ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠪᠥᠬᠥ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-06-27

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠬᠢᠵᠢᠭ᠎ᠢ ᠰᠡᠷᠭᠡᠢ᠌ᠯᠡᠬᠦ ᠳᠦᠷᠢᠮ》  ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ  ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ  ᠠᠮᠢᠲᠠᠨ᠎ᠤ ᠬᠢᠵᠢᠭ

ᠡᠪᠡᠳᠴᠢᠨ᠎ᠢ ᠰᠡᠷᠭᠡᠢ᠌ᠯᠡᠨ ᠡᠵᠡᠮᠳᠡᠬᠦ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠬᠠᠢ  ᠰᠠᠨᠠᠯ》  ᠵᠡᠷᠭᠡ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠠᠵᠢᠯ᠎ᠤᠨ ᠡᠷᠡᠭᠦᠯ᠂  ᠡᠮᠬᠢ ᠳᠢᠭᠯᠢᠮ᠎ᠲᠠᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ 2025 ᠣᠨ᠎ᠤ 5  ᠰᠠᠷ᠎ᠠ ᠵᠢᠨ 26᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ  ᠲᠢᠩᠬᠢᠮ᠎ᠤᠨ 〈ᠪᠥᠬᠥ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠵᠢᠯᠤᠭᠣᠳᠬᠤ ᠰᠠᠨᠠᠯ〉᠎ᠢ ᠳᠠᠷᠤᠮᠠᠯᠯᠠᠨ  ᠲᠠᠷᠬᠠᠭ᠋ᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂  ᠡᠳᠦᠭᠡ ᠬᠠᠮᠢᠶ᠎ᠠ ᠪᠦᠬᠦᠢ ᠠᠭᠤᠯᠭ᠎ᠠ᠎ᠳᠤ ᠳᠣᠣᠷᠠᠬᠢ ᠮᠡᠲᠦ ᠲᠠᠢ᠌ᠯᠤᠮᠵᠢ ᠬᠢᠪᠡ᠃

      ᠨᠢᠭᠡ᠂  ᠨᠣᠣᠷᠠᠭᠯᠠᠭᠰᠠᠨ ᠠᠬᠤᠢ ᠪᠠᠢ᠌ᠳᠠᠯ

      ᠣᠢ᠌ᠷ᠎ᠠ ᠵᠢᠨ ᠵᠢᠯ᠎ᠤᠳ᠎ᠲᠤ᠂  ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠤᠷᠢᠳ ᠬᠣᠵᠢᠳ 《ᠲᠠᠷᠢᠶᠠᠯᠠᠩ  ᠬᠥᠳᠡᠭᠡ ᠲᠣᠰᠬᠤᠨ᠎ᠤ ᠶᠠᠮᠤᠨ᠎ᠤ  ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠢ ᠵᠢᠯᠤᠭᠣᠳᠬᠤ ᠰᠠᠨᠠᠯ》 《ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠲᠦᠷᠭᠡᠳᠬᠡᠨ  ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》  ᠵᠡᠷᠭᠡ ᠵᠢᠯᠤᠭᠣᠳᠬᠤ ᠴᠢᠨᠠᠷᠲᠠᠢ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ 5—10 ᠵᠢᠯ᠎ᠤᠨ ᠴᠢᠷᠮᠠᠢ᠌ᠯᠭ᠎ᠠ ᠭᠠᠷᠭ᠋ᠠᠵᠤ᠂  ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠤᠰᠬᠠᠢ᠌ᠵᠢᠯᠲᠠ᠂  ᠮᠡᠳᠡᠭᠡ ᠵᠠᠩᠭᠢᠵᠢᠯᠲᠠ᠂  ᠵᠠᠬ᠎ᠠ ᠳᠡᠯᠭᠡᠭᠦᠷᠴᠢᠯᠡᠯᠲᠡ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠬᠦ ᠬᠥᠭᠵᠢᠯᠲᠡ ᠵᠢᠨ ᠬᠠᠷᠠᠯᠲᠠ ᠵᠢ ᠳᠤᠷᠠᠳᠤᠨ ᠭᠠᠷᠭ᠋ᠠᠪᠠ᠃ 2022 ᠣᠨ᠎ᠠᠴᠠ  ᠨᠠᠭ᠋ᠠᠰᠢ᠂  ᠥᠪᠡᠷᠲᠡᠭᠡᠨ ᠵᠠᠰᠠᠬᠤ ᠣᠷᠣᠨ 《ᠨᠢᠭᠡ ᠵᠢᠯ᠎ᠳᠤ ᠲᠤᠷᠰᠢᠯᠲᠠ ᠬᠢᠵᠦ᠂  ᠬᠣᠶᠠᠷ ᠵᠢᠯ᠎ᠳᠤ ᠬᠡᠪᠴᠢᠶ᠎ᠡ ᠵᠢ ᠥᠷᠭᠡᠳᠬᠡᠨ᠂  ᠭᠤᠷᠪᠠᠨ ᠵᠢᠯ᠎ᠳᠤ ᠶᠠᠰᠤ ᠴᠢᠨᠠᠷ᠎ᠢ ᠳᠡᠭᠡᠭᠰᠢᠯᠡᠭᠦᠯᠬᠦ》  ᠶᠡᠷᠦᠩᠬᠡᠢ ᠪᠠᠢ᠌ᠷᠢᠰᠢᠭᠤᠯᠤᠯᠲᠠ᠎ᠪᠠᠷ ᠪᠥᠬᠥ ᠣᠷᠣᠨ᠎ᠤ 62 ᠬᠣᠰᠢᠭᠤ ᠰᠢᠶᠠᠨ᠎ᠳᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠠᠵᠢᠯ᠎ᠢ ᠲᠦᠯᠬᠢᠨ ᠠᠬᠢᠭᠤᠯᠵᠤ᠂ 《ᠵᠠᠰᠠᠭ᠎ᠤᠨ ᠣᠷᠳᠣᠨ ᠬᠥᠲᠥᠯᠥᠨ ᠵᠢᠯᠤᠭᠣᠳᠬᠤ᠂  ᠵᠠᠬ᠎ᠠ ᠳᠡᠯᠭᠡᠭᠦᠷ ᠵᠶ᠋ᠡᠷ ᠠᠵᠢᠯᠯᠠᠭᠤᠯᠬᠤ᠂  ᠣᠯᠠᠨ ᠡᠰᠢᠴᠢᠯᠡᠨ ᠣᠷᠣᠯᠴᠠᠬᠤ》  ᠮᠠᠯ ᠡᠮᠨᠡᠯᠭᠡ ᠵᠢᠨ ᠦᠢ᠍ᠯᠡᠴᠢᠯᠡᠭᠡᠨ᠎ᠤ ᠰᠢᠨ᠎ᠡ ᠪᠠᠢ᠌ᠷᠢᠰᠢᠯ᠎ᠢ ᠠᠩᠬ᠎ᠠ ᠠᠯᠬᠤᠮ ᠪᠣᠶ ᠪᠣᠯᠭ᠋ᠠᠪᠠ᠃  ᠭᠡᠪᠡᠴᠦ ᠶᠡᠷᠦᠩᠬᠡᠢ᠎ᠳᠡᠭᠡᠨ ᠮᠥᠨ ᠯᠡ ᠵᠣᠬᠢᠶᠠᠨ ᠪᠠᠢ᠌ᠭᠤᠯᠤᠯᠴᠠᠭᠰᠠᠨ ᠬᠡᠮᠵᠢᠶ᠎ᠡ ᠳᠣᠣᠷ᠎ᠠ᠂  ᠦᠢ᠍ᠯᠡᠴᠢᠯᠡᠭᠡᠨ᠎ᠤ ᠬᠡᠯᠪᠡᠷᠢ ᠳᠠᠩ ᠴᠤᠯᠭᠤᠢ᠂  ᠳᠣᠲᠣᠭ᠋ᠠᠳᠤ ᠵᠢᠨ ᠬᠥᠳᠡᠯᠭᠡᠬᠦ ᠬᠦᠴᠦᠨ ᠳᠤᠲᠠᠮᠠᠭ ᠵᠡᠷᠭᠡ ᠠᠰᠠᠭᠤᠳᠠᠯ ᠲᠤᠯᠭ᠋ᠠᠷᠠᠵᠤ ᠪᠠᠢ᠌ᠨ᠎ᠠ᠃  ᠡᠳᠡᠭᠡᠷ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ᠂  ᠰᠠᠨᠠᠯ ᠬᠤᠷᠢᠶᠠᠬᠤ᠂  ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠎ᠪᠠᠷ ᠳᠡᠮᠵᠢᠨ᠂  ᠡᠭᠦᠨ᠎ᠤ ᠬᠠᠮᠲᠤ ᠲᠡᠷᠢᠭᠦᠨ᠎ᠤ ᠮᠤᠵᠢ ᠣᠷᠣᠨ᠎ᠤ ᠠᠵᠢᠯ᠎ᠤᠨ ᠲᠤᠷᠰᠢᠯᠭ᠎ᠠ᠎ᠪᠠᠷ ᠲᠣᠯᠢ ᠪᠣᠯᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠲᠣᠰ ᠵᠢᠯᠤᠭᠣᠳᠬᠤ ᠰᠠᠨᠠᠯ᠎ᠢ ᠨᠡᠢ᠌ᠲᠡᠯᠡᠪᠡ᠂  ᠡᠭᠦᠨ᠎ᠤ ᠵᠣᠷᠢᠯᠭ᠎ᠠ ᠎ᠨᠢ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠲᠠᠰᠤᠷᠠᠯᠲᠠ ᠦᠭᠡᠢ ᠬᠦᠭᠵᠢᠭᠦᠯᠦᠨ ᠪᠤᠵᠠᠭ᠋ᠠᠢ᠌ᠷᠠᠭᠤᠯᠵᠤ᠂  ᠲᠡᠵᠢᠭᠡᠨ ᠦᠷᠡᠵᠢᠭᠦᠯᠦᠭᠴᠢᠳ᠎ᠲᠤ ᠥᠨᠳᠥᠷ ᠬᠢᠷᠢ ᠲᠦᠪᠰᠢᠨ ᠪᠦᠬᠦᠢ᠂  ᠲᠤᠰᠬᠠᠢ᠌ᠵᠢᠭᠰᠠᠨ᠂  ᠪᠥᠬᠥ ᠲᠠᠯ᠎ᠠ ᠵᠢᠨ ᠮᠠᠯ ᠡᠮᠨᠡᠯᠭᠡ ᠵᠢᠨ ᠦᠢ᠍ᠯᠡᠴᠢᠯᠡᠭᠡ ᠬᠠᠩᠭ᠋ᠠᠵᠤ᠂  ᠠᠵᠢᠯᠯᠠᠵᠤ ᠪᠠᠢ᠌ᠭ᠎ᠠ ᠬᠥᠮᠥᠰ᠎ᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠢ᠌ᠳᠠᠪᠤᠷᠢᠵᠢᠭᠤᠯᠬᠤ ᠵᠢᠨ ᠲᠥᠯᠥᠭᠡ ᠶᠤᠮ᠃

      ᠬᠣᠶᠠᠷ᠂  ᠪᠣᠷᠣ ᠲᠥᠯᠥᠪ ᠬᠢᠭᠡᠳ ᠭᠣᠣᠯᠳᠠᠯᠭ᠎ᠠ᠎ᠲᠠᠢ ᠠᠭᠤᠯᠭ᠎ᠠ

      (ᠨᠢᠭᠡ)  ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂  ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ᠃  ᠣᠳᠣᠬᠠᠨ᠎ᠤ ᠪᠥᠬᠥ ᠣᠷᠣᠨ᠎ᠤ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠣᠢ᠌ᠮᠣ ᠪᠠᠢ᠌ᠳᠠᠯ᠂  ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠢ ᠬᠥᠭᠵᠢᠭᠦᠯᠬᠦ ᠵᠢᠨ ᠠᠴᠢ ᠬᠣᠯᠪᠣᠭᠳᠠᠯ᠎ᠢ ᠲᠣᠳᠣᠷᠬᠠᠢ᠌ᠯᠠᠨ  ᠥᠭᠦᠯᠡᠵᠡᠢ᠃

      (ᠬᠣᠶᠠᠷ)  ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂  ᠣᠯᠠᠨ ᠡᠰᠢᠲᠦ ᠠᠭᠤᠰᠤᠯᠴᠠᠭᠰᠠᠨ ᠦᠢ᠍ᠯᠡᠴᠢᠯᠡᠭᠡᠨ᠎ᠤ ᠵᠠᠭᠪᠤᠷ᠎ᠢ ᠶᠡᠬᠡᠪᠡᠷ  ᠳᠡᠯᠭᠡᠷᠡᠭᠦᠯᠬᠦ ᠬᠡᠷᠡᠭᠲᠡᠢ᠃  ᠮᠠᠨ᠎ᠤ ᠣᠷᠣᠨ᠎ᠤ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠵᠦ ᠪᠠᠢ᠌ᠭ᠎ᠠ ᠪᠠᠢ᠌ᠳᠠᠯ ᠪᠣᠯᠣᠨ ᠣᠳᠣᠬᠠᠨ᠎ᠳᠤ ᠳ᠋ᠦᠩᠨᠡᠵᠦ ᠪᠠᠢ᠌ᠭ᠎ᠠ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠦᠨᠳᠦᠰᠦᠯᠡᠨ᠂  ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠬᠦ ᠵᠢ ᠵᠦᠢ ᠵᠣᠬᠢᠰᠲᠠᠢ ᠰᠠᠨᠠᠭᠤᠯᠬᠤ ᠵᠢᠨ ᠬᠠᠮᠲᠤ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠬᠡᠷᠡᠭᠯᠡᠨ᠂  ᠠᠵᠢᠯ᠎ᠤᠨ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠴᠦ᠂  ᠮᠠᠯ ᠡᠮᠨᠡᠯᠭᠡ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢ ᠵᠣᠷᠢᠭᠵᠢᠭᠤᠯᠪᠠ᠃

      (ᠭᠤᠷᠪᠠ)  ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠥᠷᠭᠡᠳᠬᠡᠨ᠂  ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠴᠦᠯᠡᠨ  ᠳᠡᠭᠡᠭᠰᠢᠯᠡᠭᠦᠯᠬᠦ ᠬᠡᠷᠡᠭᠲᠡᠢ᠃  ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠮᠠᠯ ᠡᠮᠨᠡᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠦᠢ᠍ᠯᠡᠴᠢᠯᠡᠭᠡᠨ᠎ᠳᠤ ᠣᠷᠣᠯᠴᠠᠭᠤᠯᠵᠤ᠂  ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠮᠠᠯ ᠡᠮᠨᠡᠯᠭᠡ ᠵᠢᠨ ᠠᠵᠢᠯ᠎ᠢ ᠪᠦᠬᠦᠨ᠎ᠢ ᠳᠠᠭ᠋ᠠᠭ᠋ᠠᠴᠢᠯᠠᠭᠤᠯᠤᠨ ᠪᠦᠬᠦᠨ᠎ᠢ ᠬᠠᠮᠤᠷᠤᠭᠤᠯᠬᠤ᠂  ᠬᠥᠮᠥᠨ ᠴᠥᠭᠡᠨ ᠠᠵᠢᠯ ᠤᠯᠠᠨ ᠪᠠᠢ᠌ᠬᠤ ᠵᠡᠷᠭᠡ ᠲᠣᠪᠣᠢ᠌ᠮ᠎ᠠ ᠵᠥᠷᠢᠴᠡᠯ᠎ᠢ ᠰᠢᠢ᠍ᠳᠪᠦᠷᠢᠯᠡᠨ᠎ᠡ᠃  ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠰᠠᠨᠠᠭ᠋ᠠᠴᠢᠯᠠᠭ᠎ᠠ᠎ᠠᠴᠠ᠎ᠪᠠᠨ ᠮᠠᠯ ᠡᠮᠨᠡᠯᠭᠡ ᠵᠢᠨ ᠦᠢ᠍ᠯᠡᠴᠢᠯᠡᠭᠡ ᠬᠤᠳᠠᠯᠳᠤᠨ ᠠᠪᠬᠤ᠎ᠪᠠᠷ ᠳᠠᠮᠵᠢᠭᠤᠯᠤᠨ᠂  ᠥᠪᠡᠷ ᠵᠶ᠋ᠡᠨ ᠡᠷᠭᠢᠯᠡᠵᠦ ᠳᠡᠶ᠋ᠢᠯᠬᠦ ᠦᠭᠡᠢ᠂  ᠰᠠᠢ᠌ᠲᠤᠷ ᠡᠷᠭᠢᠯᠡᠵᠦ ᠳᠡᠶ᠋ᠢᠯᠬᠦ ᠦᠭᠡᠢ᠂  ᠡᠷᠭᠢᠯᠡᠬᠦ᠎ᠳᠤ ᠠᠰᠢᠭ ᠦᠭᠡᠢ ᠪᠠᠢ᠌ᠬᠤ ᠠᠰᠠᠭᠤᠳᠠᠯ᠎ᠢ  ᠰᠢᠢ᠍ᠳᠪᠦᠷᠢᠯᠡᠨ᠎ᠡ᠃  ᠠᠮᠢᠲᠠᠨ᠎ᠢ ᠣᠨᠣᠰᠢᠯᠠᠨ ᠡᠮᠨᠡᠬᠦ ᠪᠠᠢ᠌ᠭᠤᠯᠤᠮᠵᠢ᠂  ᠮᠠᠯ᠎ᠤᠨ ᠡᠮ ᠦᠢ᠍ᠯᠡᠳᠪᠦᠷᠢᠯᠡᠵᠦ ᠡᠵᠡᠩᠨᠡᠬᠦ ᠠᠵᠤ ᠠᠬᠤᠢ᠌ᠯᠠᠯ᠂  ᠭᠤᠷᠪᠠᠳᠠᠭᠢ ᠡᠲᠡᠭᠡᠳ᠎ᠤᠨ ᠮᠠᠯ ᠡᠮᠨᠡᠯᠭᠡ ᠵᠢᠨ ᠲᠤᠷᠰᠢᠯᠲᠠ ᠵᠢᠨ ᠲᠠᠰᠤᠭ ᠵᠢᠴᠢ ᠪᠤᠰᠤᠳ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠬᠡᠯᠬᠢᠶᠡᠬᠦᠯᠦᠨ ᠡᠵᠡᠩᠨᠡᠬᠦ᠂  ᠲᠦᠷᠦᠯ ᠲᠡᠮᠳᠡᠭᠵᠢᠭᠦᠯᠦᠨ ᠠᠵᠢᠯᠯᠠᠬᠤ᠂  ᠦᠢ᠍ᠯᠡᠴᠢᠯᠡᠭᠡᠨ᠎ᠤ ᠶᠠᠰᠤ ᠴᠢᠨᠠᠷ ᠪᠠ ᠠᠵᠤ ᠠᠬᠤᠢ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃

      (ᠳᠥᠷᠪᠡ)  ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂  ᠵᠠᠬ᠎ᠠ ᠳᠡᠯᠭᠡᠭᠦᠷ ᠵᠶ᠋ᠡᠷ ᠲᠣᠬᠢᠷᠠᠭᠤᠯᠬᠤ ᠪᠠ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠷᠢᠰᠢᠯ᠎ᠢ  ᠪᠠᠢ᠌ᠭᠤᠯᠬᠤ ᠬᠡᠷᠡᠭᠲᠡᠢ᠃  ᠵᠠᠬ᠎ᠠ ᠳᠡᠯᠭᠡᠭᠦᠷ ᠵᠶ᠋ᠡᠷ ᠲᠣᠬᠢᠷᠠᠭᠤᠯᠬᠤ ᠦᠨ᠎ᠡ ᠬᠠᠩᠰᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂  ᠵᠠᠬ᠎ᠠ ᠳᠡᠯᠭᠡᠭᠦᠷ ᠵᠶ᠋ᠡᠷ ᠲᠣᠬᠢᠷᠠᠭᠤᠯᠬᠤ ᠦᠨ᠎ᠡ ᠬᠠᠩᠰᠢ ᠵᠢᠨ ᠬᠠᠮᠢᠶᠠᠷᠤᠯᠲᠠ ᠪᠠ ᠵᠠᠰᠠᠭ᠎ᠤᠨ ᠣᠷᠳᠣᠨ᠎ᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠂  ᠴᠢᠨᠠᠷ ᠰᠠᠢ᠌ᠲᠠᠢ᠂  ᠲᠥᠪ ᠭᠣᠥᠯᠴᠢ᠂ ᠡᠮᠬᠢ ᠵᠢᠷᠤᠮ᠎ᠲᠠᠢ᠂ ᠲᠥᠯᠥᠪᠦᠷᠢ᠎ᠲᠠᠢ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃

      (ᠲᠠᠪᠤ)  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂  ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠯᠠᠪᠳᠠᠭᠤᠨ ᠪᠠᠲᠤᠲᠠᠢ  ᠠᠬᠢᠭᠤᠯᠬᠤ ᠬᠡᠷᠡᠭᠲᠡᠢ᠃  ᠵᠠᠰᠠᠭ᠎ᠤᠨ ᠣᠷᠳᠣᠨ᠎ᠤ ᠬᠠᠷᠢᠶ᠎ᠠ ᠭᠠᠵᠠᠷ ᠣᠷᠣᠨ᠂  ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂  ᠣᠲᠣ ᠵᠢᠨ ᠪᠠᠢ᠌ᠭ᠎ᠠ ᠴᠢᠨᠠᠷ ᠰᠠᠢ᠌ᠲᠠᠢ ᠡᠬᠢ ᠪᠠᠶᠠᠯᠢᠭ᠎ᠢ ᠢᠳᠡᠪᠬᠢᠲᠡᠢ ᠳᠠᠶ᠋ᠢᠴᠢᠯᠠᠨ᠂  ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂  ᠪᠥᠬᠥ ᠨᠡᠢ᠌ᠭᠡᠮ ᠵᠶ᠋ᠡᠷ ᠵᠶ᠋ᠡᠨ ᠣᠷᠣᠯᠴᠠᠭᠰᠠᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃

ᠢᠷᠡᠯᠲᠡ᠄ ᠦᠪᠦᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            