠵᠢᠨ ᠪᠠᠢ᠌ᠳᠠᠯ ᠵᠶ᠋ᠠᠨ ᠮᠡᠳᠡᠭᠦᠯᠦᠨ ᠬᠦᠷᠭᠡᠵᠦ᠂ 11 ᠰᠠᠷ᠎ᠠ ᠵᠢᠨ 15᠎ᠤ ᠡᠳᠦᠷ᠎ᠠᠴᠠ ᠡᠮᠦᠨ᠎ᠡ ᠪᠣᠷᠳᠣᠭᠤᠷ ᠣᠷᠣᠭᠤᠯᠤᠭᠰᠠᠨ ᠪᠠᠢ᠌ᠳᠠᠯ᠎ᠤᠨ ᠲᠤᠰᠬᠠᠢ ᠰᠡᠳᠦᠪᠲᠦ ᠮᠡᠳᠡᠭᠦᠯᠦᠯᠲᠡ᠂  ᠲᠥᠷᠥᠯ ᠵᠦᠢ᠍ᠯ᠎ᠤᠨ ᠣᠨ᠎ᠤ ᠳ᠋ᠦᠩᠨᠡᠯᠲᠡ ᠪᠠ ᠠᠵᠢᠯ᠎ᠤᠨ ᠠᠮᠵᠢᠯᠲᠠ ᠪᠦᠲᠦᠮᠵᠢ ᠵᠢᠨ ᠥᠪᠡᠷ᠎ᠤᠨ ᠦᠨᠡᠯᠡᠯᠲᠡ ᠵᠢᠨ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠢ᠃

 

                             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ

                             ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ

                                            2025 ᠣᠨ᠎ᠤ 4 ᠰᠠᠷ᠎ᠠ ᠵᠢᠨ 30᠎ᠤ  ᠡᠳᠦᠷ

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            