ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠨᠡᠯᠡᠯᠲᠡ ᠵᠢᠨ ᠠᠷᠭ᠎ᠠ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-02-22

      ᠨᠢᠭᠡ᠂ 《ᠦᠨᠡᠯᠡᠯᠲᠡ ᠵᠢᠨ  ᠠᠷᠭ᠎ᠠ》 ᠵᠢ ᠲᠣᠭᠲᠠᠭ᠋ᠠᠵᠤ ᠨᠡᠢ᠌ᠲᠡᠯᠡᠭᠰᠡᠨ ᠭᠣᠣᠯ ᠠᠬᠤᠢ ᠪᠠᠢ᠌ᠳᠠᠯ

      ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ᠎ᠨᠢ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ᠂  ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ᠂  ᠪᠠᠷᠢᠯᠭ᠎ᠠ ᠪᠠᠷᠢᠬᠤ᠂  ᠬᠢᠨᠠᠨ ᠬᠠᠮᠢᠶᠠᠷᠬᠤ ᠪᠠ ᠮᠠᠲ᠋ᠧᠷᠢᠶᠠᠯ ᠲᠥᠬᠦᠭᠡᠷᠦᠮᠵᠢ ᠬᠠᠩᠭ᠋ᠠᠬᠤ ᠵᠡᠷᠭᠡ ᠲᠤᠬᠠᠢ᠌ᠯᠠᠭᠰᠠᠨ ᠠᠵᠢᠯ᠎ᠤᠨ ᠨᠢᠭᠡᠴᠡ᠎ᠳᠤ ᠬᠣᠯᠪᠣᠭᠳᠠᠵᠤ᠂  ᠣᠷᠣᠯᠴᠠᠬᠤ ᠭᠣᠣᠯ ᠴᠣᠭᠴᠠ᠎ᠨᠢ ᠣᠯᠠᠨ ᠡᠰᠢᠲᠦ᠂  ᠨᠡᠢ᠌ᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ᠂  ᠲᠠᠷᠢᠶᠠᠴᠢᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠨᠢᠭᠲᠠ ᠬᠣᠯᠪᠣᠭ᠎ᠠ᠎ᠲᠠᠢ᠂  ᠲᠤᠰᠬᠠᠢ ᠮᠡᠷᠭᠡᠵᠢᠯ᠎ᠤᠨ ᠬᠥᠮᠥᠨ ᠵᠶ᠋ᠡᠷ ᠲᠤᠰᠬᠠᠢ ᠮᠡᠷᠭᠡᠵᠢᠯ᠎ᠤᠨ ᠠᠵᠢᠯ ᠬᠢᠯᠭᠡᠬᠦ ᠴᠢᠬᠤᠯᠠᠲᠠᠢ᠂  ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠠᠵᠢᠯ᠎ᠤᠨ ᠶᠠᠰᠤ

ᠴᠢᠨᠠᠷ᠎ᠨᠢ ᠵᠢᠭᠳᠡ ᠪᠤᠰᠤ᠂  ᠲᠥᠷᠥᠯ ᠵᠦᠢ᠍ᠯ᠎ᠤᠨ ᠲᠥᠯᠦᠪᠵᠢᠭᠦᠯᠭᠡ᠎ᠨᠢ ᠰᠢᠨᠵᠢᠯᠡᠬᠦ ᠤᠬᠠᠭ᠋ᠠᠨᠴᠢ ᠪᠤᠰᠤ᠂  ᠲᠥᠷᠥᠯ ᠵᠦᠢ᠍ᠯ᠎ᠤᠨ ᠢᠨᠵᠧᠨᠧᠷᠢᠩ᠎ᠨᠢ ᠵᠢᠷᠤᠮᠵᠢᠯ ᠦᠭᠡᠢ᠂  ᠢᠨᠵᠧᠨᠧᠷᠢᠩ᠎ᠤᠨ ᠶᠠᠰᠤ ᠴᠢᠨᠠᠷ᠎ᠨᠢ ᠬᠢᠷᠢ ᠲᠡᠩᠴᠡᠬᠦ ᠦᠭᠡᠢ᠂  ᠪᠠᠢ᠌ᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ᠎ᠨᠢ ᠪᠠᠷᠢᠮᠵᠢᠶ᠎ᠠ᠎ᠳᠤ ᠬᠦᠷᠬᠦ ᠦᠭᠡᠢ ᠵᠡᠷᠭᠡ ᠠᠰᠠᠭᠤᠳᠠᠯ ᠢᠯᠡᠷᠡᠵᠦ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠨᠢ ᠨᠢᠭᠡᠨᠲᠡ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠵᠢᠷᠤᠮᠵᠢᠭᠤᠯᠤᠨ ᠥᠷᠨᠢᠭᠦᠯᠬᠦ ᠵᠢᠨ ᠲᠤᠯᠭ᠋ᠠᠮ᠎ᠠ ᠬᠡᠷᠡᠭᠴᠡᠭᠡ ᠪᠣᠯᠤᠭᠰᠠᠨ ᠪᠠᠢ᠌ᠨ᠎ᠠ᠃  ᠲᠣᠰ 《ᠦᠨᠡᠯᠡᠯᠲᠡ ᠵᠢᠨ ᠠᠷᠭ᠎ᠠ》  ᠪᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠨᠡᠯᠡᠯᠲᠡ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠰᠠᠭᠤᠷᠢᠨ ᠳᠡᠭᠡᠷ᠎ᠡ᠂  ᠲᠤᠷᠰᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠪᠠ ᠬᠠᠮᠢᠶ᠎ᠠ ᠪᠦᠬᠦᠢ ᠱᠠᠭ᠋ᠠᠷᠳᠠᠯᠭ᠎ᠠ᠎ᠲᠠᠢ ᠤᠶᠠᠯᠳᠤᠭᠤᠯᠤᠨ᠂  ᠢᠲᠡᠭᠡᠮᠵᠢ ᠵᠢᠨ ᠦᠨᠡᠯᠡᠯᠲᠡ ᠵᠢᠨ ᠠᠭᠤᠯᠭ᠎ᠠ ᠪᠠ ᠦᠨᠡᠯᠡᠬᠦ ᠪᠠᠷᠢᠮᠵᠢᠶ᠎ᠠ᠂  ᠵᠡᠷᠭᠡ ᠳᠡᠰ ᠵᠢᠴᠢ ᠬᠡᠷᠡᠭᠯᠡᠬᠦ ᠲᠠᠯ᠎ᠠ ᠵᠢᠨ ᠪᠣᠳᠠᠲᠠᠢ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃  ᠵᠠᠩᠭᠢᠯᠠᠭ᠎ᠠ ᠵᠢᠨ ᠭᠣᠭᠴᠣᠭ᠎ᠠ ᠵᠢᠨ ᠪᠣᠳᠠᠲᠠᠢ ᠦᠨᠡᠯᠡᠯᠲᠡ ᠵᠢᠨ ᠠᠷᠭ᠎ᠠ  ᠪᠠ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠤ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠨᠡᠯᠡᠯᠲᠡ ᠵᠢ ᠵᠢᠷᠤᠮᠯᠠᠬᠤ ᠳᠦᠷᠢᠮ᠎ᠲᠠᠢ᠂  ᠦᠨᠳᠦᠰᠦᠯᠡᠬᠦ ᠪᠠᠷᠢᠮᠲᠠ᠎ᠲᠠᠢ ᠪᠣᠯᠭ᠋ᠠᠵᠤ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢᠨ ᠬᠢᠷᠢ ᠲᠦᠪᠰᠢᠨ᠎ᠢ ᠬᠦᠴᠦᠲᠡᠢ  ᠳᠡᠭᠡᠭᠰᠢᠯᠡᠭᠦᠯᠦᠨ᠎ᠡ᠃ 

      ᠬᠣᠶᠠᠷ᠂ 《ᠦᠨᠡᠯᠡᠯᠲᠡ ᠵᠢᠨ ᠠᠷᠭ᠎ᠠ》 ᠵᠢᠨ ᠪᠣᠷᠣ ᠲᠥᠯᠥᠪ ᠪᠠ ᠭᠣᠣᠯ ᠠᠭᠤᠯᠭ᠎ᠠ

      《ᠦᠨᠡᠯᠡᠯᠲᠡ ᠵᠢᠨ ᠠᠷᠭ᠎ᠠ》 ᠵᠢ ᠨᠡᠶ᠋ᠢᠲᠡ ᠵᠢᠷᠭᠤᠭ᠋ᠠᠨ ᠪᠦᠯᠦᠭ ᠭᠤᠴᠢᠨ ᠵᠦᠢ᠍ᠯ ᠵᠶ᠋ᠡᠷ  ᠬᠤᠪᠢᠶᠠᠵᠠᠢ᠃  ᠭᠣᠣᠯ ᠠᠭᠤᠯᠭ᠎ᠠ᠎ᠳᠤ᠄ ᠨᠢᠭᠡᠳᠦᠭᠡᠷ ᠪᠦᠯᠦᠭ ᠶᠡᠷᠦᠩᠬᠡᠢ  ᠳᠦᠷᠢᠮ᠂  ᠨᠡᠢ᠍ᠢ᠍ᠳᠠ ᠲᠠᠪᠤᠨ ᠵᠦᠢ᠍ᠯ;  ᠬᠣᠶᠠᠳᠤᠭ᠋ᠠᠷ ᠪᠦᠯᠦᠭ ᠦᠨᠡᠯᠡᠬᠦ ᠠᠭᠤᠯᠭ᠎ᠠ ᠵᠢᠴᠢ ᠵᠢᠷᠤᠮ᠂  ᠨᠡᠶ᠋ᠢᠲᠡ ᠳᠥᠷᠪᠡᠨ ᠵᠦᠢ᠍ᠯ; ᠭᠤᠷᠪᠠᠳᠤᠭ᠋ᠠᠷ ᠪᠦᠯᠦᠭ ᠦᠨᠡᠯᠡᠬᠦ ᠪᠠᠷᠢᠮᠵᠢᠶ᠎ᠠ ᠵᠢᠴᠢ ᠵᠡᠷᠭᠡ ᠳᠡᠰ᠂  ᠨᠡᠶ᠋ᠢᠲᠡ ᠳᠣᠯᠣᠭ᠋ᠠᠨ ᠵᠦᠢ᠍ᠯ;  ᠳᠥᠷᠪᠡᠳᠦᠭᠡᠷ ᠪᠦᠯᠦᠭ ᠦᠨᠡᠯᠡᠯᠲᠡ ᠵᠢᠨ ᠦᠷ᠎ᠡ ᠳ᠋ᠦᠩ᠎ᠤᠨ  ᠬᠡᠷᠡᠭᠯᠡᠭᠡ᠂  ᠨᠡᠢ᠍ᠢ᠍ᠳᠡ ᠲᠤᠯᠤᠭ᠋ᠠᠨ ᠵᠦᠢ᠍ᠯ;  ᠲᠠᠪᠤᠳᠤᠭ᠋ᠠᠷ ᠪᠦᠯᠦᠭ ᠢᠲᠡᠭᠡᠮᠵᠢ ᠵᠢ ᠰᠡᠷᠭᠦᠭᠡᠬᠦ᠂  ᠨᠡᠶ᠋ᠢᠲᠡ ᠭᠤᠷᠪᠠᠨ ᠵᠦᠢ᠍ᠯ; ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠂  ᠨᠡᠢ᠍ᠢ᠍ᠳᠡ ᠲᠦᠷᠪᠡᠨ ᠵᠦᠢ᠍ᠯ ᠵᠡᠷᠭᠡ ᠪᠤᠢ᠃ 

      ᠨᠢᠭᠡᠳᠦᠭᠡᠷ ᠪᠦᠯᠦᠭ ᠶᠡᠷᠦᠩᠬᠡᠢ ᠳᠦᠷᠢᠮ᠎ᠳᠤ᠂  ᠠᠷᠭ᠎ᠠ ᠵᠢ ᠨᠠᠢ᠌ᠷᠠᠭᠤᠯᠤᠨ ᠵᠣᠬᠢᠶᠠᠬᠤ ᠵᠣᠷᠢᠯᠭ᠎ᠠ ᠵᠢᠨ ᠦᠨᠳᠦᠰᠦᠯᠡᠯ᠂  ᠬᠡᠷᠡᠭᠯᠡᠬᠦ ᠬᠡᠪᠴᠢᠶ᠎ᠡ᠂  ᠡᠯ᠎ᠡ ᠱᠠᠲᠤᠨ᠎ᠤ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠃ 

      ᠬᠣᠶᠠᠳᠤᠭ᠋ᠠᠷ ᠪᠦᠯᠦᠭ ᠦᠨᠡᠯᠡᠬᠦ ᠠᠭᠤᠯᠭ᠎ᠠ ᠵᠢᠴᠢ ᠵᠢᠷᠤᠮ᠎ᠳᠤ᠂  ᠦᠨᠡᠯᠡᠯᠲᠡ ᠵᠢᠨ ᠠᠷᠭ᠎ᠠ  ᠮᠠᠶᠢᠭ᠂  ᠦᠨᠡᠯᠡᠬᠦ ᠠᠭᠤᠯᠭ᠎ᠠ᠂  ᠦᠨᠡᠯᠡᠬᠦ ᠵᠢᠷᠤᠮ ᠪᠠ ᠲᠤᠰᠢᠶᠠᠯ ᠬᠠᠷᠢᠭᠤᠴᠠᠯᠭ᠎ᠠ ᠵᠡᠷᠭᠡ ᠠᠭᠤᠯᠭ᠎ᠠ ᠵᠢ  ᠪᠠᠭᠲᠠᠭ᠋ᠠᠵᠠᠢ᠃ 

      ᠭᠤᠷᠪᠠᠳᠤᠭ᠋ᠠᠷ ᠪᠦᠯᠦᠭ ᠦᠨᠡᠯᠡᠬᠦ ᠪᠠᠷᠢᠮᠵᠢᠶ᠎ᠠ ᠵᠢᠴᠢ ᠵᠡᠷᠭᠡ ᠳᠡᠰ᠎ᠲᠤ ᠢᠲᠡᠭᠡᠮᠵᠢ ᠵᠢᠨ ᠦᠨᠡᠯᠡᠯᠲᠡ ᠵᠢᠨ ᠵᠡᠷᠭᠡ ᠳᠡᠰ᠎ᠤᠨ ᠬᠤᠪᠢᠶᠠᠷᠢᠯᠠᠯ᠂  ᠢᠲᠡᠭᠡᠮᠵᠢ ᠵᠢᠨ ᠵᠡᠷᠭᠡ ᠳᠡᠰ᠎ᠨᠢ D ᠪᠣᠯᠬᠤ ᠡᠯ᠎ᠡ ᠵᠦᠢ᠍ᠯ᠎ᠤᠨ ᠪᠠᠢ᠌ᠳᠠᠯ᠂  ᠢᠲᠡᠭᠡᠮᠵᠢ ᠵᠢᠨ ᠵᠡᠷᠭᠡ ᠳᠡᠰ᠎ᠤᠨ ᠬᠦᠴᠦᠨ᠎ᠲᠠᠢ ᠬᠤᠭᠤᠴᠠᠭ᠎ᠠ ᠵᠡᠷᠭᠡ ᠠᠭᠤᠯᠭ᠎ᠠ ᠪᠠᠭᠲᠠᠵᠠᠢ᠃ 

      ᠳᠥᠷᠪᠡᠳᠦᠭᠡᠷ ᠪᠦᠯᠦᠭ ᠦᠨᠡᠯᠡᠭᠰᠡᠨ ᠦᠷ᠎ᠡ ᠳ᠋ᠦᠩ᠎ᠤᠨ  ᠬᠡᠷᠡᠭᠯᠡᠭᠡ᠎ᠳᠤ᠂  ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠨᠡᠯᠡᠯᠲᠡ ᠵᠢᠨ A᠂ B᠂ C᠂ D  ᠭᠡᠬᠦ 4 ᠵᠦᠢ᠍ᠯ᠎ᠤᠨ ᠲᠠᠰ ᠲᠣᠭᠲᠠᠭ᠋ᠠᠭᠰᠠᠨ ᠦᠷ᠎ᠡ ᠳ᠋ᠦᠩ᠎ᠢ ᠬᠡᠷᠡᠭᠯᠡᠭᠰᠡᠨ ᠪᠠᠢ᠌ᠳᠠᠯ᠎ᠳᠤ ᠨᠠᠷᠢᠨ ᠲᠣᠳᠣᠷᠬᠠᠢ᠌ᠯᠠᠯᠲᠠ  ᠬᠢᠵᠡᠢ᠃ 

      ᠲᠠᠪᠤᠳᠤᠭ᠋ᠠᠷ ᠪᠦᠯᠦᠭ ᠢᠲᠡᠭᠡᠮᠵᠢ ᠵᠢ ᠰᠡᠷᠭᠦᠭᠡᠬᠦ᠎ᠳᠤ ᠭᠣᠣᠯᠳᠠᠭᠤ ᠢᠲᠡᠭᠡᠮᠵᠢ ᠵᠢᠨ ᠦᠨᠡᠯᠡᠯᠲᠡ ᠵᠢᠨ ᠲᠠᠰ᠎ᠨᠢ D ᠪᠣᠯᠬᠤ ᠠᠵᠤ ᠠᠬᠤᠢ᠌ᠯᠠᠯ᠎ᠤᠨ ᠢᠲᠡᠭᠡᠮᠵᠢ ᠵᠢ ᠰᠡᠷᠭᠦᠭᠡᠬᠦ᠎ᠪᠠᠷ ᠭᠤᠶᠤᠴᠢᠯᠠᠬᠤ ᠪᠣᠳᠠᠲᠠᠢ ᠲᠠᠰ ᠳᠠᠷᠠᠭ᠋ᠠᠯᠠᠯ᠎ᠢ ᠲᠣᠳᠣᠷᠬᠠᠢ᠌ᠯᠠᠨ ᠲᠠᠢ᠌ᠯᠪᠤᠷᠢᠯᠠᠪᠠ᠃ 

      ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠎ᠳᠤ ᠬᠡᠷᠡᠭᠵᠢᠭᠦᠯᠬᠦ ᠴᠠᠭ ᠬᠤᠭᠤᠴᠠᠭ᠎ᠠ ᠪᠠ ᠲᠠᠢ᠌ᠯᠪᠤᠷᠢᠯᠠᠬᠤ ᠡᠷᠬᠡ ᠵᠢᠨ ᠬᠡᠪᠴᠢᠶ᠎ᠡ ᠵᠢ ᠲᠣᠭᠲᠠᠭ᠋ᠠᠪᠠ᠃ 

      ᠭᠤᠷᠪᠠ᠂ 《ᠦᠨᠡᠯᠡᠯᠲᠡ ᠵᠢᠨ ᠠᠷᠭ᠎ᠠ》 ᠵᠢᠨ ᠭᠣᠣᠯ ᠦᠢ᠍ᠯᠡᠳᠦᠯ ᠪᠠ ᠣᠨᠴᠠᠯᠢᠭ

      (ᠨᠢᠭᠡ)  ᠢᠲᠡᠭᠡᠮᠵᠢ ᠵᠢᠨ ᠦᠨᠡᠯᠡᠯᠲᠡ ᠵᠢᠨ ᠬᠡᠷᠡᠭᠯᠡᠯᠲᠡ᠃  ᠠᠵᠤ ᠠᠬᠤᠢ᠌ᠯᠠᠯ᠎ᠤᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ᠎ᠳᠤ ᠣᠷᠣᠯᠴᠠᠬᠤ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂  ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠨᠡᠯᠡᠯᠲᠡ ᠵᠢᠨ ᠬᠠᠷ᠎ᠠ ᠲᠠᠩᠰᠠ ᠵᠢᠨ D ᠲᠠᠰ᠎ᠲᠤ᠂  ᠭᠤᠷᠪᠠᠨ ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ  ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠣᠯᠴᠠᠬᠤ ᠵᠢ ᠴᠠᠭ᠋ᠠᠵᠠᠯᠠᠨ᠎ᠠ᠃  ᠡᠭᠦᠨ᠎ᠤ ᠬᠠᠮᠲᠤ᠂  ᠰᠠᠯᠠᠭ᠎ᠠ ᠮᠥᠴᠢᠷ᠎ᠤᠨ ᠬᠠᠮᠲᠤᠷᠠᠨ ᠬᠢᠨᠠᠨ ᠬᠠᠮᠢᠶᠠᠷᠬᠤ᠂  ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠦᠢ᠍ᠯ ᠵᠤᠷᠪᠤᠰ᠎ᠢ ᠴᠢᠩᠭ᠋ᠠᠳᠬᠠᠪᠠ᠃ 

      (ᠬᠣᠶᠠᠷ)  ᠦᠨᠡᠯᠡᠬᠦ ᠠᠭᠤᠯᠭ᠎ᠠ ᠵᠢᠨ  ᠬᠤᠪᠢᠷᠠᠭᠤᠯᠤᠯᠲᠠ᠃ ᠤᠤᠯ᠎ᠤᠨ ᠦᠨᠡᠯᠡᠭᠰᠡᠨ ᠠᠭᠤᠯᠭ᠎ᠠ ᠵᠢᠨ ᠰᠠᠭᠤᠷᠢᠨ ᠳᠡᠭᠡᠷ᠎ᠡ᠂  ᠦᠨᠡᠯᠡᠬᠦ ᠠᠭᠤᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂  ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ ᠵᠢ ᠵᠢᠷᠤᠮᠵᠢᠭᠤᠯᠤᠨ᠂  ᠬᠦᠨᠳᠦ ᠨᠣᠴᠢᠲᠠᠢ ᠢᠲᠡᠭᠡᠯ ᠵᠶ᠋ᠡᠨ ᠠᠯᠳᠠᠭᠰᠠᠨ ᠬᠡᠰᠡᠭ᠎ᠤᠨ ᠡᠩ᠎ᠤᠨ ᠵᠦᠢ᠍ᠯ ᠵᠤᠷᠪᠤᠰ᠎ᠢ ᠬᠠᠰᠤᠵᠤ᠂  ᠮᠠᠭ᠋ᠠᠳᠯᠠᠨ ᠲᠣᠭᠲᠠᠭ᠋ᠠᠭᠰᠠᠨ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ᠎ᠳᠤ ᠬᠠᠤᠯᠢ ᠴᠠᠭ᠋ᠠᠵᠠ ᠵᠢᠨ ᠦᠨᠳᠦᠰᠦᠯᠡᠯ᠎ᠲᠠᠢ ᠪᠠᠢ᠌ᠬᠤ ᠵᠢ ᠦᠨᠡᠨ ᠬᠦ᠌ ᠪᠠᠲᠤᠯᠠᠵᠤ᠂  ᠡᠩ᠎ᠤᠨ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢᠨ ᠮᠡᠳᠡᠭᠡ ᠵᠠᠩᠭᠢ ᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠳᠦᠷᠢᠮ ᠪᠠ ᠵᠢᠷᠤᠮ ᠵᠶ᠋ᠠᠷ ᠮᠠᠭ᠋ᠠᠳᠯᠠᠨ  ᠲᠣᠭᠲᠠᠭ᠋ᠠᠵᠠᠢ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ》 《ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ》᠎ᠢ ᠦᠨᠳᠦᠰᠦᠯᠡᠨ᠂  ᠤᠯᠤᠰ ᠪᠠ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠳ᠋᠎ᠤᠨ ᠶᠠᠪᠤᠳᠠᠯ᠂  ᠬᠢᠨᠠᠨ ᠪᠣᠳᠣᠯᠲᠠ᠂  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠳᠦᠷᠢᠮ᠎ᠳᠤ᠂  ᠪᠠᠶ᠋ᠢᠭᠤᠯᠬᠤ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠲᠤᠢ᠌ᠯ᠎ᠤᠨ ᠠᠨᠠᠢ (D ᠲᠠᠰ)  ᠭᠡᠵᠦ ᠰᠢᠭᠤᠳ ᠦᠨᠡᠯᠡᠨ ᠲᠣᠭᠲᠠᠭ᠋ᠠᠭᠰᠠᠨ ᠪᠠᠢ᠌ᠳᠠᠯ᠎ᠳᠤ ᠨᠠᠷᠢᠨ ᠲᠣᠳᠣᠷᠬᠠᠢ᠌ᠯᠠᠯᠲᠠ ᠬᠢᠪᠡ᠃ 

      (ᠭᠤᠷᠪᠠ)  ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ᠃ 《ᠦᠨᠡᠯᠡᠯᠲᠡ ᠵᠢᠨ ᠠᠷᠭ᠎ᠠ》᠎ᠳᠤ ᠦᠨᠡᠯᠡᠭᠰᠡᠨ ᠦᠷ᠎ᠡ ᠳ᠋ᠦᠩ᠎ᠢ ᠬᠡᠷᠡᠭᠯᠡᠬᠦ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠲᠤᠬᠠᠢ  ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠵᠠᠰᠠᠪᠤᠷᠢ ᠣᠷᠣᠭᠤᠯᠵᠤ᠂  ᠢᠲᠡᠭᠡᠮᠵᠢ ᠵᠢᠨ ᠦᠨᠡᠯᠡᠯᠲᠡ ᠵᠢᠨ ᠲᠠᠰ᠎ᠢ D ᠲᠠᠰ ᠵᠶ᠋ᠠᠷ ᠲᠣᠭᠲᠠᠭ᠋ᠠᠭᠰᠠᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠭᠤᠷᠪᠠᠨ ᠵᠢᠯ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠬᠤ ᠵᠢ ᠴᠠᠭ᠋ᠠᠵᠠᠯᠠᠨ᠎ᠠ ᠭᠡᠵᠦ ᠲᠣᠳᠣᠷᠬᠠᠢ ᠲᠣᠭᠲᠠᠭ᠋ᠠᠵᠠᠢ᠃ 

      (ᠳᠥᠷᠪᠡ)  ᠳᠠᠭ᠋ᠠᠯᠳᠤᠭᠤᠯᠤᠯ ᠮᠡᠳᠡᠭᠡ ᠵᠠᠩᠭᠢ ᠵᠢᠨ ᠲᠤᠬᠠᠢ ᠲᠣᠭᠲᠠᠭ᠋ᠠᠯ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠩᠰᠠᠯᠠᠭᠤᠯᠬᠤ ᠬᠦᠰᠦᠨᠦᠭᠲᠦ (ᠳᠠᠭ᠋ᠠᠯᠳᠤᠭᠤᠯᠤᠯ 1)  ᠪᠣᠯ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠣᠨ᠎ᠤ ᠢᠲᠡᠭᠡᠮᠵᠢ ᠵᠢᠨ ᠦᠨᠡᠯᠡᠯᠲᠡ ᠵᠢᠨ ᠰᠠᠭᠤᠷᠢ ᠬᠤᠪᠢ ᠵᠢ ᠣᠯᠬᠤ ᠵᠢᠨ ᠴᠢᠬᠤᠯᠠ ᠪᠦᠬᠦᠢ ᠪᠢᠴᠢᠭ ᠮᠠᠲ᠋ᠧᠷᠢᠶᠠᠯ ᠪᠠᠢ᠌ᠵᠤ᠂  ᠳᠠᠩᠰᠠᠯᠠᠭᠤᠯᠬᠤ᠎ᠳᠤ ᠬᠡᠷᠡᠭᠰᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠲᠣᠳᠣᠷᠬᠠᠢ᠌ᠯᠠᠪᠠ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠬᠦᠰᠦᠨᠦᠭᠲᠦ (ᠳᠠᠭ᠋ᠠᠯᠳᠤᠭᠤᠯᠤᠯ 2)  ᠪᠣᠯ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠴᠢᠬᠤᠯᠠ ᠪᠦᠬᠦᠢ ᠪᠢᠴᠢᠭ ᠮᠠᠲ᠋ᠧᠷᠢᠶᠠᠯ ᠪᠠᠢ᠌ᠵᠤ᠂  ᠢᠲᠡᠭᠡᠮᠵᠢ ᠵᠢᠨ ᠦᠨᠡᠯᠡᠯᠲᠡ ᠵᠢᠨ ᠠᠭᠤᠯᠭ᠎ᠠ ᠵᠢ ᠨᠠᠷᠢᠯᠢᠭᠵᠢᠭᠤᠯᠵᠤ᠂ 《ᠦᠨᠡᠯᠡᠯᠲᠡ ᠵᠢᠨ ᠠᠷᠭ᠎ᠠ》 ᠵᠢᠨ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠳᠡᠭᠡᠭᠰᠢᠯᠡᠭᠦᠯᠪᠡ᠃  ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠣᠨ᠎ᠤ ᠠᠵᠢᠯ᠎ᠤᠨ ᠠᠮᠵᠢᠯᠲᠠ ᠵᠢᠨ ᠢᠲᠡᠭᠡᠮᠵᠢ ᠵᠢᠨ ᠦᠨᠡᠯᠡᠯᠲᠡ ᠵᠢᠨ ᠬᠤᠷᠢᠶᠠᠩᠭᠤᠢ ᠬᠦᠰᠦᠨᠦᠭᠲᠦ (ᠳᠠᠭ᠋ᠠᠯᠳᠤᠭᠤᠯᠤᠯ 3)᠎ᠳᠤ᠂  ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠵᠢᠨ ᠣᠨ᠎ᠤ ᠣᠷᠣᠯᠴᠠᠭᠰᠠᠨ ᠲᠥᠷᠥᠯ ᠵᠦᠢ᠍ᠯ᠎ᠢ ᠪᠦᠷᠢᠳᠬᠡᠨ ᠬᠤᠷᠢᠶᠠᠩᠭᠤᠢ᠌ᠯᠠᠵᠤ᠂  ᠬᠠᠮᠤᠭ ᠡᠴᠦᠰ᠎ᠤᠨ ᠢᠲᠡᠭᠡᠮᠵᠢ ᠵᠢᠨ ᠲᠠᠰ᠎ᠢ ᠮᠠᠭ᠋ᠠᠳᠯᠠᠨ ᠲᠣᠭᠲᠠᠭ᠋ᠠᠬᠤ᠎ᠳᠤ ᠲᠥᠬᠥᠮ  ᠪᠣᠯᠭ᠋ᠠᠵᠠᠢ᠃ 

      ᠳᠥᠷᠪᠡ᠂ 《ᠦᠨᠡᠯᠡᠯᠲᠡ ᠵᠢᠨ ᠠᠷᠭ᠎ᠠ》 ᠵᠢ ᠬᠡᠷᠡᠭᠵᠢᠭᠦᠯᠦᠭᠰᠡᠨ ᠴᠠᠭ ᠬᠤᠭᠤᠴᠠᠭ᠎ᠠ ᠵᠢᠴᠢ ᠲᠤᠭᠤᠰᠢᠯᠠᠭᠤᠯᠬᠤ ᠠᠷᠭ᠎ᠠ ᠬᠡᠮᠵᠢᠶ᠎ᠡ

      《ᠦᠨᠡᠯᠡᠯᠲᠡ ᠵᠢᠨ ᠠᠷᠭ᠎ᠠ》 ᠵᠢ 2025 ᠣᠨ᠎ᠤ 2 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 

      《ᠦᠨᠡᠯᠡᠯᠲᠡ ᠵᠢᠨ ᠠᠷᠭ᠎ᠠ》 ᠵᠢ ᠰᠠᠢ᠌ᠲᠤᠷ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂  ᠪᠢᠳᠡ ᠳᠣᠣᠷᠠᠬᠢ ᠠᠷᠭ᠎ᠠ ᠬᠡᠮᠵᠢᠶ᠎ᠡ᠎ᠨᠦᠭᠦᠳ᠎ᠢ ᠠᠪᠴᠤ 《ᠦᠨᠡᠯᠡᠯᠲᠡ ᠵᠢᠨ ᠠᠷᠭ᠎ᠠ》 ᠵᠢ ᠤᠬᠠᠭᠤᠯᠤᠨ ᠲᠤᠭᠤᠰᠢᠯᠠᠭᠤᠯᠤᠨ᠎ᠠ᠃ ᠨᠢᠭᠡ᠎ᠳᠤ 《ᠦᠨᠡᠯᠡᠯᠲᠡ ᠵᠢᠨ ᠠᠷᠭ᠎ᠠ》 ᠵᠢᠨ ᠤᠬᠠᠭᠤᠯᠭ᠎ᠠ ᠵᠢᠨ ᠠᠵᠢᠯ᠎ᠢ ᠥᠷᠭᠡᠨ ᠳᠡᠯᠭᠡᠷᠡᠩᠭᠦᠢ᠎ᠪᠠᠷ ᠥᠷᠨᠢᠭᠦᠯᠦᠨ᠎ᠡ᠃ ᠮᠡᠳᠡᠭᠳᠡᠯ᠎ᠤᠨ ᠪᠢᠴᠢᠭ ᠮᠠᠲ᠋ᠧᠷᠢᠶᠠᠯ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠰᠦᠯᠵᠢᠶ᠎ᠡ᠂  ᠸᠢᠴᠠᠲ ᠵᠡᠷᠭᠡ ᠰᠢᠨ᠎ᠡ ᠵᠠᠭᠤᠴᠢᠯᠠᠭᠤᠷ ᠵᠶ᠋ᠠᠷ ᠳᠠᠮᠵᠢᠭᠤᠯᠤᠨ᠂ 《ᠦᠨᠡᠯᠡᠯᠲᠡ ᠵᠢᠨ ᠠᠷᠭ᠎ᠠ》 ᠵᠢ ᠥᠷᠭᠡᠨ ᠵᠶ᠋ᠡᠷ ᠤᠬᠠᠭᠤᠯᠵᠤ᠂  ᠰᠠᠨᠠᠭ᠋ᠠᠴᠢᠯᠠᠭ᠎ᠠ ᠎ᠠᠴᠠ᠎ᠪᠠᠨ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠨ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠨ᠎ᠠ᠃  ᠬᠣᠶᠠᠷ᠎ᠲᠤ᠂ 《ᠦᠨᠡᠯᠡᠯᠲᠡ ᠵᠢᠨ

ᠠᠷᠭ᠎ᠠ》 ᠵᠢᠨ  ᠪᠣᠯᠪᠠᠰᠤᠷᠠᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ᠃ 《ᠦᠨᠡᠯᠡᠯᠲᠡ ᠵᠢᠨ

ᠠᠷᠭ᠎ᠠ》 ᠵᠢᠨ  ᠪᠣᠯᠪᠠᠰᠤᠷᠠᠯ᠎ᠤᠨ ᠠᠩᠭᠢ ᠡᠷᠭᠢᠯᠡᠵᠦ᠂  ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠰᠲ᠋ᠧᠮ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠵᠢᠯᠲᠠᠨ᠎ᠳᠤ ᠰᠢᠰᠲ᠋ᠧᠮ᠎ᠲᠠᠢ  ᠪᠣᠯᠪᠠᠰᠤᠷᠠᠯ ᠬᠢᠵᠦ᠂ 《ᠦᠨᠡᠯᠡᠯᠲᠡ ᠵᠢᠨ ᠠᠷᠭ᠎ᠠ》 ᠵᠢᠨ ᠭᠣᠣᠯᠳᠠᠯᠭ᠎ᠠ᠎ᠲᠠᠢ ᠠᠭᠤᠯᠭ᠎ᠠ ᠵᠢᠨ ᠲᠠᠯ᠎ᠠ᠎ᠪᠠᠷ ᠨᠠᠷᠢᠨ ᠲᠠᠢ᠌ᠯᠤᠮᠵᠢ ᠪᠠ ᠲᠣᠳᠣᠷᠬᠠᠢ᠌ᠯᠠᠯᠲᠠ ᠬᠢᠵᠦ᠂  ᠬᠠᠮᠢᠶ᠎ᠠ ᠪᠦᠬᠦᠢ ᠠᠵᠢᠯᠲᠠᠨ᠎ᠢ ᠬᠠᠪᠰᠤᠷᠤᠨ 《ᠦᠨᠡᠯᠡᠯᠲᠡ ᠵᠢᠨ ᠠᠷᠭ᠎ᠠ》 ᠵᠢᠨ ᠠᠭᠤᠯᠭ᠎ᠠ ᠪᠠ ᠱᠠᠭ᠋ᠠᠷᠳᠠᠯᠭ᠎ᠠ ᠵᠢ ᠣᠨᠣᠪᠴᠢᠲᠠᠶ ᠣᠢ᠌ᠯᠠᠭ᠋ᠠᠨ ᠡᠵᠡᠮᠰᠢᠭᠦᠯᠵᠦ᠂ 《ᠦᠨᠡᠯᠡᠯᠲᠡ ᠵᠢᠨ ᠠᠷᠭ᠎ᠠ》 ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨᠬᠦ  ᠪᠠᠲᠤᠯᠠᠨ᠎ᠠ᠃ 

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            