ᠨᠢᠭᠡ᠂ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ ᠨᠡᠢ᠌ᠲᠡᠯᠡᠭᠰᠡᠨ ᠭᠣᠣᠯ ᠠᠬᠤᠢ ᠪᠠᠢ᠌ᠳᠠᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢᠨ ᠬᠡᠪᠴᠢᠶ᠎ᠡ ᠶᠡᠬᠡ᠂ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠣᠯᠠᠨ᠂ ᠠᠵᠢᠯ᠎ᠤᠨ ᠬᠡᠯᠬᠢᠶ᠎ᠡ ᠣᠷᠳᠣ᠂ ᠣᠷᠣᠯᠴᠠᠬᠤ ᠭᠣᠣᠯ ᠴᠣᠭᠴᠠ ᠣᠯᠠᠨ᠂ ᠨᠡᠢ᠌ᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ ᠪᠣᠯᠬᠣᠷ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠤᠨ ᠵᠣᠬᠢᠶᠠᠨ ᠪᠠᠶ᠋ᠢᠭᠤᠯᠬᠤ᠎ᠨᠢ ᠲᠤᠢ᠌ᠯ᠎ᠤᠨ ᠴᠢᠬᠤᠯᠠ ᠶᠤᠮ᠃ ᠥᠨᠳᠥᠷ ᠪᠠᠷᠢᠮᠵᠢᠶ᠎ᠠ᠎ᠲᠠᠢ ᠲᠠᠷᠢᠶᠠᠨ ᠭᠠᠵᠠᠷ᠎ᠤᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠬᠡᠷᠡᠭᠵᠢᠭᠦᠯᠬᠦ ᠶᠠᠪᠤᠴᠠ᠎ᠳᠤ᠂ ᠤᠴᠢᠷ᠎ᠢ ᠲᠣᠳᠣᠷᠬᠠᠢ ᠲᠣᠭᠲᠠᠭ᠋ᠠᠭᠰᠠᠨ ᠦᠭᠡᠢ᠎ᠠᠴᠠ ᠪᠣᠯᠵᠤ᠂ ᠬᠡᠰᠡᠭ ᠵᠦᠢ᠍ᠯ᠎ᠤᠨ ᠬᠠᠷᠠᠯᠲᠠ ᠵᠢᠨ ᠬᠡᠰᠡᠭ᠎ᠤᠨ ᠬᠤᠪᠢᠶᠠᠷᠢᠯᠠᠯ᠎ᠨᠢ ᠬᠡᠲᠦ ᠪᠠᠭ᠎ᠠ᠂ ᠬᠡᠲᠦ ᠣᠯᠠᠨ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠮᠠᠲ᠋ᠧᠷᠢᠶᠠᠯ᠎ᠨᠢ ᠲᠡᠭᠦᠯᠳᠡᠷ ᠪᠤᠰᠤ ᠵᠡᠷᠭᠡ ᠦᠵᠡᠭᠳᠡᠯ ᠭᠠᠷᠴᠤ᠂ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠳᠦᠷᠢᠮ᠎ᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠬᠤ᠎ᠨᠢ ᠲᠤᠢ᠌ᠯ᠎ᠤᠨ ᠴᠢᠬᠤᠯᠠ ᠪᠣᠯᠵᠤ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ᠎ᠨᠢ ᠨᠢᠭᠡᠨᠲᠡ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢ ᠵᠢᠷᠤᠮᠵᠢᠭᠤᠯᠤᠨ ᠥᠷᠨᠢᠭᠦᠯᠬᠦ ᠵᠢᠨ ᠲᠤᠯᠭ᠋ᠠᠮ᠎ᠠ ᠬᠡᠷᠡᠭᠴᠡᠭᠡ ᠪᠣᠯᠤᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠬᠣᠶᠠᠷ ᠵᠢᠯ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠠᠢ᠌ᠴᠠᠭ᠋ᠠᠨ ᠰᠤᠳᠤᠯᠵᠤ ᠨᠤᠲᠠᠯᠠᠯᠲᠠ ᠬᠢᠬᠦ᠎ᠪᠠᠷ ᠳᠠᠮᠵᠢᠭᠤᠯᠤᠨ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠠᠷᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠠᠩᠭᠢᠯᠠᠭ᠎ᠠ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠥᠬᠥ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠠᠲᠤᠳᠬᠠᠪᠠ᠃
ᠬᠣᠶᠠᠷ᠂ 《ᠬᠠᠮᠢᠶᠠᠷᠤᠯᠲᠠ ᠵᠢᠨ ᠠᠷᠭ᠎ᠠ》 ᠵᠢᠨ ᠪᠣᠷᠣ ᠲᠥᠯᠥᠪ ᠪᠠ ᠭᠣᠣᠯ ᠠᠭᠤᠯᠭ᠎ᠠ
《ᠬᠠᠮᠢᠶᠠᠷᠤᠯᠲᠠ ᠵᠢᠨ ᠠᠷᠭ᠎ᠠ》 ᠨᠢ ᠲᠣᠪᠴᠢ ᠲᠣᠳᠣᠷᠬᠠᠢ ᠪᠥᠭᠡᠳ ᠨᠡᠢ᠍ᠢ᠍ᠳᠡ ᠵᠢᠷᠭᠤᠭ᠋ᠠᠨ ᠪᠦᠯᠦᠭ ᠬᠣᠷᠢᠨ ᠲᠦᠷᠪᠡᠨ ᠵᠦᠢ᠍ᠯ᠎ᠲᠠᠢ ᠪᠠᠢ᠌ᠳᠠᠭ᠃
ᠨᠢᠭᠡᠳᠦᠭᠡᠷ ᠪᠦᠯᠦᠭ ᠶᠡᠷᠦᠩᠬᠡᠢ ᠳᠦᠷᠢᠮ᠎ᠳᠤ᠂ ᠠᠷᠭ᠎ᠠ ᠵᠢ ᠨᠠᠢ᠌ᠷᠠᠭᠤᠯᠤᠨ ᠵᠣᠬᠢᠶᠠᠬᠤ ᠵᠣᠷᠢᠯᠭ᠎ᠠ ᠵᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠳᠠᠭ᠋ᠠᠭ᠋ᠠᠴᠢᠯᠠᠯᠲᠠ ᠵᠠᠷᠯᠠᠬᠤ ᠠᠭᠤᠯᠭ᠎ᠠ᠂ ᠡᠯ᠎ᠡ ᠱᠠᠲᠤᠨ᠎ᠤ ᠡᠭᠦᠷᠭᠡ ᠬᠠᠷᠢᠭᠤᠴᠠᠯᠭ᠎ᠠ ᠵᠡᠷᠭᠡ ᠵᠢ ᠲᠣᠳᠣᠷᠬᠠᠢ ᠲᠣᠭᠲᠠᠭ᠋ᠠᠪᠠ᠃
ᠬᠣᠶᠠᠳᠤᠭ᠋ᠠᠷ ᠪᠦᠯᠦᠭ ᠳᠠᠭ᠋ᠠᠭ᠋ᠠᠴᠢᠯᠠᠯᠲᠠ ᠵᠠᠷᠯᠠᠬᠤ᠎ᠳᠤ ᠳᠠᠭ᠋ᠠᠭ᠋ᠠᠴᠢᠯᠠᠯᠲᠠ ᠵᠠᠷᠯᠠᠭᠴᠢ ᠵᠢᠨ ᠡᠭᠦᠷᠭᠡ ᠴᠢᠳᠠᠪᠤᠷᠢ᠂ ᠳᠠᠭ᠋ᠠᠭ᠋ᠠᠴᠢᠯᠠᠯᠲᠠ ᠵᠢᠨ ᠬᠡᠰᠡᠭ᠎ᠤᠨ ᠬᠤᠪᠢᠶᠠᠷᠢᠯᠠᠯ᠂ ᠣᠷᠣᠯᠠᠬᠤ ᠪᠠᠢ᠌ᠭᠤᠯᠤᠮᠵᠢ ᠵᠢᠨ ᠱᠠᠭ᠋ᠠᠷᠳᠠᠯᠭ᠎ᠠ ᠵᠡᠷᠭᠡ ᠠᠭᠤᠯᠭ᠎ᠠ ᠵᠢ ᠪᠠᠭᠲᠠᠭ᠋ᠠᠵᠠᠢ᠃
ᠭᠤᠷᠪᠠᠳᠤᠭ᠋ᠠᠷ ᠪᠦᠯᠦᠭ ᠳᠠᠭ᠋ᠠᠭ᠋ᠠᠴᠢᠯᠠᠯᠲᠠ ᠬᠦᠯᠢᠶᠡᠬᠦ ᠳᠤ ᠳᠠᠭ᠋ᠠᠭ᠋ᠠᠴᠢᠯᠠᠯᠲᠠ ᠬᠦᠯᠢᠶᠡᠭᠴᠢ ᠵᠢᠨ ᠬᠢᠷᠢ ᠬᠡᠮ᠂ ᠬᠤᠳᠠᠯ ᠬᠠᠭᠤᠷᠮᠠᠭ ᠵᠶ᠋ᠠᠷ ᠳᠠᠭ᠋ᠠᠭ᠋ᠠᠴᠢᠯᠠᠯᠲᠠ ᠬᠦᠯᠢᠶᠡᠬᠦ ᠵᠢ ᠰᠢᠢ᠍ᠳᠬᠡᠬᠦ ᠵᠡᠷᠭᠡ ᠠᠭᠤᠯᠭ᠎ᠠ ᠵᠢ ᠪᠠᠭᠲᠠᠭ᠋ᠠᠵᠠᠢ᠃
ᠳᠥᠷᠪᠡᠳᠦᠭᠡᠷ ᠪᠦᠯᠦᠭ ᠳᠠᠭ᠋ᠠᠭ᠋ᠠᠴᠢᠯᠠᠯᠲᠠ ᠨᠡᠢ᠌ᠲᠡᠯᠡᠬᠦ᠂ ᠳᠠᠭ᠋ᠠᠭ᠋ᠠᠴᠢᠯᠠᠯᠲᠠ ᠦᠨᠡᠯᠡᠬᠦ ᠪᠠ ᠳᠠᠭ᠋ᠠᠭ᠋ᠠᠴᠢᠯᠠᠯᠲᠠ ᠣᠯᠬᠤ᠎ᠳᠤ ᠬᠢᠨᠠᠯᠲᠠ ᠲᠠᠯᠪᠢᠵᠤ ᠬᠠᠮᠢᠶᠠᠷᠬᠤ᠂ ᠲᠤᠰᠬᠠᠢ ᠮᠡᠷᠭᠡᠵᠢᠯᠲᠡᠨ ᠰᠣᠩᠭᠣᠨ ᠠᠪᠬᠤ᠂ ᠳᠠᠭ᠋ᠠᠭ᠋ᠠᠴᠢᠯᠠᠯᠲᠠ ᠦᠨᠡᠯᠡᠬᠦ ᠱᠠᠭ᠋ᠠᠷᠳᠠᠯᠭ᠎ᠠ᠂ ᠭᠡᠷ᠎ᠡ ᠲᠣᠭᠲᠠᠭ᠋ᠠᠬᠤ᠂ ᠳᠠᠭ᠋ᠠᠭ᠋ᠠᠴᠢᠯᠠᠯᠲᠠ ᠣᠯᠬᠤ ᠵᠢ ᠬᠠᠮᠢᠶᠠᠷᠬᠤ᠂ ᠣᠷᠣᠯᠠᠬᠤ ᠡᠭᠦᠷᠭᠡ ᠴᠢᠳᠠᠪᠤᠷᠢ ᠪᠠ ᠲᠣᠭᠲᠠᠭ᠋ᠠᠯ᠎ᠢ ᠵᠦᠷᠢᠴᠡᠭᠰᠡᠳ᠎ᠢ ᠰᠢᠢ᠍ᠳᠬᠡᠬᠦ ᠵᠡᠷᠭᠡ ᠲᠠᠯ᠎ᠠ᠎ᠪᠠᠷ ᠵᠢᠷᠤᠮᠵᠢᠭᠤᠯᠤᠭᠰᠠᠨ ᠪᠠᠢ᠌ᠨ᠎ᠠ᠃
ᠲᠠᠪᠤᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ᠎ᠳᠤ ᠬᠢᠨᠠᠯᠲᠠ ᠲᠠᠯᠪᠢᠬᠤ ᠱᠠᠭ᠋ᠠᠷᠳᠠᠯᠭ᠎ᠠ᠂ ᠬᠠᠮᠲᠤᠷᠠᠨ ᠬᠠᠤᠯᠢ ᠬᠡᠷᠡᠭᠵᠢᠭᠦᠯᠬᠦ᠂ ᠳᠠᠭ᠋ᠠᠭ᠋ᠠᠴᠢᠯᠠᠯᠲᠠ ᠵᠢᠨ ᠳᠠᠷᠠᠭ᠋ᠠᠬᠢ ᠬᠠᠮᠢᠶᠠᠷᠤᠯᠲᠠ ᠵᠡᠷᠭᠡ ᠠᠭᠤᠯᠭ᠎ᠠ ᠵᠢ ᠪᠠᠭᠲᠠᠭ᠋ᠠᠵᠠᠢ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠎ᠳᠤ ᠬᠡᠷᠡᠭᠵᠢᠭᠦᠯᠬᠦ ᠴᠠᠭ ᠬᠤᠭᠤᠴᠠᠭ᠎ᠠ ᠪᠠ ᠲᠠᠢ᠌ᠯᠪᠤᠷᠢᠯᠠᠬᠤ ᠡᠷᠬᠡ ᠵᠢᠨ ᠬᠡᠪᠴᠢᠶ᠎ᠡ ᠵᠢ ᠲᠣᠭᠲᠠᠭ᠋ᠠᠪᠠ᠃
ᠭᠤᠷᠪᠠ᠂ 《ᠬᠠᠮᠢᠶᠠᠷᠤᠯᠲᠠ ᠵᠢᠨ ᠠᠷᠭ᠎ᠠ》 ᠵᠢᠨ ᠭᠣᠣᠯ ᠦᠢ᠍ᠯᠡᠳᠦᠯ ᠪᠠ ᠣᠨᠴᠠᠯᠢᠭ
(ᠨᠢᠭᠡ) ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠶᠠᠪᠤᠴᠠ᠎ᠳᠠᠬᠢ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠵᠠᠰᠠᠭ ᠵᠠᠬᠢᠷᠭ᠋ᠠᠨ ᠤ ᠭᠣᠣᠯᠴᠢᠯᠠᠨ ᠬᠠᠮᠢᠶᠠᠷᠬᠤ ᠡᠭᠦᠷᠭᠡ ᠪᠣᠯᠣᠨ ᠡᠭᠦᠷᠭᠡ ᠬᠠᠷᠢᠭᠤᠴᠠᠯᠭ᠎ᠠ ᠵᠢᠨ ᠲᠤᠬᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠴᠠᠭ ᠪᠠᠴᠢᠮ᠂ ᠡᠭᠦᠷᠭᠡ ᠬᠦᠨᠳᠦ᠂ ᠪᠡᠯᠡ ᠮᠥᠩᠭᠥ ᠵᠢᠨ ᠬᠡᠮᠵᠢᠶ᠎ᠡ ᠶᠡᠬᠡ᠂ ᠬᠣᠯᠪᠣᠭᠳᠠᠬᠤ ᠭᠣᠣᠯ ᠴᠣᠭᠴᠠ ᠣᠯᠠᠨ ᠪᠣᠯᠬᠣᠷ ᠬᠠᠷᠢᠭᠤᠴᠠᠯᠭ᠎ᠠ ᠡᠷᠬᠡ ᠲᠣᠳᠣᠷᠬᠠᠢ᠂ ᠲᠠᠰ ᠳᠠᠷᠠᠭ᠋ᠠᠯᠠᠯ ᠳᠥᠭᠥᠮ ᠳᠥᠲᠡ᠂ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠲᠠᠰ ᠳᠠᠷᠠᠭ᠋ᠠᠯᠠᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠤᠯᠠᠮ ᠨᠢᠭᠡ ᠠᠯᠬᠤᠮ ᠲᠣᠭᠲᠠᠭ᠋ᠠᠵᠤ᠂ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠠᠵᠢᠯᠯᠠᠭ᠋ᠠᠨ᠎ᠤ ᠲᠠᠰ ᠳᠠᠷᠠᠭ᠋ᠠᠯᠠᠯ᠂ ᠬᠠᠮᠢᠶᠠᠷᠤᠨ ᠡᠵᠡᠮᠳᠡᠬᠦ ᠭᠣᠭᠴᠣᠭ᠎ᠠ᠂ ᠵᠢᠷᠤᠮᠵᠢᠯ᠎ᠤᠨ ᠴᠢᠨᠠᠷᠲᠠᠢ ᠱᠠᠭ᠋ᠠᠷᠳᠠᠯᠭ᠎ᠠ ᠵᠢ ᠲᠣᠳᠣᠷᠬᠠᠢ᠌ᠯᠠᠬᠤ ᠴᠢᠬᠤᠯᠠᠲᠠᠢ ᠪᠠᠢ᠌ᠨ᠎ᠠ᠃ 《ᠬᠠᠮᠢᠶᠠᠷᠤᠯᠲᠠ ᠵᠢᠨ ᠠᠷᠭ᠎ᠠ》᠎ᠳᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠶᠠᠪᠤᠴᠠ᠎ᠳᠠᠬᠢ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠡᠭᠦᠷᠭᠡ ᠬᠠᠷᠢᠭᠤᠴᠠᠯᠭ᠎ᠠ (ᠲᠠᠪᠤᠳᠤᠭ᠋ᠠᠷ᠂ ᠬᠣᠷᠢᠳᠤᠭ᠋ᠠᠷ᠂ ᠬᠣᠷᠢᠨ ᠨᠢᠭᠡᠳᠦᠭᠡᠷ ᠵᠦᠢ᠍ᠯ) ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠳᠠᠭ᠋ᠠᠭ᠋ᠠᠴᠢᠯᠠᠯᠲᠠ ᠵᠠᠷᠯᠠᠭᠴᠢ (ᠵᠢᠷᠭᠤᠳᠤᠭ᠋ᠠᠷ᠂ ᠳᠣᠯᠣᠳᠤᠭ᠋ᠠᠷ᠂ ᠠᠷᠪᠠᠨ ᠭᠤᠷᠪᠠᠳᠤᠭ᠋ᠠᠷ ᠵᠦᠢ᠍ᠯ)᠂ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ (ᠨᠠᠢ᠍ᠮᠠᠳᠤᠭ᠋ᠠᠷ᠂ ᠠᠷᠪᠠᠨ ᠳᠣᠯᠣᠳᠤᠭ᠋ᠠᠷ ᠵᠦᠢ᠍ᠯ)᠂ ᠳᠠᠭ᠋ᠠᠭ᠋ᠠᠴᠢᠯᠠᠯᠲᠠ ᠬᠦᠯᠢᠶᠡᠭᠴᠢ (ᠶᠢᠰᠦᠳᠦᠭᠡᠷ᠂ ᠠᠷᠪᠠᠨ ᠨᠢᠭᠡᠳᠦᠭᠡᠷ ᠵᠦᠢ᠍ᠯ)᠂ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ (ᠠᠷᠪᠠᠨ ᠳᠥᠷᠪᠡᠳᠦᠭᠡᠷ ᠵᠦᠢ᠍ᠯ)᠂ ᠳᠠᠭ᠋ᠠᠭ᠋ᠠᠴᠢᠯᠠᠯᠲᠠ ᠣᠯᠣᠭᠴᠢ (ᠠᠷᠪᠠᠨ ᠲᠠᠪᠤᠳᠤᠭ᠋ᠠᠷ᠂ ᠠᠷᠪᠠᠨ ᠵᠢᠷᠭᠤᠳᠤᠭ᠋ᠠᠷ ᠵᠦᠢ᠍ᠯ) ᠵᠢᠨ ᠲᠣᠰ ᠲᠣᠰ᠎ᠤᠨ ᠱᠠᠭ᠋ᠠᠷᠳᠠᠯᠭ᠎ᠠ ᠪᠠ ᠡᠭᠦᠷᠭᠡᠯᠡᠬᠦ ᠬᠠᠷᠢᠭᠤᠴᠠᠯᠭ᠎ᠠ ᠵᠢ ᠨᠠᠷᠢᠯᠢᠭᠵᠢᠭᠤᠯᠪᠠ᠃
(ᠬᠣᠶᠠᠷ) ᠲᠥᠷᠥᠯ ᠵᠦᠢ᠍ᠯ᠎ᠤᠨ ᠬᠠᠷᠠᠯᠲᠠ ᠵᠢᠨ ᠬᠡᠰᠡᠭ᠎ᠤᠨ ᠬᠤᠪᠢᠶᠠᠷᠢᠯᠠᠯ᠎ᠤᠨ ᠲᠤᠬᠠᠢ᠃ 《ᠬᠠᠮᠢᠶᠠᠷᠤᠯᠲᠠ ᠵᠢᠨ ᠠᠷᠭ᠎ᠠ》᠎ᠳᠤ ᠳᠠᠭ᠋ᠠᠭ᠋ᠠᠴᠢᠯᠠᠯᠲᠠ ᠵᠠᠷᠯᠠᠭᠴᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠦᠴᠦᠨ᠎ᠲᠠᠢ ᠬᠤᠭᠤᠴᠠᠭ᠎ᠠ ᠵᠡᠷᠭᠡ ᠣᠨᠴᠣᠭᠤᠢ ᠴᠢᠨᠠᠷ᠎ᠢ ᠦᠨᠳᠦᠰᠦᠯᠡᠨ ᠳᠠᠭ᠋ᠠᠭ᠋ᠠᠴᠢᠯᠠᠯᠲᠠ ᠵᠢᠨ ᠬᠡᠰᠡᠭ᠎ᠢ ᠵᠦᠢ ᠵᠣᠬᠢᠰᠲᠠᠢ ᠬᠤᠪᠢᠶᠠᠷᠢᠯᠠᠵᠤ᠂ ᠪᠠᠷᠢᠯᠭ᠎ᠠ ᠵᠢᠨ ᠬᠤᠭᠤᠴᠠᠭ᠎ᠠ ᠵᠢ ᠲᠣᠭᠲᠠᠭ᠋ᠠᠵᠤ᠂ ᠶᠠᠰᠤ ᠴᠢᠨᠠᠷ᠂ ᠠᠮᠤᠷ ᠲᠦᠪᠰᠢᠨ ᠵᠡᠷᠭᠡ ᠬᠠᠷᠠᠯᠲᠠ ᠵᠢᠨ ᠱᠠᠭ᠋ᠠᠷᠳᠠᠯᠭ᠎ᠠ (ᠳᠣᠯᠣᠳᠤᠭ᠋ᠠᠷ ᠵᠦᠢ᠍ᠯ) ᠵᠢ ᠳᠤᠷᠠᠳᠴᠤ᠂ ᠳᠠᠭ᠋ᠠᠭ᠋ᠠᠴᠢᠯᠠᠯᠲᠠ ᠵᠢᠨ ᠬᠡᠰᠡᠭ᠎ᠢ ᠬᠤᠪᠢᠶᠠᠷᠢᠯᠠᠬᠤ ᠪᠠ ᠪᠠᠢ᠌ᠷᠢᠯᠠᠭᠤᠯᠬᠤ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠢᠯᠠᠩᠭᠤᠶ᠎ᠠ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠵᠠᠷᠴᠢᠮ ᠳᠡᠭᠡᠷ᠎ᠡ᠎ᠪᠠᠨ ᠪᠠᠷᠢᠯᠭ᠎ᠠ ᠵᠢᠨ ᠳᠠᠭ᠋ᠠᠭ᠋ᠠᠴᠢᠯᠠᠯᠲᠠ ᠵᠢᠨ ᠬᠡᠰᠡᠭ᠎ᠤᠨ ᠲᠠᠯᠠᠪᠠᠶ ᠵᠢ 10000 ᠮᠦ᠍᠎ᠠᠴᠠ ᠳᠣᠣᠷ᠎ᠠ ᠪᠠᠢ᠌ᠯᠭ᠋ᠠᠬᠤ ᠦᠭᠡᠢ ᠪᠠᠢ᠌ᠬᠤ ᠵᠢ ᠳᠤᠷᠠᠳᠴᠤ᠂ ᠳᠠᠭ᠋ᠠᠭ᠋ᠠᠴᠢᠯᠠᠯᠲᠠ ᠵᠢᠨ ᠬᠡᠰᠡᠭ᠎ᠤᠨ ᠬᠤᠪᠢᠶᠠᠷᠢᠯᠠᠯ ᠬᠡᠲᠦ ᠪᠠᠭ᠎ᠠ᠂ ᠬᠡᠲᠦ ᠣᠯᠠᠨ ᠦᠵᠡᠭᠳᠡᠯ᠎ᠠᠴᠠ ᠵᠠᠢ᠌ᠯᠠᠰᠬᠢᠨ᠎ᠡ᠃
(ᠭᠤᠷᠪᠠ) ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ᠎ᠳᠤ ᠣᠷᠣᠯᠴᠠᠬᠤ᠎ᠳᠤ ᠣᠷᠣᠯᠴᠠᠭᠰᠠᠨ ᠨᠢᠭᠡᠴᠢ ᠵᠢᠨ ᠬᠠᠮᠢᠶᠠᠷᠤᠯᠲᠠ ᠵᠢᠨ ᠲᠤᠬᠠᠢ᠃ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠬᠤ ᠨᠢᠭᠡᠴᠡ ᠵᠢᠨ ᠬᠠᠮᠢᠶᠠᠷᠤᠯᠲᠠ ᠵᠢ ᠰᠠᠢ᠌ᠲᠤᠷ ᠠᠳᠬᠤᠬᠤ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠵᠠᠩᠭᠢᠯᠠᠭ᠎ᠠ ᠪᠣᠯᠣᠨ᠎ᠠ᠂ 《ᠬᠠᠮᠢᠶᠠᠷᠤᠯᠲᠠ ᠵᠢᠨ ᠠᠷᠭ᠎ᠠ》᠎ᠳᠤ ᠳᠠᠭ᠋ᠠᠭ᠋ᠠᠴᠢᠯᠠᠯᠲᠠ ᠵᠠᠷᠯᠠᠭᠴᠢ ᠵᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠭᠰᠠᠨ ᠨᠢᠭᠡᠴᠡ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠣᠷᠣᠯᠠᠨ ᠭᠦᠢ᠍ᠴᠡᠳᠬᠡᠬᠦ ᠪᠠᠢ᠌ᠭᠤᠯᠤᠮᠵᠢ᠂ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠂ ᠳᠠᠭ᠋ᠠᠭ᠋ᠠᠴᠢᠯᠠᠯᠲᠠ ᠬᠦᠯᠢᠶᠡᠭᠴᠢ ᠵᠢᠨ ᠪᠣᠳᠠᠲᠠᠢ ᠱᠠᠭ᠋ᠠᠷᠳᠠᠯᠭ᠎ᠠ ᠪᠠ ᠪᠠᠶ᠋ᠢᠭᠤᠯᠬᠤ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠵᠢᠨ ᠦᠨᠡᠯᠡᠯᠲᠡ ᠵᠢᠨ ᠰᠢᠰᠲ᠋ᠧᠮ᠎ᠤᠨ ᠬᠡᠷᠡᠭᠯᠡᠯᠲᠡ ᠵᠢᠨ ᠲᠤᠬᠠᠢ ᠲᠣᠭᠲᠠᠭ᠋ᠠᠯ᠎ᠢ ᠳᠤᠷᠠᠳᠴᠤ᠂ ᠣᠷᠣᠯᠠᠨ ᠭᠦᠢ᠍ᠴᠡᠳᠬᠡᠬᠦ ᠪᠠᠢ᠌ᠭᠤᠯᠤᠮᠵᠢ᠂ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠂ ᠳᠠᠭ᠋ᠠᠭ᠋ᠠᠴᠢᠯᠠᠯᠲᠠ ᠬᠦᠯᠢᠶᠡᠭᠴᠢ ᠵᠡᠷᠭᠡ ᠭᠣᠣᠯ ᠴᠣᠭᠴᠠ ᠵᠢᠨ ᠠᠵᠢᠯᠯᠠᠭ᠎ᠠ ᠵᠢᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠵᠠᠩᠭᠢᠯᠠᠭ᠎ᠠ ᠵᠢᠨ ᠭᠣᠭᠴᠣᠭ᠎ᠠ ᠵᠢ ᠵᠢᠷᠤᠮᠵᠢᠭᠤᠯᠵᠤ᠂ 《ᠬᠠᠮᠢᠶᠠᠷᠤᠯᠲᠠ ᠵᠢᠨ ᠠᠷᠭ᠎ᠠ》᠎ᠳᠤ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠎ᠤ ᠠᠵᠢᠯᠯᠠᠭ᠎ᠠ ᠪᠠ ᠪᠠᠶ᠋ᠢᠭᠤᠯᠬᠤ᠎ᠳᠤ ᠣᠷᠣᠯᠴᠠᠭᠰᠠᠨ ᠨᠢᠭᠡᠴᠡ᠎ᠳᠤ ᠲᠣᠳᠣᠷᠬᠠᠢ ᠱᠠᠭ᠋ᠠᠷᠳᠠᠯᠭ᠎ᠠ (ᠠᠷᠪᠠᠨ ᠳᠥᠷᠪᠡᠳᠦᠭᠡᠷ᠂ ᠬᠣᠷᠢᠨ ᠨᠢᠭᠡᠳᠦᠭᠡᠷ ᠵᠦᠢ᠍ᠯ) ᠳᠤᠷᠠᠳᠬᠤ ᠵᠢᠨ ᠬᠠᠮᠲᠤ ᠪᠠᠶ᠋ᠢᠭᠤᠯᠬᠤ᠎ᠳᠤ ᠣᠷᠣᠯᠴᠠᠭᠰᠠᠨ ᠨᠢᠭᠡᠴᠡ ᠵᠢᠨ ᠢᠲᠡᠭᠡᠮᠵᠢ ᠦᠭᠡᠢ ᠠᠵᠢᠯᠯᠠᠭ᠎ᠠ᠎ᠳᠤ ᠴᠢᠭᠯᠡᠭᠦᠯᠦᠨ ᠪᠣᠳᠠᠲᠠᠢ ᠵᠠᠯᠬᠠᠭ᠋ᠠᠬᠤ ᠠᠷᠭ᠎ᠠ ᠬᠡᠮᠵᠢᠶ᠎ᠡ ᠳᠤᠷᠠᠳᠪᠠ (ᠠᠷᠪᠠᠨ ᠵᠢᠷᠭᠤᠳᠤᠭ᠋ᠠᠷ᠂ ᠠᠷᠪᠠᠨ ᠳᠣᠯᠣᠳᠤᠭ᠋ᠠᠷ ᠵᠦᠢ᠍ᠯ)᠃
ᠳᠥᠷᠪᠡ᠂ 《ᠬᠠᠮᠢᠶᠠᠷᠤᠯᠲᠠ ᠵᠢᠨ ᠠᠷᠭ᠎ᠠ》 ᠵᠢ ᠬᠡᠷᠡᠭᠵᠢᠭᠦᠯᠬᠦ ᠴᠠᠭ ᠬᠤᠭᠤᠴᠠᠭ᠎ᠠ ᠵᠢᠴᠢ ᠲᠤᠭᠤᠰᠢᠯᠠᠭᠤᠯᠬᠤ ᠠᠷᠭ᠎ᠠ ᠬᠡᠮᠵᠢᠶ᠎ᠡ
《ᠬᠠᠮᠢᠶᠠᠷᠤᠯᠲᠠ ᠵᠢᠨ ᠠᠷᠭ᠎ᠠ》 ᠵᠢ 2025 ᠣᠨ᠎ᠤ 2 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
《ᠬᠠᠮᠢᠶᠠᠷᠤᠯᠲᠠ ᠵᠢᠨ ᠠᠷᠭ᠎ᠠ》 ᠵᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠪᠢᠳᠡ ᠳᠣᠣᠷᠠᠬᠢ ᠠᠷᠭ᠎ᠠ ᠬᠡᠮᠵᠢᠶ᠎ᠡ᠎ᠨᠦᠭᠦᠳ᠎ᠢ ᠠᠪᠴᠤ 《ᠬᠠᠮᠢᠶᠠᠷᠤᠯᠲᠠ ᠵᠢᠨ ᠠᠷᠭ᠎ᠠ》 ᠵᠢ ᠤᠬᠠᠭᠤᠯᠤᠨ ᠲᠤᠭᠤᠰᠢᠯᠠᠭᠤᠯᠤᠨ᠎ᠠ᠃ ᠨᠢᠭᠡ᠎ᠳᠤ 《ᠬᠠᠮᠢᠶᠠᠷᠤᠯᠲᠠ ᠵᠢᠨ ᠠᠷᠭ᠎ᠠ》 ᠵᠢᠨ ᠤᠬᠠᠭᠤᠯᠭ᠎ᠠ ᠵᠢᠨ ᠠᠵᠢᠯ᠎ᠢ ᠥᠷᠭᠡᠨ ᠳᠡᠯᠭᠡᠷᠡᠩᠭᠦᠢ᠎ᠪᠠᠷ ᠥᠷᠨᠢᠭᠦᠯᠬᠦ ᠬᠡᠷᠡᠭᠲᠡᠢ᠃ ᠮᠡᠳᠡᠭᠳᠡᠯ᠎ᠤᠨ ᠪᠢᠴᠢᠭ ᠮᠠᠲ᠋ᠧᠷᠢᠶᠠᠯ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠰᠦᠯᠵᠢᠶ᠎ᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠵᠶ᠋ᠠᠷ ᠳᠠᠮᠵᠢᠭᠤᠯᠤᠨ᠂ 《ᠬᠠᠮᠢᠶᠠᠷᠤᠯᠲᠠ ᠵᠢᠨ ᠠᠷᠭ᠎ᠠ》 ᠵᠢ ᠥᠷᠭᠡᠨ ᠵᠶ᠋ᠡᠷ ᠤᠬᠠᠭᠤᠯᠵᠤ᠂ ᠰᠠᠨᠠᠭ᠋ᠠᠴᠢᠯᠠᠭ᠎ᠠ ᠠᠴᠠ᠎ᠪᠠᠨ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠨ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠨ᠎ᠠ᠃ ᠬᠣᠶᠠᠷ᠎ᠲᠤ᠂ 《ᠬᠠᠮᠢᠶᠠᠷᠤᠯᠲᠠ ᠵᠢᠨ ᠠᠷᠭ᠎ᠠ》 ᠵᠢᠨ ᠪᠣᠯᠪᠠᠰᠤᠷᠠᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ᠃ 《ᠬᠠᠮᠢᠶᠠᠷᠤᠯᠲᠠ ᠵᠢᠨ ᠠᠷᠭ᠎ᠠ》 ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠵᠦ᠂ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠰᠲ᠋ᠧᠮ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠵᠢᠯᠲᠠᠨ᠎ᠳᠤ ᠰᠢᠰᠲ᠋ᠧᠮ᠎ᠲᠠᠢ ᠪᠣᠯᠪᠠᠰᠤᠷᠠᠯ ᠬᠢᠵᠦ᠂ 《ᠬᠠᠮᠢᠶᠠᠷᠤᠯᠲᠠ ᠵᠢᠨ ᠠᠷᠭ᠎ᠠ》 ᠵᠢᠨ ᠭᠣᠣᠯᠳᠠᠯᠭ᠎ᠠ᠎ᠲᠠᠢ ᠠᠭᠤᠯᠭ᠎ᠠ᠎ᠳᠤ ᠨᠠᠷᠢᠨ ᠲᠠᠢ᠌ᠯᠤᠮᠵᠢ ᠪᠠ ᠲᠣᠳᠣᠷᠬᠠᠢ᠌ᠯᠠᠯᠲᠠ ᠬᠢᠵᠦ᠂ ᠬᠠᠮᠢᠶ᠎ᠠ ᠪᠦᠬᠦᠢ ᠠᠵᠢᠯᠲᠠᠨ᠎ᠢ ᠬᠠᠪᠰᠤᠷᠤᠨ 《ᠬᠠᠮᠢᠶᠠᠷᠤᠯᠲᠠ ᠵᠢᠨ ᠠᠷᠭ᠎ᠠ》 ᠵᠢᠨ ᠠᠭᠤᠯᠭ᠎ᠠ ᠪᠠ ᠱᠠᠭ᠋ᠠᠷᠳᠠᠯᠭ᠎ᠠ ᠵᠢ ᠣᠨᠣᠪᠴᠢᠲᠠᠶ ᠣᠢ᠌ᠯᠠᠭ᠋ᠠᠨ ᠡᠵᠡᠮᠰᠢᠭᠦᠯᠵᠦ᠂ 《ᠬᠠᠮᠢᠶᠠᠷᠤᠯᠲᠠ ᠵᠢᠨ ᠠᠷᠭ᠎ᠠ》 ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨᠬᠦ ᠪᠠᠲᠤᠯᠠᠨ᠎ᠠ᠃