ᠰᠤᠷᠪᠤᠯᠵᠢᠯᠠᠭᠰᠠᠨ ᠴᠠᠭ᠄ 2016 ᠤᠨ᠎ᠤ 9 ᠰᠠᠷ᠎ᠠ ᠵᠢᠨ 13᠎ᠤ ᠡᠳᠦᠷ᠎ᠤᠨ ᠦᠳᠡ ᠵᠢᠨ ᠡᠮᠦᠨᠡᠬᠢ 9 ᠴᠠᠭ
ᠰᠤᠷᠪᠤᠯᠵᠢᠯᠠᠭᠰᠠᠨ ᠵᠤᠴᠢᠨ᠄ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠤᠤ ᠶᠦᠡᠭ ᠬᠤᠸᠠ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
《12 · 5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠤᠨ ᠲᠠᠷᠢᠶᠠᠯᠠᠩ ᠮᠠᠯ ᠠᠵᠤ ᠠᠬᠤᠶ ᠵᠢᠨ ᠰᠢᠰᠲ᠋ᠧᠮ᠎ᠤᠨ᠎ᠬᠢᠨ ᠰᠢᠨ᠎ᠡ ᠵᠢ ᠡᠭᠦᠳᠬᠦ ᠮᠠᠶᠢᠭ᠎ᠤᠨ ᠤᠯᠤᠰ᠎ᠢ ᠪᠥᠳᠥᠭᠡᠨ ᠪᠠᠶ᠋ᠢᠭᠤᠯᠬᠤ ᠲᠤᠬᠠᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠤᠱᠯᠠᠭᠤᠯᠵᠤ᠂ ᠪᠠᠶ᠋ᠢᠭᠤᠯᠤᠯ᠎ᠤᠨ ᠲᠣᠭᠲᠠᠴᠠ ᠵᠢ ᠪᠦᠷᠢᠨᠰᠢᠬᠦᠯᠬᠦ᠂ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠂ ᠦᠢ᠍ᠯᠡᠴᠢᠯᠡᠭᠡᠨ᠎ᠤ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠲᠠᠯ᠎ᠠ᠎ᠪᠠᠷ ᠮᠠᠰᠢ ᠤᠯᠠᠨ ᠠᠰᠢᠭᠲᠠᠢ ᠰᠦᠪᠡᠭᠴᠢᠯᠡᠯᠳᠡ ᠪᠤᠯᠤᠨ ᠦᠢ᠍ᠯᠡᠳᠦᠯᠭᠡ ᠬᠢᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠠᠯᠬᠤᠴᠠ ᠲᠦᠷᠭᠡᠳᠦᠭᠰᠡᠨ ᠪᠠᠶ᠋ᠢᠨ᠎ᠠ᠃ 2015 ᠣᠨ ᠪᠣᠯᠬᠤ᠎ᠳᠤ᠂ ᠮᠠᠨ᠎ᠤ ᠣᠷᠣᠨ᠎ᠤ ᠭᠤᠣᠯ ᠪᠣᠯᠬᠤ ᠲᠠᠷᠢᠮᠠᠯ᠎ᠤᠨ ᠰᠠᠶ᠋ᠢᠨ ᠦᠷ᠎ᠡ ᠵᠢᠨ ᠪᠦᠷᠬᠦᠴᠡ ᠵᠢᠨ ᠨᠤᠷᠮ᠎ᠠ 95%᠎ᠠᠴᠠ ᠳᠡᠭᠡᠭᠰᠢ᠎ᠳᠤ ᠬᠦᠷᠴᠦ᠂ ᠭᠡᠷ᠎ᠤᠨ ᠲᠡᠵᠢᠭᠡᠪᠦᠷᠢ ᠵᠢᠨ ᠡᠭᠦᠯᠳᠡᠷ᠎ᠢ ᠰᠠᠶ᠋ᠢᠵᠢᠷᠠᠭᠤᠯᠤᠭᠰᠠᠨ ᠨᠣᠷᠮ᠎ᠠ 98%᠎ᠠᠴᠠ ᠳᠡᠭᠡᠭᠰᠢ᠎ᠳᠤ ᠬᠦᠷᠴᠦ᠂ ᠲᠠᠷᠢᠮᠠᠯ᠎ᠤᠨ ᠶᠡᠷᠦᠩᠭᠡᠶ᠋ᠢᠯᠡᠭᠰᠡᠨ ᠮᠠᠰᠢᠨᠴᠢᠯᠠᠯᠲᠠ ᠵᠢᠨ ᠬᠡᠮᠵᠢᠶ᠎ᠡ 81%᠎ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 51.8%᠎ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠨᠢ ᠪᠦᠬᠦ ᠣᠷᠣᠨ᠎ᠤ ᠠᠮᠤ ᠪᠤᠳᠠᠭ᠋ᠠᠨ᠎ᠤ 《ᠠᠷᠪᠠᠨ ᠬᠤᠶᠠᠷ ᠵᠢᠯ ᠳᠠᠷᠠᠭ᠋ᠠᠯᠠᠭᠰᠠᠨ ᠡᠯᠪᠡᠭ ᠬᠤᠷᠢᠶᠠᠯᠲᠠ》᠂ ᠮᠠᠯ ᠠᠵᠤ ᠠᠬᠤᠶ ᠵᠢᠨ 《ᠠᠷᠪᠠᠨ ᠨᠢᠭᠡᠨ ᠵᠢᠯ ᠳᠠᠷᠠᠭ᠋ᠠᠯᠠᠭᠰᠠᠨ ᠲᠣᠭᠲᠠᠭᠤᠨ ᠦᠰᠦᠯᠲᠡ》 ᠮᠠᠯᠴᠢᠨ ᠲᠠᠷᠢᠶᠠᠴᠢᠳ᠎ᠤᠨ 《ᠠᠷᠪᠠᠨ ᠬᠤᠶᠠᠷ ᠵᠢᠯ ᠳᠠᠷᠠᠭ᠋ᠠᠯᠠᠭᠰᠠᠨ ᠣᠷᠣᠯᠭ᠎ᠠ ᠵᠢᠨ ᠨᠡᠮᠡᠭᠳᠡᠯ》᠎ᠲᠠᠢ ᠪᠤᠯᠬᠤ᠎ᠳᠤ ᠴᠢᠬᠤᠯᠠ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠪᠡ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
ᠬᠥᠲᠥᠯᠥᠭᠴᠢ᠄
ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠤᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠭᠰᠡᠨ᠎ᠳᠤ ᠪᠠᠶᠠᠷᠯᠠᠵᠤ ᠪᠠᠶ᠋ᠢᠨ᠎ᠠ! ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠤᠤ ᠶᠦᠡᠭ ᠬᠤᠸᠠ ᠵᠢ ᠤᠷᠢᠵᠤ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠤᠬᠠᠶ ᠲᠠ ᠪᠦᠬᠦᠨ᠎ᠲᠠᠢ ᠰᠦᠯᠵᠢᠶ᠎ᠡ᠎ᠪᠠᠷ ᠳᠠᠮᠵᠢᠨ ᠰᠣᠯᠢᠯᠴᠠᠬᠤ ᠵᠢᠨ ᠬᠠᠮᠲᠤ᠂ ᠰᠦᠯᠵᠢᠶᠡᠨ ᠠᠨᠳᠠ ᠨᠠᠷ᠎ᠤᠨ ᠠᠰᠠᠭᠤᠯᠲᠠ ᠵᠢ ᠬᠠᠷᠢᠭᠤᠯᠬᠤ ᠪᠣᠯᠤᠨ᠎ᠠ᠃ ᠵᠣᠣ ᠲᠢᠩᠬᠢᠮ᠎ᠤᠨ ᠳᠠᠷᠤᠭ᠎ᠠ ᠵᠢ ᠪᠠᠶᠠᠷᠯᠠᠨ ᠤᠭᠲᠤᠵᠤ ᠪᠠᠶ᠋ᠢᠨ᠎ᠠ!
ᠵ᠊ ᠤᠤ ᠶᠦᠡᠭ ᠬᠤᠸᠠ᠄
ᠬᠥᠲᠥᠯᠥᠭᠴᠢ ᠰᠠᠶ᠋ᠢᠨ ᠪᠠᠶ᠋ᠢᠨ᠎ᠠ ᠤᠤ᠂ ᠰᠦᠯᠵᠢᠶᠡᠨ ᠠᠨᠳᠠ ᠨᠠᠷ ᠰᠠᠶ᠋ᠢᠨ ᠪᠠᠶ᠋ᠢᠵᠠᠭ᠋ᠠᠨ᠎ᠠ ᠤᠤ! ᠲᠠ ᠣᠯᠠᠨ᠎ᠲᠠᠢ ᠰᠦᠯᠵᠢᠶ᠎ᠡ᠎ᠪᠠᠷ ᠶᠠᠷᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠶ᠋ᠢᠨ᠎ᠠ᠃
ᠬᠥᠲᠥᠯᠥᠭᠴᠢ᠄
《12 · 5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠤᠢ?
ᠵᠤᠤ ᠶᠦᠡᠭ ᠬᠤᠸᠠ᠄
ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠤᠳᠤᠯᠭ᠎ᠠ ᠵᠢᠨ ᠱᠠᠭ᠋ᠠᠷᠳᠠᠯᠭ᠎ᠠ ᠪᠣᠯᠤᠨ ᠪᠠᠶ᠋ᠢᠷᠢᠯᠠᠭᠤᠯᠤᠯᠲᠠ ᠵᠢᠨ ᠲᠤᠭᠤᠷᠢᠨ᠎ᠳᠤ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠤᠬᠠᠶ᠋ᠢᠯᠠᠭᠰᠠᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ ᠭᠤᠤᠯᠳᠠᠭᠤ ᠳᠣᠣᠷᠠᠬᠢ ᠭᠤᠷᠪᠠᠨ ᠲᠠᠯ᠎ᠠ ᠵᠢᠨ ᠪᠦᠳᠦᠭᠡᠨ ᠪᠠᠶ᠋ᠢᠭᠤᠯᠤᠯᠲᠠ ᠵᠢ ᠳᠤᠪᠤᠶ᠋ᠢᠯᠭ᠋ᠠᠪᠠ᠄ ᠨᠢᠭᠡ᠎ᠳᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠰᠢᠰᠲ᠋ᠧᠮᠵᠢ ᠵᠢ ᠬᠦᠴᠦᠯᠡᠨ ᠪᠠᠶ᠋ᠢᠭᠤᠯᠪᠠ᠃ ᠰᠢᠨ᠎ᠡ ᠴᠠᠭ ᠦᠶ᠎ᠡ᠎ᠳᠠᠬᠢ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ᠂ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠳᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠭᠤᠣᠯᠳᠠᠯᠭ᠎ᠠ ᠪᠣᠯᠭ᠋ᠠᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠶ᠋ᠠᠷ ᠭᠤᠤᠯᠯᠠᠭᠴᠢ ᠪᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠴᠡᠴᠡᠷᠯᠢᠭ᠎ᠤᠨ ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ ᠪᠤᠯᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠶ᠋ᠢᠨ ᠪᠠᠶ᠋ᠢᠴᠠᠭ᠋ᠠᠬᠤ ᠲᠥᠯᠥᠪᠵᠢᠭᠦᠯᠭᠡ ᠵᠢᠨ ᠬᠦᠷᠢᠶᠡᠯᠡᠩ ᠵᠶ᠋ᠠᠷ ᠨᠥᠬᠦᠪᠥᠷᠢ ᠪᠣᠯᠭ᠋ᠠᠵᠤ᠂ ᠣᠷᠣᠨ ᠨᠤᠲᠤᠭ᠎ᠤᠨ ᠶᠡᠭᠡ ᠳᠡᠭᠡᠳᠦ ᠰᠤᠷᠭ᠋ᠠᠭᠤᠯᠢ ᠪᠤᠯᠤᠨ ᠠᠶ᠋ᠢᠮᠠᠭ ᠬᠤᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠵᠶ᠋ᠠᠷ ᠤᠳᠤᠷᠢᠳᠬᠠᠯ ᠪᠤᠯᠭ᠋ᠠᠭᠰᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢ ᠪᠠᠶ᠋ᠢᠭᠤᠯᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠳᠠ ᠵᠢᠨ ᠱᠠᠲᠤᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢ 22 ᠪᠠᠶ᠋ᠢᠭᠤᠯᠵᠤ᠂ 1760 ᠠᠵᠢᠯᠲᠠᠨ᠎ᠲᠠᠢ; ᠮᠠᠯ ᠠᠵᠤ ᠠᠬᠤᠶ ᠲᠠᠷᠢᠶᠠᠯᠠᠩ᠎ᠲᠠᠢ ᠬᠤᠯᠪᠣᠭᠳᠠᠬᠤ ᠭᠤᠣᠯᠳᠠᠯᠭ᠎ᠠ᠎ᠲᠠᠢ ᠨᠡᠭᠡᠭᠡᠯᠲᠡᠲᠦ ᠲᠤᠷᠰᠢᠯᠲᠠ ᠵᠢᠨ ᠲᠠᠰᠤᠭ 10᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠤᠯ᠎ᠤᠨ ᠲᠥᠪ 23᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠠᠭᠤᠷᠢᠨ ᠭᠠᠵᠠᠷ᠎ᠢ 24 ᠪᠠᠶ᠋ᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠢᠨ᠎ᠡ ᠡᠭᠦᠳᠦᠯᠲᠡ ᠵᠢᠨ ᠲᠠᠪᠴᠠᠩ᠎ᠢ ᠠᠩᠬ᠎ᠠ ᠠᠯᠬᠤᠮ ᠪᠠᠶ᠋ᠢᠭᠤᠯᠪᠠ᠃ ᠦᠨᠳᠦᠰᠦᠨ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠪᠤᠯᠤᠨ ᠮᠠᠯᠴᠢᠨ ᠲᠠᠷᠢᠶᠠᠴᠢᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠬᠦ᠎ᠪᠠᠷ ᠭᠤᠣᠯ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠲᠥᠷᠪᠡᠨ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠪᠣᠯᠤᠨ ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠬᠢᠭᠡᠳ ᠬᠢᠨᠠᠯᠲᠠ ᠲᠠᠯᠪᠢᠬᠤ ᠰᠢᠰᠲ᠋ᠧᠮᠵᠢ᠂ ᠭᠤᠷᠪᠠᠨ ᠱᠠᠲᠤᠨ᠎ᠤ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠢ ᠤᠷᠢᠳᠴᠢᠯᠠᠨ ᠰᠡᠷᠭᠡᠢ᠌ᠯᠡᠬᠦ ᠬᠢᠨᠠᠨ ᠬᠡᠮᠵᠢᠬᠦ ᠰᠢᠰᠲ᠋ᠧᠮᠵᠢ ᠪᠣᠯᠤᠨ ᠮᠠᠯ᠎ᠤᠨ ᠠᠰᠢᠭ ᠰᠢᠮ᠎ᠡ ᠲᠠᠷᠢᠶᠠᠯᠠᠩ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯ ᠥᠭᠡᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠵᠤ᠂ ᠳᠡᠯᠭᠡᠷᠡᠭᠦᠯᠬᠦ ᠪᠠᠶ᠋ᠢᠭᠤᠯᠤᠮᠵᠢ (ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 12᠂ ᠠᠶ᠋ᠢᠮᠠᠭ ᠬᠤᠲᠠ ᠵᠢᠨ ᠱᠠᠲᠤᠨ᠎ᠤ 131᠂ ᠬᠤᠰᠢᠭᠤ ᠰᠢᠶᠠᠨ᠎ᠠᠴᠠ ᠳᠣᠷᠣᠭᠰᠢᠬᠢ 2086)ᠵᠢ ᠨᠡᠶ᠋ᠢᠲᠡ 2229 ᠪᠠᠶ᠋ᠢᠭᠤᠯᠵᠤ᠂ ᠲᠠᠷᠢᠶᠠᠯᠠᠩ᠎ᠤᠨ ᠮᠡᠷᠭᠡᠵᠢᠯ ᠳᠡᠯᠭᠡᠷᠡᠭᠦᠯᠬᠦ ᠠᠵᠢᠯᠲᠠᠨ 2 ᠲᠦᠮᠡ ᠪᠠᠶ᠋ᠢᠵᠤ᠂ ᠡᠯ᠎ᠡ ᠵᠦᠢ᠍ᠯ᠎ᠤᠨ ᠮᠡᠷᠭᠡᠵᠢᠯ᠎ᠤᠨ ᠳᠡᠯᠭᠡᠷᠡᠭᠦᠯᠦᠯᠲᠡ ᠪᠤᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ ᠡᠭᠦᠷᠭᠡᠯᠡᠬᠦ ᠴᠢᠳᠠᠪᠤᠷᠢ ᠵᠢ ᠪᠦᠷᠢᠳᠦᠬᠦᠯᠪᠡ᠃ ᠬᠤᠶᠠᠷ᠎ᠲᠤ᠂ ᠪᠠᠶ᠋ᠢᠭᠤᠯᠤᠯ ᠲᠣᠭᠲᠠᠴᠠ ᠵᠢᠨ ᠰᠢᠨ᠎ᠡ ᠡᠭᠦᠳᠦᠯᠲᠡ᠎ᠳᠤ ᠰᠠᠭᠤᠷᠢᠯᠠᠨ᠂ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠭᠡᠷᠡᠴᠢᠯᠡᠯᠲᠡ ᠬᠢᠵᠦ ᠬᠠᠶ᠋ᠢᠨ ᠰᠦᠪᠡᠭᠴᠢᠯᠡᠬᠦ ᠠᠯᠬᠤᠴᠠ᠎ᠪᠠᠨ ᠬᠦᠴᠦᠯᠡᠨ ᠲᠦᠷᠭᠡᠳᠬᠡᠪᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠦᠴᠦᠨ ᠴᠢᠳᠠᠯ ᠵᠶ᠋ᠠᠨ ᠨᠢᠭᠲᠠᠷᠠᠭᠤᠯᠬᠤ ᠵᠢᠨ ᠲᠤᠰᠠᠳᠠ᠂ ᠲᠥᠷᠥᠯ ᠵᠦᠢ᠍ᠯ ᠵᠶ᠋ᠠᠷ ᠬᠤᠯᠪᠣᠭ᠋ᠠᠰᠤ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠣᠯᠤᠨ ᠠᠶ᠋ᠢᠮᠠᠭ ᠬᠤᠳᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ 6 ᠪᠠᠶ᠋ᠢᠭᠤᠯᠤᠮᠵᠢ᠎ᠲᠠᠢ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠵᠥᠪᠯᠡᠯᠴᠡᠭᠡᠷ᠎ᠲᠤ ᠭᠠᠷᠤᠨ ᠦᠰᠦᠭ ᠵᠢᠷᠤᠪᠠ; ᠲᠠᠷᠢᠶᠠᠯᠠᠩ ᠮᠠᠯ ᠠᠵᠤ ᠠᠬᠤᠶ ᠵᠢᠨ ᠭᠤᠣᠯ ᠤᠳᠤᠷᠢᠳᠤᠮᠵᠢ ᠪᠣᠯᠬᠤ ᠠᠵᠤ ᠦᠢ᠍ᠯᠡᠰ᠎ᠤᠨ ᠲᠤᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠤᠰᠢᠭᠤ ᠰᠢᠶᠠᠨ ᠪᠠ ᠰᠤᠮᠤ ᠪᠠᠯᠭ᠋ᠠᠰᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠬᠥᠮᠦᠰ ᠣᠷᠣᠯᠴᠠᠭᠰᠠᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠳᠲᠡᠷ ᠲᠦᠷᠭᠡᠨ ᠪᠣᠳᠠᠲᠠᠶ᠋ᠢᠵᠢᠬᠤ ᠵᠢ ᠲᠦᠯᠬᠢᠨ ᠠᠬᠢᠭᠤᠯᠪᠠ᠃ ᠡᠯ᠎ᠡ ᠬᠤᠰᠢᠭᠤ ᠰᠢᠶᠠᠨ᠎ᠨᠢ ᠠᠵᠢᠯᠲᠠᠨ ᠤᠷᠢᠵᠤ ᠬᠡᠷᠡᠭᠯᠡᠬᠦ ᠲᠦᠷᠢᠮ᠂ ᠠᠵᠢᠯ᠎ᠤᠨ ᠰᠢᠯᠭ᠋ᠠᠨ ᠦᠨᠡᠯᠡᠬᠦ ᠲᠦᠷᠢᠮ᠂ ᠳᠡᠯᠭᠡᠷᠡᠭᠦᠯᠬᠦ ᠬᠠᠷᠢᠭᠤᠴᠠᠯᠭ᠎ᠠ ᠵᠢᠨ ᠲᠦᠷᠢᠮ᠂ ᠠᠵᠢᠯᠲᠠᠳ᠎ᠤᠨ ᠪᠣᠯᠪᠠᠰᠤᠷᠠᠭᠤᠯᠤᠯ᠎ᠤᠨ ᠳᠦᠷᠢᠮ ᠪᠠ ᠣᠯᠠᠨ ᠡᠰᠢᠴᠢᠯᠡᠭᠰᠡᠨ ᠳᠡᠯᠭᠡᠷᠡᠭᠦᠯᠬᠦ ᠲᠦᠷᠢᠮ ᠵᠡᠷᠭᠡ ᠲᠠᠪᠤᠨ ᠵᠦᠢ᠍ᠯ᠎ᠤᠨ ᠠᠵᠢᠯ᠎ᠤᠨ ᠲᠦᠷᠢᠮ᠎ᠢ ᠴᠥᠮ ᠪᠠᠶ᠋ᠢᠭᠤᠯᠤᠨ ᠲᠡᠭᠦᠯᠳᠡᠷᠵᠢᠭᠦᠯᠵᠦ᠂ ᠲᠤᠬᠠᠶ᠋ᠢᠯᠠᠪᠠᠯ 《ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠬᠠᠷᠢᠭᠤᠴᠠᠯᠭ᠎ᠠ᠎ᠲᠠᠢ ᠬᠥᠮᠥᠨ》᠂ 《ᠰᠢᠨᠵᠢᠯᠡᠭᠡ ᠮᠡᠷᠭᠡᠵᠢᠯ᠎ᠤᠨ ᠣᠨᠴᠠ ᠲᠣᠮᠢᠯᠠᠭᠳᠠᠭᠰᠠᠳ》᠂ 《ᠲᠤᠰᠬᠠᠢ ᠮᠡᠷᠭᠡᠵᠢᠯᠲᠡᠨ — ᠮᠡᠷᠭᠡᠵᠢᠯ᠎ᠤᠨ ᠵᠢᠭ᠋ᠠᠨ ᠵᠢᠯᠤᠭᠤᠳᠤᠭᠴᠢ — ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠡᠷᠦᠬᠡ —ᠨᠥᠯᠥᠭᠡᠯᠡᠨ ᠳᠠᠶ᠋ᠢᠴᠢᠯᠠᠬᠤ ᠡᠷᠦᠬᠡ》 ᠵᠡᠷᠭᠡ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠦᠨᠡᠨ ᠬᠦ᠌ ᠪᠦᠲᠦᠮᠵᠢᠲᠡᠶ ᠰᠢᠨ᠎ᠡ ᠲᠣᠭᠲᠠᠴᠠ᠂ ᠰᠢᠨ᠎ᠡ ᠵᠠᠭᠪᠤᠷ᠎ᠢ ᠬᠠᠶ᠋ᠢᠨ ᠰᠦᠪᠡᠭᠴᠢᠯᠡᠵᠦ ᠪᠦᠷᠢᠯᠳᠦᠭᠦᠯᠪᠡ᠃ ᠭᠤᠷᠪᠠ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠤᠯᠠᠷᠢᠭᠤᠯᠬᠤ᠎ᠳᠤ ᠰᠠᠭᠤᠷᠢᠯᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠬᠥᠲᠥᠯᠥᠨ ᠳᠠᠭ᠋ᠠᠭᠤᠯᠬᠤ ᠵᠢ ᠬᠦᠴᠦᠯᠡᠨ ᠠᠬᠢᠭᠤᠯᠪᠠ᠃ 《12 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠠᠯᠠᠭ᠎ᠠ ᠮᠥᠴᠢᠷ᠎ᠤᠳ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠣᠷᠣᠨ ᠨᠤᠲᠤᠭ᠎ᠤᠨ ᠡᠯ᠎ᠡ ᠲᠦᠷᠤᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ 1023 ᠵᠦᠢ᠍ᠯ᠎ᠢ ᠳᠠᠭ᠋ᠠᠭ᠋ᠠᠵᠤ ᠠᠪᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠮᠢᠳᠡᠠ ᠤᠷᠭᠤᠮᠠᠯ᠎ᠤᠨ ᠲᠦᠷᠦᠯ ᠡᠭᠦᠯᠳᠡᠷ᠎ᠢ 102 ᠬᠢᠨᠠᠨ (ᠦᠨᠡᠮᠰᠢᠨ) ᠲᠤᠭᠲᠠᠭ᠋ᠠᠵᠤ᠂ ᠤᠯᠤᠰ᠎ᠤᠨ ᠲᠡᠰ᠂ ᠮᠤᠵᠢ ᠶᠠᠮᠤᠨ᠎ᠤ ᠲᠡᠰ ᠵᠢᠴᠢ ᠠᠶ᠋ᠢᠮᠠᠭ ᠬᠤᠳᠠ ᠵᠢᠨ ᠲᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠢ 101 ᠣᠯᠪᠠ᠃ ᠡᠯ᠎ᠡ ᠵᠦᠢ᠍ᠯ᠎ᠤᠨ ᠰᠢᠨ᠎ᠡ ᠲᠥᠷᠥᠯ ᠡᠭᠦᠯᠳᠡᠷ᠎ᠢ 130 ᠭᠠᠷᠤᠶ ᠳᠡᠯᠭᠡᠷᠡᠭᠦᠯᠵᠦ᠂ ᠰᠢᠨ᠎ᠡ ᠮᠡᠷᠭᠡᠵᠢᠯ᠎ᠢ ᠲᠥᠪᠯᠡᠷᠡᠭᠦᠯᠦᠨ ᠵᠢᠱ᠌ᠢᠶ᠎ᠡ ᠦᠵᠡᠭᠦᠯᠦᠭᠰᠡᠨ᠎ᠨᠢ 80 ᠭᠠᠷᠤᠶ ᠪᠠᠶ᠋ᠢᠨ᠎ᠠ᠃ ᠲᠠᠷᠢᠮᠠᠯ᠎ᠤᠨ ᠦᠢ᠍ᠯᠡᠰ᠎ᠲᠤ ᠠᠮᠤ ᠪᠤᠳᠠᠭ᠎ᠠ ᠲᠤᠰᠤ ᠲᠠᠷᠢᠮᠠᠯ᠎ᠤᠨ ᠥᠨᠳᠥᠷ ᠤᠨᠠᠯᠲᠠ ᠵᠢ ᠡᠭᠦᠳᠦᠨ ᠪᠠᠶ᠋ᠢᠭᠤᠯᠬᠤ᠂ ᠡᠷᠳᠡᠨᠢ ᠰᠢᠰᠢ ᠵᠢ 《ᠬᠤᠶᠠᠷ᠎ᠢ ᠬᠤᠶᠠᠷ ᠵᠠᠭᠤ ᠨᠡᠮᠡᠭᠳᠡᠭᠦᠯᠬᠦ》 ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠦᠢ᠍ᠯᠡᠳᠪᠦᠷᠢᠯᠡᠯ᠎ᠢ ᠨᠢᠭᠲᠠ ᠤᠶᠠᠯᠳᠤᠭᠤᠯᠬᠤ ᠵᠢ ᠠᠬᠢᠭᠤᠯᠪᠠ᠃ ᠠᠮᠤ ᠪᠤᠳᠠᠭ᠋ᠠᠨ᠎ᠤ ᠳᠠᠩ ᠬᠤᠷᠢᠶᠠᠯᠲᠠ᠎ᠨᠢ 2010 ᠣᠨ᠎ᠳᠤ ᠮᠦ᠍ ᠪᠦᠷᠢ᠎ᠳᠡᠭᠡᠨ 261.6 ᠺᠢᠯᠣᠭ᠌ᠷᠠᠮ ᠪᠠᠶ᠋ᠢᠭᠰᠠᠨ᠎ᠠᠴᠠ᠎ᠪᠠᠨ ᠨᠡᠮᠡᠭᠳᠡᠭᠡᠳ 2015 ᠣᠨ᠎ᠳᠤ 329.1 ᠺᠢᠯᠣᠭ᠌ᠷᠠᠮ ᠪᠣᠯᠵᠤ᠂ 25.8 %᠎ᠪᠠᠷ ᠨᠡᠮᠡᠭᠳᠡᠵᠦ᠂ ᠠᠮᠤ ᠪᠤᠳᠠᠭ᠋ᠠᠨ᠎ᠤ ᠬᠤᠷᠢᠶᠠᠯᠲᠠ᠎ᠳᠤ ᠨᠢᠭᠡᠴᠢ ᠲᠠᠯᠠᠪᠠᠢ ᠵᠢᠨ ᠤᠨᠠᠯᠲᠠ ᠳᠡᠭᠡᠭᠰᠢᠯᠡᠭᠦᠯᠬᠦ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ᠎ᠨᠢ 83.2%᠎ᠲᠤ ᠬᠦᠷᠪᠡ᠃ ᠮᠠᠯ ᠠᠵᠤ ᠠᠬᠤᠶ ᠵᠢᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ᠂ ᠰᠢᠯᠢᠳᠡᠭ ᠡᠭᠦᠯᠳᠡᠷ᠎ᠢ ᠰᠣᠩᠭᠤᠨ ᠪᠤᠶ᠋ᠢᠵᠢᠭᠤᠯᠬᠤ ᠪᠠ ᠨᠤᠲᠤᠭ᠎ᠤᠨ ᠡᠭᠦᠯᠳᠡᠷ ᠰᠠᠶ᠋ᠢᠵᠢᠷᠠᠭᠤᠯᠤᠭᠰᠠᠨ ᠵᠡᠷᠭᠡ᠎ᠳᠤ ᠲᠡᠷᠢᠭᠦᠨ᠎ᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠮᠠᠯ᠎ᠤᠨ ᠪᠣᠳᠠᠭ᠋ᠠᠯᠢ (ᠪᠡᠶ᠎ᠡ) ᠵᠢᠨ ᠭᠠᠷᠤᠯᠲᠠ ᠵᠢ ᠳᠡᠭᠡᠭᠰᠢᠯᠡᠭᠦᠯᠬᠦ᠎ᠳᠤ ᠵᠠᠩᠭᠢᠯᠠᠭ᠎ᠠ ᠵᠢᠨ ᠦᠢ᠍ᠯᠡᠳᠦᠯ ᠭᠠᠷᠭ᠋ᠠᠪᠠ᠃ ᠳ᠋ᠦ᠋ ᠪᠦᠸᠸ ᠬᠤᠨᠢ᠂ ᠠᠦ᠋ᠰᠲᠷᠠᠯᠢᠶ᠎ᠠ ᠵᠢᠨ ᠴᠠᠭ᠋ᠠᠨ ᠬᠤᠨᠢ ᠵᠢ ᠲᠤᠰ ᠭᠠᠵᠠᠷ᠎ᠤᠨ ᠬᠤᠨᠢ᠎ᠲᠠᠢ ᠡᠷᠯᠢᠰᠡᠵᠢᠭᠦᠯᠦᠭᠡᠳ᠂ 4 ᠰᠠᠷ᠎ᠠ ᠪᠣᠯᠣᠭᠰᠠᠨ ᠬᠤᠷᠠᠭ᠎ᠠ᠎ᠨᠢ ᠲᠤᠰ ᠭᠠᠵᠠᠷᠤᠨᠬᠢᠠᠴᠠ 300 ᠲᠥᠭᠦᠷᠢᠭ᠎ᠤᠨ ᠣᠷᠣᠯᠭ᠎ᠠ ᠨᠡᠮᠡᠭᠳᠡᠭᠦᠯᠵᠦ᠂ ᠬᠤᠨᠢᠨ ᠮᠢᠬᠠᠨ᠎ᠤ ᠦᠨ᠎ᠡ ᠪᠠᠭᠤᠷᠠᠭᠰᠠᠨᠤ ᠳᠠᠷᠠᠭ᠋ᠠᠬᠢ ᠥᠪᠥᠷ ᠮᠣᠩᠭᠤᠯ᠎ᠤᠨ ᠬᠤᠨᠢᠨ᠎ᠤ ᠦᠰᠦᠯᠲᠡ ᠵᠢᠨ ᠴᠢᠭᠯᠡᠯᠲᠦ ᠠᠰᠠᠭᠤᠳᠠᠯ᠎ᠢ ᠰᠢᠢ᠍ᠳᠪᠦᠷᠢᠯᠡᠪᠡ᠃ ᠦᠢ᠍ᠯᠡᠳᠪᠦᠷᠢᠯᠡᠬᠦ ᠴᠢᠨᠠᠷ ᠴᠢᠳᠠᠪᠤᠷᠢ ᠵᠢᠨ ᠬᠡᠮᠵᠢᠨ ᠲᠣᠭᠲᠠᠭ᠋ᠠᠯᠲᠠ ᠵᠢ ᠦᠨᠳᠦᠰᠦᠯᠡᠪᠡᠯ᠂ ᠬᠤᠰᠲ᠋ᠠᠨ ᠰᠠᠭ᠋ᠠᠯᠢ ᠵᠢᠨ ᠦᠨᠢᠶᠡᠨ᠎ᠤ ᠭᠠᠷᠤᠯᠲᠠ᠎ᠨᠢ 2010 ᠣᠨ᠎ᠤ᠎ᠬᠢ᠎ᠠᠴᠠ 862 ᠺᠢᠯᠣᠭ᠌ᠷᠠᠮ ᠨᠡᠮᠡᠭᠳᠡᠵᠦ᠂ ᠰᠥᠨᠢᠳ ᠬᠤᠨᠢ ᠪᠣᠯᠤᠨ ᠰᠢᠮᠸᠨ᠋ᠲᠡᠷ ᠦᠬᠡᠷ᠎ᠤᠨ ᠬᠡᠩᠭᠦᠳᠡᠭ᠎ᠤᠨ ᠬᠦᠨᠳᠦ᠎ᠨᠢ ᠲᠤᠰ ᠲᠤᠰ 2.6 ᠺᠢᠯᠣᠭ᠌ᠷᠠᠮ ᠪᠠ
20.5 ᠺᠢᠯᠣᠭ᠌ᠷᠠᠮ ᠨᠡᠮᠡᠭᠳᠡᠪᠡ᠃
ᠬᠥᠲᠥᠯᠥᠭᠴᠢ᠄
ᠣᠳᠣᠬᠠᠨ᠎ᠳᠤ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠠᠯ᠎ᠠ᠎ᠪᠠᠷ ᠪᠠᠰᠠ ᠶᠠᠮᠠᠷ ᠶᠠᠮᠠᠷ ᠲᠣᠪᠤᠶ᠋ᠢᠮ᠎ᠠ ᠠᠰᠠᠭᠤᠳᠠᠯ ᠣᠷᠣᠰᠢᠵᠤ ᠪᠠᠶ᠋ᠢᠬᠤ ᠪᠤᠢ?
ᠵᠤᠤ ᠶᠦᠩ ᠬᠤᠸᠠ᠄
ᠨᠢᠭᠡ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠥᠳᠡᠯᠭᠡᠬᠦ ᠬᠦᠴᠦ ᠬᠦᠷᠦᠯᠴᠡᠬᠦ ᠦᠭᠡᠢ ᠪᠠᠶ᠋ᠢᠨ᠎ᠠ᠃ 《ᠲᠥᠷᠥᠯ ᠵᠦᠢ᠍ᠯ ᠲᠣᠭᠲᠠᠭ᠋ᠠᠬᠤ — ᠦᠷ᠎ᠡ ᠪᠦᠲᠦᠭᠡᠯ — ᠲᠤᠰᠢᠶᠠᠯ᠎ᠤᠨ ᠴᠣᠯᠠ》 ᠵᠢᠨ ᠤᠳᠤᠷᠢᠳᠤᠮᠵᠢ᠎ᠨᠢ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠡᠳᠦᠪ ᠲᠣᠭᠲᠠᠭ᠋ᠠᠬᠤ ᠵᠢᠨ ᠡᠬᠢᠨ᠎ᠤ ᠵᠣᠷᠢᠯᠭ᠎ᠠ᠎ᠨᠢ ᠦᠷ᠎ᠡ ᠪᠦᠲᠦᠭᠡᠯ᠎ᠢ ᠦᠨᠡᠯᠡᠬᠦ᠂ ᠲᠤᠰᠢᠶᠠᠯ᠎ᠤᠨ ᠴᠣᠯᠠ ᠳᠡᠪᠰᠢᠭᠦᠯᠬᠦ ᠵᠢᠨ ᠲᠥᠯᠥᠭᠡ ᠯᠠ ᠪᠣᠯᠵᠤ ᠪᠠᠶ᠋ᠢᠨ᠎ᠠ; ᠵᠠᠷᠢᠮ ᠬᠤᠰᠢᠭᠤ ᠰᠢᠶᠠᠨ ᠵᠢᠴᠢ ᠲᠡᠭᠦᠨ᠎ᠠᠴᠠ ᠳᠣᠷᠣᠭᠰᠢᠬᠢ ᠦᠨᠳᠦᠰᠦᠨ ᠱᠠᠲᠤᠨ᠎ᠤ ᠮᠡᠷᠭᠡᠵᠢᠯ᠎ᠤᠨ ᠠᠵᠢᠯᠳᠠᠨ ᠪᠠ 《ᠨᠤᠲᠤᠭ᠎ᠤᠨ ᠮᠡᠷᠭᠡᠵᠢᠯᠲᠡᠨ》᠎ᠨᠢ ᠰᠤᠷᠤᠯᠭ᠎ᠠ ᠵᠢᠨ ᠨᠠᠮᠲᠠᠷ ᠳᠣᠣᠷ᠎ᠠ ᠪᠤᠶᠤ ᠱᠠᠩᠨᠠᠯ ᠣᠯᠬᠤ ᠵᠡᠷᠭᠡ ᠨᠥᠬᠦᠴᠡᠯ᠎ᠤᠨ ᠬᠢᠵᠠᠭ᠋ᠠᠷᠯᠠᠯ᠎ᠠᠴᠠ ᠪᠤᠯᠵᠤ᠂ ᠲᠤᠰᠢᠶᠠᠯ᠎ᠤᠨ ᠴᠣᠯᠠ᠎ᠨᠢ ᠳᠡᠪᠰᠢᠭᠳᠡᠬᠦ ᠦᠭᠡᠢ᠎ᠠᠴᠠ ᠪᠣᠯᠵᠤ ᠠᠵᠢᠯ᠎ᠤᠨ ᠢᠳᠡᠪᠬᠢᠵᠢᠯ᠎ᠨᠢ ᠨᠥᠯᠥᠭᠡᠯᠡᠭᠳᠡᠵᠦ ᠪᠠᠶ᠋ᠢᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ᠎ᠳᠤ ᠡᠷᠳᠡᠮ ᠰᠢᠨᠵᠢᠯᠡᠭᠡᠨ᠎ᠢ ᠬᠦᠨᠳᠦᠳᠬᠡᠵᠦ ᠬᠡᠷᠡᠭᠯᠡᠭᠡᠨ᠎ᠢ ᠬᠥᠩᠭᠡᠪᠴᠢᠯᠡᠭᠰᠡᠨ᠎ᠠᠴᠠ ᠪᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ ᠰᠢᠨᠵᠢᠯᠡᠬᠦ ᠤᠬᠠᠭ᠋ᠠᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠳᠡᠯᠭᠡᠷᠡᠭᠦᠯᠬᠦ᠎ᠳᠤ ᠴᠥᠮ ᠠᠰᠢᠭ ᠣᠯᠵᠠᠪᠤᠷᠢ ᠣᠯᠬᠤ ᠦᠭᠡᠢ ᠪᠤᠶᠤ ᠠᠰᠢᠭ ᠣᠯᠵᠠᠪᠤᠷᠢ ᠬᠢᠭᠡᠳ ᠬᠦᠴᠦ ᠬᠦᠯᠦᠰᠦ ᠵᠠᠷᠤᠴᠠᠭᠤᠯᠤᠭᠰᠠᠨᠯᠤᠭᠠ ᠵᠢᠨ ᠬᠠᠷᠢᠴᠠᠯ᠎ᠨᠢ ᠲᠡᠩᠴᠡᠵᠦ ᠣᠴᠢᠬᠤ ᠦᠭᠡᠢ᠎ᠠᠴᠠ ᠪᠣᠯᠵᠤ ᠰᠢᠨ᠎ᠡ ᠵᠢ ᠡᠭᠦᠳᠬᠦ ᠢᠳᠡ ᠵᠣᠷᠢᠭ᠎ᠨᠢ ᠭᠦᠢ᠍ᠴᠡᠳ ᠦᠭᠡᠢ ᠪᠣᠯᠵᠤ ᠪᠠᠶ᠋ᠢᠨ᠎ᠠ᠃ ᠬᠤᠶᠠᠷ᠎ᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠭᠤᠣᠯ ᠰᠡᠳᠦᠪ ᠵᠤᠭᠰᠤᠩᠭᠤᠶ᠋ᠢᠷᠠᠨ ᠬᠤᠴᠣᠷᠴᠤ ᠪᠠᠶ᠋ᠢᠨ᠎ᠠ᠃ ᠦᠨᠳᠦᠰᠦᠨ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠳᠡᠯᠭᠡᠷᠡᠭᠦᠯᠬᠦ ᠦᠢ᠍ᠯᠡᠴᠢᠯᠡᠭᠡᠨ᠎ᠤ 90%᠎ᠠᠴᠠ ᠳᠡᠭᠡᠭᠰᠢᠬᠢ ᠪᠠᠶ᠋ᠢᠭᠤᠯᠤᠮᠵᠢ ᠵᠢᠨ 《ᠭᠤᠷᠪᠠᠨ ᠡᠷᠬᠡ》 (ᠬᠥᠮᠦᠨ᠂ ᠵᠣᠭᠤᠰ ᠮᠥᠩᠭᠦ᠂ ᠡᠳ᠋ ᠪᠣᠳᠠᠰ) ᠵᠢ ᠰᠤᠮᠤ ᠰᠢᠶᠠᠩ ᠪᠠᠯᠭ᠋ᠠᠰᠤ ᠬᠠᠮᠢᠶᠠᠷᠴᠤ᠂ ᠲᠤᠬᠠᠶ᠋ᠢᠯᠠᠭᠰᠠᠨ ᠠᠵᠢᠯ᠎ᠤᠨ ᠵᠢᠯᠤᠭᠤᠳᠤᠯᠭ᠎ᠠ ᠵᠢ ᠬᠤᠰᠢᠭᠤ ᠰᠢᠶᠠᠨ᠎ᠤ ᠱᠠᠲᠤᠨ᠎ᠤ ᠳᠡᠯᠭᠡᠷᠡᠭᠦᠯᠬᠦ ᠪᠠᠶ᠋ᠢᠭᠤᠯᠤᠮᠵᠢ ᠬᠠᠷᠢᠭᠤᠴᠠᠵᠤ ᠪᠠᠶ᠋ᠢᠬᠤ᠎ᠠᠴᠠ ᠪᠤᠯᠵᠤ᠂ 《ᠬᠤᠶᠠᠭᠤᠯᠠ᠎ᠪᠠᠨ ᠬᠠᠮᠢᠶᠠᠷᠬᠤ ᠦᠯᠦ ᠬᠠᠮᠢᠶᠠᠷᠬᠤ》 ᠪᠤᠰᠤᠳᠴᠢ ᠪᠠᠶ᠋ᠢᠳᠠᠯ᠎ᠢ ᠪᠤᠶ ᠪᠣᠯᠭ᠋ᠠᠨ᠂ ᠰᠤᠮᠤ ᠰᠢᠶᠠᠩ ᠪᠠᠯᠭ᠋ᠠᠰᠤ ᠵᠢᠨ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠳᠡᠯᠭᠡᠷᠡᠭᠦᠯᠬᠦ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠡᠳᠦᠷ ᠲᠤᠳᠤᠮ᠎ᠤᠨ ᠠᠵᠢᠯ ᠦᠷᠨᠢᠭᠦᠯᠬᠦ᠎ᠳᠡᠭᠡᠨ ᠵᠦᠪᠬᠡᠨ ᠰᠤᠮᠤ ᠰᠢᠶᠠᠩ ᠪᠠᠯᠭ᠋ᠠᠰᠤ ᠵᠢᠨ ᠭᠤᠤᠯ ᠪᠤᠯᠬᠤ ᠵᠠᠰᠠᠭ᠎ᠤᠨ ᠶᠠᠪᠤᠳᠠᠯ᠎ᠤᠨ ᠲᠤᠭᠤᠷᠢᠨ᠎ᠳᠤ ᠠᠵᠢᠯ ᠬᠢᠵᠦ᠂ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠳᠡᠯᠭᠡᠷᠡᠭᠦᠯᠬᠦ ᠦᠢ᠍ᠯᠡᠴᠢᠯᠡᠭᠡᠨ᠎ᠤ 《ᠳᠤᠲᠠᠭᠤᠳᠠᠯ》 ᠪᠤᠯᠪᠠ᠃ ᠣᠯᠠᠩᠬᠢ ᠲᠣᠭ᠋ᠠᠨ᠎ᠤ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠳᠡᠯᠭᠡᠷᠡᠭᠦᠯᠬᠦ ᠨᠢᠭᠡᠴᠡ᠎ᠨᠦᠭᠦᠳ ᠴᠢᠬᠤᠯᠠ ᠪᠦᠬᠦᠢ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠ ᠲᠥᠬᠦᠭᠡᠷᠦᠮᠵᠢ᠎ᠪᠠᠷ ᠳᠤᠲᠠᠭᠳᠠᠵᠤ᠂ ᠲᠤᠷᠰᠢᠯᠭ᠎ᠠ᠎ᠳᠠᠭᠠᠨ ᠲᠦᠰᠢᠭᠯᠡᠨ᠂ ᠦᠵᠡᠭᠦᠯᠵᠦ ᠵᠢᠭ᠋ᠠᠬᠤ ᠠᠷᠭ᠎ᠠ ᠬᠡᠯᠪᠡᠷᠢ᠎ᠪᠠᠷ ᠮᠠᠯᠴᠢᠨ ᠲᠠᠷᠢᠶᠠᠴᠢᠳ᠎ᠲᠤ ᠦᠢ᠍ᠯᠡᠴᠢᠯᠡᠵᠦ ᠪᠠᠶ᠋ᠢᠨ᠎ᠠ᠃ ᠰᠢᠨ᠎ᠡ ᠡᠭᠦᠳᠦᠯᠲᠡ ᠵᠢᠨ ᠭᠤᠤᠯ ᠴᠣᠭᠴᠠ ᠪᠤᠯᠬᠤ — ᠲᠠᠷᠢᠶᠠᠯᠠᠩ ᠮᠠᠯ ᠠᠵᠤ ᠠᠬᠤᠶ ᠵᠢᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ ᠴᠥᠭᠡᠨ ᠪᠠᠶ᠋ᠢᠨ᠎ᠠ᠃ ᠭᠤᠷᠪᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠤ ᠡᠩᠨᠡᠭᠡᠨ᠎ᠤ ᠪᠦᠲᠦᠴᠡ ᠵᠦᠢ ᠵᠤᠬᠢᠰ ᠦᠭᠡᠢ ᠪᠠᠶ᠋ᠢᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠤ ᠡᠩᠨᠡᠭᠡ ᠵᠢᠨ ᠪᠦᠲᠦᠴᠡ ᠵᠦᠢ ᠵᠤᠬᠢᠰ ᠦᠭᠡᠢ ᠪᠠᠶ᠋ᠢᠬᠤ ᠪᠦᠭᠡᠳ ᠨᠢᠭᠡᠳᠦᠭᠡᠷ ᠹᠷᠣᠨᠲ᠎ᠲᠤ ᠠᠵᠢᠯᠯᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠯᠠᠭᠤ ᠠᠵᠢᠯᠳᠡᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠰᠠᠯᠠᠭᠴᠢ ᠠᠵᠢᠯᠳᠡᠠ ᠳᠤᠲᠠᠭᠳᠠᠵᠤ ᠪᠠᠶ᠋ᠢᠨ᠎ᠠ᠃ ᠡᠭᠦᠨ᠎ᠠᠴᠠ ᠭᠠᠳᠠᠨ᠎ᠠ᠂ ᠮᠠᠨ᠎ᠤ ᠤᠷᠤᠨ᠎ᠤ ᠮᠠᠯᠵᠢᠬᠤ ᠲᠠᠷᠢᠶᠠᠯᠠᠬᠤ ᠤᠷᠤᠨ᠎ᠤ ᠬᠥᠳᠡᠯᠮᠦᠷᠢ ᠵᠢᠨ ᠬᠦᠴᠦᠨ ᠢᠯᠠᠩᠭᠤᠶ᠎ᠠ ᠵᠠᠯᠠᠭᠤ ᠢᠳᠡᠷ ᠬᠥᠳᠡᠯᠮᠦᠷᠢ ᠬᠦᠴᠦᠨ ᠦᠷᠭᠦᠯᠵᠢᠯᠡᠨ ᠰᠢᠯᠵᠢᠬᠦ ᠵᠢ ᠳᠠᠭ᠋ᠠᠯᠳᠤᠨ᠂ 《ᠬᠡᠨ ᠲᠠᠷᠢᠶ᠎ᠠ ᠲᠠᠷᠢᠬᠤ》 《ᠬᠡᠷᠬᠢᠨ ᠲᠠᠷᠢᠶ᠎ᠠ ᠲᠠᠷᠢᠬᠤ》 ᠶᠠᠪᠤᠳᠠᠯ᠎ᠨᠢ ᠨᠢᠭᠡᠨᠲᠡ ᠪᠣᠳᠠᠲᠠᠶ ᠪᠥᠭᠡᠳ ᠲᠤᠯᠭ᠋ᠠᠮ᠎ᠠ ᠠᠰᠠᠭᠤᠳᠠᠯ ᠪᠣᠯᠤᠭᠰᠠᠨ ᠪᠠᠶ᠋ᠢᠨ᠎ᠠ᠂ ᠮᠠᠨ᠎ᠤ ᠤᠷᠤᠨ᠎ᠤ ᠰᠢᠨ᠎ᠡ ᠬᠡᠯᠪᠡᠷᠢ ᠵᠢᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ ᠬᠦᠮᠦᠵᠢᠭᠦᠯᠬᠦ᠎ᠳᠤ ᠥᠪᠡᠷᠲᠡᠭᠡᠨ ᠵᠠᠰᠠᠬᠤ ᠣᠷᠣᠨ᠎ᠤ ᠲᠤᠰᠬᠠᠶ ᠵᠦᠢ᠍ᠯ᠎ᠤᠨ ᠪᠡᠯᠡ ᠮᠥᠩᠭᠦ ᠪᠠᠶ᠋ᠢᠬᠤ ᠦᠭᠡᠢ ᠪᠤᠯᠬᠤᠷ᠂ ᠪᠦᠷᠢᠮᠦᠰᠦᠨ 2014 ᠣᠨ᠎ᠠᠴᠠ ᠡᠬᠢᠯᠡᠨ ᠬᠡᠷᠡᠭᠵᠢᠭᠦᠯᠦᠭᠰᠡᠨ ᠲᠦᠪ᠎ᠤᠨ ᠲᠦᠷᠦᠯ ᠵᠦᠢ᠍ᠯ᠎ᠳᠤ ᠲᠦᠰᠢᠭᠯᠡᠵᠦ᠂ ᠵᠢᠯ ᠪᠦᠷᠢ 5000 ᠬᠥᠮᠦᠨ ᠪᠤᠯᠪᠠᠰᠤᠷᠠᠭᠤᠯᠵᠤ᠂ ᠡᠨᠡ ᠵᠢᠯ 1000 ᠬᠦᠮᠦᠨ ᠪᠤᠯᠭ᠋ᠠᠨ ᠨᠡᠮᠡᠭᠳᠡᠭᠦᠯᠬᠦ᠎ᠪᠠᠷ ᠪᠠᠶ᠋ᠢᠨ᠎ᠠ᠂ ᠡᠨᠡ᠎ᠨᠢ ᠮᠠᠯᠴᠢᠨ ᠲᠠᠷᠢᠶᠠᠴᠢᠳ᠎ᠤᠨ ᠪᠣᠯᠪᠠᠰᠤᠷᠠᠭᠤᠯᠤᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠮᠦᠨ ᠯᠡ ᠬᠠᠩᠭ᠋ᠠᠵᠤ ᠳᠡᠶ᠋ᠢᠯᠬᠦ ᠦᠭᠡᠢ ᠪᠠᠶ᠋ᠢᠨ᠎ᠠ᠃ ᠲᠦᠷᠪᠡ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠯᠡ ᠮᠥᠩᠭᠦ ᠵᠢᠨ ᠣᠷᠣᠭᠤᠯᠤᠯᠲᠠ ᠬᠦᠷᠦᠯᠴᠡᠬᠦ ᠦᠭᠡᠢ ᠪᠠᠶ᠋ᠢᠨ᠎ᠠ᠃ ᠤᠢ᠍ᠢ᠍ᠷ᠎ᠠ ᠵᠢᠨ ᠵᠢᠯ᠎ᠤᠨ ᠲᠤᠷᠰᠢ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨ᠎ᠡ ᠵᠢ ᠡᠭᠦᠳᠬᠦ ᠰᠠᠭᠤᠷᠢ ᠮᠦᠩᠭᠦ ᠵᠢᠨ ᠲᠤᠰᠬᠠᠶ ᠵᠦᠢ᠍ᠯ᠎ᠨᠢ ᠬᠡᠳᠦ᠋ᠢ᠍ᠪᠡᠷ ᠡᠳᠦᠢ ᠲᠡᠳᠦᠢ ᠨᠡᠮᠡᠭᠳᠡᠭᠰᠡᠨ ᠪᠤᠯᠪᠠᠴᠤ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠯᠦᠭᠡ ᠬᠠᠷᠢᠴᠠᠭᠤᠯᠬᠤ᠎ᠳᠤ ᠪᠠᠰᠠ ᠪᠠᠭ᠎ᠠ ᠪᠤᠰᠤ ᠵᠥᠷᠢᠶ᠎ᠡ᠎ᠲᠠᠢ ᠪᠠᠶ᠋ᠢᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠢᠮ ᠰᠠᠶ᠋ᠢᠨ ᠰᠢᠨ᠎ᠡ ᠡᠭᠦᠳᠦᠯᠲᠡ ᠵᠢᠨ ᠵᠦᠢ᠍ᠯ᠎ᠨᠢ ᠦᠷᠭᠦᠯᠵᠢᠯᠡᠨ ᠲᠣᠭᠲᠠᠭᠤᠨ ᠳᠡᠮᠵᠢᠯᠭᠡ᠎ᠪᠠᠷ ᠳᠤᠲᠠᠮᠠᠭ ᠪᠠᠶ᠋ᠢᠨ᠎ᠠ᠃ ᠪᠦᠬᠦ ᠣᠷᠣᠨ᠎ᠳᠤ ᠮᠡᠷᠭᠡᠵᠢᠯ᠎ᠢ ᠳᠡᠯᠭᠡᠷᠡᠭᠦᠯᠬᠦ ᠵᠠᠷᠤᠳᠠᠯ ᠪᠠᠶ᠋ᠢᠬᠤ ᠦᠭᠡᠢ ᠪᠤᠯᠬᠤᠷ᠂ ᠳᠡᠯᠭᠡᠷᠡᠭᠦᠯᠬᠦ ᠠᠵᠢᠯ᠎ᠨᠢ ᠭᠤᠣᠯᠳᠠᠭᠤ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠦᠷᠦᠯ ᠵᠦᠢ᠍ᠯ᠎ᠳᠤ ᠲᠦᠰᠢᠭᠯᠡᠵᠦ᠂ ᠲᠣᠭᠲᠠᠭᠤᠨ ᠵᠠᠷᠤᠳᠠᠯ᠎ᠤᠨ ᠳᠡᠮᠵᠢᠯᠭᠡ ᠪᠠᠶ᠋ᠢᠬᠤ ᠦᠭᠡᠢ᠃ ᠥᠪᠡᠷᠲᠡᠭᠡᠨ ᠵᠠᠰᠠᠬᠤ ᠣᠷᠣᠨ᠎ᠳᠤ ᠲᠤᠷᠰᠢᠯᠲᠠ ᠵᠢᠨ ᠲᠠᠰᠤᠭ᠂ ᠮᠡᠷᠭᠡᠵᠢᠯ᠎ᠤᠨ ᠰᠤᠳᠤᠯᠤᠯ᠎ᠤᠨ ᠲᠥᠪ᠂ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠰᠠᠭᠤᠷᠢ ᠨᠥᠬᠦᠴᠡᠯ᠎ᠤᠨ ᠪᠡᠯᠡ ᠮᠦᠩᠭᠦ ᠵᠢᠨ ᠤᠷᠤᠭᠤᠯᠤᠯᠲᠠ ᠪᠠᠶ᠋ᠢᠬᠤ ᠦᠭᠡᠢ ᠪᠤᠯᠬᠤᠷ᠂ ᠤᠯᠤᠰ᠎ᠤᠨ ᠲᠦᠷᠦᠯ ᠵᠦᠢ᠍ᠯ᠎ᠤᠨ ᠣᠯᠠᠩᠬᠢ᠎ᠳᠤᠨᠢ ᠰᠠᠭᠤᠷᠢ ᠪᠦᠲᠦᠭᠡᠨ ᠪᠠᠶ᠋ᠢᠭᠤᠯᠤᠯᠲᠠ ᠬᠢᠬᠦ ᠵᠢ ᠵᠦᠪᠰᠢᠶᠡᠷᠡᠬᠦ ᠦᠭᠡᠢ ᠪᠠᠶ᠋ᠢᠨ᠎ᠠ᠂ ᠡᠶ᠋ᠢᠮᠦ᠎ᠠᠴᠠ ᠲᠤᠷᠰᠢᠯᠲᠠ ᠬᠢᠬᠦ ᠲᠥᠬᠦᠭᠡᠷᠦᠮᠵᠢ ᠵᠢ ᠰᠢᠨᠡᠳᠬᠡᠵᠦ ᠴᠢᠳᠠᠬᠤ ᠦᠭᠡᠢ᠂ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠰᠢᠢ᠍ᠳᠪᠦᠷᠢᠯᠡᠵᠦ ᠴᠢᠳᠠᠬᠤ ᠦᠬᠡᠢ ᠪᠠᠶ᠋ᠢᠨ᠎ᠠ᠃
ᠬᠥᠲᠥᠯᠥᠭᠴᠢ᠄
ᠳᠠᠷᠠᠭ᠋ᠠᠴᠢ ᠵᠢᠨ ᠠᠯᠬᠤᠮ᠎ᠳᠤ ᠮᠠᠨ᠎ᠤ ᠤᠷᠤᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠲᠦᠯᠬᠢᠨ ᠠᠬᠢᠭᠤᠯᠬᠤ ᠵᠢᠨ ᠭᠤᠣᠯᠳᠠᠯᠭ᠎ᠠ᠎ᠲᠠᠢ ᠠᠵᠢᠯ ᠶᠠᠭᠤ ᠶᠠᠭᠤ ᠪᠠᠶ᠋ᠢᠬᠤ ᠪᠤᠢ?
ᠵᠣᠣ ᠶᠥᠩ ᠬᠤᠸᠠ᠄
ᠨᠢᠭᠡ᠎ᠳᠤ᠂ ᠬᠥᠲᠥᠯᠥᠨ ᠳᠠᠭ᠋ᠠᠭᠤᠯᠬᠤ ᠴᠢᠨᠠᠷᠲᠠᠶ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠤᠳᠤ ᠦᠶ᠎ᠡ ᠵᠢᠨ ᠦᠷ᠎ᠡ ᠡᠭᠦᠯᠳᠡᠷ᠎ᠤᠨ ᠦᠢ᠍ᠯᠡᠰ᠂ ᠤᠶᠤᠨᠴᠢ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠢᠨ ᠡᠬᠢ ᠪᠠᠶᠠᠯᠢᠭ ᠣᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠶ ᠵᠢᠨ ᠮᠡᠳᠡᠭᠡ ᠵᠠᠩᠭᠢᠵᠢᠯᠲᠠ ᠵᠡᠷᠭᠡ ᠵᠠᠩᠭᠢᠯᠠᠭ᠎ᠠ ᠵᠢᠨ ᠭᠤᠤᠯᠯᠠᠬᠤ ᠰᠢᠨᠵᠢᠯᠡᠬᠦ ᠤᠬᠠᠭ᠋ᠠᠨ᠎ᠤ ᠮᠡᠷᠭᠡᠵᠢᠯ᠎ᠤᠨ ᠰᠤᠳᠤᠯᠤᠨ ᠨᠡᠭᠡᠭᠡᠵᠦ ᠠᠰᠢᠭᠯᠠᠬᠤ ᠵᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠰᠢᠨ᠎ᠡ ᠲᠦᠷᠦᠯ ᠡᠭᠦᠯᠳᠡᠷ᠂ ᠰᠢᠨ᠎ᠡ ᠮᠡᠷᠭᠡᠵᠢᠯ ᠪᠠ ᠰᠢᠨ᠎ᠡ ᠲᠤᠨᠤᠬ ᠲᠥᠬᠦᠭᠡᠷᠦᠮᠵᠢ᠎ᠳᠤ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠨ᠎ᠠ᠃ ᠬᠤᠶᠠᠷ᠎ᠲᠤ᠂ ᠰᠢᠰᠲ᠋ᠧᠮ᠎ᠤᠨ ᠴᠢᠨᠠᠷᠲᠠᠶ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ 《ᠭᠠᠵᠠᠷ ᠰᠢᠷᠤᠢ᠎ᠪᠠᠨ ᠪᠠᠲᠤᠯᠠᠨ᠂ ᠤᠨᠠᠯᠲᠠ᠎ᠪᠠᠨ ᠳᠡᠭᠡᠭᠰᠢᠯᠡᠭᠦᠯᠬᠦ》 ᠪᠠ 《ᠬᠤᠨᠢ ᠢᠮᠠᠭ᠎ᠠ ᠵᠢᠨ ᠲᠤᠭ᠎ᠠ ᠲᠤᠯᠤᠭ᠋ᠠᠢ ᠵᠢ ᠲᠤᠭᠲᠠᠭᠤᠨ ᠪᠠᠶ᠋ᠢᠯᠭ᠋ᠠᠵᠤ ᠦᠬᠡᠷ ᠭᠠᠭ᠍ᠠᠶ ᠭᠡᠷ᠎ᠤᠨ ᠲᠡᠵᠢᠭᠡᠪᠦᠷᠢ ᠵᠢᠭᠦᠷᠲᠡᠨ᠎ᠤ ᠲᠤᠭ᠎ᠠ ᠵᠢ ᠨᠡᠮᠡᠭᠳᠡᠭᠦᠯᠬᠦ》 ᠪᠠᠶ᠋ᠢᠯᠳᠤᠬᠤ ᠪᠤᠳᠤᠯᠭ᠎ᠠ ᠵᠢ ᠭᠤᠣᠯᠳᠠᠯᠭ᠎ᠠ᠎ᠲᠠᠢ ᠲᠤᠤᠱᠯᠠᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠠᠮᠠᠭ᠋ᠠᠯᠠᠬᠤ ᠬᠢᠭᠡᠳ ᠲᠦᠷᠦᠯ ᠵᠦᠢ᠍ᠯ ᠳᠡᠭᠡᠭᠰᠢᠯᠡᠭᠦᠯᠬᠦ ᠵᠢ ᠰᠠᠶ᠋ᠢᠲᠤᠷ ᠬᠡᠷᠡᠭᠵᠢᠭᠦᠯᠵᠦ᠂ ᠠᠮᠤ ᠪᠤᠳᠠᠭ᠋ᠠᠨ᠎ᠤ ᠪᠤᠬᠢᠷᠳᠤᠯ ᠦᠭᠡᠢ ᠥᠨᠳᠥᠷ ᠪᠦᠲᠦᠮᠵᠢᠲᠡᠶ᠎ᠪᠠᠷ ᠬᠤᠷᠢᠶᠠᠯᠲᠠ ᠵᠢ᠎ᠨᠢ ᠨᠡᠮᠡᠭᠳᠡᠭᠦᠯᠬᠦ ᠮᠡᠷᠭᠡᠵᠢᠯ᠎ᠤᠨ ᠳᠡᠯᠭᠡᠷᠡᠭᠦᠯᠬᠦ ᠵᠢ ᠭᠦᠨᠵᠡᠭᠡᠢ ᠦᠷᠨᠢᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ᠎ᠢ ᠪᠠᠷᠢᠮᠵᠢᠶᠠᠵᠢᠭᠤᠯᠤᠨ ᠬᠡᠪᠴᠢᠶᠡᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠬᠤᠷᠢᠶᠠᠯᠲᠠ ᠤᠨᠠᠯᠲᠠ ᠵᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠲᠠᠯ᠎ᠠ᠎ᠪᠠᠷ ᠶᠡᠷᠦᠩᠬᠡᠶ᠋ᠢᠯᠡᠭᠰᠡᠨ ᠰᠢᠢ᠍ᠳᠪᠦᠷᠢᠯᠡᠬᠦ ᠲᠤᠤᠱᠲᠠᠢ ᠲᠥᠰᠦᠯ᠎ᠢ ᠰᠤᠳᠤᠯᠵᠤ ᠳᠤᠷᠠᠳᠤᠨ ᠭᠠᠷᠭ᠋ᠠᠬᠤ᠎ᠪᠠᠷ ᠴᠢᠷᠮᠠᠶ᠋ᠢᠨ᠎ᠠ᠃ ᠭᠤᠷᠪᠠ᠎ᠳᠤ᠂ ᠪᠦᠬᠦᠯᠢ ᠴᠣᠭᠴᠠ ᠵᠢᠨ ᠴᠢᠨᠠᠷᠲᠠᠶ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠡᠯ᠎ᠡ ᠲᠠᠯ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠩ ᠮᠠᠯ ᠠᠵᠤ ᠠᠬᠤᠶ ᠵᠢᠨ ᠵᠠᠰᠠᠭ ᠵᠠᠬᠢᠷᠭ᠋ᠠᠨ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠵᠣᠯᠭ᠋ᠠᠭᠤᠯᠬᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠪᠣᠯᠣᠨ ᠮᠡᠷᠭᠡᠵᠢᠯ᠎ᠢ ᠵᠣᠯᠭ᠋ᠠᠭᠤᠯᠬᠤ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ ᠬᠢᠭᠡᠳ ᠳᠡᠯᠭᠡᠷᠡᠭᠦᠯᠦᠯᠲᠡ ᠵᠢ ᠵᠣᠯᠭ᠋ᠠᠭᠤᠯᠬᠤ᠎ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤ ᠵᠢᠨ ᠴᠣᠭᠴᠠ ᠪᠣᠯᠤᠨ ᠪᠥᠬᠦ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ 《ᠵᠣᠬᠢᠴᠠᠯᠳᠤᠨ ᠳᠠᠭ᠋ᠠᠯᠳᠤᠭᠰᠠᠨ ᠪᠠᠶ᠋ᠢᠳᠠᠯ》᠎ᠲᠠᠢ ᠪᠣᠯᠭ᠋ᠠᠨ᠎ᠠ᠃ ᠳᠦᠷᠪᠡ᠎ᠳᠤ᠂ ᠲᠦᠷᠢᠮ᠎ᠤᠨ ᠴᠢᠨᠠᠷᠲᠠᠶ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠡᠷᠬᠡ ᠠᠰᠢᠭ ᠬᠤᠪᠢᠶᠠᠷᠢᠯᠠᠬᠤ ᠵᠢ ᠪᠦᠷᠢᠨᠰᠢᠭᠦᠯᠵᠦ᠂ ᠦᠷ᠎ᠡ ᠪᠦᠲᠦᠭᠡᠯ᠎ᠤᠨ ᠡᠷᠬᠡ ᠠᠰᠢᠭ᠎ᠢ ᠬᠤᠪᠢᠶᠠᠨ ᠡᠳ᠋ᠯᠡᠬᠦ᠂ ᠰᠢᠯᠵᠢᠭᠦᠯᠦᠨ ᠤᠯᠠᠷᠢᠭᠤᠯᠬᠤ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠠᠨ᠎ᠢ ᠲᠦᠷᠦᠯ ᠬᠤᠪᠢᠶᠠᠨ ᠬᠠᠮᠢᠶᠠᠷᠬᠤ ᠲᠣᠭᠲᠠᠴᠠ ᠵᠢ ᠬᠠᠶ᠋ᠢᠨ ᠰᠦᠪᠡᠭᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠠᠨ᠎ᠤ ᠦᠷ᠎ᠡ ᠪᠦᠲᠦᠭᠡᠯ ᠵᠶ᠋ᠠᠨ ᠤᠯᠠᠷᠢᠭᠤᠯᠤᠨ ᠠᠰᠢᠭ ᠣᠷᠣᠯᠭ᠎ᠠ ᠬᠤᠪᠢᠶᠠᠨ ᠡᠳ᠋ᠯᠡᠬᠦ ᠬᠠᠷᠢᠴᠠᠯ᠎ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠪᠣᠯᠣᠨ ᠠᠵᠢᠯᠳᠠᠨ᠎ᠢ ᠲᠥᠷᠥᠯ ᠬᠤᠪᠢᠶᠠᠨ ᠦᠨᠡᠯᠡᠬᠦ ᠵᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠰᠢᠨ᠎ᠡ ᠵᠢ ᠡᠭᠦᠳᠬᠦ ᠠᠮᠢᠳᠤᠯᠢᠭ ᠬᠦᠴᠦᠨ᠎ᠢ ᠬᠥᠭᠵᠢᠭᠡᠨ᠎ᠡ᠃
ᠬᠥᠲᠥᠯᠥᠭᠴᠢ᠄
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠬᠢᠵᠠᠭ᠋ᠠᠷᠯᠠᠵᠤ ᠪᠠᠶ᠋ᠢᠭ᠎ᠠ ᠠᠰᠠᠭᠤᠳᠠᠯ᠎ᠢ ᠠᠯᠢ ᠬᠡᠳᠦᠨ ᠲᠠᠯ᠎ᠠ᠎ᠪᠠᠷ ᠰᠢᠢ᠍ᠳᠪᠦᠷᠢᠯᠡᠬᠦ ᠴᠢᠬᠤᠯᠠᠲᠠᠢ ᠪᠤᠶ?
ᠵᠣᠣ ᠶᠥᠡᠭ ᠬᠤᠸᠠ᠄
ᠨᠢᠭᠡ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠭᠡᠳ ᠮᠡᠷᠭᠡᠵᠢᠯ᠎ᠢ ᠳᠡᠯᠭᠡᠷᠡᠭᠦᠯᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠥᠬᠦ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠵᠤ᠂ ᠪᠥᠯᠥᠭ ᠬᠡᠰᠡᠭᠯᠡᠯ ᠪᠣᠯᠣᠨ ᠥᠮᠴᠢᠯᠡᠯ᠎ᠤᠨ ᠳᠦᠷᠢᠮ᠎ᠤᠨ ᠵᠠᠭ᠋ᠠᠭ ᠬᠢᠵᠠᠭ᠋ᠠᠷ᠎ᠢ ᠡᠪᠳᠡᠵᠦ᠂ ᠥᠪᠥᠷ ᠮᠣᠩᠭᠤᠯ᠎ᠤᠨ ᠣᠨᠴᠠᠯᠢᠭ ᠪᠥᠬᠦᠢ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢ ᠪᠤᠢ ᠪᠣᠯᠭ᠋ᠠᠨ᠎ᠠ; ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠪᠠᠶ᠋ᠢᠭᠤᠯᠤᠮᠵᠢ ᠵᠢᠨ ᠡᠭᠦᠷᠭᠡᠯᠡᠵᠦ ᠪᠠᠶ᠋ᠢᠭ᠎ᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠡᠭᠦᠷᠭᠡ ᠴᠢᠳᠠᠪᠤᠷᠢ ᠵᠢ ᠲᠣᠳᠣᠷᠬᠠᠶ᠋ᠢᠯᠠᠵᠤ᠂ ᠬᠤᠰᠢᠭᠤ ᠰᠢᠶᠠᠨ ᠰᠤᠮᠤ ᠰᠢᠶᠠᠩ᠎ᠤᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠪᠠᠶ᠋ᠢᠭᠤᠯᠤᠮᠵᠢ᠎ᠪᠠᠨ ᠵᠦᠢ ᠵᠣᠬᠢᠰᠲᠠᠶ ᠪᠠᠶ᠋ᠢᠷᠢᠯᠠᠭᠤᠯᠤᠨ᠂ ᠬᠠᠮᠢᠶᠠᠷᠤᠯᠲᠠ ᠵᠢᠨ ᠪᠠᠶ᠋ᠢᠭᠤᠯᠤᠯ᠎ᠢ ᠰᠢᠯᠤᠭᠤᠳᠬᠠᠨ᠂ 《ᠭᠤᠷᠪᠠᠨ ᠡᠷᠬᠡ ᠵᠢ ᠬᠤᠰᠢᠭᠤ ᠰᠢᠶᠠᠨ᠎ᠳᠤ ᠪᠤᠴᠠᠭ᠋ᠠᠬᠤ》 ᠵᠢ ᠠᠯᠬᠤᠮ ᠠᠯᠬᠤᠮ ᠵᠶ᠋ᠠᠷ ᠬᠡᠷᠡᠭᠵᠢᠭᠦᠯᠦᠨ ᠶᠠᠪᠤᠭᠳᠠᠭᠤᠯᠤᠨ᠎ᠠ᠃ ᠠᠵᠢᠯ᠎ᠤᠨ ᠵᠠᠷᠤᠳᠠᠯ᠎ᠢ ᠲᠣᠬᠢᠷᠠᠭᠤᠯᠤᠨ᠂ ᠬᠠᠮᠢᠶ᠎ᠡ ᠪᠦᠬᠦᠢ ᠲᠤᠰᠬᠠᠶ ᠮᠡᠷᠭᠡᠵᠢᠯ᠎ᠢ ᠳᠡᠯᠭᠡᠷᠡᠭᠦᠯᠬᠦ ᠠᠵᠢᠯ᠎ᠤᠨ ᠬᠡᠪ᠎ᠤᠨ ᠪᠠᠶ᠋ᠢᠳᠠᠯ ᠵᠶ᠋ᠠᠷ ᠥᠷᠨᠢᠬᠦ ᠵᠢ ᠪᠠᠲᠤᠯᠠᠨ᠎ᠠ᠃ ᠬᠤᠶᠠᠷ᠎ᠲᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠴᠢᠳᠠᠪᠤᠷᠢᠲᠠᠨ᠎ᠢ ᠬᠥᠮᠦᠵᠢᠭᠦᠯᠬᠦ᠂ ᠲᠠᠲᠠᠨ ᠠᠪᠴᠢᠷᠠᠬᠤ ᠪᠠ ᠬᠡᠷᠡᠭᠯᠡᠬᠦ ᠳᠤᠮᠳᠠᠬᠢ ᠬᠥᠮᠦᠨ ᠬᠡᠷᠡᠭᠯᠡᠬᠦ ᠨᠢᠭᠡᠴᠡ ᠵᠢᠨ ᠭᠤᠣᠯᠯᠠᠬᠤ ᠪᠠᠶ᠋ᠢᠷᠢ ᠰᠠᠭᠤᠷᠢ ᠵᠢ ᠭᠦᠢ᠍ᠴᠡᠳ ᠪᠠᠳᠠᠷᠠᠭᠤᠯᠵᠤ᠂ ᠬᠡᠷᠡᠭᠴᠡᠭᠡ᠎ᠪᠠᠨ ᠦᠨᠳᠦᠰᠦᠯᠡᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠪᠦᠲᠦᠴᠡ ᠵᠢ ᠰᠢᠯᠢᠳᠡᠭᠵᠢᠭᠦᠯᠦᠨ᠂ ᠬᠥᠮᠦᠨ ᠬᠡᠷᠡᠭᠯᠡᠬᠦ ᠨᠢᠭᠡᠴᠡ᠎ᠳᠤ ᠴᠢᠳᠠᠪᠤᠷᠢᠲᠠᠨ᠎ᠢ ᠤᠷᠢᠨ ᠬᠡᠷᠡᠭᠯᠡᠬᠦ ᠵᠢᠨ ᠡᠵᠡᠨ ᠮᠡᠳᠡᠬᠦ ᠡᠷᠬᠡ ᠪᠠ ᠠᠮᠢᠳᠤᠯᠢᠭ ᠪᠠᠶ᠋ᠢᠬᠤ ᠲᠥᠷᠥ ᠵᠢᠨ ᠪᠣᠳᠣᠯᠭ᠎ᠠ ᠵᠢ ᠣᠯᠭᠤᠵᠣ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠪᠦᠲᠦᠴᠡ ᠵᠢᠨ ᠠᠰᠠᠭᠤᠳᠠᠯ᠎ᠢ ᠰᠢᠢ᠍ᠳᠪᠦᠷᠢᠯᠡᠨ᠎ᠡ; ᠴᠢᠳᠠᠪᠤᠷᠢᠲᠠᠨ᠎ᠢ ᠦᠨᠡᠯᠡᠵᠦ ᠰᠢᠯᠭ᠋ᠠᠨ ᠬᠢᠨᠠᠬᠤ ᠠᠷᠭ᠎ᠠ ᠮᠠᠶᠢᠭ᠎ᠢ ᠰᠠᠶ᠋ᠢᠵᠢᠷᠠᠭᠤᠯᠵᠤ᠂ ᠴᠢᠳᠠᠪᠤᠷᠢᠲᠠᠨ᠎ᠢ ᠬᠢᠨᠠᠨ ᠰᠢᠯᠭ᠋ᠠᠷᠠᠭᠤᠯᠵᠤ ᠲᠣᠭᠲᠠᠭ᠋ᠠᠬᠤ ᠳᠤᠮᠳᠠᠬᠢ ᠬᠥᠮᠦᠨ ᠬᠡᠷᠡᠭᠯᠡᠬᠦ ᠨᠢᠭᠡᠴᠡ ᠵᠢᠨ ᠭᠤᠣᠯ ᠤᠳᠤᠷᠢᠳᠤᠮᠵᠢ ᠵᠢᠨ ᠦᠢ᠍ᠯᠡᠳᠦᠯ᠎ᠢ ᠳᠣᠪᠣᠶ᠋ᠢᠯᠭ᠋ᠠᠨ᠂ 《ᠰᠤᠷᠤᠯᠭ᠎ᠠ ᠵᠢᠨ ᠨᠠᠮᠲᠠᠷ᠎ᠢ ᠯᠠ ᠬᠥᠭᠡᠭᠡᠴᠡᠯᠳᠦᠬᠦ᠂ ᠲᠤᠰᠢᠶᠠᠯ᠎ᠤᠨ ᠴᠣᠯᠠ ᠵᠢ ᠯᠠ ᠬᠥᠭᠡᠭᠡᠴᠡᠯᠳᠦᠬᠦ᠂ ᠥᠭᠦᠯᠡᠯ ᠨᠡᠶ᠋ᠢᠲᠡᠯᠡᠬᠦ ᠵᠢ ᠯᠡ ᠬᠥᠭᠡᠭᠡᠴᠡᠯᠳᠦᠬᠦ᠂ ᠱᠠᠩᠨᠠᠯ ᠬᠦᠷᠲᠡᠬᠦ ᠵᠢ ᠯᠠ ᠬᠥᠭᠡᠭᠡᠴᠡᠯᠳᠦᠬᠦ》 ᠦᠵᠡᠭᠳᠡᠯ᠎ᠠᠴᠠ ᠵᠠᠶ᠋ᠢᠯᠠᠰᠬᠢᠨᠠ᠃ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠳ᠎ᠢ ᠬᠥᠮᠦᠵᠢᠭᠦᠯᠬᠦ ᠲᠤᠰᠬᠠᠶ ᠵᠦᠢ᠍ᠯ᠎ᠢ ᠬᠡᠷᠡᠭᠵᠢᠭᠦᠯᠵᠦ᠂ ᠠᠵᠢᠯ᠎ᠤᠨ ᠵᠣᠬᠢᠴᠠᠭᠤᠯᠬᠤ ᠪᠠᠶ᠋ᠢᠭᠤᠯᠤᠮᠵᠢ ᠵᠢ ᠪᠠᠶ᠋ᠢᠭᠤᠯᠤᠨ᠂ ᠲᠤᠰᠬᠠᠶ ᠵᠦᠢ᠍ᠯ᠎ᠤᠨ ᠪᠡᠯᠡ ᠮᠥᠩᠭᠦ ᠵᠢ ᠲᠣᠬᠢᠷᠠᠭᠤᠯᠵᠤ᠂ ᠬᠥᠮᠦᠵᠢᠭᠦᠯᠬᠦ ᠬᠡᠪᠴᠢᠶ᠎ᠡ᠎ᠪᠠᠨ ᠥᠷᠭᠡᠳᠬᠡᠨ᠂ ᠨᠡᠩ ᠤᠯᠠᠨ ᠮᠠᠯᠴᠢᠨ ᠲᠠᠷᠢᠶᠠᠴᠢᠳ᠎ᠲᠤ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠳ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ ᠬᠥᠷᠲᠡᠭᠡᠬᠦ ᠠᠵᠠ ᠵᠠᠪᠰᠢᠶᠠᠨ ᠣᠯᠭᠤᠨ᠎ᠠ᠃ ᠭᠤᠷᠪᠠ᠎ᠳᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠣᠭᠤᠯᠤᠯᠲᠠ᠎ᠪᠠᠨ ᠨᠡᠮᠡᠭᠳᠡᠭᠦᠯᠦᠨ᠎ᠡ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠬᠠᠤᠯᠢ》᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠣᠯᠠᠷᠢᠯᠲᠠ ᠵᠢ ᠠᠬᠢᠭᠤᠯᠬᠤ ᠬᠠᠤᠯᠢ》᠂ 《ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ ᠦᠢ᠍ᠯᠡᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠠᠴᠠ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠣᠯᠣᠨ ᠳᠡᠯᠭᠡᠷᠡᠭᠦᠯᠦᠯᠲᠡ᠎ᠳᠤ ᠬᠡᠷᠡᠭᠰᠡᠬᠦ ᠵᠠᠷᠤᠳᠠᠯ᠎ᠢ ᠤᠷᠳᠤ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠬᠥᠲᠥᠯᠥᠨ ᠵᠢᠯᠤᠭᠤᠳᠬᠤ ᠣᠷᠣᠭᠤᠯᠤᠯᠲᠠ ᠪᠣᠯᠭ᠋ᠠᠨ ᠡᠳ᠋᠎ᠤᠨ ᠵᠠᠰᠠᠭ᠎ᠤᠨ ᠲᠥᠰᠦᠪ᠎ᠲᠤ ᠣᠷᠤᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ᠎ᠳᠤ ᠰᠢᠨ᠎ᠡ ᠮᠡᠷᠭᠡᠵᠢᠯ᠂ ᠰᠢᠨ᠎ᠡ ᠲᠦᠷᠦᠯ ᠡᠭᠦᠯᠳᠡᠷ᠎ᠤᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ᠂ ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠳᠡᠯᠭᠡᠷᠡᠭᠦᠯᠬᠦ᠎ᠳᠤ ᠨᠥᠬᠦᠴᠡᠯ ᠪᠦᠷᠢᠯᠳᠦᠭᠦᠯᠵᠦ ᠥᠭᠬᠦ ᠵᠢᠨ ᠬᠠᠮᠲᠤ᠂ ᠡᠳ᠋᠎ᠤᠨ ᠬᠦᠴᠦᠨ᠎ᠤ ᠪᠠᠲᠤᠯᠠᠭ᠎ᠠ ᠬᠠᠨᠭ᠌ᠭ᠋ᠠᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠲᠣᠭᠲᠠᠭᠤᠨ ᠵᠶ᠋ᠠᠷ ᠳᠡᠮᠵᠢᠨ᠎ᠡ᠃
ᠬᠥᠲᠥᠯᠥᠭᠴᠢ᠄
ᠵᠣᠣ ᠳᠠᠷᠤᠭ᠎ᠠ ᠵᠢᠨ ᠲᠠᠶ᠋ᠢᠯᠦᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠰᠦᠯᠵᠢᠶᠡᠨ ᠨᠠᠶ᠋ᠢᠵᠠ ᠨᠠᠷ᠎ᠤᠨ ᠣᠷᠣᠯᠴᠠᠭᠰᠠᠨ᠎ᠳᠤ ᠪᠠᠶᠠᠷᠯᠠᠵᠤ ᠪᠠᠶ᠋ᠢᠨ᠎ᠠ᠃ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠬᠤᠭᠤᠴᠠᠭ᠋ᠠᠨ᠎ᠤ ᠫᠷᠤᠭ᠌ᠷᠠᠮ᠎ᠳᠤ ᠪᠠᠶᠠᠷᠲᠠᠢ ᠵᠣᠯᠭ᠋ᠠᠶ᠎ᠠ!