ᠡᠯ᠎ᠡ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠂ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭ᠋ᠠᠯᠠᠯᠲᠠ ᠤᠷᠭᠤᠮᠠᠯ᠎ᠤᠨ ᠪᠠᠢ᠌ᠴᠠᠭ᠋ᠠᠯᠲᠠ ᠵᠢᠨ ᠲᠥᠪ᠎ᠲᠤ᠄
ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠱᠠᠭ᠋ᠠᠷᠳᠠᠯᠭ᠎ᠠ ᠶᠣᠰᠣᠭ᠋ᠠᠷ᠂ ᠡᠨᠡ ᠵᠢᠯ ᠤᠯᠤᠰ᠎ᠤᠨ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠠᠵᠢᠯᠯᠠᠭ᠎ᠠ ᠵᠢᠨ ᠲᠥᠷᠥᠯ ᠵᠦᠢ᠍ᠯ᠎ᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠭᠣᠣᠯᠳᠠᠯᠭ᠎ᠠ᠎ᠲᠠᠢ ᠣᠷᠣᠨ ᠪᠦᠰᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠪᠠᠭᠤᠯᠢᠭ ᠡᠬᠢ ᠪᠠᠶᠠᠯᠢᠭ᠎ᠢ ᠨᠡᠢ᠌ᠳᠬᠡᠵᠦ᠂ ᠨᠡᠩ ᠶᠡᠬᠡ ᠬᠡᠪᠴᠢᠶ᠎ᠡ᠂ ᠨᠡᠩ ᠥᠨᠳᠥᠷ ᠲᠦᠪᠰᠢᠨ᠎ᠠᠴᠠ ᠰᠠᠢ᠌ᠨ ᠲᠠᠷᠢᠶ᠎ᠠ ᠰᠠᠢ᠌ᠨ ᠡᠭᠦᠯᠳᠡᠷ ᠰᠠᠢ᠌ᠨ ᠲᠣᠬᠢᠶᠠᠯ ᠰᠠᠢ᠌ᠨ ᠠᠷᠭ᠎ᠠ ᠵᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠠᠮᠤ ᠪᠤᠳᠠᠭ᠎ᠠ ᠲᠣᠰᠣ ᠵᠡᠷᠭᠡ ᠭᠣᠣᠯ ᠪᠣᠯᠬᠤ ᠲᠠᠷᠢᠮᠠᠯ᠎ᠤᠨ ᠭᠠᠷᠤᠯᠲᠠ ᠵᠢ ᠶᠡᠬᠡ ᠬᠡᠪᠴᠢᠶ᠎ᠡ᠎ᠪᠠᠷ ᠲᠡᠩᠴᠡᠭᠦᠷᠢᠲᠡᠢ ᠨᠡᠮᠡᠭᠳᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠲᠠᠢ᠍ᠢ᠍ᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠲᠤᠰᠤᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠵᠢᠨ ᠲᠦᠯᠦᠭᠡ᠂ ᠡᠳᠦᠭᠡ 《2025 ᠣᠨ᠎ᠤ ᠤᠯᠤᠰ᠎ᠤᠨ ᠲᠠᠰ᠎ᠤᠨ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠠᠵᠢᠯᠯᠠᠭ᠎ᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠯ᠎ᠠ᠂ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠥᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠦᠨᠡᠨᠬᠦ ᠠᠬᠢᠭᠤᠯᠵᠤ᠂ ᠡᠯ᠎ᠡ ᠵᠦᠢ᠍ᠯ᠎ᠤᠨ ᠡᠭᠦᠷᠭᠡ ᠬᠠᠷᠠᠯᠲᠠ ᠵᠢᠨ ᠤᠷᠤᠭᠰᠢᠲᠠᠢ ᠪᠡᠶᠡᠯᠡᠭᠳᠡᠬᠦ ᠵᠢ ᠦᠨᠡᠨᠬᠦ ᠪᠠᠲᠤᠯᠠᠲᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ
ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ
2025 ᠣᠨ᠎ᠤ 4 ᠰᠠᠷ᠎ᠠ ᠵᠢᠨ 30᠎ᠤ ᠡᠳᠦᠷ
2025 ᠣᠨ᠎ᠤ ᠤᠯᠤᠰ᠎ᠤᠨ ᠲᠠᠰ᠎ᠤᠨ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠠᠵᠢᠯᠯᠠᠭ᠎ᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ
《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ 〈2025 ᠣᠨ᠎ᠤ ᠪᠥᠬᠥ ᠤᠯᠤᠰ᠎ᠤᠨ ᠠᠮᠤ ᠲᠣᠰᠣᠨ᠎ᠤ ᠲᠠᠷᠢᠮᠠᠯ᠎ᠤᠨ ᠲᠠᠯᠠᠪᠠᠶ ᠶᠡᠬᠡ ᠲᠠᠷᠢᠶᠠᠨ᠎ᠤ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠲᠠᠷᠢᠶᠠᠯᠠᠩ ᠬᠥᠭᠵᠢᠯᠲᠡ ᠲᠠᠷᠬᠠᠭ᠋ᠠᠭᠰᠠᠨ [2025]
1 ᠳ᠋ᠦ᠍ᠭᠡᠷ ᠲᠣᠭ᠋ᠠᠲᠤ)᠂ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ 2025 ᠣᠨ᠎ᠤ ᠠᠮᠤ ᠳᠤᠰᠤᠨ᠎ᠤ ᠦᠢ᠍ᠯᠡᠳᠪᠦᠷᠢᠯᠡᠯ᠎ᠤᠨ ᠪᠠᠳᠤᠯᠠᠭ᠎ᠠ ᠵᠡᠷᠭᠡ ᠲᠦᠷᠦᠯ ᠵᠦᠢ᠍ᠯ᠎ᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠲᠠᠷᠢᠶᠠᠯᠠᠩ ᠲᠥᠯᠥᠪᠯᠡᠭᠡ ᠡᠳ᠋ ᠲᠠᠷᠬᠠᠭ᠋ᠠᠭᠰᠠᠨ [2025] 9 ᠳ᠋ᠦ᠍ᠭᠡᠷ ᠲᠣᠭ᠋ᠠᠲᠤ)᠂ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ ᠠᠮᠤ ᠪᠤᠳᠠᠭ᠎ᠠ ᠲᠣᠰᠣ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠠᠵᠢᠯ᠎ᠢ ᠳᠡᠮᠵᠢᠬᠦ ᠲᠤᠬᠠᠢ ᠮᠡᠳᠡᠭᠳᠡᠯ》 (ᠲᠠᠷᠢᠶᠠᠯᠠᠩ ᠠᠯᠪᠠᠨ ᠲᠥᠯᠥᠪᠯᠡᠭᠡ ᠡᠳ᠋ [2023] 20 ᠳ᠋ᠤᠭ᠋ᠠᠷ ᠲᠣᠭ᠋ᠠᠲᠤ) ᠪᠠ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ 〈2025 ᠣᠨ᠎ᠤ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠠᠵᠢᠯᠯᠠᠭ᠎ᠠ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠲᠥᠰᠥᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠲᠠᠷᠢᠶᠠᠯᠠᠩ ᠠᠯᠪᠠᠨ ᠲᠠᠷᠢᠶᠠᠯᠠᠩ [2025] 14 ᠳ᠋ᠦ᠍ᠭᠡᠷ
ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ 〈2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠲᠣᠰᠣ ᠵᠡᠷᠭᠡ ᠭᠣᠣᠯ ᠪᠣᠯᠬᠤ ᠲᠠᠷᠢᠮᠠᠯ᠎ᠢ ᠲᠠᠯᠠᠪᠠᠶ ᠶᠡᠬᠡ ᠲᠠᠷᠢᠶᠠᠨ᠎ᠤ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯ᠎ᠤᠨ ᠲᠥᠰᠥᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠥᠪᠥᠷ ᠲᠠᠷᠢᠶᠠᠯᠠᠩ ᠮᠠᠯ ᠠᠵᠤ ᠠᠬᠤᠢ ᠦᠷ᠎ᠡ ᠲᠠᠷᠢᠮᠠᠯ ᠲᠠᠷᠬᠠᠭ᠋ᠠᠭᠰᠠᠨ [2025] 167 ᠳ᠋ᠤᠭ᠋ᠠᠷ ᠲᠣᠭ᠋ᠠᠲᠤ) ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠤᠰᠤ ᠠᠷᠪᠢᠯᠠᠬᠤ ᠠᠵᠢᠯᠯᠠᠭ᠎ᠠ》 ᠵᠢᠨ ᠪᠣᠳᠠᠲᠠᠢ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠰᠢᠯᠢᠮᠳᠡᠭ᠂ ᠲᠥᠮᠥᠰᠥ᠂ ᠤᠰᠤᠨ ᠲᠤᠲᠤᠷᠭ᠎ᠠ ᠵᠡᠷᠭᠡ ᠭᠣᠣᠯ ᠪᠣᠯᠬᠤ ᠠᠮᠤ ᠳᠤᠰᠤᠨ᠎ᠤ ᠲᠠᠷᠢᠮᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠯᠠᠪᠠᠢ ᠶᠡᠬᠡ ᠲᠠᠷᠢᠶᠠᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠪᠦᠬᠦᠯᠢ ᠪᠠᠢ᠌ᠭᠤᠯᠤᠮᠵᠢ᠎ᠪᠠᠷ ᠲᠥᠪᠯᠡᠷᠡᠭᠦᠯᠦᠨ ᠳᠡᠯᠭᠡᠷᠡᠭᠦᠯᠵᠦ᠂ ᠶᠡᠬᠡ ᠲᠠᠯᠠᠪᠠᠢ᠎ᠲᠠᠢ ᠲᠡᠩᠴᠡᠭᠦᠷᠢᠲᠡᠢ ᠤᠨᠠᠯᠲᠠ ᠵᠢ ᠨᠡᠮᠡᠭᠳᠡᠭᠦᠯᠬᠦ ᠵᠢ ᠲᠠᠢ᠍ᠢ᠍ᠴᠢᠯᠠᠨ᠎ᠠ᠃ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠣᠨᠴᠣᠭᠣᠶ᠋ᠢᠯᠠᠨ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠬᠠᠷᠠᠯᠲᠠ ᠵᠢᠨ ᠡᠭᠦᠷᠭᠡ
ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ᠎ᠪᠠᠷ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠠᠮᠤᠷ ᠲᠦᠪᠰᠢᠨ᠎ᠤ ᠬᠠᠩᠭ᠋ᠠᠯᠭ᠎ᠠ ᠵᠢ ᠪᠠᠲᠤᠯᠠᠬᠤ᠎ᠪᠠᠷ ᠲᠡᠷᠢᠭᠦᠨ ᠴᠢᠬᠤᠯᠠ ᠶᠠᠪᠤᠳᠠᠯ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠨᠢᠭᠡ ᠡᠭᠡᠯᠵᠢ ᠵᠢᠨ ᠮᠢᠩᠭ᠋ᠠᠨ ᠳ᠋ᠦᠩᠰᠢᠭᠤᠷ ᠵᠢᠩ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠠᠷᠠᠯᠲᠠ ᠵᠢ ᠲᠣᠭᠲᠠᠭ᠋ᠠᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠯᠠᠪᠠᠢ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠬᠦ 《ᠬᠣᠶᠠᠷ ᠮᠢᠩᠭ᠋ᠠᠨ ᠲᠦᠮᠡ》 ᠵᠢᠨ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠮᠤ ᠪᠤᠳᠠᠭ᠎ᠠ ᠲᠣᠰᠣ ᠵᠡᠷᠭᠡ ᠭᠣᠣᠯ ᠪᠣᠯᠬᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ᠎ᠪᠠᠷ ᠭᠣᠣᠯ ᠱᠤᠭᠤᠮ ᠪᠣᠯᠭ᠋ᠠᠵᠤ᠂ ᠤᠯᠤᠰ᠎ᠤᠨ ᠲᠠᠰ᠎ᠤᠨ ᠪᠦᠬᠦᠯᠢ ᠪᠠᠢ᠌ᠭᠤᠯᠤᠯ ᠵᠶ᠋ᠡᠷ ᠠᠬᠢᠭᠤᠯᠬᠤ ᠰᠢᠶᠠᠨ ᠵᠶ᠋ᠠᠷ ᠭᠣᠣᠯ ᠪᠣᠯᠭ᠋ᠠᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠦᠬᠦᠯᠢ ᠪᠠᠢ᠌ᠭᠤᠯᠤᠯ ᠵᠶ᠋ᠡᠷ ᠠᠬᠢᠭᠤᠯᠬᠤ ᠰᠢᠶᠠᠨ᠎ᠢ ᠰᠦᠪᠡᠭᠴᠢᠯᠡᠨ ᠪᠠᠢ᠌ᠭᠤᠯᠵᠤ᠂ ᠰᠠᠢ᠌ᠨ ᠲᠠᠷᠢᠶ᠎ᠠ ᠰᠠᠢ᠌ᠨ ᠡᠭᠦᠯᠳᠡᠷ ᠰᠠᠢ᠌ᠨ ᠲᠣᠬᠢᠶᠠᠯ ᠰᠠᠢ᠌ᠨ ᠠᠷᠭ᠎ᠠ ᠵᠢ ᠲᠥᠪᠯᠡᠷᠡᠭᠦᠯᠦᠨ ᠳᠡᠯᠭᠡᠷᠡᠭᠦᠯᠬᠦ ᠵᠢ ᠲᠦᠷᠭᠡᠳᠬᠡᠨ᠂ ᠭᠣᠣᠯᠯᠠᠬᠤ ᠡᠭᠦᠯᠳᠡᠷ᠂ ᠭᠣᠣᠯ ᠳᠡᠯᠭᠡᠷᠡᠭᠦᠯᠬᠦ ᠮᠡᠷᠭᠡᠵᠢᠯ᠂ ᠭᠣᠣᠯ ᠬᠦᠴᠦᠨ᠎ᠤ ᠮᠠᠰᠢᠨ᠎ᠤ ᠬᠡᠯᠪᠡᠷᠢ ᠵᠢ ᠠᠭᠤᠰᠤᠯᠴᠠᠭᠤᠯᠤᠨ ᠬᠥᠭᠵᠢᠭᠦᠯᠬᠦ ᠵᠢ ᠦᠷᠭᠦᠯᠵᠢᠯᠡᠨ ᠠᠬᠢᠭᠤᠯᠵᠤ᠂ ᠣᠷᠣᠨ ᠪᠦᠰᠡ᠂ ᠬᠦᠴᠦᠨ ᠵᠦᠢ᠍ᠯ᠂ ᠭᠣᠭᠴᠣᠭ᠎ᠠ ᠬᠤᠪᠢᠶᠠᠨ ᠲᠠᠷᠢᠶᠠᠯᠠᠵᠤ ᠬᠤᠷᠢᠶᠠᠬᠤ ᠵᠢ ᠬᠠᠮᠢᠶᠠᠷᠬᠤ ᠪᠥᠬᠥ ᠶᠠᠪᠤᠴᠠ ᠵᠢ ᠰᠠᠢ᠌ᠲᠤᠷ ᠠᠳᠬᠤᠵᠤ᠂ ᠶᠡᠬᠡ ᠬᠡᠪᠴᠢᠶ᠎ᠡ᠎ᠪᠠᠷ ᠲᠡᠩᠴᠡᠭᠦᠷᠢᠲᠡᠢ ᠬᠤᠷᠢᠶᠠᠯᠲᠠ ᠨᠡᠮᠡᠭᠳᠡᠭᠦᠯᠬᠦ ᠪᠠ ᠦᠷ᠎ᠡ ᠠᠰᠢᠭ᠎ᠢ ᠳᠡᠭᠡᠭᠰᠢᠯᠡᠭᠦᠯᠬᠦ ᠵᠢ ᠨᠥᠯᠥᠭᠡᠯᠡᠨ ᠳᠠᠶ᠋ᠢᠴᠢᠯᠠᠨ᠎ᠠ᠃
ᠬᠣᠶᠠᠷ᠂ ᠪᠦᠲᠦᠭᠡᠨ ᠪᠠᠶ᠋ᠢᠭᠤᠯᠬᠤ ᠠᠭᠤᠯᠭ᠎ᠠ
(ᠨᠢᠭᠡ) ᠨᠢᠭᠡ ᠪᠦᠯᠦᠭ ᠠᠮᠤ ᠪᠤᠳᠠᠭ᠎ᠠ ᠲᠣᠰᠣᠨ᠎ᠤ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠡᠷ ᠲᠦᠯᠬᠢᠨ ᠠᠬᠢᠭᠤᠯᠬᠤ ᠰᠢᠶᠠᠨ᠎ᠢ ᠪᠦᠲᠦᠭᠡᠨ ᠪᠠᠢ᠌ᠭᠤᠯᠤᠨ᠎ᠠ᠃ ᠮᠠᠨ᠎ᠤ ᠣᠷᠣᠨ᠎ᠤ ᠡᠬᠢ ᠪᠠᠶᠠᠯᠢᠭ᠎ᠤᠨ ᠪᠠᠶᠠᠯᠢᠭ ᠪᠠ ᠦᠢ᠍ᠯᠡᠳᠪᠦᠷᠢᠯᠡᠯ᠎ᠤᠨ ᠨᠥᠬᠥᠴᠡᠯ᠎ᠳᠤ ᠰᠠᠭᠤᠷᠢᠯᠠᠨ᠂ 49 ᠤᠯᠤᠰ᠎ᠤᠨ ᠲᠠᠰ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢ ᠪᠡᠶᠡᠯᠡᠭᠦᠯᠦᠭᠰᠡᠨ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠡᠷ ᠲᠦᠯᠬᠢᠨ ᠠᠬᠢᠭᠤᠯᠬᠤ ᠰᠢᠶᠠᠨ᠎ᠤ ᠰᠠᠭᠤᠷᠢᠨ ᠳᠡᠭᠡᠷ᠎ᠡ᠂ ᠡᠯ᠎ᠡ ᠠᠢ᠌ᠮᠠᠭ ᠬᠣᠲᠠ᠎ᠨᠤᠭᠤᠳ ᠪᠣᠳᠠᠲᠠᠢ᠎ᠳᠠᠭᠠᠨ ᠰᠠᠭᠤᠷᠢᠯᠠᠨ᠂ ᠲᠣᠰ ᠭᠠᠵᠠᠷ᠎ᠤᠨ ᠳᠠᠪᠠᠭᠤᠯᠢᠭ ᠣᠨᠴᠠᠯᠢᠭᠲᠤ ᠲᠠᠷᠢᠮᠠᠯ᠎ᠲᠠᠢ ᠤᠶᠠᠯᠳᠤᠭᠤᠯᠵᠤ᠂ 65 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢ ᠪᠥᠬᠥ ᠪᠠᠢ᠌ᠭᠤᠯᠤᠮᠵᠢ ᠵᠢᠨ ᠳᠦᠷᠢᠮ ᠵᠶ᠋ᠡᠷ ᠲᠦᠯᠬᠢᠨ ᠠᠬᠢᠭᠤᠯᠬᠤ ᠰᠢᠶᠠᠨ᠎ᠢ ᠤᠷᠢᠳᠠᠪᠠᠷ ᠳᠡᠮᠵᠢᠵᠦ ᠪᠣᠯᠣᠨ᠎ᠠ᠃ ᠠᠮᠤ ᠪᠤᠳᠠᠭ᠋ᠠᠨ᠎ᠤ ᠲᠠᠷᠢᠮᠠᠯ᠎ᠢ ᠠᠬᠢᠭᠤᠯᠬᠤ ᠰᠢᠶᠠᠨ ᠪᠣᠯᠭ᠋ᠠᠨ᠎ᠳᠤ 10 ᠮᠢᠩᠭ᠋ᠠᠨ ᠮᠦ᠍ ᠪᠠ 2 ᠲᠦᠮᠡᠨ ᠮᠦ᠍ ᠵᠢ ᠪᠠᠢ᠌ᠭᠤᠯᠵᠤ᠂ 10 ᠲᠦᠮᠡᠨ ᠮᠦ᠍᠎ᠠᠴᠠ ᠳᠡᠭᠡᠭᠰᠢᠬᠢ ᠵᠢ ᠨᠥᠯᠥᠭᠡᠯᠡᠨ ᠳᠠᠢ᠌ᠴᠢᠯᠠᠨ᠎ᠠ; ᠰᠢᠷ᠎ᠠ ᠪᠤᠷᠴᠠᠭ᠂ ᠲᠣᠰᠣᠯᠢᠭ ᠲᠠᠷᠢᠮᠠᠯ ᠪᠣᠯᠣᠨ ᠬᠣᠯᠢᠮᠠᠭ ᠠᠮᠤ ᠬᠣᠯᠢᠮᠠᠭ ᠪᠤᠷᠴᠠᠭ (ᠨᠠᠷᠢᠮᠤ ᠪᠠᠭᠲᠠᠬᠤ ᠦᠭᠡᠢ) ᠪᠦᠷᠢ᠎ᠳᠤ ᠰᠢᠶᠠᠨ᠎ᠤ 20 ᠵᠠᠭᠤᠨ ᠮᠦ᠍ ᠲᠠᠷᠢᠶ᠎ᠠ ᠪᠠ 5 ᠮᠢᠩᠭ᠋ᠠᠨ ᠮᠦ᠍ ᠲᠠᠷᠢᠬᠤ ᠵᠢ ᠠᠬᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ᠎ᠬᠢᠨ 1—2 ᠲᠦᠮᠡᠨ ᠮᠦ᠍ ᠲᠠᠯᠠᠪᠠᠢ ᠪᠠᠶ᠋ᠢᠭᠤᠯᠬᠤ ᠵᠢ ᠵᠣᠷᠢᠭᠵᠢᠭᠤᠯᠵᠤ᠂ 5 ᠲᠦᠮᠡᠨ ᠮᠦ᠍᠎ᠠᠴᠠ ᠳᠡᠭᠡᠭᠰᠢᠬᠢ ᠵᠢ ᠨᠥᠯᠥᠭᠡᠯᠡᠨ ᠳᠠᠶ᠋ᠢᠴᠢᠯᠠᠨ᠎ᠠ᠃ ᠲᠥᠷᠥᠯ ᠵᠦᠢ᠍ᠯ᠎ᠤᠨ ᠣᠷᠣᠨ᠎ᠳᠤ ᠵᠢᠱ᠌ᠢᠶ᠎ᠡ ᠦᠵᠡᠭᠦᠯᠬᠦ ᠬᠡᠰᠡᠭ᠎ᠤᠨ ᠮᠦ᠍ ᠪᠦᠷᠢ ᠵᠢᠨ ᠤᠨᠠᠯᠲᠠ ᠵᠢ ᠲᠤᠬᠠᠢ ᠵᠢᠨ ᠭᠠᠵᠠᠷ᠎ᠤᠨ ᠳᠤᠮᠳᠠᠴᠢ ᠬᠢᠷᠢ ᠬᠡᠮᠵᠢᠶ᠎ᠡ᠎ᠠᠴᠠ 5%᠎ᠠᠴᠠ ᠳᠡᠭᠡᠭᠰᠢ ᠥᠨᠳᠥᠷ ᠪᠠᠢ᠌ᠯᠭ᠋ᠠᠬᠤ ᠵᠢ ᠴᠢᠷᠮᠠᠢ᠌ᠨ ᠪᠡᠶᠡᠯᠡᠭᠦᠯᠦᠨ᠎ᠡ᠃
(ᠬᠣᠶᠠᠷ) ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ ᠵᠢ ᠲᠦᠯᠬᠢᠨ ᠠᠬᠢᠭᠤᠯᠬᠤ ᠨᠢᠭᠡ ᠪᠦᠯᠦᠭ ᠰᠢᠶᠠᠨ᠎ᠢ ᠪᠦᠲᠦᠭᠡᠨ ᠪᠠᠢ᠌ᠭᠤᠯᠤᠨ᠎ᠠ᠃ 49 ᠤᠯᠤᠰ᠎ᠤᠨ ᠳᠡᠰ᠎ᠤᠨ ᠠᠮᠤ ᠲᠣᠰᠣᠨ᠎ᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠵᠦ ᠪᠦᠬᠦᠯᠢ ᠪᠠᠢ᠌ᠭᠤᠯᠤᠮᠵᠢ ᠵᠢᠨ ᠳᠦᠷᠢᠮ ᠵᠶ᠋ᠡᠷ ᠠᠬᠢᠭᠤᠯᠵᠤ ᠪᠠᠢ᠌ᠭ᠎ᠠ ᠰᠢᠶᠠᠨ᠎ᠤ ᠳᠣᠲᠣᠷ᠎ᠠ᠂ ᠬᠢᠩᠭ᠋ᠠᠨ ᠠᠢ᠌ᠮᠠᠭ᠂ ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠂ ᠤᠯᠠᠭ᠋ᠠᠨᠴᠠᠪ ᠬᠤᠳᠠ᠂ ᠬᠥᠬᠡᠬᠣᠲᠠ᠂ ᠪᠤᠭᠤᠲᠤ ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ ᠵᠡᠷᠭᠡ 8 ᠠᠢ᠌ᠮᠠᠭ ᠬᠤᠳᠠ ᠵᠢᠨ 20 ᠬᠣᠰᠢᠭᠤ ᠰᠢᠶᠠᠨ᠎ᠢ ᠰᠣᠩᠭᠣᠨ ᠤᠰᠤ ᠠᠷᠪᠢᠯᠠᠵᠤ ᠠᠮᠤ ᠪᠤᠳᠠᠭ᠎ᠠ ᠵᠢ ᠨᠡᠮᠡᠭᠳᠡᠭᠦᠯᠬᠦ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠰᠢᠶᠠᠨ ᠨᠢᠭᠡᠪᠦᠷᠢ᠎ᠳᠤ ᠲᠠᠷᠢᠶᠠᠯᠠᠩ᠎ᠤᠨ ᠶᠡᠷᠦᠩᠬᠡᠢ᠌ᠯᠡᠭᠰᠡᠨ ᠠᠷᠪᠢᠳᠠᠢ ᠤᠰᠤᠯᠠᠯᠳᠠ ᠵᠢᠨ ᠵᠢᠱ᠌ᠢᠶ᠎ᠡ ᠦᠵᠡᠭᠦᠯᠬᠦ 10 ᠮᠢᠩᠭ᠋ᠠᠨ ᠮᠦ᠍ ᠪᠠ 2 ᠲᠦᠮᠡᠨ ᠮᠦ᠍ ᠵᠢ ᠪᠤᠢ ᠪᠣᠯᠭ᠋ᠠᠵᠤ᠂ ᠲᠠᠷᠢᠶᠠᠯᠠᠩ᠎ᠤᠨ ᠤᠰᠤ ᠠᠷᠪᠢᠯᠠᠬᠤ ᠮᠡᠷᠭᠡᠵᠢᠯ᠎ᠤᠨ ᠬᠤᠷᠠᠮᠠᠯ ᠲᠡᠯᠭᠡᠨ ᠦᠵᠡᠭᠦᠯᠭᠡ ᠵᠢᠨ ᠣᠷᠣᠨ᠎ᠢ 1 (ᠲᠠᠯᠠᠪᠠᠢ ᠨᠢ 50 ᠮᠦ᠍᠎ᠠᠴᠠ ᠪᠠᠭ᠎ᠠ ᠪᠠᠢ᠌ᠵᠤ ᠪᠣᠯᠬᠤ ᠦᠭᠡᠢ) ᠪᠠᠢ᠌ᠭᠤᠯᠵᠤ᠂ 10 ᠲᠦᠮᠡᠨ ᠮᠦ᠍᠎ᠠᠴᠠ ᠳᠡᠭᠡᠭᠰᠢ ᠵᠢ ᠨᠥᠯᠥᠭᠡᠯᠡᠨ ᠲᠠᠢ᠍ᠢ᠍ᠴᠢᠯᠠᠵᠤ᠂ ᠲᠦᠷᠦᠯ ᠵᠦᠢ᠍ᠯ᠎ᠤᠨ ᠣᠷᠣᠨ᠎ᠳᠤ ᠠᠮᠤ ᠪᠤᠳᠠᠭ᠋ᠠᠨ᠎ᠤ ᠲᠠᠷᠢᠮᠠᠯ᠎ᠤᠨ ᠤᠰᠤᠨ᠎ᠤ ᠦᠢ᠍ᠯᠡᠳᠪᠦᠷᠢᠯᠡᠯ᠎ᠤᠨ ᠬᠦᠴᠦᠨ᠎ᠢ 10% ᠣᠷᠴᠢᠮ ᠵᠶ᠋ᠠᠷ ᠳᠡᠭᠡᠭᠰᠢᠯᠡᠭᠦᠯᠬᠦ᠎ᠪᠠᠷ ᠴᠢᠷᠮᠠᠢ᠌ᠨ᠎ᠠ᠃
(ᠭᠤᠷᠪᠠ) ᠨᠢᠭᠡ ᠪᠦᠯᠦᠭ ᠠᠵᠤ ᠠᠬᠤᠢ ᠵᠢᠨ ᠲᠠᠷᠢᠮᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠬᠤ ᠰᠢᠶᠠᠨ᠎ᠢ ᠪᠠᠢ᠌ᠭᠤᠯᠤᠨ᠎ᠠ᠃ ᠡᠯ᠎ᠡ ᠭᠠᠵᠠᠷ᠎ᠤᠨ ᠰᠢᠬᠢᠷ ᠯᠤᠤᠪᠠᠩ᠎ᠤᠨ ᠲᠠᠯᠠᠪᠠᠢ ᠨᠢᠭᠡᠴᠢ ᠵᠢᠨ ᠤᠨᠠᠯᠲᠠ ᠵᠢᠨ ᠲᠦᠪᠰᠢᠨ᠂ ᠣᠢ᠌ᠷ᠎ᠠ ᠵᠢᠨ ᠵᠢᠯ᠎ᠤᠨ ᠲᠠᠯᠠᠪᠠᠶ ᠵᠢᠨ ᠲᠣᠭᠲᠠᠭᠤᠨ ᠪᠠ ᠠᠵᠤ ᠦᠢ᠍ᠯᠡᠰ᠎ᠤᠨ ᠳᠠᠢ᠌ᠴᠢᠯᠠᠯᠲᠠ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠬᠥᠯᠥᠨ ᠪᠤᠢ᠍ᠢ᠍ᠷ ᠬᠤᠳᠠ᠂ ᠤᠯᠠᠭ᠋ᠠᠨᠬᠠᠳᠠ ᠬᠤᠳᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠤᠳᠠ᠂ ᠪᠤᠭᠤᠲᠤ ᠬᠤᠳᠠ ᠵᠡᠷᠭᠡ 5 ᠠᠢ᠌ᠮᠠᠭ ᠬᠤᠳᠠ ᠵᠢᠨ ᠰᠢᠬᠢᠷ ᠯᠤᠤᠪᠠᠩ᠎ᠤᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠪᠦᠬᠦᠯᠢ ᠪᠠᠢ᠌ᠭᠤᠯᠤᠯ ᠵᠶ᠋ᠡᠷ ᠠᠬᠢᠭᠤᠯᠬᠤ ᠰᠢᠶᠠᠨ ᠪᠠᠶ᠋ᠢᠭᠤᠯᠬᠤ ᠵᠢ ᠲᠡᠮᠵᠢᠨ᠎ᠡ᠃ ᠠᠬᠢᠭᠤᠯᠬᠤ ᠰᠢᠶᠠᠨ ᠨᠢᠭᠡᠪᠦᠷᠢ ᠵᠢ 2 ᠲᠦᠮᠡᠨ ᠮᠦ᠍ ᠵᠢᠨ ᠬᠡᠰᠡᠭ᠎ᠲᠠᠢ ᠪᠣᠯᠭ᠋ᠠᠬᠤ᠎ᠪᠠᠷ ᠪᠠᠷᠠᠬᠤ ᠦᠭᠡᠢ᠂ ᠪᠠᠰᠠ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠬᠡᠳᠦᠨ ᠵᠠᠭᠤᠨ ᠮᠦ᠍ ᠵᠢᠨ ᠲᠠᠷᠢᠶᠠᠨ ᠭᠠᠵᠠᠷ᠂ ᠮᠢᠩᠭ᠋ᠠᠨ ᠮᠦ᠍ ᠪᠤᠶᠤ ᠲᠦᠮᠡᠨ ᠮᠦ᠍ ᠪᠣᠯᠭ᠋ᠠᠨ᠎ᠠ (ᠤᠯᠤᠰ᠎ᠤᠨ 2 ᠲᠦᠮᠡᠨ ᠮᠦ᠍ ᠵᠢᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠬᠦ ᠵᠢ ᠦᠨᠡᠨᠬᠦ ᠪᠠᠲᠤᠯᠠᠨ᠎ᠠ)᠂ 5 ᠲᠦᠮᠡᠨ ᠮᠦ᠍᠎ᠠᠴᠠ ᠳᠡᠭᠡᠭᠰᠢᠬᠢ ᠵᠢ ᠨᠥᠯᠥᠭᠡᠯᠡᠨ ᠳᠠᠶ᠋ᠢᠴᠢᠯᠠᠵᠤ᠂ ᠲᠥᠷᠥᠯ ᠵᠦᠢ᠍ᠯ᠎ᠤᠨ ᠣᠷᠣᠨ᠎ᠤ ᠮᠦ᠍ ᠪᠦᠷᠢ ᠵᠢᠨ ᠤᠨᠠᠯᠲᠠ ᠵᠢ ᠲᠤᠬᠠᠢ ᠵᠢᠨ ᠭᠠᠵᠠᠷ᠎ᠤᠨ ᠳᠤᠮᠳᠠᠴᠢ ᠬᠢᠷᠢ ᠬᠡᠮᠵᠢᠶ᠎ᠡ᠎ᠠᠴᠠ 5%᠎ᠠᠴᠠ ᠳᠡᠭᠡᠭᠰᠢ ᠥᠨᠳᠥᠷ ᠪᠠᠢ᠌ᠯᠭ᠋ᠠᠬᠤ᠎ᠪᠠᠷ ᠴᠢᠷᠮᠠᠢ᠌ᠨ᠎ᠠ᠃
ᠡᠯ᠎ᠡ ᠭᠠᠵᠠᠷ᠎ᠤᠨ᠎ᠬᠢᠨ᠎ᠤ ᠢᠳᠡᠰᠢᠨ ᠨᠣᠭᠣᠭ᠎ᠠ᠂ ᠲᠥᠮᠥᠰᠥ ᠵᠢᠨ ᠵᠦᠢ᠍ᠯ᠂ ᠬᠢᠲᠠᠳ ᠡᠮ᠎ᠤᠨ ᠮᠠᠲ᠋ᠧᠷᠢᠶᠠᠯ ᠵᠡᠷᠭᠡ ᠣᠨᠴᠠᠯᠢᠭᠲᠤ ᠲᠠᠷᠢᠮᠠᠯ᠎ᠤᠨ ᠳᠠᠪᠠᠭᠤᠯᠢᠭ ᠣᠷᠣᠨ᠎ᠳᠤ ᠲᠥᠯᠥᠭᠡᠯᠡᠬᠦ ᠴᠢᠨᠠᠷ ᠵᠶ᠋ᠠᠷ ᠴᠢᠩᠭ᠎ᠠ᠂ ᠰᠠᠭᠤᠷᠢ ᠨᠥᠬᠥᠴᠡᠯ ᠵᠶ᠋ᠡᠷ ᠰᠠᠢ᠌ᠨ᠂ ᠨᠥᠯᠥᠭᠡᠯᠡᠨ ᠳᠠᠢ᠌ᠴᠢᠯᠠᠬᠤ ᠴᠢᠳᠠᠪᠤᠷᠢ᠎ᠪᠠᠷ ᠲᠣᠪᠣᠢ᠌ᠮ᠎ᠠ ᠨᠢᠭᠡ ᠪᠦᠯᠦᠭ ᠭᠣᠣᠯᠳᠠᠯᠭ᠎ᠠ᠎ᠲᠠᠢ ᠬᠣᠰᠢᠭᠤ ᠰᠢᠶᠠᠨ᠎ᠢ ᠰᠣᠩᠭᠣᠨ ᠳᠡᠮᠵᠢᠯᠭᠡ ᠦᠵᠡᠭᠦᠯᠬᠦ ᠵᠢ ᠵᠣᠷᠢᠭᠵᠢᠭᠤᠯᠵᠤ᠂ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠮᠡᠷᠭᠡᠵᠢᠯ᠎ᠤᠨ ᠵᠠᠭᠪᠤᠷ᠎ᠢ ᠲᠥᠪᠯᠡᠷᠡᠭᠦᠯᠦᠨ ᠳᠡᠯᠭᠡᠷᠡᠭᠦᠯᠵᠦ᠂ ᠣᠨᠴᠠᠯᠢᠭᠲᠤ ᠲᠠᠷᠢᠮᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠨᠢᠭᠡ ᠪᠦᠯᠦᠭ ᠲᠤᠷᠰᠢᠯᠲᠠ ᠵᠢᠨ
ᠴᠡᠭ᠎ᠢ ᠪᠤᠢ ᠪᠣᠯᠭ᠋ᠠᠨ᠎ᠠ᠃ ᠤᠯᠠᠭ᠋ᠠᠨᠬᠠᠳᠠ ᠬᠣᠲᠠ ᠦᠷᠭᠦᠯᠵᠢᠯᠡᠨ ᠲᠣᠰ ᠲᠥᠷᠥᠯ ᠵᠦᠢ᠍ᠯ᠎ᠲᠠᠢ ᠤᠶᠠᠯᠳᠤᠭᠤᠯᠤᠨ ᠤᠯᠤᠰ᠎ᠤᠨ ᠲᠥᠬᠥᠭᠡᠷᠥᠮᠵᠢ᠎ᠲᠦ ᠢᠳᠡᠰᠢᠨ ᠨᠣᠭᠣᠭ᠎ᠠ ᠵᠢ ᠵᠠᠯᠭ᠋ᠠᠨ ᠳᠠᠷᠢᠬᠤ ᠬᠠᠷᠰᠢ ᠰᠠᠭ᠋ᠠᠳ᠎ᠢ ᠶᠡᠷᠦᠩᠬᠡᠢ᠌ᠯᠡᠨ ᠵᠠᠰᠠᠬᠤ ᠲᠤᠷᠰᠢᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠦᠨ᠎ᠡ᠃
ᠭᠤᠷᠪᠠ᠂ ᠮᠡᠷᠭᠡᠵᠢᠯ᠎ᠤᠨ ᠵᠠᠮ ᠮᠥᠷ
(ᠨᠢᠭᠡ) ᠭᠣᠣᠯ ᠠᠬᠢᠭᠤᠯᠬᠤ ᠮᠡᠷᠭᠡᠵᠢᠯ᠎ᠳᠤ ᠲᠦᠰᠢᠭᠯᠡᠨ᠂ ᠠᠮᠤ ᠲᠣᠰᠣᠨ᠎ᠤ ᠪᠦᠬᠦᠯᠢ ᠪᠠᠢ᠌ᠭᠤᠯᠤᠯ ᠵᠶ᠋ᠡᠷ ᠠᠬᠢᠭᠤᠯᠬᠤ ᠰᠢᠶᠠᠨ᠎ᠢ ᠪᠠᠢ᠌ᠭᠤᠯᠤᠨ᠎ᠠ᠃ ᠮᠠᠨ᠎ᠤ ᠣᠷᠣᠨ᠎ᠤ ᠭᠣᠣᠯ ᠳᠡᠯᠭᠡᠷᠡᠭᠦᠯᠬᠦ ᠮᠡᠷᠭᠡᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠰᠢᠯᠢᠮᠳᠡᠭ ᠵᠡᠷᠭᠡ ᠠᠮᠤ ᠲᠣᠰᠣᠨ᠎ᠤ ᠲᠠᠷᠢᠮᠠᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠭᠠᠵᠠᠷ᠎ᠤᠨ ᠰᠢᠮ᠎ᠡ ᠵᠢ ᠪᠣᠷᠳᠣᠬᠤ᠂ ᠬᠡᠷᠡᠯ ᠳᠤᠯᠠᠭ᠋ᠠᠨ᠎ᠢ ᠠᠰᠢᠭᠯᠠᠬᠤ ᠪᠠ ᠪᠥᠬᠥ ᠶᠠᠪᠤᠴᠠ ᠵᠢᠨ ᠮᠠᠰᠢᠨᠴᠢᠯᠠᠯᠲᠠ ᠵᠢ ᠴᠢᠩᠭ᠋ᠠᠳᠬᠠᠨ᠎ᠠ᠃ ᠡᠷᠳᠡᠨᠢ ᠰᠢᠰᠢ ᠵᠢᠨ ᠲᠠᠯ᠎ᠠ᠎ᠪᠠᠷ᠂ ᠨᠢᠭᠲᠠ ᠳᠠᠷᠢᠵᠤ ᠨᠠᠷᠢᠯᠢᠭ ᠣᠨᠣᠴᠠᠲᠠᠢ᠎ᠪᠠᠷ ᠥᠨᠳᠥᠷ ᠤᠨᠠᠯᠲᠠ ᠵᠢ ᠲᠣᠬᠢᠷᠠᠭᠤᠯᠤᠨ ᠡᠵᠡᠮᠳᠡᠬᠦ᠂ ᠪᠦᠷᠬᠦᠪᠴᠢ ᠦᠭᠡᠢ᠎ᠪᠠᠷ ᠭᠦᠶᠦᠬᠡᠨ ᠪᠤᠯᠠᠵᠤ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠪᠦᠷᠬᠦᠭᠦᠯ ᠵᠶ᠋ᠡᠷ ᠬᠣᠣᠰ ᠳᠠᠯᠠᠩ ᠭᠤᠤ ᠵᠢ ᠪᠦᠷᠬᠦᠵᠦ ᠳᠠᠷᠢᠬᠤ᠂ ᠪᠦᠷᠬᠦᠭᠦᠯ᠎ᠤᠨ ᠬᠠᠵᠠᠭᠤ᠎ᠪᠠᠷ ᠳᠠᠷᠢᠬᠤ᠂ ᠡᠷᠳᠡᠨᠢ ᠰᠢᠰᠢ ᠵᠢᠨ ᠲᠣᠮᠣ ᠳᠠᠯᠠᠩ᠎ᠢ ᠬᠣᠶᠠᠷ ᠲᠠᠯ᠎ᠠ᠎ᠪᠠᠷ ᠶᠠᠪᠤᠭᠤᠯᠬᠤ ᠵᠡᠷᠭᠡ ᠳᠠᠷᠢᠵᠤ ᠪᠣᠢ᠌ᠵᠢᠭᠤᠯᠬᠤ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠦᠨ᠎ᠡ᠃ ᠨᠢᠭᠲᠠ ᠳᠠᠭ᠋ᠠᠭ᠋ᠠᠮᠠᠭ᠋ᠠᠢ ᠴᠢᠨᠠᠷ ᠰᠠᠢ᠌ᠲᠠᠢ ᠥᠨᠳᠥᠷ ᠤᠨᠠᠯᠲᠠ᠎ᠲᠠᠢ ᠮᠠᠰᠢᠨ ᠵᠶ᠋ᠠᠷ ᠬᠤᠷᠢᠶᠠᠬᠤ᠎ᠳᠤ ᠲᠣᠬᠢᠷᠠᠮᠵᠢᠲᠠᠢ ᠡᠭᠦᠯᠳᠡᠷ᠂ ᠡᠰᠢ ᠰᠦᠷᠡᠯ᠎ᠢ ᠲᠠᠷᠢᠶᠠᠨ᠎ᠳᠤ ᠣᠷᠣᠭᠤᠯᠬᠤ᠂ ᠡᠰᠢ ᠰᠦᠷᠡᠯ ᠪᠦᠷᠬᠦᠭᠰᠡᠨ ᠭᠠᠵᠠᠷ᠎ᠢ ᠳᠤᠳᠠᠭᠤ ᠬᠠᠭ᠋ᠠᠯᠪᠤᠷᠢᠯᠠᠨ ᠳᠠᠷᠢᠬᠤ᠂ ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ᠂ ᠵᠦᠢ ᠵᠣᠬᠢᠰᠲᠠᠢ᠎ᠪᠠᠷ ᠨᠢᠭᠲᠠ ᠲᠠᠷᠢᠬᠤ᠂ ᠵᠠᠮᠴᠢᠯᠠᠯ ᠵᠶ᠋ᠠᠷ ᠨᠠᠷᠢᠯᠢᠭ ᠬᠡᠮᠵᠢᠶ᠎ᠡ᠎ᠪᠠᠷ ᠲᠣᠭ᠋ᠠᠯᠠᠨ ᠲᠠᠷᠢᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤᠨ᠎ᠳᠤ ᠲᠠᠷᠢᠬᠤ᠂ ᠤᠰᠤᠨ ᠪᠣᠷᠳᠣᠭᠤᠷ᠎ᠢ ᠨᠠᠷᠢᠯᠢᠭ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ᠂ ᠠᠷᠪᠢᠲᠠᠢ ᠤᠰᠤᠯᠠᠬᠤ᠂ ᠨᠢᠭᠡ ᠰᠦᠷᠴᠢᠪᠡᠯ ᠤᠯᠠᠨ᠎ᠢ ᠠᠬᠢᠭᠤᠯᠬᠤ᠂ ᠡᠪᠡᠳᠴᠢᠨ ᠬᠣᠷᠣᠬᠠᠢ ᠵᠢ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ᠂ ᠦᠷ᠎ᠡ ᠵᠢᠨ ᠮᠥᠬᠥᠯᠢᠭ᠎ᠢ ᠰᠢᠭᠤᠳ ᠬᠤᠷᠢᠶᠠᠬᠤ ᠵᠡᠷᠭᠡ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠰᠣᠩᠭᠣᠨ ᠬᠡᠷᠡᠭᠯᠡᠨ᠎ᠡ᠃ ᠠᠯᠬᠤᠮ ᠳᠠᠷᠠᠭ᠎ᠠ᠎ᠲᠠᠢ᠎ᠪᠠᠷ ᠨᠢᠭᠲᠠᠴᠠ ᠵᠢ ᠨᠡᠮᠡᠭᠳᠡᠭᠦᠯᠵᠦ᠂ ᠳᠠᠷᠢᠬᠤ ᠨᠢᠭᠲᠠᠴᠠ ᠵᠢ ᠨᠡᠢ᠌ᠳᠡᠮ᠎ᠳᠤ᠎ᠨᠢ 4500 —5500 ᠰᠠᠭᠤᠷᠢ/ ᠮᠦ᠍᠎ᠳᠤ ᠬᠦᠷᠲᠡᠯ᠎ᠡ ᠳᠡᠭᠡᠭᠰᠢᠯᠡᠭᠦᠯᠵᠦ᠂ ᠲᠣᠬᠢᠷᠠᠬᠤ ᠭᠠᠵᠠᠷ ᠣᠷᠣᠨ᠎ᠳᠤ 6000 ᠰᠠᠭᠤᠷᠢ/ ᠮᠦ᠍᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠰᠢᠷ᠎ᠠ ᠪᠤᠷᠴᠠᠭ᠎ᠤᠨ ᠲᠠᠯ᠎ᠠ᠎ᠪᠠᠷ᠂ ᠰᠢᠷ᠎ᠠ ᠪᠤᠷᠴᠠᠭ᠎ᠤᠨ ᠶᠡᠬᠡ ᠳᠠᠯᠠᠩ᠎ᠢ ᠥᠨᠳᠥᠷ ᠲᠠᠯᠪᠢᠬᠤ᠂ ᠰᠢᠷ᠎ᠠ ᠪᠤᠷᠴᠠᠭ᠎ᠤᠨ ᠶᠡᠬᠡ ᠳᠠᠯᠠᠩ᠎ᠳᠤ ᠨᠢᠭᠲᠠ ᠳᠠᠷᠢᠵᠤ ᠭᠦᠢ᠍ᠬᠡᠨ ᠪᠤᠯᠠᠵᠤ ᠳᠤᠰᠤᠯᠭ᠋ᠠᠨ ᠤᠰᠤᠯᠠᠬᠤ ᠵᠡᠷᠭᠡ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠳᠠᠷᠢᠵᠤ ᠪᠣᠢ᠌ᠵᠢᠭᠤᠯᠬᠤ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠵᠦ᠂ ᠥᠨᠳᠥᠷ ᠤᠨᠠᠯᠲᠠ᠎ᠲᠠᠢ ᠥᠨᠳᠥᠷ ᠲᠤᠰᠤᠯᠢᠭ ᠦᠨᠳᠦᠷ ᠤᠭᠤᠷᠠᠭᠳᠤ ᠲᠦᠷᠦᠯ ᠵᠦᠢ᠍ᠯ᠎ᠢ ᠢᠵᠢ ᠪᠦᠷᠢᠳᠦᠭᠦᠯᠦᠨ ᠰᠣᠩᠭᠣᠨ ᠬᠡᠷᠡᠭᠯᠡᠵᠦ᠂ ᠵᠣᠬᠢᠰᠲᠠᠢ ᠡᠭᠡᠯᠵᠢᠯᠡᠨ ᠳᠠᠷᠢᠬᠤ᠂ ᠨᠠᠷᠢᠯᠢᠭ ᠭᠠᠵᠠᠷ ᠲᠡᠭᠰᠢᠯᠡᠬᠦ᠂ ᠵᠣᠬᠢᠰᠲᠠᠢ ᠨᠢᠭᠲᠠ ᠳᠠᠷᠢᠬᠤ᠂ ᠦᠷ᠎ᠡ ᠵᠢ ᠪᠠᠭᠯᠠᠬᠤ᠂ ᠦᠨᠳᠦᠰᠦ ᠵᠢᠨ ᠪᠡᠲᠡᠭᠢ ᠵᠢᠨ ᠪᠠᠺᠲ᠋ᠧᠷᠢ ᠵᠢᠨ ᠲᠠᠷᠢᠯᠭ᠎ᠠ ᠬᠢᠬᠦ᠂ ᠮᠢᠺᠷᠣᠪ ᠪᠠᠺᠲ᠋ᠧᠷᠢ ᠵᠢᠨ ᠨᠠᠢ᠌ᠷᠠᠯᠭ᠎ᠠ ᠵᠢ ᠨᠢᠭᠡ ᠬᠤᠳᠬᠤᠵᠤ ᠬᠣᠶᠠᠷ ᠣᠷᠣᠭᠤᠯᠬᠤ᠂ ᠳᠠᠪᠬᠤᠷᠭ᠎ᠠ ᠬᠤᠪᠢᠶᠠᠨ ᠪᠣᠷᠳᠣᠭᠤᠷ ᠣᠷᠣᠭᠤᠯᠬᠤ᠂ ᠨᠢᠭᠡ ᠰᠦᠷᠴᠢᠵᠦ ᠤᠯᠠᠨ᠎ᠢ ᠠᠬᠢᠭᠤᠯᠬᠤ ᠵᠡᠷᠭᠡ ᠤᠨᠠᠯᠲᠠ ᠵᠢ ᠨᠡᠮᠡᠭᠳᠡᠭᠦᠯᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠬᠡᠷᠡᠭᠯᠡᠨ᠎ᠡ᠃ ᠪᠤᠭᠤᠳᠠᠢ ᠵᠢᠨ ᠲᠠᠯ᠎ᠠ᠎ᠪᠠᠷ᠂ ᠪᠤᠭᠤᠳᠠᠢ ᠵᠢᠨ ᠬᠣᠶᠠᠷ᠎ᠢ ᠥᠭᠡᠷᠡᠴᠢᠯᠡᠵᠦ ᠭᠤᠷᠪᠠ ᠵᠢ ᠢᠵᠢ ᠪᠦᠷᠢᠳᠦᠭᠦᠯᠬᠦ᠂ ᠪᠦᠬᠦ ᠶᠠᠪᠤᠴᠠ ᠵᠢ ᠮᠠᠰᠢᠨᠴᠢᠯᠠᠨ ᠥᠨᠳᠥᠷ ᠦᠷ᠎ᠡ ᠠᠰᠢᠭᠲᠠᠢ ᠲᠠᠷᠢᠵᠤ ᠪᠣᠢ᠌ᠵᠢᠭᠤᠯᠬᠤ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠵᠦ᠂ ᠥᠨᠳᠥᠷ ᠤᠨᠠᠯᠲᠠ᠎ᠲᠠᠢ ᠴᠢᠨᠠᠷ ᠰᠠᠢ᠌ᠲᠠᠢ ᠡᠭᠦᠯᠳᠡᠷ᠎ᠢ ᠰᠣᠩᠭᠣᠨ ᠬᠡᠷᠡᠭᠯᠡᠬᠦ᠂ ᠨᠠᠷᠢᠯᠢᠭ ᠭᠠᠵᠠᠷ ᠲᠡᠭᠰᠢᠯᠡᠬᠦ᠂ ᠵᠠᠮᠴᠢᠯᠠᠨ ᠨᠠᠷᠢᠯᠢᠭ ᠲᠠᠷᠢᠬᠤ᠂ ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ᠂ ᠥᠨᠳᠥᠷ ᠦᠷ᠎ᠡ ᠠᠰᠢᠭᠲᠠᠢ ᠤᠰᠤ ᠠᠷᠪᠢᠯᠠᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠴᠢᠬᠢᠭ᠎ᠢ ᠬᠠᠮᠠᠭ᠋ᠠᠯᠠᠬᠤ᠂ ᠨᠠᠢ᠌ᠷᠠᠯᠭ᠎ᠠ᠎ᠲᠠᠢ ᠲᠡᠩᠴᠡᠭᠦᠷᠢᠲᠡᠢ ᠪᠣᠷᠳᠣᠭᠤᠷ ᠣᠷᠣᠭᠤᠯᠬᠤ᠂ 《ᠨᠢᠭᠡ ᠵᠢ ᠰᠦᠷᠴᠢᠵᠦ ᠭᠤᠷᠪᠠ ᠵᠢ ᠰᠡᠷᠭᠡᠢ᠌ᠯᠡᠬᠦ》 ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠬᠡᠷᠡᠭᠯᠡᠨ᠎ᠡ᠃ ᠤᠰᠤᠨ ᠲᠤᠲᠤᠷᠭ᠎ᠠ ᠵᠢᠨ ᠲᠠᠯ᠎ᠠ᠎ᠪᠠᠷ᠂ ᠴᠢᠨᠠᠷ ᠰᠠᠢ᠌ᠲᠠᠢ ᠤᠰᠤᠨ ᠲᠤᠲᠤᠷᠭ᠎ᠠ ᠵᠢᠨ ᠪᠣᠬᠢᠷᠲᠤᠯ ᠦᠭᠡᠢ ᠤᠰᠤ ᠠᠷᠪᠢᠯᠠᠬᠤ ᠥᠨᠳᠥᠷ ᠦᠷ᠎ᠡ ᠠᠰᠢᠭᠲᠠᠢ᠂ ᠥᠷᠭᠡᠨ ᠨᠠᠷᠢᠨ ᠤᠰᠤᠨ ᠠᠰᠢᠭᠯᠠᠯᠲᠠ ᠵᠢᠨ ᠥᠨᠳᠥᠷ ᠭᠡᠷᠡᠯ᠎ᠤᠨ ᠠᠰᠢᠭᠯᠠᠮᠵᠢ᠎ᠲᠠᠢ᠂ ᠬᠠᠭᠤᠷᠠᠢ ᠡᠭᠦᠯᠳᠡᠷ᠎ᠤᠨ ᠤᠰᠤᠨ ᠬᠣᠭᠣᠯᠠᠢ ᠵᠡᠷᠭᠡ ᠲᠠᠷᠢᠵᠤ ᠪᠣᠢ᠌ᠵᠢᠭᠤᠯᠬᠤ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠵᠦ᠂ ᠬᠦᠢ᠍ᠲᠡᠨ᠎ᠳᠤ ᠲᠡᠰᠪᠦᠷᠢᠲᠡᠢ ᠥᠨᠳᠥᠷ ᠤᠨᠠᠯᠲᠠ᠎ᠲᠠᠢ ᠴᠢᠨᠠᠷ ᠰᠠᠢ᠌ᠲᠠᠢ ᠡᠭᠦᠯᠳᠡᠷ᠂ ᠬᠦᠯᠡᠮᠵᠢ᠎ᠳᠤ ᠴᠢᠬᠢ ᠪᠣᠢ᠌ᠵᠢᠭᠤᠯᠬᠤ᠂ ᠮᠠᠰᠢᠨ ᠵᠶ᠋ᠠᠷ ᠴᠢᠬᠢ ᠰᠠᠭᠤᠯᠭ᠋ᠠᠬᠤ᠂ ᠬᠥᠷᠥᠰᠥ ᠰᠢᠷᠣᠢ ᠵᠢ ᠬᠡᠮᠵᠢᠵᠦ ᠨᠠᠢ᠌ᠷᠠᠯᠭ᠎ᠠ᠎ᠲᠠᠢ᠎ᠪᠠᠷ ᠪᠣᠷᠳᠣᠭᠤᠷ ᠣᠷᠣᠭᠤᠯᠬᠤ᠂ ᠬᠠᠵᠠᠭᠤ᠎ᠠᠴᠠ ᠭᠦᠨ ᠪᠣᠷᠳᠣᠭᠤᠷ ᠣᠷᠣᠭᠤᠯᠬᠤ᠂ ᠤᠰᠤ ᠠᠷᠪᠢᠯᠠᠵᠤ ᠤᠰᠤᠯᠠᠬᠤ᠂ ᠨᠢᠭᠡ ᠰᠦᠷᠴᠢᠵᠦ ᠤᠯᠠᠨ᠎ᠢ ᠠᠬᠢᠭᠤᠯᠬᠤ᠂ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠰᠣᠩᠭᠣᠨ ᠬᠡᠷᠡᠭᠯᠡᠨ᠎ᠡ᠃ ᠲᠥᠮᠥᠰᠥ ᠵᠢᠨ ᠲᠠᠯ᠎ᠠ᠎ᠪᠠᠷ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠠᠷᠪᠢᠯᠠᠬᠤ ᠪᠣᠬᠢᠷᠲᠤᠯ ᠦᠭᠡᠢ ᠥᠨᠳᠥᠷ ᠦᠷ᠎ᠡ ᠠᠰᠢᠭᠲᠠᠢ ᠦᠢ᠍ᠯᠡᠳᠪᠦᠷᠢᠯᠡᠯ᠎ᠤᠨ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠵᠦ᠂ ᠰᠥᠷᠬᠦ ᠵᠢ ᠡᠰᠡᠷᠭᠦᠴᠡᠬᠦ ᠴᠢᠩᠭ᠎ᠠ ᠪᠣᠯᠪᠠᠰᠤᠷᠠᠯᠲᠠ ᠵᠢᠨ ᠬᠤᠭᠤᠴᠠᠭ᠋ᠠᠨ᠎ᠳᠤ ᠲᠣᠬᠢᠷᠠᠬᠤ ᠲᠤᠰᠬᠠᠢ ᠬᠡᠷᠡᠭᠯᠡᠭᠡᠨ᠎ᠤ ᠪᠤᠶᠤ ᠬᠠᠪᠰᠤᠷᠭ᠋ᠠᠨ ᠬᠡᠷᠡᠭᠯᠡᠬᠦ ᠬᠡᠯᠪᠡᠷᠢ ᠵᠢᠨ ᠰᠢᠯᠢᠳᠡᠭ ᠰᠠᠢ᠌ᠨ ᠡᠭᠦᠯᠳᠡᠷ᠎ᠢ ᠢᠵᠢ ᠪᠦᠷᠢᠳᠦᠭᠦᠯᠦᠨ ᠰᠣᠩᠭᠣᠨ ᠬᠡᠷᠡᠭᠯᠡᠵᠦ᠂ ᠵᠦᠢ ᠵᠣᠬᠢᠰᠲᠠᠢ᠎ᠪᠠᠷ ᠨᠢᠭᠲᠠ ᠲᠠᠷᠢᠬᠤ᠂ ᠡᠭᠡᠯᠵᠢᠯᠡᠨ ᠳᠠᠷᠢᠵᠤ ᠲᠣᠩᠭᠣᠷᠤᠭᠤᠯᠬᠤ᠂ ᠭᠠᠵᠠᠷ᠎ᠤᠨ ᠥᠩ ᠰᠢᠮ᠎ᠡ ᠵᠢ ᠨᠡᠮᠡᠭᠳᠡᠭᠦᠯᠬᠦ ᠵᠡᠷᠭᠡ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠬᠡᠷᠡᠭᠯᠡᠨ᠎ᠡ᠃ ᠰᠢᠯᠢᠮᠳᠡᠭ᠎ᠤᠨ ᠲᠠᠯ᠎ᠠ᠎ᠪᠠᠷ᠂ ᠰᠢᠯᠢᠮᠳᠡᠭ᠎ᠤᠨ ᠪᠥᠬᠥ ᠶᠠᠪᠤᠴᠠ ᠵᠢ ᠮᠠᠰᠢᠨᠴᠢᠯᠠᠨ ᠬᠠᠭ᠋ᠠᠯᠪᠤᠷᠢᠯᠠᠬᠤ ᠦᠭᠡᠢ᠎ᠪᠠᠷ ᠳᠠᠷᠢᠵᠤ ᠪᠣᠢ᠌ᠵᠢᠭᠤᠯᠬᠤ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠵᠦ᠂ 《ᠬᠣᠶᠠᠷ ᠳᠣᠣᠷ᠎ᠠ》 ᠰᠢᠯᠢᠮᠳᠡᠭ᠎ᠤᠨ ᠲᠥᠷᠥᠯ ᠵᠦᠢ᠍ᠯ᠂ ᠦᠷ᠎ᠡ ᠪᠠᠭᠯᠠᠬᠤ᠂ ᠨᠠᠷᠢᠯᠢᠭ ᠵᠠᠮᠴᠢᠯᠠᠨ ᠳᠠᠷᠢᠬᠤ᠂ ᠰᠢᠷᠣᠢ ᠬᠡᠮᠵᠢᠨ ᠨᠠᠢ᠌ᠷᠠᠯᠭ᠎ᠠ᠎ᠲᠠᠢ ᠪᠣᠷᠳᠣᠭᠤᠷ ᠣᠷᠣᠭᠤᠯᠬᠤ᠂ ᠲᠠᠰ ᠬᠤᠪᠢᠶᠠᠨ ᠪᠣᠷᠳᠣᠭᠤᠷ ᠣᠷᠣᠭᠤᠯᠬᠤ᠂ ᠪᠣᠬᠢᠷᠲᠤᠯ ᠦᠭᠡᠢ᠎ᠪᠠᠷ ᠰᠡᠷᠭᠡᠢ᠌ᠯᠡᠨ ᠡᠵᠡᠮᠳᠡᠬᠦ᠂ ᠬᠠᠳᠤᠵᠤ ᠬᠠᠳᠤᠵᠤ ᠲᠡᠭᠦᠬᠦ ᠵᠡᠷᠭᠡ ᠭᠠᠷᠤᠯᠲᠠ᠎ᠪᠠᠨ ᠨᠡᠮᠡᠭᠳᠡᠭᠦᠯᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠰᠣᠩᠭᠣᠨ ᠬᠡᠷᠡᠭᠯᠡᠨ᠎ᠡ᠃ ᠨᠡᠷᠡᠨ ᠬᠤᠸᠠᠷ᠎ᠤᠨ ᠲᠠᠯ᠎ᠠ᠎ᠪᠠᠷ᠂ ᠨᠡᠷᠡᠨ ᠬᠤᠸᠠᠷᠢ ᠥᠷᠭᠡᠳᠬᠡᠨ ᠨᠢᠭᠲᠠᠴᠠ ᠵᠢ ᠪᠠᠭᠤᠷᠠᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠵᠦ᠂ ᠥᠨᠳᠥᠷ ᠲᠣᠭᠲᠠᠭᠤᠨ ᠭᠠᠷᠤᠯᠲᠠ᠎ᠲᠠᠢ ᠲᠠᠸᠠᠷ᠎ᠤᠨ ᠴᠢᠨᠠᠷ ᠵᠶ᠋ᠠᠷ ᠰᠠᠢ᠌ᠨ ᠪᠥᠭᠡᠳ ᠡᠰᠡᠷᠭᠦᠴᠡᠬᠦ ᠴᠢᠨᠠᠷ ᠵᠶ᠋ᠠᠷ ᠴᠢᠩᠭ᠎ᠠ ᠡᠷᠯᠢᠰᠡᠵᠢᠭᠦᠯᠦᠭᠰᠡᠨ ᠲᠦᠷᠦᠯ ᠵᠦᠢ᠍ᠯ᠎ᠢ ᠢᠵᠢ ᠪᠦᠷᠢᠳᠦᠭᠦᠯᠵᠦ᠂ ᠵᠣᠬᠢᠬᠤ ᠬᠤᠭᠤᠴᠠᠭ᠋ᠠᠨ᠎ᠳᠤ ᠣᠷᠣᠢ ᠲᠠᠷᠢᠬᠤ᠂ ᠠᠯᠠᠭᠯᠠᠨ ᠲᠠᠷᠢᠬᠤ᠂ ᠰᠢᠨᠵᠢᠯᠡᠬᠦ ᠤᠬᠠᠭ᠋ᠠᠨᠴᠢ᠎ᠪᠠᠷ ᠤᠰᠤᠨ ᠪᠣᠷᠳᠣᠭᠤᠷ᠎ᠢ ᠬᠠᠮᠢᠶᠠᠷᠬᠤ᠂ ᠪᠦᠷᠬᠦᠪᠴᠢ ᠵᠢᠨ ᠳᠣᠣᠷ᠎ᠠ ᠳᠤᠰᠤᠯᠭ᠋ᠠᠨ ᠤᠰᠤᠯᠠᠬᠤ ᠤᠰᠤᠨ ᠪᠣᠷᠳᠣᠭᠤᠷ᠎ᠢ ᠨᠢᠭᠡ ᠴᠣᠭᠴᠠᠵᠢᠭᠤᠯᠬᠤ᠂ ᠪᠠᠯᠲᠤ ᠵᠥᠭᠡᠢ᠎ᠪᠠᠷ ᠲᠣᠭᠣᠰᠣ ᠬᠦᠷᠲᠡᠭᠡᠬᠦ᠂ ᠵᠢᠭᠢᠷᠢᠭᠯᠡᠨ ᠬᠠᠲᠠᠭ᠋ᠠᠬᠤ ᠵᠡᠷᠭᠡ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠭᠣᠣᠯᠳᠠᠯᠭ᠎ᠠ᠎ᠲᠠᠢ ᠳᠡᠯᠭᠡᠷᠡᠭᠦᠯᠦᠨ᠎ᠡ᠃ ᠬᠣᠯᠢᠮᠠᠭ ᠠᠮᠤ ᠬᠣᠯᠢᠮᠠᠭ ᠪᠤᠷᠴᠠᠭ᠎ᠤᠨ ᠳᠡᠭᠡᠷ᠎ᠡ᠂ ᠰᠥᠷᠬᠦ ᠵᠢ ᠡᠰᠡᠷᠭᠦᠴᠡᠬᠦ ᠴᠢᠨᠠᠷ ᠵᠶ᠋ᠠᠷ ᠴᠢᠩᠭ᠎ᠠ ᠴᠢᠨᠠᠷ ᠰᠠᠢ᠌ᠲᠠᠢ ᠥᠨᠳᠥᠷ ᠤᠨᠠᠯᠲᠠ᠎ᠲᠠᠢ ᠡᠭᠦᠯᠳᠡᠷ᠂ ᠨᠠᠮᠤᠷ᠎ᠤᠨ ᠤᠯᠠᠷᠢᠯ᠎ᠳᠤ ᠭᠦᠨ ᠳᠠᠷᠢᠵᠤ ᠭᠦᠨ ᠰᠤᠯᠠᠷᠠᠭᠤᠯᠬᠤ᠂ ᠣᠷᠭ᠋ᠠᠨᠢᠭ ᠪᠣᠷᠳᠣᠭᠤᠷ ᠨᠡᠮᠡᠵᠦ ᠣᠷᠣᠭᠤᠯᠬᠤ ᠪᠠ ᠬᠢᠮᠢ ᠵᠢᠨ ᠪᠣᠷᠳᠣᠭᠤᠷ᠎ᠢ ᠬᠠᠪᠰᠤᠷᠭ᠋ᠠᠨ ᠬᠡᠷᠡᠭᠯᠡᠬᠦ᠂ ᠪᠦᠷᠬᠦᠭᠦᠯ ᠵᠶ᠋ᠡᠷ ᠬᠣᠣᠰ ᠳᠠᠯᠠᠩ᠎ᠤᠨ ᠭᠤᠤ ᠵᠢ ᠪᠦᠷᠬᠦᠵᠦ ᠳᠠᠷᠢᠬᠤ᠂ ᠪᠦᠷᠬᠦᠭᠦᠯ᠎ᠤᠨ ᠳᠣᠣᠷ᠎ᠠ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠡᠷᠭᠡ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠭᠣᠣᠯᠳᠠᠯᠭ᠎ᠠ᠎ᠲᠠᠢ ᠳᠡᠯᠭᠡᠷᠡᠭᠦᠯᠦᠨ᠎ᠡ᠃
(ᠬᠣᠶᠠᠷ) ᠤᠰᠤ ᠠᠷᠪᠢᠯᠠᠵᠤ ᠴᠢᠬᠢᠭ᠎ᠢ ᠨᠡᠮᠡᠭᠳᠡᠭᠦᠯᠬᠦ ᠵᠢᠨ ᠲᠣᠭᠣᠷᠢᠨ᠎ᠳᠤ᠂ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ ᠵᠢ ᠲᠦᠯᠬᠢᠨ ᠠᠬᠢᠭᠤᠯᠬᠤ ᠰᠢᠶᠠᠨ᠎ᠢ ᠪᠦᠲᠦᠭᠡᠨ ᠪᠠᠢ᠌ᠭᠤᠯᠤᠨ᠎ᠠ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠪᠦᠷᠬᠦᠭᠦᠯ᠎ᠤᠨ ᠳᠣᠣᠷ᠎ᠠ ᠳᠤᠰᠤᠯᠭ᠋ᠠᠨ ᠤᠰᠤᠯᠠᠬᠤ᠂ ᠭᠦᠢ᠍ᠬᠡᠨ ᠪᠤᠯᠠᠵᠤ ᠳᠤᠰᠤᠯᠭ᠋ᠠᠨ ᠤᠰᠤᠯᠠᠬᠤ᠂ ᠥᠨᠳᠥᠷ ᠳᠠᠯᠠᠩ ᠵᠶ᠋ᠠᠷ ᠳᠤᠰᠤᠯᠭ᠋ᠠᠨ ᠤᠰᠤᠯᠠᠬᠤ᠂ ᠰᠢᠭᠤᠳ ᠱᠦᠭᠦᠵᠦ ᠳᠤᠰᠤᠯᠭ᠋ᠠᠨ ᠤᠰᠤᠯᠠᠬᠤ᠂ ᠬᠠᠲᠤᠨ ᠭᠣᠣᠯ᠎ᠤᠨ ᠤᠰᠤ᠎ᠪᠠᠷ ᠬᠣᠶᠠᠳᠠᠭᠢ ᠤᠳᠠᠭ᠎ᠠ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠦᠨ᠎ᠡ᠃ ᠪᠣᠳᠠᠲᠠᠢ᠎ᠲᠠᠢ᠎ᠪᠠᠨ ᠤᠶᠠᠯᠳᠤᠭᠤᠯᠤᠨ ᠴᠢᠬᠢᠭ᠎ᠤᠨ ᠪᠠᠢ᠌ᠳᠠᠯ᠎ᠢ ᠬᠢᠨᠠᠨ ᠬᠡᠮᠵᠢᠬᠦ ᠲᠥᠬᠦᠭᠡᠷᠦᠮᠵᠢ᠂ ᠰᠢᠯᠵᠢᠮᠡᠯ ᠤᠰᠤᠯᠠᠯᠲᠠ ᠵᠢᠨ ᠪᠣᠷᠳᠣᠭᠤᠷ ᠣᠷᠣᠭᠤᠯᠬᠤ ᠮᠠᠰᠢᠨ᠂ ᠪᠠᠭ᠎ᠠ ᠤᠷᠤᠰᠴᠠ ᠵᠢᠨ ᠤᠰᠤ ᠭᠠᠷᠭ᠋ᠠᠬᠤ ᠮᠠᠰᠢᠨ᠂ ᠥᠨᠳᠥᠷ ᠦᠷ᠎ᠡ ᠠᠰᠢᠭ᠎ᠲᠤ ᠤᠰᠤᠨ᠎ᠳᠤ ᠠᠭᠤᠰᠬᠤ ᠪᠣᠷᠳᠣᠭᠤᠷ ᠵᠡᠷᠭᠡ ᠰᠢᠨ᠎ᠡ ᠲᠥᠬᠦᠭᠡᠷᠦᠮᠵᠢ ᠰᠢᠨ᠎ᠡ ᠦᠢ᠍ᠯᠡᠳᠬᠦᠨ᠎ᠢ ᠲᠣᠬᠢᠷᠠᠭᠤᠯᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠨᠠᠷᠢᠯᠢᠭ ᠣᠨᠣᠴᠠᠲᠠᠢ᠎ᠪᠠᠷ ᠡᠵᠡᠮᠳᠡᠬᠦ ᠬᠠᠮᠢᠶᠠᠷᠤᠯᠲᠠ ᠵᠢᠨ ᠰᠢᠰᠲ᠋ᠧᠮ᠎ᠢ ᠬᠡᠷᠡᠭᠯᠡᠨ᠂ 《ᠰᠢᠯᠢᠳᠡᠭ᠎ᠢ ᠡᠵᠡᠮᠳᠡᠵᠦ ᠪᠦᠬᠦᠨ᠎ᠢ ᠨᠡᠬᠡᠬᠦ》 ᠪᠣᠷᠳᠣᠭᠤᠷ ᠣᠷᠣᠭᠤᠯᠬᠤ ᠮᠡᠷᠭᠡᠵᠢᠯ᠎ᠢ ᠳᠡᠯᠭᠡᠷᠡᠭᠦᠯᠵᠦ᠂ ᠤᠰᠤ ᠪᠣᠷᠳᠣᠭᠤᠷ᠎ᠢ ᠨᠠᠷᠢᠯᠢᠭ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ ᠵᠢ ᠪᠡᠶᠡᠯᠡᠭᠦᠯᠦᠨ᠎ᠡ᠃ ᠭᠠᠵᠠᠷ ᠲᠡᠭᠰᠢᠯᠡᠬᠦ᠎ᠲᠠᠢ ᠤᠶᠠᠯᠳᠤᠭᠤᠯᠤᠨ ᠤᠰᠤ ᠬᠠᠳᠠᠭ᠋ᠠᠯᠠᠬᠤ ᠡᠳ᠋᠂ ᠬᠥᠷᠥᠰᠥ ᠰᠤᠯᠠᠷᠠᠭᠤᠯᠬᠤ ᠨᠠᠢ᠌ᠷᠠᠯᠭ᠎ᠠ ᠵᠢ ᠨᠡᠮᠡᠨ ᠣᠷᠣᠭᠤᠯᠵᠤ᠂ ᠬᠥᠷᠥᠰᠥ ᠰᠢᠷᠣᠢ ᠵᠢᠨ ᠤᠰᠤ ᠬᠠᠳᠠᠭ᠋ᠠᠯᠠᠬᠤ ᠨᠤᠷᠮ᠎ᠠ ᠪᠠ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠨᠤᠷᠮ᠎ᠠ ᠵᠢ ᠳᠡᠭᠡᠭᠰᠢᠯᠡᠭᠦᠯᠦᠨ᠂ ᠤᠰᠤ ᠠᠷᠪᠢᠯᠠᠬᠤ᠎ᠳᠠᠭᠠᠨ ᠤᠨᠠᠯᠲᠠ ᠵᠢ ᠬᠠᠰᠤᠭᠳᠠᠭᠤᠯᠬᠤ ᠦᠭᠡᠢ᠂ ᠤᠰᠤ ᠠᠷᠪᠢᠯᠠᠬᠤ᠎ᠳᠠᠭᠠᠨ ᠦᠷ᠎ᠡ ᠠᠰᠢᠭ᠎ᠢ ᠬᠠᠰᠤᠭᠳᠠᠭᠤᠯᠬᠤ ᠦᠭᠡᠢ ᠪᠠᠢ᠌ᠬᠤ ᠵᠢ
ᠦᠨᠡᠨ ᠬᠦ᠌ ᠪᠠᠲᠤᠯᠠᠨ᠎ᠠ᠃ ᠪᠣᠷᠣᠭ᠋ᠠᠨ᠎ᠤ ᠤᠰᠤ ᠡᠯᠪᠡᠭ ᠭᠠᠩᠳᠠᠭᠰᠠᠨ ᠣᠷᠣᠨ᠎ᠳᠤ ᠤᠰᠤ ᠠᠷᠪᠢᠯᠠᠵᠤ ᠴᠢᠬᠢᠭ᠎ᠢ ᠨᠡᠮᠡᠭᠳᠡᠭᠦᠯᠦᠨ ᠤᠨᠠᠯᠲᠠ ᠵᠢ ᠨᠡᠮᠡᠭᠳᠡᠭᠦᠯᠬᠦ 《ᠲᠣᠨ ᠠᠮᠤ ᠵᠢᠨ ᠲᠠᠷᠢᠶ᠎ᠠ》 ᠵᠢᠨ ᠪᠦᠲᠦᠭᠡᠨ ᠪᠠᠢ᠌ᠭᠤᠯᠤᠯᠲᠠ ᠵᠢ ᠲᠤᠷᠰᠢᠨ ᠰᠦᠪᠡᠭᠴᠢᠯᠡᠵᠦ ᠪᠣᠯᠣᠨ᠎ᠠ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ 《ᠳᠥᠷᠪᠡ ᠵᠢ ᠨᠢᠭᠡ ᠴᠣᠭᠴᠠᠵᠢᠭᠤᠯᠤᠭᠰᠠᠨ 《ᠪᠣᠷᠣᠭ᠋ᠠᠨ᠎ᠤ ᠤᠰᠤ ᠵᠢ ᠴᠤᠭᠯᠠᠭᠤᠯᠵᠤ ᠤᠰᠤᠯᠠᠯᠲᠠ ᠵᠢ ᠨᠥᠬᠥᠪᠦᠷᠢᠯᠡᠬᠦ》 (ᠲᠤᠬᠠᠢ᠌ᠯᠠᠪᠠᠯ ᠭᠣᠸ᠋ ᠵᠠᠮ ᠬᠠᠰᠢᠯᠭ᠎ᠠ᠎ᠳᠤ ᠤᠰᠤ ᠬᠠᠳᠠᠭ᠋ᠠᠯᠠᠬᠤ + ᠬᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠵᠤ ᠤᠰᠤ ᠲᠠᠲᠠᠬᠤ + ᠰᠢᠷᠣᠢ ᠵᠢᠨ ᠠᠵᠢᠯ᠎ᠤᠨ ᠪᠦᠷᠬᠦᠭᠦᠯ᠎ᠤᠨ ᠵᠣᠭᠣᠷᠢ᠎ᠳᠤ ᠥᠨᠳᠥᠷ ᠪᠠᠢ᠌ᠷᠢ᠎ᠲᠠᠢ ᠤᠰᠤ ᠬᠠᠳᠠᠭ᠋ᠠᠯᠠᠬᠤ + ᠪᠦᠷᠬᠦᠭᠦᠯ᠎ᠤᠨ ᠳᠣᠣᠷ᠎ᠠ ᠳᠤᠰᠤᠯᠭ᠋ᠠᠨ ᠤᠰᠤᠯᠠᠵᠤ ᠤᠰᠤ ᠨᠥᠬᠥᠪᠦᠷᠢᠯᠡᠬᠦ)᠂ ᠭᠦᠨ ᠰᠤᠯᠠᠷᠠᠭᠤᠯᠵᠤ ᠴᠢᠬᠢᠭ᠎ᠢ ᠳᠠᠪᠬᠤᠷᠭ᠋ᠠᠯᠠᠨ ᠪᠣᠷᠳᠣᠭᠤᠷ ᠣᠷᠣᠭᠤᠯᠬᠤ᠂ ᠳᠠᠯᠠᠩ ᠪᠦᠷᠬᠦᠭᠦᠯ᠎ᠤᠨ ᠭᠤᠤ᠎ᠳᠤ ᠳᠠᠷᠢᠵᠤ ᠪᠣᠷᠣᠭ᠋ᠠᠨ᠎ᠤ ᠤᠰᠤ ᠵᠢ ᠴᠤᠭᠯᠠᠭᠤᠯᠵᠤ ᠴᠢᠬᠢᠭ᠎ᠢ ᠬᠠᠮᠠᠭ᠋ᠠᠯᠠᠬᠤ᠂ ᠤᠰᠤ ᠬᠠᠳᠠᠭ᠋ᠠᠯᠠᠬᠤ ᠡᠳ᠋ ᠵᠶ᠋ᠡᠷ ᠴᠢᠬᠢᠭ᠎ᠢ ᠣᠨᠢᠰᠤᠯᠠᠬᠤ 《ᠨᠢᠭᠡ᠎ᠪᠠᠷ ᠭᠣᠣᠯᠯᠠᠵᠤ ᠳᠥᠷᠪᠡ ᠵᠢ ᠢᠵᠢ ᠪᠦᠷᠢᠳᠦᠭᠦᠯᠬᠦ》 ᠶᠡᠷᠦᠩᠬᠡᠢ᠌ᠯᠡᠭᠰᠡᠨ ᠴᠢᠬᠢᠭ᠎ᠢ ᠨᠡᠮᠡᠭᠳᠡᠭᠦᠯᠬᠦ (ᠳᠠᠷᠤᠢ 《ᠨᠢᠭᠡ᠎ᠪᠠᠷ ᠭᠣᠣᠯᠯᠠᠬᠤ》 ᠪᠣᠯᠣᠨ᠎ᠠ᠄ ᠤᠰᠤ ᠬᠠᠳᠠᠭ᠋ᠠᠯᠠᠬᠤ ᠡᠳ᠋᠎ᠢ ᠨᠡᠮᠡᠨ ᠣᠷᠣᠭᠤᠯᠵᠤ᠂ 《ᠳᠥᠷᠪᠡ ᠵᠢ ᠢᠵᠢ ᠪᠦᠷᠢᠳᠦᠭᠦᠯᠬᠦ》 ᠄ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤᠨ᠎ᠳᠤ ᠰᠠᠭᠤᠯᠭ᠋ᠠᠨ ᠳᠠᠷᠢᠬᠤ᠂ ᠭᠦᠨ ᠰᠤᠪᠠᠭ ᠮᠠᠯᠲᠠᠵᠤ ᠭᠦᠶᠦᠬᠡᠨ ᠬᠥᠷᠥᠰᠥ ᠵᠢ ᠬᠥᠷᠪᠡᠭᠦᠯᠦᠨ ᠳᠠᠷᠢᠬᠤ᠂ ᠪᠦᠷᠬᠦᠴᠡ ᠵᠢᠨ ᠴᠢᠬᠢᠭ᠎ᠢ ᠬᠠᠮᠠᠭ᠋ᠠᠯᠠᠬᠤ᠂ ᠵᠦᠢ ᠵᠣᠬᠢᠰᠲᠠᠢ᠎ᠪᠠᠷ ᠨᠢᠭᠲᠠ ᠳᠠᠷᠢᠬᠤ) ᠵᠡᠷᠭᠡ ᠬᠠᠭᠤᠷᠠᠢ ᠲᠠᠷᠢᠶᠠᠯᠠᠭ᠎ᠠ ᠵᠢᠨ ᠤᠰᠤ ᠠᠷᠪᠢᠯᠠᠵᠤ ᠠᠮᠤ ᠪᠤᠳᠠᠭ᠎ᠠ ᠵᠢ ᠨᠡᠮᠡᠭᠳᠡᠭᠦᠯᠬᠦ ᠮᠡᠷᠭᠡᠵᠢᠯ᠎ᠤᠨ ᠵᠠᠭᠪᠤᠷ᠎ᠢ ᠬᠡᠷᠡᠭᠯᠡᠨ᠂ 《ᠬᠠᠭᠤᠷᠠᠢ ᠲᠠᠷᠢᠶᠠᠨ ᠭᠠᠵᠠᠷ᠎ᠤᠨ ᠲᠣᠨ ᠠᠮᠤ ᠵᠢᠨ ᠲᠠᠷᠢᠶ᠎ᠠ》 ᠵᠢ ᠡᠭᠦᠳᠦᠨ ᠪᠠᠶ᠋ᠢᠭᠤᠯᠬᠤ᠎ᠪᠠᠷ ᠴᠢᠷᠮᠠᠢ᠌ᠨ᠎ᠠ᠃
(ᠭᠤᠷᠪᠠ) ᠵᠠᠩᠭᠢᠯᠠᠭ᠎ᠠ ᠵᠢᠨ ᠮᠡᠷᠭᠡᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠠᠬᠤᠢ ᠵᠢᠨ ᠲᠠᠷᠢᠮᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠰᠢᠶᠠᠨ᠎ᠢ ᠡᠭᠦᠳᠦᠨ ᠪᠠᠢ᠌ᠭᠤᠯᠤᠨ᠎ᠠ᠃ ᠰᠢᠬᠢᠷ ᠯᠤᠤᠪᠠᠩ᠎ᠤᠨ ᠲᠠᠯ᠎ᠠ᠎ᠪᠠᠷ᠂ ᠡᠪᠡᠳᠴᠢᠨ ᠡᠰᠡᠷᠭᠦᠴᠡᠬᠦ ᠴᠢᠨᠠᠷ ᠵᠶ᠋ᠠᠷ ᠴᠢᠩᠭ᠎ᠠ ᠥᠨᠳᠥᠷ ᠤᠨᠠᠯᠲᠠ᠎ᠲᠠᠢ ᠥᠨᠳᠥᠷ ᠰᠢᠬᠢᠷ᠎ᠤᠨ ᠲᠦᠷᠦᠯ ᠵᠦᠢ᠍ᠯ᠂ ᠬᠤᠷᠠᠮᠠᠯ ᠦᠷᠢᠯᠢ ᠮᠥᠬᠥᠯᠢᠭᠵᠢᠭᠦᠯᠬᠦ ᠮᠠᠰᠢᠨ ᠵᠶ᠋ᠠᠷ ᠨᠠᠷᠢᠯᠢᠭ ᠰᠢᠭᠤᠳ ᠨᠡᠪᠲᠡᠷᠡᠭᠦᠯᠬᠦ᠂ ᠴᠠᠭ᠋ᠠᠰᠤᠨ ᠲᠦᠩᠰᠡᠨ᠎ᠳᠤ ᠴᠢᠬᠢ ᠪᠣᠢ᠌ᠵᠢᠭᠤᠯᠵᠤ ᠰᠢᠯᠵᠢᠭᠦᠯᠦᠨ ᠵᠠᠢ᠌ᠯᠠᠬᠤ᠂ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠡᠪᠡᠳᠴᠢᠨ ᠬᠣᠷᠣᠬᠠᠢ ᠡᠪᠡᠰᠦᠨ᠎ᠤ ᠬᠥᠨᠥᠭᠡᠯ᠎ᠢ ᠪᠣᠬᠢᠷᠲᠤᠯ ᠦᠭᠡᠢ ᠪᠣᠯᠭ᠋ᠠᠬᠤ ᠵᠢ ᠶᠡᠷᠦᠩᠬᠡᠢ᠌ᠯᠡᠨ ᠰᠡᠷᠭᠡᠢ᠌ᠯᠡᠨ ᠡᠵᠡᠮᠳᠡᠬᠦ᠂ ᠮᠠᠰᠢᠨᠴᠢᠯᠠᠯᠲᠠ᠎ᠪᠠᠷ ᠥᠨᠳᠥᠷ ᠦᠷ᠎ᠡ ᠠᠰᠢᠭᠲᠠᠢᠪᠠᠷ ᠬᠤᠷᠢᠶᠠᠬᠤ ᠵᠢᠴᠢ ᠡᠰᠢ ᠨᠠᠪᠴᠢ ᠵᠢ ᠬᠣᠷᠢᠶᠠᠨ ᠠᠪᠴᠤ ᠠᠰᠢᠭᠯᠠᠬᠤ ᠵᠡᠷᠭᠡ ᠮᠡᠷᠭᠡᠵᠢᠯ᠎ᠢ ᠭᠣᠣᠯᠳᠠᠯᠭ᠎ᠠ᠎ᠲᠠᠢ ᠳᠡᠯᠭᠡᠷᠡᠭᠦᠯᠦᠨ᠎ᠡ᠃
ᠪᠤᠰᠤᠳ ᠣᠨᠴᠠᠯᠢᠭᠲᠤ ᠲᠠᠷᠢᠮᠠᠯ᠎ᠤᠨ ᠳᠠᠪᠠᠭᠤᠯᠢᠭ ᠭᠠᠷᠤᠯᠲᠠ ᠵᠢᠨ ᠣᠷᠣᠨ᠎ᠤ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠡᠷᠴᠢᠮᠵᠢᠭᠦᠯᠬᠦ ᠵᠡᠷᠭᠡ ᠪᠣᠬᠢᠷᠲᠤᠯ ᠦᠭᠡᠢ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭᠲᠠᠢ ᠮᠡᠷᠭᠡᠵᠢᠯ᠎ᠤᠨ ᠵᠠᠭᠪᠤᠷ᠎ᠢ ᠲᠥᠪᠯᠡᠷᠡᠭᠦᠯᠦᠨ ᠳᠡᠯᠭᠡᠷᠡᠭᠦᠯᠦᠨ᠎ᠡ᠃ ᠴᠠᠭ ᠠᠭᠤᠷ᠎ᠤᠨ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠨᠥᠬᠥᠴᠡᠯ᠎ᠲᠠᠢ ᠭᠠᠵᠠᠷ ᠣᠷᠣᠨ᠎ᠨᠤᠭᠤᠳ ᠣᠶᠤᠨᠴᠢ ᠤᠰᠤᠯᠠᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ ᠵᠢ ᠬᠠᠮᠲᠤᠷᠠᠨ ᠥᠷᠨᠢᠭᠦᠯᠵᠦ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠵᠡᠷᠭᠡ ᠠᠵᠢᠯ᠎ᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ᠃
ᠳᠥᠷᠪᠡ᠂ ᠠᠵᠢᠯ᠎ᠤᠨ ᠱᠠᠭ᠋ᠠᠷᠳᠠᠯᠭ᠎ᠠ
ᠨᠢᠭᠡ᠎ᠳᠤ ᠵᠣᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠠᠴᠠ ᠲᠢᠩᠬᠢᠮ᠎ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠠᠵᠢᠯᠯᠠᠬᠤ ᠳᠤᠭᠤᠢ᠌ᠯᠠᠩ᠎ᠢ ᠪᠠᠢ᠌ᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠢ᠌ᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠨᠢ ᠨᠢᠭᠡᠳᠦᠯᠲᠡᠢ ᠲᠥᠯᠥᠪᠯᠡᠨ ᠵᠢᠯᠤᠭᠣᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠵᠤ᠂ ᠠᠢ᠌ᠮᠠᠭ ᠬᠣᠲᠠ ᠵᠢᠨ ᠲᠠᠷᠢᠶᠠᠯᠠᠩ᠎ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ᠎ᠨᠢ ᠨᠠᠷᠢᠯᠢᠭᠵᠢᠭᠤᠯᠬᠤ ᠲᠥᠰᠥᠯ᠎ᠢ ᠬᠠᠮᠵᠢᠯᠴᠠᠨ ᠪᠡᠶᠡᠯᠡᠭᠦᠯᠵᠦ᠂ ᠲᠥᠷᠥᠯ ᠵᠦᠢ᠍ᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠠ ᠮᠡᠷᠭᠡᠵᠢᠯ᠎ᠤᠨ ᠵᠢᠯᠣᠭᠣᠳᠤᠯᠭ᠎ᠠ ᠵᠡᠷᠭᠡ ᠠᠵᠢᠯ᠎ᠢ ᠬᠠᠮᠵᠢᠯᠴᠠᠨ᠎ᠠ; ᠲᠥᠷᠥᠯ ᠵᠦᠢ᠍ᠯ᠎ᠢ ᠬᠡᠷᠡᠭᠵᠢᠭᠦᠯᠬᠦ ᠬᠣᠰᠢᠭᠤ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠎ᠨᠢ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 《ᠨᠢᠭᠡ ᠬᠣᠰᠢᠭᠤ ᠰᠢᠶᠠᠨ᠎ᠳᠤ ᠨᠢᠭᠡ ᠲᠥᠰᠥᠯ》᠎ᠤᠨ ᠵᠠᠷᠴᠢᠮ ᠶᠣᠰᠣᠭ᠋ᠠᠷ᠂ ᠬᠡᠷᠡᠭᠵᠢᠭᠦᠯᠬᠦ ᠠᠭᠤᠯᠭ᠎ᠠ ᠪᠠ ᠮᠡᠷᠭᠡᠵᠢᠯ᠎ᠤᠨ ᠠᠷᠭ᠎ᠠ ᠵᠠᠮ᠎ᠢ ᠨᠠᠷᠢᠯᠢᠭᠵᠢᠭᠤᠯᠤᠨ᠂ ᠲᠥᠷᠥᠯ ᠵᠦᠢ᠍ᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠪᠠ ᠭᠠᠵᠠᠷ ᠰᠢᠷᠣᠢ ᠵᠢ ᠨᠠᠢ᠌ᠳᠠᠪᠤᠷᠢᠵᠢᠭᠤᠯᠵᠤ᠂ ᠲᠣᠰ ᠭᠠᠵᠠᠷ ᠣᠷᠣᠨ᠎ᠤ ᠳᠠᠷᠢᠬᠤ᠎ᠳᠤ ᠲᠣᠬᠢᠷᠠᠬᠤ ᠥᠨᠳᠥᠷ ᠤᠨᠠᠯᠲᠠ᠎ᠲᠠᠢ ᠡᠭᠦᠯᠳᠡᠷ᠂ ᠮᠡᠷᠭᠡᠵᠢᠯ᠂ ᠮᠠᠰᠢᠨ ᠪᠠᠭ᠋ᠠᠵᠢ ᠵᠢ ᠬᠤᠷᠠᠮᠳᠤᠭᠤᠯᠤᠨ ᠴᠤᠭᠯᠠᠭᠤᠯᠵᠤ᠂ ᠲᠠᠷᠢᠮᠠᠯ ᠬᠤᠪᠢᠶᠠᠨ ᠨᠢᠭᠡ᠎ᠠᠴᠠ ᠳᠡᠭᠡᠭᠰᠢ ᠥᠨᠳᠥᠷ ᠲᠣᠭᠲᠠᠭᠤᠨ ᠤᠨᠠᠯᠲᠠ᠎ᠲᠠᠢ ᠪᠣᠯᠭ᠋ᠠᠬᠤ ᠮᠡᠷᠭᠡᠵᠢᠯ᠎ᠤᠨ ᠲᠥᠰᠥᠯ᠎ᠢ ᠪᠦᠷᠢᠯᠳᠦᠭᠦᠯᠬᠦ ᠬᠡᠷᠡᠭᠲᠡᠢ᠃ ᠬᠣᠶᠠᠷ᠎ᠲᠤ ᠵᠢᠯᠣᠭᠣᠳᠤᠯᠭ᠎ᠠ ᠦᠢ᠍ᠯᠡᠴᠢᠯᠡᠭᠡ ᠵᠢ ᠴᠢᠩᠭ᠋ᠠᠳᠬᠠᠬᠤ ᠬᠡᠷᠡᠭᠲᠡᠢ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠨᠤᠭᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠮᠡᠷᠭᠡᠵᠢᠯᠲᠡᠨ᠎ᠢ ᠲᠣᠰᠬᠣᠨ᠎ᠳᠤ ᠣᠷᠣᠭᠤᠯᠵᠤ ᠡᠷᠦᠬᠡ ᠵᠢ ᠳᠠᠭ᠋ᠠᠭ᠋ᠠᠴᠢᠯᠠᠨ ᠭᠣᠣᠯ ᠴᠣᠭᠴᠠ ᠲᠠᠢ ᠬᠣᠯᠪᠣᠭ᠋ᠠᠯᠠᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠲᠠᠷᠢᠶᠠᠯᠠᠩ᠎ᠤᠨ ᠮᠡᠷᠭᠡᠵᠢᠯ᠎ᠤᠨ ᠪᠠᠩᠬᠢ ᠵᠢᠨ ᠠᠵᠢᠯ᠎ᠤᠨ ᠲᠥᠰᠥᠯ》᠎ᠲᠠᠢ ᠤᠶᠠᠯᠳᠤᠭᠤᠯᠤᠨ᠂ 《ᠨᠢᠭᠡ ᠰᠢᠶᠠᠨ᠎ᠳᠤ ᠨᠢᠭᠡ ᠪᠦᠯᠬᠦᠮ ᠨᠡᠶ᠋ᠢᠲᠡ᠂ ᠨᠢᠭᠡ ᠰᠢᠶᠠᠩ᠎ᠳᠤ ᠨᠢᠭᠡ ᠲᠤᠰᠬᠠᠢ ᠮᠡᠷᠭᠡᠵᠢᠯᠲᠡᠨ》᠎ᠤ ᠰᠡᠳᠬᠢᠮᠵᠢ ᠶᠣᠰᠣᠭ᠋ᠠᠷ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠮᠡᠷᠭᠡᠵᠢᠯ᠎ᠤᠨ ᠵᠢᠯᠤᠭᠣᠳᠬᠤ ᠪᠦᠯᠬᠦᠮ ᠪᠠᠢ᠌ᠭᠤᠯᠵᠤ᠂ ᠮᠡᠷᠭᠡᠵᠢᠯ᠎ᠤᠨ ᠵᠢᠯᠤᠭᠣᠳᠬᠤ ᠠᠵᠢᠯᠯᠠᠭ᠎ᠠ ᠵᠢ ᠴᠠᠭᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠢ᠃ ᠬᠣᠯᠪᠣᠭᠳᠠᠯ ᠪᠦᠬᠦᠢ ᠠᠺᠠᠳᠧᠮᠢᠴᠢ ᠵᠢᠨ ᠪᠦᠯᠬᠦᠮ᠎ᠲᠠᠢ ᠵᠣᠯᠭ᠋ᠠᠯᠳᠤᠭᠰᠠᠨ ᠭᠠᠵᠠᠷ ᠣᠷᠣᠨ᠎ᠨᠢ ᠲᠦᠷᠦᠯ ᠵᠦᠢ᠍ᠯ᠎ᠤᠨ ᠱᠠᠭ᠋ᠠᠷᠳᠠᠯᠭ᠎ᠠ᠎ᠳᠤ ᠨᠡᠢ᠌ᠴᠡᠵᠦ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠭᠤᠷᠪᠠ᠎ᠳᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠲᠥᠷᠥᠯ ᠵᠦᠢ᠍ᠯ᠎ᠤᠨ ᠪᠡᠯᠡ ᠮᠥᠩᠭᠥ ᠵᠢ ᠭᠣᠣᠯᠳᠠᠭᠤ ᠰᠢᠯᠢᠳᠡᠭ ᠡᠭᠦᠯᠳᠡᠷ ᠬᠤᠳᠠᠯᠳᠤᠨ ᠠᠪᠬᠤ᠂ ᠥᠨᠳᠥᠷ ᠤᠨᠠᠯᠲᠠ ᠵᠢᠨ ᠮᠡᠷᠭᠡᠵᠢᠯ᠎ᠢ ᠪᠣᠯᠪᠠᠰᠤᠷᠠᠭᠤᠯᠬᠤ᠂ ᠲᠤᠰᠬᠠᠢ ᠦᠢ᠍ᠯᠡᠴᠢᠯᠡᠭᠡ ᠵᠢ ᠬᠡᠷᠡᠭᠵᠢᠭᠦᠯᠬᠦ᠂ ᠤᠨᠠᠯᠲᠠ ᠵᠢ ᠬᠡᠮᠵᠢᠨ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠬᠤ᠂ ᠦᠵᠡᠭᠦᠯᠦᠯᠭᠡ ᠵᠢᠨ ᠰᠣᠯᠢᠯᠴᠠᠭ᠎ᠠ ᠥᠷᠨᠢᠭᠦᠯᠬᠦ ᠵᠡᠷᠭᠡ᠎ᠳᠤ ᠨᠥᠬᠥᠪᠦᠷᠢ ᠥᠭᠬᠦ᠎ᠳᠤ ᠬᠡᠷᠡᠭᠯᠡᠨ᠎ᠡ᠃ ᠶᠠᠮᠤᠨ᠎ᠤ ᠳᠡᠰ᠎ᠤᠨ ᠠᠮᠤ ᠲᠣᠰᠣᠨ᠎ᠤ ᠬᠡᠪᠴᠢᠶᠡᠲᠦ ᠲᠠᠷᠢᠮᠠᠯ᠎ᠤᠨ ᠭᠣᠣᠯ ᠴᠣᠭᠴᠠ ᠵᠢᠨ ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠡᠭᠦᠷᠭᠡ ᠵᠢ ᠡᠭᠦᠷᠭᠡᠯᠡᠬᠦ ᠭᠣᠣᠯ ᠴᠣᠭᠴᠠ᠎ᠲᠠᠢ ᠳᠠᠪᠬᠤᠷᠳᠠᠭᠤᠯᠵᠤ ᠪᠣᠯᠬᠤ ᠦᠭᠡᠢ᠂ 《ᠲᠣᠮᠣ ᠡᠷᠦᠬᠡ ᠪᠠᠶ᠋ᠢᠭᠤᠯᠬᠤ》 ᠠᠴᠠ ᠵᠠᠢ᠌ᠯᠠᠰᠬᠢᠵᠦ᠂ ᠣᠨᠴᠠ ᠵᠠᠷᠢᠮ ᠭᠠᠵᠠᠷ ᠣᠷᠣᠨ᠎ᠨᠢ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠭᠦᠷᠭᠡᠯᠡᠵᠦ ᠪᠦᠬᠦᠢ ᠶᠠᠮᠤᠨ᠎ᠤ ᠲᠠᠰ᠎ᠤᠨ ᠠᠮᠤ ᠲᠣᠰᠣᠨ᠎ᠤ ᠬᠡᠪᠴᠢᠶᠡᠲᠦ ᠲᠠᠷᠢᠮᠠᠯ᠎ᠤᠨ ᠭᠣᠣᠯ ᠴᠣᠭᠴᠠ ᠵᠢᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠭᠣᠣᠯ ᠴᠣᠭᠴᠠ᠎ᠯᠤᠭ᠎ᠠ ᠳᠠᠪᠬᠤᠷᠳᠠᠬᠤ᠎ᠠᠴᠠ ᠦᠨᠡᠨᠬᠦ ᠵᠠᠢ᠌ᠯᠠᠰᠬᠢᠬᠦ ᠵᠢᠨ ᠠᠷᠭ᠎ᠠ ᠦᠭᠡᠢ ᠪᠠᠢ᠌ᠵᠤ᠂ 《ᠲᠣᠮᠣ ᠡᠷᠦᠬᠡ ᠪᠠᠶ᠋ᠢᠭᠤᠯᠬᠤ ᠦᠭᠡᠢ》 ᠵᠢ ᠦᠨᠡᠨᠬᠦ ᠪᠠᠲᠤᠯᠠᠭᠰᠠᠨ ᠪᠠᠢ᠌ᠳᠠᠯ ᠳᠣᠣᠷ᠎ᠠ᠂ ᠭᠣᠣᠯ ᠴᠣᠭᠴᠠ ᠵᠢᠨ ᠳᠠᠪᠬᠤᠷᠳᠠᠬᠤ ᠪᠣᠯᠪᠠᠴᠤ ᠭᠠᠵᠠᠷ ᠰᠢᠷᠣᠢ ᠵᠢᠨ ᠳᠠᠪᠬᠤᠷᠳᠠᠬᠤ ᠦᠭᠡᠢ ᠪᠠᠢ᠌ᠬᠤ ᠵᠢ ᠵᠣᠬᠢᠬᠤ ᠬᠡᠮᠵᠢᠶ᠎ᠡ᠎ᠪᠠᠷ ᠵᠥᠪᠰᠢᠶᠡᠷᠡᠨ᠎ᠡ᠃ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠠᠯᠪᠠᠨ ᠲᠢᠩᠬᠢᠮ᠎ᠤᠨ ᠡᠳ᠋᠎ᠤᠨ ᠵᠠᠰᠠᠭ᠎ᠤᠨ ᠲᠠᠷᠢᠶᠠᠯᠠᠩ᠎ᠢ ᠳᠡᠮᠵᠢᠬᠦ ᠬᠠᠮᠢᠶ᠎ᠠ ᠪᠦᠬᠦᠢ ᠪᠡᠯᠡ ᠮᠥᠩᠭᠥ ᠵᠢᠨ ᠬᠡᠷᠡᠭᠯᠡᠯᠲᠡ ᠵᠢᠨ ᠪᠥᠬᠥ ᠬᠡᠯᠬᠢᠶᠡᠰᠦ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ》 (ᠲᠠᠷᠢᠶᠠᠯᠠᠩ ᠠᠯᠪᠠᠨ ᠲᠥᠯᠥᠪᠯᠡᠭᠡ ᠡᠳ᠋ [2024] 21 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠡᠯᠡ ᠮᠥᠩᠭᠥ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠲᠤᠰᠬᠠᠢ ᠡᠬᠡ ᠲᠠᠩᠰᠠ ᠪᠠᠢ᠌ᠭᠤᠯᠵᠤ᠂ ᠵᠠᠷᠤᠯᠭ᠎ᠠ ᠵᠢᠨ ᠬᠡᠪᠴᠢᠶ᠎ᠡ ᠵᠢ ᠴᠢᠩᠳᠠᠯᠠᠵᠤ᠂ ᠥᠪᠡᠷ ᠵᠶ᠋ᠡᠨ ᠪᠠᠢ᠌ᠴᠠᠭ᠋ᠠᠵᠤ ᠥᠪᠡᠷᠲᠡᠭᠡᠨ ᠪᠠᠢ᠌ᠴᠠᠭ᠋ᠠᠬᠤ ᠵᠢ ᠰᠠᠢ᠌ᠲᠤᠷ ᠬᠢᠬᠦ ᠬᠡᠷᠡᠭᠲᠡᠢ᠃ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠥᠯᠥᠪᠯᠡᠭᠡ ᠡᠳ᠋᠎ᠤᠨ ᠶᠠᠪᠤᠳᠠᠯ᠎ᠤᠨ ᠵᠤᠷᠭ᠋ᠠᠨ᠎ᠤ 《ᠲᠠᠷᠢᠮᠠᠯ᠎ᠤᠨ ᠦᠢ᠍ᠯᠡᠰ᠎ᠤᠨ ᠰᠢᠯᠵᠢᠭᠦᠯᠦᠨ ᠥᠭᠬᠦ ᠲᠥᠷᠥᠯ ᠵᠦᠢ᠍ᠯ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠰᠠᠭᠤᠳᠠᠯ᠎ᠢ ᠬᠢᠨᠠᠨ ᠬᠠᠷᠭᠤᠭᠤᠯᠵᠤ ᠴᠡᠭᠴᠡᠯᠡᠨ ᠰᠠᠢ᠌ᠵᠢᠷᠠᠭᠤᠯᠬᠤ ᠲᠤᠬᠠᠢ ᠵᠠᠬᠢᠳᠠᠯ》᠎ᠤᠨ ᠠᠰᠠᠭᠤᠳᠠᠯ᠎ᠤᠨ ᠨᠠᠷᠢᠨ ᠬᠠᠭᠤᠳᠠᠰᠤ᠎ᠲᠠᠢ ᠬᠠᠷᠢᠴᠠᠭᠤᠯᠤᠨ᠂ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠠᠢ᠌ᠮᠠᠭ ᠬᠣᠲᠠ᠎ᠨᠤᠭᠤᠳ ᠵᠠᠷᠤᠯᠭ᠎ᠠ ᠵᠢᠨ ᠠᠬᠢᠴᠠ᠎ᠪᠠᠷ ᠤᠳᠠᠭ᠋ᠠᠨ ᠪᠠᠢ᠌ᠭ᠎ᠠ ᠬᠣᠰᠢᠭᠤ ᠰᠢᠶᠠᠨ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠢᠨᠠᠯᠲᠠ ᠲᠠᠯᠪᠢᠬᠤ ᠵᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠡᠯᠡ ᠮᠥᠩᠭᠥ ᠣᠯᠭᠣᠬᠤ ᠵᠢ ᠲᠦᠷᠭᠡᠳᠬᠡᠬᠦ ᠵᠢ ᠰᠢᠮᠳᠠᠭᠤᠯᠬᠤ ᠬᠡᠷᠡᠭᠲᠡᠢ᠃ ᠳᠥᠷᠪᠡ᠎ᠳᠤ ᠲᠥᠷᠥᠯ ᠵᠦᠢ᠍ᠯ᠎ᠤᠨ ᠬᠠᠮᠢᠶᠠᠷᠤᠯᠲᠠ ᠵᠢ ᠰᠠᠢ᠌ᠲᠤᠷ ᠬᠢᠬᠦ ᠬᠡᠷᠡᠭᠲᠡᠢ᠃ ᠡᠯ᠎ᠡ ᠠᠢ᠌ᠮᠠᠭ ᠬᠣᠲᠠ᠎ᠨᠤᠭᠤᠳ 5 ᠰᠠᠷ᠎ᠠ ᠵᠢᠨ 20᠎ᠤ ᠡᠳᠦᠷ᠎ᠠᠴᠠ ᠡᠮᠦᠨ᠎ᠡ ᠬᠡᠷᠡᠭᠵᠢᠭᠦᠯᠬᠦ ᠲᠥᠰᠥᠯ ᠵᠶ᠋ᠡᠨ ᠳᠠᠷᠤᠮᠠᠯᠯᠠᠨ ᠶᠠᠪᠤᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠠᠵᠢᠯ᠎ᠤᠨ ᠵᠢᠯᠣᠭᠣᠳᠤᠯᠭ᠎ᠠ᠎ᠪᠠᠨ ᠴᠠᠭ ᠲᠤᠬᠠᠢᠳᠤᠨᠢ ᠥᠷᠨᠢᠭᠦᠯᠵᠦ᠂ ᠪᠡᠯᠡ ᠮᠥᠩᠭᠥ᠂ ᠮᠡᠷᠭᠡᠵᠢᠯ ᠪᠠ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠢ᠃ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠲᠥᠷᠥᠯ ᠵᠦᠢ᠍ᠯ᠎ᠤᠨ ᠠᠬᠢᠴᠠ ᠵᠢᠨ ᠲᠣᠬᠢᠷᠠᠭᠤᠯᠤᠯᠲᠠ ᠵᠢ ᠰᠠᠢ᠌ᠲᠤᠷ ᠬᠢᠵᠦ᠂ ᠬᠣᠰᠢᠭᠤ ᠰᠢᠶᠠᠨ᠎ᠢ ᠰᠢᠮᠳᠠᠭᠤᠯᠵᠤ ᠪᠠᠢ᠌ᠭ᠋ᠠᠳ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠲᠠᠪᠴᠠᠩ (https://zyzf.xnzb.org.cn)᠎ᠳᠤ ᠴᠠᠭ
ᠲᠤᠬᠠᠢᠳᠤᠨᠢ ᠲᠠᠭᠯᠠᠨ ᠮᠡᠳᠡᠭᠦᠯᠬᠦ ᠵᠢᠨ ᠬᠠᠮᠲᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠡᠵᠡᠮᠳᠡᠬᠦ ᠵᠢ ᠰᠠᠢ᠌ᠲᠤᠷ ᠬᠢᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠵᠢᠱ᠌ᠢᠶ᠎ᠡ ᠦᠵᠡᠭᠦᠯᠬᠦ ᠣᠷᠣᠨ᠎ᠤ ᠲᠡᠮᠳᠡᠭ ᠫᠠᠢ᠌ᠰᠠ ᠵᠢ ᠪᠤᠢ ᠪᠣᠯᠭ᠋ᠠᠵᠤ᠂ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂ ᠬᠠᠭᠤᠴᠢᠨ ᠡᠳ᠋᠎ᠢ ᠠᠰᠢᠭᠯᠠᠵᠤ᠂ ᠬᠡᠮ ᠬᠡᠮᠵᠢᠶ᠎ᠡ ᠵᠢ᠎ᠨᠢ ᠲᠣᠬᠢᠷᠠᠮᠵᠢᠲᠠᠢ ᠪᠠᠢ᠌ᠯᠭ᠋ᠠᠵᠤ᠂ ᠬᠡᠷᠡᠭᠯᠡᠭᠡᠨ᠎ᠳᠤ ᠣᠷᠣᠭᠤᠯᠬᠤ᠎ᠪᠠᠷ ᠭᠣᠣᠯ ᠪᠣᠯᠭ᠋ᠠᠬᠤ ᠬᠡᠷᠡᠭᠲᠡᠢ᠃ ᠠᠵᠢᠯ᠎ᠤᠨ ᠲᠠᠩᠰᠠ ᠡᠪᠬᠡᠮᠡᠯ᠎ᠢ ᠪᠠᠢ᠌ᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠡᠷᠡᠯ ᠵᠢᠷᠤᠭ᠎ᠤᠨ ᠮᠠᠲ᠋ᠧᠷᠢᠶᠠᠯ᠎ᠢ ᠡᠪᠬᠡᠮᠡᠯᠯᠡᠨ ᠲᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ᠃ ᠨᠥᠬᠥᠴᠡᠯ᠎ᠲᠠᠢ ᠭᠠᠵᠠᠷ ᠣᠷᠣᠨ᠎ᠨᠢ ᠲᠥᠷᠥᠯ ᠵᠦᠢ᠍ᠯ᠎ᠤᠨ ᠲᠣᠭᠣᠷᠢᠭ᠎ᠤᠨ ᠲᠤᠬᠠᠢ ᠵᠢᠨ ᠭᠠᠵᠠᠷ᠎ᠤᠨ ᠲᠠᠷᠢᠶᠠᠴᠢᠨ ᠡᠷᠦᠬᠡ ᠵᠢ ᠬᠥᠳᠡᠯᠮᠦᠷᠢ ᠦᠢ᠍ᠯᠡᠴᠢᠯᠡᠭᠡ᠎ᠳᠤ ᠣᠷᠣᠯᠴᠠᠭᠤᠯᠬᠤ ᠵᠢ ᠵᠣᠷᠢᠭᠵᠢᠭᠤᠯᠵᠤ᠂ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠨ᠎ᠡ᠃ ᠲᠠᠪᠤ᠎ᠳᠤ ᠲᠥᠷᠥᠯ ᠵᠦᠢ᠍ᠯ᠎ᠤᠨ ᠳ᠋ᠦᠩᠨᠡᠯᠲᠡ ᠵᠢ ᠰᠠᠢ᠌ᠲᠤᠷ ᠬᠢᠬᠦ ᠬᠡᠷᠡᠭᠲᠡᠢ᠃ ᠨᠡᠢ᠌ᠲᠡᠯᠢᠭ ᠵᠢᠱ᠌ᠢᠶ᠎ᠡ ᠵᠢ ᠠᠭᠤᠳᠠᠯᠬᠤ ᠵᠢ ᠴᠢᠩᠭ᠋ᠠᠳᠬᠠᠵᠤ᠂ ᠡᠯ᠎ᠡ ᠠᠢ᠌ᠮᠠᠭ ᠬᠣᠲᠠ᠎ᠨᠤᠭᠤᠳ ᠲᠣᠭᠲᠠᠮᠠᠯ ᠬᠤᠭᠤᠴᠠᠭ᠎ᠠ᠎ᠲᠠᠢ᠎ᠪᠠᠷ ᠬᠣᠯᠪᠣᠭᠳᠠᠯ ᠪᠦᠬᠦᠢ ᠬᠣᠰᠢᠭᠤ ᠰᠢᠶᠠᠨ᠎ᠢ ᠵᠣᠬᠢᠶᠠᠨ ᠪᠠᠢ᠌ᠭᠤᠯᠤᠨ ᠲᠤᠷᠰᠢᠯᠭ᠎ᠠ ᠬᠢᠳᠡᠯ᠎ᠢ ᠡᠮᠬᠢᠯᠡᠵᠦ᠂ ᠤᠨᠠᠯᠲᠠ ᠵᠢ ᠰᠢᠯᠭ᠋ᠠᠨ ᠠᠪᠬᠤ ᠵᠢ ᠴᠢᠩᠳᠠᠯᠠᠵᠤ᠂ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠳ᠋ᠦᠩᠨᠡᠨ᠂ ᠥᠨᠳᠥᠷ ᠤᠨᠠᠯᠲᠠ᠎ᠲᠠᠢ ᠨᠡᠢ᠌ᠲᠡᠯᠢᠭ ᠵᠢᠱ᠌ᠢᠶ᠎ᠡ ᠵᠢᠨ ᠲᠥᠷᠥᠯ ᠵᠦᠢ᠍ᠯ᠎ᠤᠨ ᠳᠣᠲᠣᠭ᠋ᠠᠳᠤ᠎ᠳᠠᠭᠠᠨ ᠤᠬᠠᠭᠤᠯᠵᠤ ᠰᠣᠯᠢᠯᠴᠠᠬᠤ ᠵᠢ ᠴᠢᠩᠭ᠋ᠠᠳᠬᠠᠵᠤ᠂ ᠭᠠᠳᠠᠭ᠋ᠠᠳᠤ᠎ᠳᠤ ᠮᠡᠳᠡᠭᠡᠯᠡᠬᠦ ᠠᠭᠤᠯᠭ᠎ᠠ ᠵᠢ ᠵᠢᠷᠤᠮᠵᠢᠭᠤᠯᠤᠨ᠂ ᠣᠩᠭᠢᠷᠠᠬᠤ ᠪᠠ ᠬᠠᠭᠤᠷᠮᠠᠭ ᠵᠶ᠋ᠠᠷ ᠵᠣᠬᠢᠶᠠᠬᠤ ᠵᠢ ᠴᠢᠩᠭ᠎ᠠ ᠴᠠᠭ᠋ᠠᠵᠠᠯᠠᠨ᠎ᠠ᠃ 11 ᠰᠠᠷ᠎ᠠ ᠵᠢᠨ 15᠎ᠤ ᠡᠳᠦᠷ᠎ᠠᠴᠠ ᠡᠮᠦᠨ᠎ᠡ᠂ ᠳ᠋ᠦᠩᠨᠡᠯᠲᠡ ᠵᠢᠨ ᠮᠡᠳᠡᠭᠦᠯᠦᠯᠲᠡ ᠵᠢ ᠪᠣᠶ ᠪᠣᠯᠭ᠋ᠠᠵᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠠᠮᠤ ᠪᠤᠳᠠᠭ᠎ᠠ ᠲᠣᠰᠣᠨ᠎ᠤ ᠭᠠᠵᠠᠷ᠂ ᠤᠰᠤ ᠠᠷᠪᠢᠯᠠᠵᠤ ᠠᠮᠤ ᠪᠤᠳᠠᠭ᠎ᠠ ᠵᠢ ᠨᠡᠮᠡᠭᠳᠡᠭᠦᠯᠬᠦ ᠪᠠ ᠠᠵᠤ ᠠᠬᠤᠢ ᠵᠢᠨ ᠲᠠᠷᠢᠮᠠᠯ᠎ᠤᠨ ᠵᠢᠱ᠌ᠢᠶ᠎ᠡ ᠦᠵᠡᠭᠦᠯᠬᠦ ᠣᠷᠣᠨ ᠵᠡᠷᠭᠡ ᠠᠭᠤᠯᠭ᠎ᠠ ᠵᠢ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠬᠥᠷᠥᠰᠥ ᠰᠢᠷᠣᠢ ᠵᠢᠨ ᠪᠣᠷᠳᠣᠭᠤᠷ᠎ᠤᠨ ᠭᠠᠵᠠᠷ᠂ ᠠᠵᠤ ᠠᠬᠤᠢ ᠵᠢᠨ ᠭᠠᠵᠠᠷ᠎ᠲᠤ ᠬᠠᠭᠤᠯᠤᠨ ᠬᠦᠷᠭᠡᠬᠦ ᠬᠡᠷᠡᠭᠲᠡᠢ᠃ ᠡᠯ᠎ᠡ ᠭᠠᠵᠠᠷ᠎ᠤᠨ ᠡᠭᠦᠷᠭᠡ ᠵᠢ ᠨᠠᠢ᠌ᠳᠠᠪᠤᠷᠢᠵᠢᠭᠤᠯᠤᠭᠰᠠᠨ᠂ ᠮᠡᠳᠡᠭᠡ ᠵᠠᠩᠭᠢ ᠵᠢ ᠲᠣᠬᠢᠷᠠᠭᠤᠯᠤᠭᠰᠠᠨ᠂ ᠳ᠋ᠦᠩᠨᠡᠵᠦ ᠮᠡᠳᠡᠭᠦᠯᠦᠨ ᠬᠦᠷᠭᠡᠭᠰᠡᠨ ᠵᠡᠷᠭᠡ ᠪᠠᠢ᠌ᠳᠠᠯ ᠵᠶ᠋ᠠᠷ ᠳᠠᠷᠠᠭ᠎ᠠ ᠵᠢᠯ᠎ᠤᠨ ᠲᠥᠷᠥᠯ ᠵᠦᠢ᠍ᠯ᠎ᠤᠨ ᠲᠣᠬᠢᠷᠠᠭᠤᠯᠤᠯᠲᠠ ᠵᠢᠨ ᠴᠢᠬᠤᠯᠠ ᠯᠠᠪᠯᠠᠯᠲᠠ ᠪᠣᠯᠭ᠋ᠠᠨ᠎ᠠ᠃