ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠰᠤᠷᠪᠤᠯᠵᠢᠯᠠᠭ᠎ᠠ
ᠲᠦᠮᠦᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ᠎ᠤᠨ ᠲᠤᠬᠠᠢ ᠲᠣᠪᠴᠢ ᠲᠤᠳᠤᠷᠬᠠᠢ ᠠᠰᠠᠭᠤᠯᠲᠠ ᠬᠠᠷᠢᠭᠤᠯᠲᠠ
ᠨᠡᠶ᠋ᠢᠲᠡᠯᠡᠭᠰᠡᠨ ᠴᠠᠭ᠄ 2020-11-20

      ᠠᠰᠠᠭᠤᠯᠲᠠ᠄ ᠲᠤᠭᠤᠷᠪᠢᠭᠰᠠᠨ ᠠᠬᠤᠢ ᠪᠠᠢ᠌ᠳᠠᠯ᠎ᠨᠢ ᠶᠠᠮᠠᠷ ᠪᠣᠶ?
      ᠬᠠᠷᠢᠭᠤᠯᠲᠠ᠄ ᠲᠥᠮᠥᠰᠥ ᠪᠣᠯ ᠮᠠᠨ᠎ᠤ ᠣᠷᠣᠨ᠎ᠤ ᠳᠥᠷᠪᠡᠳᠦᠭᠡᠷ ᠲᠣᠮᠣ ᠠᠮᠤ ᠪᠤᠳᠠᠭ᠋ᠠᠨ᠎ᠤ ᠲᠠᠷᠢᠮᠠᠯ ᠪᠣᠯᠤᠨ᠎ᠠ᠂ 2019 ᠣᠨ᠎ᠤ ᠲᠥᠮᠥᠰᠥ ᠲᠠᠷᠢᠭᠰᠠᠨ ᠲᠠᠯᠠᠪᠠᠶ 29.74 ᠲᠦᠮᠡᠨ ᠾᠧᠺᠲ᠋ᠠᠷ᠎ᠲᠤ ᠬᠦᠷᠴᠦ᠂ ᠤᠨᠠᠯᠲᠠ᠎ᠨᠢ 137.77 ᠲᠦᠮᠡᠨ ᠲᠣᠨ᠎ᠳᠤ ᠬᠦᠷᠴᠡᠢ᠂ ᠡᠨᠡ᠎ᠨᠢ ᠮᠠᠨ᠎ᠤ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠂ ᠪᠦᠲᠦᠴᠡ ᠵᠢᠨ ᠲᠣᠬᠢᠷᠠᠭᠤᠯᠤᠯᠲᠠ᠂ ᠭᠠᠮᠰᠢᠭ᠎ᠢ ᠡᠰᠡᠷᠭᠦᠴᠡᠵᠦ ᠭᠠᠮᠰᠢᠭ᠎ᠢ ᠪᠠᠭ᠋ᠠᠰᠬᠠᠬᠤ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ᠎ᠳᠤ ᠲᠤᠶ᠋ᠢᠯ᠎ᠤᠨ ᠴᠢᠬᠤᠯᠠ ᠠᠴᠢ ᠬᠣᠯᠪᠤᠭᠳᠠᠯ᠎ᠲᠠᠢ ᠶᠤᠮ᠃ 2019 ᠣᠨ᠎ᠤ 2 ᠰᠠᠷ᠎ᠠ᠎ᠳᠤ᠂ ᠶᠡᠷᠦᠩᠬᠡᠶ ᠰᠠᠶ᠋ᠢᠳ ᠯᠢ ᠺᠧ ᠴᠢᠶᠠᠩ ᠮᠠᠨ᠎ᠤ ᠣᠷᠣᠨ᠎ᠤ ᠤᠯᠠᠭ᠋ᠠᠨᠴᠠᠪ ᠬᠣᠲᠠ᠎ᠳᠤ ᠪᠠᠶ᠋ᠢᠴᠠᠭ᠋ᠠᠨ ᠰᠤᠳᠤᠯᠵᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠵᠢᠭ᠋ᠠᠵᠤ ᠭᠠᠷᠭ᠋ᠠᠭᠰᠠᠨ᠎ᠨᠢ᠄ 《ᠲᠥᠮᠥᠰᠥ ᠵᠢ ᠭᠣᠤᠯ ᠠᠮᠤ ᠪᠤᠳᠠᠭ᠎ᠠ ᠪᠣᠯᠭ᠋ᠠᠬᠤ᠎ᠨᠢ ᠠᠯᠤᠰ ᠶᠡᠬᠡ ᠢᠷᠡᠭᠡᠳᠦᠶ᠎ᠲᠠᠢ ᠶᠤᠮ᠂ ᠮᠠᠨ᠎ᠤ ᠤᠯᠤᠰ᠎ᠤᠨ 〈ᠬᠠᠳᠤᠭᠤᠷ᠎ᠤᠨ ᠨᠤᠭᠤᠯᠤᠭ᠎ᠠ〉 ᠭᠠᠵᠠᠷ ᠣᠷᠣᠨ᠎ᠲᠠᠢ ᠤᠶᠠᠯᠳᠤᠭᠤᠯᠤᠨ ᠡᠷᠳᠡᠨᠢ ᠰᠢᠰᠢ ᠵᠢᠨ ᠲᠠᠯᠠᠪᠠᠢ ᠵᠢ ᠳᠣᠭᠢᠷᠠᠭᠤᠯᠤᠨ ᠬᠠᠰᠤᠵᠤ᠂ ᠲᠠᠷᠢᠶᠠᠴᠢᠳ᠎ᠤᠨ ᠶᠠᠰᠤ ᠴᠢᠨᠠᠷ ᠵᠶ᠋ᠠᠷ ᠰᠠᠶ᠋ᠢᠨ᠂ ᠳᠠᠪᠠᠭᠤᠯᠢᠭ ᠲᠠᠯ᠎ᠠ᠎ᠲᠠᠢ ᠲᠥᠮᠥᠰᠥ ᠲᠠᠷᠢᠬᠤ᠎ᠪᠠᠨ ᠥᠷᠭᠡᠳᠬᠡᠬᠦ ᠵᠢ ᠰᠤᠳᠤᠯᠤᠨ ᠳᠠᠮᠵᠢᠵᠤ᠂ ᠲᠤᠮᠤ ᠠᠵᠤ ᠦᠢ᠍ᠯᠡᠰ ᠪᠣᠯᠭ᠋ᠠᠨ ᠬᠦᠭᠵᠢᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ》 ᠭᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠦᠮᠦᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠰᠢᠢ᠍ᠳᠪᠦᠷᠢᠲᠦ ᠢᠯᠠᠯᠲᠠ ᠵᠢ ᠲᠡᠮᠡᠴᠡᠨ ᠤᠯᠬᠤ ᠪᠠ ᠴᠢᠨᠡᠭᠡᠯᠢᠭ ᠨᠡᠢ᠌ᠭᠡᠮ᠎ᠢ ᠪᠥᠬᠥ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠲᠦᠮᠦᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 35 ᠳ᠋ᠤᠭ᠋ᠠᠷ ᠲᠣᠭ᠋ᠠᠲᠤ) (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
      ᠠᠰᠠᠭᠤᠯᠲᠠ᠄ 《ᠰᠠᠨᠠᠯ》᠎ᠤᠨ ᠶᠡᠷᠦᠩᠬᠡᠶ ᠱᠠᠭ᠋ᠠᠷᠳᠠᠯᠭ᠎ᠠ᠎ᠨᠢ ᠶᠠᠭᠤ ᠪᠣᠶ?
      ᠬᠠᠷᠢᠭᠤᠯᠲᠠ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠢ ᠵᠢ ᠡᠩ ᠲᠡᠷᠢᠭᠦᠨ᠎ᠳᠤ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠨ᠂ ᠠᠵᠤ ᠦᠢ᠍ᠯᠡᠰ᠎ᠤᠨ ᠪᠠᠢ᠌ᠷᠢᠰᠢᠯᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠲᠥᠮᠥᠰᠥ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠲᠤᠰᠬᠠᠶ᠋ᠢᠵᠢᠭᠰᠠᠨ ᠪᠠ ᠬᠡᠪᠴᠢᠶᠡᠵᠢᠭᠰᠡᠨ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠣᠯᠭ᠋ᠠᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠨ ᠨᠡᠮᠡᠭᠳᠡᠭᠦᠯᠵᠦ᠂ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠣᠳᠠᠰ᠎ᠤᠨ ᠲᠤᠨᠤᠭ ᠲᠦᠬᠦᠷᠦᠮᠵᠢ ᠵᠢ ᠰᠠᠢ᠌ᠵᠢᠷᠠᠭᠤᠯᠵᠤ᠂ ᠲᠥᠮᠥᠰᠥ ᠵᠢᠨ ᠠᠵᠤ ᠦᠢ᠍ᠯᠡᠰ᠎ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠮᠧᠬᠠᠨᠢᠭᠵᠢᠭᠰᠠᠨ᠂ ᠨᠡᠷᠡᠲᠦ ᠲᠡᠮᠳᠡᠭᠵᠢᠭᠰᠡᠨ᠂ ᠮᠡᠳᠡᠭᠡ ᠵᠠᠩᠬᠢᠵᠢᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠵᠦ ᠪᠠᠶᠠᠵᠢᠬᠤ ᠵᠢ᠎ᠨᠢ ᠳᠠᠶ᠋ᠢᠴᠢᠯᠠᠬᠤ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠦᠬᠦ ᠤᠯᠤᠰ᠎ᠲᠤ ᠠᠯᠳᠠᠷᠰᠢᠭᠰᠠᠨ ᠴᠢᠨᠠᠷ ᠰᠠᠢ᠌ᠲᠠᠢ ᠪᠦᠭᠡᠳ ᠬᠣᠤᠷ ᠦᠭᠡᠢ᠌ᠳᠡᠭᠦᠯᠦᠭᠰᠡᠨ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠂ ᠪᠣᠬᠢᠷᠲᠤᠯ ᠦᠭᠡᠶ ᠰᠣᠷᠭᠣᠭ ᠢᠳᠡᠭᠡᠨ᠎ᠤ ᠲᠥᠮᠥᠰᠥ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠂ ᠲᠥᠮᠥᠰᠥ ᠵᠢ ᠨᠠᠷᠢᠯᠢᠭ ᠭᠦᠨ   ᠡᠳ᠋ᠰᠢᠯᠡᠭᠦᠯᠦᠨ ᠪᠣᠯᠪᠠᠰᠤᠷᠠᠭᠤᠯᠬᠤ ᠪᠠ ᠪᠦᠲᠦᠭᠡᠭᠳᠡᠬᠦᠨ᠎ᠢ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠳ᠎ᠢ ᠪᠠᠢ᠌ᠭᠤᠯᠤᠨ᠂ ᠮᠠᠨ᠎ᠤ ᠣᠷᠣᠨ᠎ᠤ ᠲᠥᠮᠥᠰᠥ ᠵᠢᠨ ᠳᠠᠪᠠᠭᠤᠯᠢᠭ ᠭᠠᠷᠤᠯᠲᠠ ᠵᠢᠨ ᠣᠷᠣᠨ᠎ᠤ ᠭᠣᠤᠯᠯᠠᠬᠤ ᠪᠠᠶ᠋ᠢᠷᠢ ᠰᠠᠭᠤᠷᠢ ᠵᠢ ᠪᠡᠬᠢᠵᠢᠭᠦᠯᠦᠨ ᠳᠡᠭᠡᠭᠰᠢᠯᠡᠭᠦᠯᠦᠨ᠎ᠡ᠃
      ᠠᠰᠠᠭᠤᠯᠲᠠ᠄ 《ᠰᠠᠨᠠᠯ》᠎ᠤᠨ ᠠᠵᠢᠯ᠎ᠤᠨ ᠬᠠᠷᠠᠯᠲᠠ?
      ᠬᠠᠷᠢᠭᠤᠯᠲᠠ᠄ 2025 ᠣᠨ ᠪᠣᠯᠬᠤ᠎ᠳᠤ ᠳᠠᠷᠢᠬᠤ ᠲᠠᠯᠠᠪᠠᠶ ᠵᠢ 800 ᠲᠦᠮᠡᠨ ᠮᠥ᠍᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ
      ᠠᠩᠬ᠎ᠠ ᠡᠳ᠋ᠰᠢᠯᠡᠭᠦᠯᠦᠨ ᠪᠣᠯᠪᠠᠰᠤᠷᠠᠭᠤᠯᠬᠤ ᠪᠠ ᠨᠠᠷᠢᠯᠢᠭ ᠭᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠵᠢ 60% ᠣᠷᠴᠢᠮ᠎ᠳᠤ ᠬᠦᠷᠦᠭᠦᠯᠦᠨ᠎ᠡ
      ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠦᠲᠦᠭᠡᠭᠳᠡᠭᠦᠨ᠎ᠤ ᠥᠷᠲᠡᠭ᠎ᠢ 230 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠦᠨ᠎ᠡ
      ᠬᠣᠤᠷ ᠦᠭᠡᠢ᠌ᠳᠡᠭᠦᠯᠦᠭᠰᠡᠨ ᠦᠷ᠎ᠡ ᠵᠢᠨ ᠲᠥᠮᠥᠰᠥ ᠵᠢᠨ ᠲᠦᠭᠡᠮᠡᠯᠵᠢᠭᠦᠯᠬᠦ   ᠨᠣᠷᠮ᠎ᠠ ᠵᠢ 92%᠎ᠲᠤ ᠬᠦᠷᠦᠭᠦᠯᠦᠨ᠎ᠡ
      ᠠᠯᠳᠠᠷᠰᠢᠭᠰᠠᠨ ᠲᠥᠮᠥᠰᠥ ᠵᠢᠨ ᠲᠠᠸᠠᠷ᠂ ᠲᠥᠮᠥᠰᠥ ᠵᠢᠨ ᠨᠠᠷᠠᠲᠤ ᠲᠡᠮᠳᠡᠭ᠎ᠢ 5 ᠣᠷᠴᠢᠮ ᠪᠣᠶ ᠪᠣᠯᠭ᠋ᠠᠨ᠎ᠠ
      ᠪᠦᠬᠦ ᠤᠯᠤᠰ᠎ᠲᠤ ᠠᠯᠳᠠᠷᠰᠢᠭᠰᠠᠨ ᠲᠦᠮᠦᠰᠦ ᠦᠢ᠍ᠯᠡᠳᠪᠦᠷᠢᠯᠡᠬᠦ᠂ ᠰᠢᠨ᠎ᠡ ᠵᠢ ᠡᠭᠦᠳᠬᠦ᠂ ᠭᠦᠢ᠍ᠯᠭᠡᠭᠡ ᠵᠢᠨ ᠰᠠᠭᠤᠷᠢᠨ ᠭᠠᠵᠠᠷ᠎ᠢ ᠪᠠᠶ᠋ᠢᠭᠤᠯᠤᠨ᠎ᠠ
      ᠠᠰᠠᠭᠤᠯᠲᠠ᠄ 《ᠰᠠᠨᠠᠯ》᠎ᠤᠨ ᠭᠣᠤᠯᠳᠠᠯᠭ᠎ᠠ᠎ᠲᠠᠢ ᠠᠷᠭ᠎ᠠ ᠬᠡᠮᠵᠢᠶ᠎ᠡ?
      ᠬᠠᠷᠢᠭᠤᠯᠲᠠ᠄ ᠨᠢᠭᠡ᠎ᠳᠤ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ
      ᠳᠠᠪᠠᠭᠤᠯᠢᠭ ᠠᠵᠤ ᠦᠢ᠍ᠯᠡᠰ᠎ᠤᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠲᠥᠮᠥᠰᠥᠨ᠎ᠤ ᠠᠵᠤ ᠦᠢ᠍ᠯᠡᠰ᠎ᠤᠨ ᠣᠷᠣᠨ ᠪᠦᠰᠡ ᠵᠢᠨ ᠪᠠᠶ᠋ᠢᠷᠢᠰᠢᠯ᠎ᠢ ᠲᠣᠬᠢᠷᠠᠭᠤᠯᠤᠨ ᠰᠢᠯᠢᠳᠡᠭᠵᠢᠭᠦᠯᠵᠦ᠂ ᠳᠠᠪᠠᠭᠤᠯᠢᠭ ᠣᠷᠣᠨ ᠪᠦᠰᠡ ᠵᠢᠨ ᠲᠥᠪᠯᠡᠷᠡᠯ᠎ᠤᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
    ᠣᠷᠣᠨ ᠪᠦᠰᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠢ᠌ᠷᠡᠬᠦᠯᠵᠦ᠂ ᠦᠷ᠎ᠡ ᠵᠢᠨ ᠲᠦᠮᠦᠰᠦ ᠪᠣᠢ᠌ᠵᠢᠭᠣᠯᠬᠣ ᠵᠢ ᠴᠢᠩᠭ᠋ᠠᠳᠬᠠᠵᠤ᠂ ᠰᠢᠨ᠎ᠡ ᠰᠣᠷᠭᠣᠭ ᠢᠳᠡᠭᠡᠨ᠎ᠤ ᠲᠥᠮᠥᠰᠥ ᠵᠢ ᠰᠢᠯᠢᠳᠡᠭᠵᠢᠭᠦᠯᠦᠨ᠂ ᠨᠠᠷᠢᠯᠢᠭ ᠪᠣᠯᠪᠠᠰᠤᠷᠠᠭᠤᠯᠬᠤ ᠲᠤᠰᠬᠠᠢ ᠬᠡᠷᠡᠭᠯᠡᠭᠡᠨ᠎ᠤ ᠲᠥᠮᠥᠰᠥ ᠦᠢ᠍ᠯᠡᠳᠪᠦᠷᠢᠯᠡᠨ᠎ᠡ᠃
      ᠬᠣᠶᠠᠷ᠎ᠲᠤ ᠦᠷ᠎ᠡ ᠵᠢᠨ ᠲᠦᠮᠦᠰᠦ ᠵᠢᠨ ᠠᠵᠤ ᠦᠢ᠍ᠯᠡᠰ᠎ᠢ ᠬᠦᠴᠦᠷᠬᠡᠭᠵᠢᠭᠦᠯᠦᠨ᠎ᠡ
      ᠰᠢᠨ᠎ᠡ ᠡᠭᠦᠯᠳᠡᠷ᠎ᠢ ᠰᠣᠩᠭᠣᠨ ᠪᠣᠶ᠋ᠢᠵᠢᠭᠤᠯᠵᠤ ᠰᠢᠨ᠎ᠡ ᠵᠢ ᠡᠭᠦᠳᠬᠦ ᠵᠢ ᠲᠦᠷᠭᠡᠳᠬᠡᠨ᠎ᠡ᠃ ᠰᠢᠨ᠎ᠡ ᠡᠭᠦᠯᠳᠡᠷ᠎ᠤᠨ ᠬᠣᠯᠪᠤᠭ᠋ᠠᠯᠠᠨ ᠪᠣᠭᠣᠮᠲᠠ ᠰᠢᠪᠲᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠠᠨ᠎ᠤ ᠤᠷᠤᠨ᠎ᠤ ᠦᠢ᠍ᠯᠡᠳᠪᠦᠷᠢᠯᠡᠯ᠎ᠤᠨ ᠨᠥᠬᠥᠴᠡᠯ ᠪᠣᠯᠤᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ ᠴᠢᠨᠠᠷ ᠰᠠᠶ᠋ᠢᠲᠠᠶ ᠰᠢᠨ᠎ᠡ ᠡᠭᠦᠯᠳᠡᠷ᠎ᠢ ᠰᠣᠩᠭᠣᠨ ᠪᠣᠶ᠋ᠢᠵᠢᠭᠤᠯᠵᠤ ᠳᠡᠯᠭᠡᠷᠡᠭᠦᠯᠬᠦ ᠵᠢ ᠲᠦᠷᠭᠡᠳᠬᠡᠨ᠎ᠡ᠃
      ᠦᠷ᠎ᠡ ᠵᠢᠨ ᠲᠥᠮᠥᠰᠥ ᠵᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠤᠯᠤᠰ᠎ᠤᠨ ᠰᠠᠶ᠋ᠢᠨ ᠡᠭᠦᠯᠳᠡᠷ᠎ᠤᠨ ᠲᠦᠮᠦᠰᠦ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠢᠳᠡᠪᠬᠢᠲᠡᠢ ᠵᠣᠬᠢᠶᠠᠨ ᠪᠠᠶ᠋ᠢᠭᠤᠯᠤᠨ ᠠᠬᠢᠭᠤᠯᠵᠤ᠂ ᠤᠯᠤᠰ᠎ᠠᠴᠠ ᠨᠠᠩ ᠣᠯᠠᠨ ᠰᠠᠶ᠋ᠢᠨ ᠡᠭᠦᠯᠳᠡᠷ᠎ᠤᠨ ᠲᠦᠮᠦᠰᠦ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠲᠦᠷᠦᠯ ᠵᠦᠢ᠍ᠯ᠎ᠢ ᠭᠤᠶᠤᠴᠢᠯᠠᠨ᠂ ᠦᠷ᠎ᠡ ᠵᠢᠨ ᠲᠥᠮᠥᠰᠥ ᠵᠢᠨ ᠰᠠᠭᠤᠷᠢᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠷ᠎ᠡ ᠵᠢᠨ ᠲᠥᠮᠥᠰᠥ ᠦᠷᠡᠵᠢᠭᠦᠯᠦᠨ ᠪᠣᠶ᠋ᠢᠵᠢᠭᠤᠯᠬᠤ ᠵᠢᠨ ᠣᠷᠣᠬᠣ ᠵᠢ ᠵᠥᠪᠰᠢᠶᠡᠷᠡᠬᠦ ᠳᠦᠷᠢᠮ᠎ᠢ ᠪᠠᠶ᠋ᠢᠭᠤᠯᠤᠨ᠎ᠠ᠃
      ᠦᠷ᠎ᠡ ᠵᠢᠨ ᠲᠦᠮᠦᠰᠦ ᠵᠢᠨ ᠠᠵᠤ ᠠᠬᠤᠶ᠋ᠢᠯᠠᠯ᠎ᠤᠨ ᠪᠤᠵᠠᠭ᠋ᠠᠶ᠋ᠢᠷᠠᠨ ᠬᠦᠴᠦᠷᠬᠡᠭᠵᠢᠬᠦ ᠵᠢ᠎ᠨᠢ ᠲᠡᠳᠬᠦᠨ ᠲᠡᠮᠵᠢᠨ᠎ᠡ᠃ ᠪᠣᠶ᠋ᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠵᠢ ᠨᠢᠭᠡ ᠴᠣᠭᠴᠠᠵᠢᠭᠤᠯᠤᠭᠰᠠᠨ ᠦᠷ᠎ᠡ ᠵᠢᠨ ᠲᠥᠮᠥᠰᠥ ᠵᠢᠨ ᠠᠵᠤ ᠠᠬᠤᠢ᠌ᠯᠠᠯ᠎ᠤᠨ ᠪᠤᠵᠠᠭ᠋ᠠᠢ᠌ᠷᠠᠨ ᠬᠦᠴᠦᠷᠬᠡᠭᠵᠢᠬᠦ ᠵᠢ᠎ᠨᠢ ᠭᠤᠤᠯᠳᠠᠯᠭ᠎ᠠ᠎ᠲᠠᠢ ᠲᠡᠳᠭᠦᠵᠦ᠂ ᠦᠷ᠎ᠡ ᠵᠢᠨ ᠲᠥᠮᠥᠰᠥᠨ᠎ᠤ ᠠᠵᠤ ᠠᠬᠤᠶ᠋ᠢᠯᠠᠯ᠎ᠤᠨ ᠨᠠᠢ᠌ᠯᠡᠨ ᠲᠠᠬᠢᠨᠲᠠ ᠵᠣᠬᠢᠶᠠᠨ ᠪᠠᠶ᠋ᠢᠭᠤᠯᠬᠤ ᠵᠢ᠎ᠨᠢ ᠵᠣᠷᠢᠭᠵᠢᠭᠤᠯᠤᠨ᠂ ᠨᠡᠷ᠎ᠡ ᠠᠯᠳᠠᠷᠲᠠᠢ ᠦᠷ᠎ᠡ ᠵᠢᠨ ᠲᠥᠮᠥᠰᠥ ᠵᠢᠨ ᠠᠵᠤ ᠠᠬᠤᠶ᠋ᠢᠯᠠᠯ᠎ᠤᠨ ᠨᠡᠷᠡᠲᠦ ᠲᠡᠮᠳᠡᠭ᠎ᠢ ᠪᠣᠶ᠋ᠢᠵᠢᠭᠤᠯᠵᠤ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ᠎ᠨᠢ ᠳᠡᠭᠡᠭᠰᠢᠯᠡᠭᠦᠯᠦᠨ᠎ᠡ᠃
      ᠦᠷ᠎ᠡ ᠵᠢᠨ ᠲᠥᠮᠥᠰᠥ ᠵᠢᠨ ᠶᠠᠰᠤ ᠴᠢᠨᠠᠷ᠎ᠤᠨ ᠬᠢᠷᠢ ᠲᠦᠪᠰᠢᠨ᠎ᠢ ᠴᠢᠷᠮᠠᠶ᠋ᠢᠨ ᠳᠡᠭᠡᠭᠰᠢᠯᠡᠭᠦᠯᠦᠨ᠎ᠡ᠃ ᠦᠷ᠎ᠡ ᠵᠢᠨ ᠲᠥᠮᠥᠰᠥ ᠵᠢᠨ ᠶᠠᠰᠤ ᠴᠢᠨᠠᠷ᠎ᠢ ᠪᠦᠬᠦ ᠶᠠᠪᠤᠴᠠ᠎ᠳᠤ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠎ᠠ᠃ ᠪᠠᠶ᠋ᠢᠴᠠᠭ᠋ᠠᠨ ᠰᠢᠯᠭ᠋ᠠᠬᠤ ᠡᠷᠴᠢᠮ᠎ᠢ ᠴᠢᠩᠭ᠋ᠠᠯᠠᠵᠤ᠂ ᠪᠠᠶ᠋ᠢᠴᠠᠭ᠋ᠠᠨ ᠰᠢᠯᠭ᠋ᠠᠬᠤ ᠪᠦᠯᠦᠭ ᠤᠳᠠᠭ᠎ᠠ ᠵᠢ ᠨᠡᠮᠡᠭᠳᠡᠭᠦᠯᠦᠨ᠂ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ᠎ᠤᠨ ᠭᠡᠷᠡᠴᠢᠯᠡᠬᠦ ᠠᠵᠢᠯ᠎ᠢ ᠢᠳᠡᠪᠬᠢᠲᠡᠶ ᠦᠷᠨᠢᠭᠦᠯᠦᠨ᠎ᠡ᠃ ᠦᠷ᠎ᠡ ᠵᠢᠨ ᠲᠥᠮᠥᠰᠥ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
      ᠭᠤᠷᠪᠠ᠎ᠳᠤ ᠲᠥᠮᠥᠰᠥ ᠵᠢᠨ ᠴᠢᠨᠠᠷ ᠰᠠᠶ᠋ᠢᠲᠠᠶ ᠪᠦᠭᠡᠳ ᠪᠣᠬᠢᠷᠲᠤᠯ ᠥᠬᠡᠶ ᠦᠢ᠍ᠯᠡᠳᠪᠦᠷᠢᠯᠡᠯ᠎ᠢ ᠬᠡᠷᠡᠭᠵᠢᠭᠦᠯᠦᠨ᠎ᠡ
      ᠪᠤᠷᠳᠤᠭᠤᠷ᠎ᠢ ᠬᠢᠵᠠᠭ᠋ᠠᠷᠯᠠᠵᠤ ᠦᠷ᠎ᠡ ᠠᠰᠢᠭ᠎ᠢ ᠨᠡᠮᠡᠭᠳᠡᠭᠦᠯᠦᠨ᠎ᠡ᠃ ᠣᠷᠭ᠋ᠠᠨᠢᠭ ᠪᠤᠷᠳᠤᠭᠤᠷ ᠵᠶ᠋ᠠᠷ ᠣᠷᠭ᠋ᠠᠨᠢᠭ ᠪᠤᠰᠤ ᠪᠤᠷᠳᠤᠭᠤᠷ᠎ᠢ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠬᠡᠯᠪᠡᠷᠢ ᠵᠢ ᠰᠠᠢ᠌ᠵᠢᠷᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠬᠢᠮᠢ ᠵᠢᠨ ᠪᠣᠷᠳᠣᠭᠤᠷ᠎ᠤᠨ ᠬᠡᠮᠵᠢᠶ᠎ᠡ ᠵᠢ ᠪᠠᠭ᠋ᠠᠰᠬᠠᠬᠤ ᠵᠢ ᠪᠡᠶᠡᠯᠡᠭᠦᠯᠦᠨ᠎ᠡ  ᠃
      ᠡᠮ᠎ᠢ ᠬᠢᠵᠠᠭ᠋ᠠᠷᠯᠠᠵᠤ ᠬᠤᠤᠷᠳᠠᠯ᠎ᠢ ᠪᠠᠭ᠋ᠠᠰᠬᠠᠨ᠎ᠠ᠃ ᠡᠮ ᠰᠠᠴᠤᠬᠤ ᠪᠠᠭ᠋ᠠᠵᠢ ᠲᠥᠬᠥᠭᠡᠷᠦᠮᠵᠢ ᠵᠢ ᠰᠠᠶ᠋ᠢᠵᠢᠷᠠᠭᠤᠯᠵᠤ᠂ ᠨᠢᠭᠡᠳᠦᠯᠲᠡᠶ ᠰᠡᠷᠭᠡᠶ᠋ᠢᠯᠡᠨ ᠵᠠᠰᠠᠬᠤ ᠪᠠ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠡᠵᠡᠮᠳᠡᠬᠦ ᠵᠢ ᠳᠡᠯᠭᠡᠷᠡᠭᠦᠯᠦᠨ᠂ ᠮᠧᠬᠠᠨᠢᠭ ᠵᠶ᠋ᠠᠷ ᠲᠠᠩᠨᠠᠵᠤ ᠡᠪᠡᠰᠦ ᠠᠷᠢᠯᠭ᠋ᠠᠬᠤ ᠵᠢ ᠨᠡᠮᠡᠭᠳᠡᠭᠦᠯᠵᠦ᠂ ᠥᠨᠳᠥᠷ ᠦᠷ᠎ᠡ ᠠᠰᠢᠭᠲᠤ ᠠᠮᠢᠳᠤ ᠪᠣᠳᠠᠰ᠎ᠤᠨ ᠲᠠᠷᠢᠶᠠᠨ ᠡᠮ᠎ᠢ ᠢᠳᠡᠪᠬᠢᠲᠡᠢ ᠳᠡᠯᠭᠡᠷᠡᠭᠦᠯᠦᠨ᠂ ᠬᠢᠮᠢ ᠵᠢᠨ ᠲᠠᠷᠢᠶᠠᠨ ᠡᠮ᠎ᠤᠨ ᠬᠡᠷᠡᠭᠯᠡᠯᠲᠡ ᠵᠢ ᠪᠠᠭ᠋ᠠᠰᠬᠠᠨ᠎ᠠ᠃
      ᠣᠰᠣᠯᠠᠯᠲᠠ ᠵᠢ ᠬᠢᠵᠠᠭ᠋ᠠᠷᠯᠠᠨ ᠬᠣᠷᠣᠭᠳᠠᠯ᠎ᠢ ᠪᠠᠭ᠋ᠠᠰᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠡᠷᠭᠡ ᠲᠠᠷᠢᠶᠠᠯᠠᠩ᠎ᠤᠨ ᠭᠣᠤᠯᠳᠠᠯᠭ᠎ᠠ᠎ᠲᠠᠢ ᠲᠥᠷᠥᠯ ᠵᠦᠢ᠍ᠯ ᠵᠶ᠋ᠠᠷ ᠳᠠᠮᠵᠢᠭᠤᠯᠤᠨ᠂ ᠰᠦᠷᠴᠢᠨ ᠤᠰᠤᠯᠠᠬᠤ ᠵᠢ ᠳᠤᠰᠤᠯᠭ᠋ᠠᠨ ᠤᠰᠤᠯᠠᠬᠤ᠎ᠪᠠᠷ ᠦᠭᠡᠷᠡᠴᠢᠯᠡᠬᠦ ᠵᠢ ᠲᠦᠯᠬᠢᠨ ᠠᠬᠢᠭᠤᠯᠵᠤ᠂ ᠤᠰᠤ ᠪᠠ ᠪᠣᠷᠳᠣᠭᠤᠷ᠎ᠢ ᠥᠨᠳᠥᠷ ᠦᠷ᠎ᠡ ᠠᠰᠢᠭᠲᠠᠢ᠎ᠪᠠᠷ ᠨᠢᠭᠡ ᠴᠣᠭᠴᠠᠵᠢᠭᠤᠯᠬᠤ ᠮᠡᠷᠭᠡᠵᠢᠯ᠎ᠢ ᠳᠡᠯᠭᠡᠷᠡᠭᠦᠯᠦᠨ᠎ᠡ᠃
      ᠪᠦᠷᠬᠦᠭᠦᠯ᠎ᠢ ᠬᠢᠵᠠᠭ᠋ᠠᠷᠯᠠᠨ ᠪᠣᠬᠢᠷᠲᠤᠯ᠎ᠢ ᠪᠠᠭ᠋ᠠᠰᠬᠠᠨ᠎ᠠ᠃ ᠤᠯᠤᠰ᠎ᠤᠨ ᠰᠢᠨ᠎ᠡ ᠪᠠᠷᠢᠮᠵᠢᠶᠠᠲᠤ ᠰᠦᠯᠢᠶᠣᠣ ᠪᠦᠷᠬᠦᠭᠦᠯ᠎ᠢ ᠳᠡᠯᠭᠡᠷᠡᠭᠦᠯᠦᠨ ᠬᠡᠷᠡᠭᠯᠡᠵᠦ᠂ ᠠᠮᠢᠳᠤ ᠪᠣᠳᠠᠰ᠎ᠤᠨ ᠵᠠᠳᠠᠷᠠᠯᠲᠤ ᠪᠦᠷᠬᠦᠭᠦᠯ᠎ᠢ ᠬᠡᠷᠡᠭᠯᠡᠬᠦ ᠵᠢ᠎ᠨᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠥᠨᠳᠥᠷ ᠳᠠᠯᠠᠩᠲᠣ ᠪᠦᠷᠬᠦᠭᠦᠯ ᠥᠬᠡᠶ ᠳᠤᠰᠤᠯᠭ᠋ᠠᠨ ᠤᠰᠤᠯᠠᠬᠤ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ᠎ᠡ᠃
      ᠡᠭᠡᠯᠵᠢᠯᠡᠨ ᠲᠠᠷᠢᠵᠤ ᠡᠪᠡᠳᠴᠢᠨ᠎ᠢ ᠡᠵᠡᠮᠳᠡᠨ᠎ᠡ᠃ ᠲᠥᠮᠥᠰᠥ ᠵᠢ 4 ᠵᠢᠯ᠎ᠠᠴᠠ ᠳᠡᠭᠡᠭᠰᠢ ᠡᠭᠡᠯᠵᠢᠯᠡᠨ ᠳᠠᠷᠢᠬᠤ ᠵᠢ ᠠᠯᠪᠠᠳᠠᠯᠭ᠎ᠠ᠎ᠪᠠᠷ ᠴᠢᠩᠭ᠎ᠠ ᠬᠡᠷᠡᠭᠵᠢᠭᠦᠯᠦᠨ᠎ᠡ; ᠲᠠᠸᠠᠷ᠎ᠤᠨ ᠲᠥᠮᠥᠰᠥ ᠵᠢ 3 ᠵᠢᠯ᠎ᠠᠴᠠ ᠳᠡᠭᠡᠭᠰᠢ ᠡᠭᠡᠯᠵᠢᠯᠡᠨ ᠲᠠᠷᠢᠬᠤ ᠵᠢ ᠬᠥᠲᠥᠯᠥᠨ ᠵᠢᠯᠣᠭᠣᠳᠤᠨ᠎ᠠ᠃
      ᠳᠥᠷᠪᠡ᠎ᠳᠤ ᠲᠥᠮᠥᠰᠥ ᠵᠢ ᠪᠣᠯᠪᠠᠰᠤᠷᠠᠭᠤᠯᠵᠤ ᠤᠯᠠᠷᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      ᠭᠠᠷᠤᠯᠲᠠ ᠵᠢᠨ ᠣᠷᠣᠨ᠎ᠳᠤ ᠠᠩᠬ᠎ᠠ ᠡᠳ᠋ᠰᠢᠭᠦᠯᠦᠨ ᠪᠣᠯᠪᠠᠰᠤᠷᠠᠭᠤᠯᠬᠤ ᠵᠢ᠎ᠨᠢ ᠵᠣᠷᠢᠭᠵᠢᠭᠤᠯᠤᠨ᠎ᠠ᠃ ᠠᠵᠤ ᠠᠬᠤᠶ᠋ᠢᠯᠠᠯ᠎ᠢ ᠢᠳᠡᠪᠬᠢᠲᠡᠢ ᠣᠷᠣᠭᠤᠯᠤᠨ ᠠᠪᠴᠢᠷᠠᠵᠤ ᠠᠩᠬ᠎ᠠ ᠵᠡᠷᠭᠡ ᠵᠢᠨ ᠡᠳ᠋ᠰᠢᠭᠦᠯᠵᠦ ᠪᠣᠯᠪᠠᠰᠤᠷᠠᠭᠤᠯᠬᠤ ᠠᠵᠢᠯ᠎ᠢ ᠦᠷᠨᠢᠭᠦᠯᠵᠦ᠂   ᠦᠢ᠍ᠯᠡᠳᠪᠦᠷᠢᠯᠡᠭᠰᠡᠨ᠎ᠤ ᠳᠠᠷᠠᠭ᠋ᠠᠬᠢ ᠲᠠᠸᠠᠷᠴᠢᠯᠠᠨ ᠰᠢᠢ᠍ᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠂ ᠴᠡᠪᠡᠷ ᠨᠣᠭᠣᠭ᠎ᠠ ᠵᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠪᠡᠶᠡᠯᠡᠭᠦᠯᠦᠨ᠎ᠡ᠃ ᠨᠠᠷᠢᠯᠢᠭ ᠭᠦᠨ ᠪᠣᠯᠪᠠᠰᠤᠷᠠᠭᠤᠯᠬᠤ ᠵᠢ ᠲᠡᠳᠭᠦᠨ᠎ᠡ᠃ ᠪᠣᠯᠪᠠᠰᠤᠷᠠᠭᠤᠯᠬᠤ ᠬᠥᠲᠥᠴᠢ ᠠᠵᠤ ᠠᠬᠤᠶ᠋ᠢᠯᠠᠯ᠎ᠤᠨ ᠨᠠᠷᠢᠯᠢᠭ ᠭᠦᠨ ᠪᠣᠯᠪᠠᠰᠤᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠭᠣᠤᠯᠳᠠᠯᠭ᠎ᠠ᠎ᠲᠠᠢ ᠳᠠᠮᠵᠢᠵᠤ᠂ ᠥᠨᠳᠥᠷ ᠨᠡᠮᠡᠯᠲᠡ ᠥᠷᠲᠡᠭ᠎ᠲᠠᠢ ᠪᠦᠲᠦᠭᠡᠭᠳᠡᠭᠦᠨ ᠪᠣᠯᠭ᠋ᠠᠨ ᠪᠣᠯᠪᠠᠰᠤᠷᠠᠭᠤᠯᠬᠤ ᠠᠵᠢᠯ᠎ᠢ ᠥᠷᠨᠢᠭᠦᠯᠦᠨ᠎ᠡ᠃
      ᠭᠣᠤᠯ ᠢᠳᠡᠭᠡᠨ᠎ᠤ ᠪᠦᠲᠦᠭᠡᠭᠳᠡᠭᠦᠨ ᠪᠣᠯᠭ᠋ᠠᠵᠤ ᠨᠡᠭᠡᠭᠡᠨ ᠬᠥᠭᠵᠢᠭᠦᠯᠬᠦ ᠵᠢ ᠳᠠᠮᠵᠢᠨ᠎ᠠ᠃ ᠲᠥᠮᠥᠰᠥ᠎ᠪᠠᠷ ᠭᠣᠤᠯ ᠢᠳᠡᠭᠡᠨ᠎ᠤ ᠪᠦᠲᠦᠭᠡᠭᠳᠡᠭᠦᠨ ᠪᠣᠯᠭ᠋ᠠᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠭᠣᠤᠯ ᠢᠳᠡᠭᠡᠨ᠎ᠤ ᠪᠦᠲᠦᠭᠡᠭᠳᠡᠬᠦᠨ ᠪᠣᠯᠭ᠋ᠠᠬᠤ᠎ᠪᠠᠷ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃
      ᠲᠠᠪᠤ᠎ᠳᠤ ᠲᠦᠮᠦᠰᠦ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ
      ᠪᠦᠯᠦᠭᠯᠡᠨ ᠬᠥᠭᠵᠢᠬᠦ ᠵᠢ ᠲᠦᠷᠭᠡᠳᠬᠡᠨ᠎ᠡ᠃ ᠭᠣᠤᠯ ᠭᠠᠷᠤᠯᠲᠠ ᠵᠢᠨ ᠣᠷᠣᠨ᠎ᠤ   ᠲᠦᠮᠦᠰᠦ ᠵᠢᠨ ᠠᠵᠤ ᠦᠢ᠍ᠯᠡᠰ᠎ᠤᠨ ᠪᠦᠯᠦᠭᠵᠢᠯ᠎ᠢ ᠪᠠᠶ᠋ᠢᠭᠤᠯᠬᠤ ᠵᠢ ᠳᠡᠮᠵᠢᠵᠦ᠂ ᠳᠠᠪᠠᠭᠤᠯᠢᠭ ᠣᠷᠣᠨ᠎ᠳᠤ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠵᠤ᠂ ᠵᠢᠭᠤᠯᠴᠢᠯᠠᠯ᠎ᠤᠨ ᠠᠵᠤ ᠦᠢ᠍ᠯᠡᠰ᠎ᠢ ᠵᠡᠷᠭᠡᠪᠡᠷ ᠬᠥᠭᠵᠢᠭᠦᠯᠦᠨ᠎ᠡ᠃
      ᠮᠠᠰᠢᠨᠴᠢᠯᠠᠯᠲᠠ᠎ᠪᠠᠷ ᠠᠵᠢᠯᠯᠠᠬᠤ᠎ᠢ ᠲᠦᠯᠬᠢᠨ ᠠᠬᠢᠭᠤᠯᠤᠨ᠎ᠠ᠃ ᠦᠢ᠍ᠯᠡᠳᠪᠦᠷᠢᠯᠡᠯ᠎ᠤᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ᠎ᠬᠢᠨ ᠲᠣᠮᠣ ᠬᠡᠯᠪᠡᠷᠢ ᠵᠢᠨ   ᠮᠧᠬᠠᠨᠢᠭ ᠵᠢᠴᠢ ᠨᠢᠭᠡ ᠴᠤᠭᠴᠠᠵᠢᠭᠰᠠᠨ ᠬᠤᠷᠢᠶᠠᠬᠤ ᠮᠠᠰᠢᠨ ᠮᠧᠬᠠᠨᠢᠭ ᠬᠤᠳᠠᠯᠳᠤᠨ ᠠᠪᠬᠤ ᠵᠢ᠎ᠨᠢ ᠳᠠᠮᠵᠢᠵᠤ᠂ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠲᠣᠨᠣᠭ ᠲᠥᠬᠥᠭᠡᠷᠦᠮᠵᠢ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ ᠵᠢ ᠳᠠᠮᠵᠢᠵᠤ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ ᠵᠢ᠎ᠨᠢ ᠥᠷᠭᠡᠳᠬᠡᠨ᠎ᠡ᠃
      ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠳᠤᠮᠳᠠᠳᠤ ᠤᠯᠤᠰ᠎ᠤᠨ ᠲᠦᠮᠦᠰᠦ ᠵᠢᠨ ᠠᠵᠤ ᠦᠢ᠍ᠯᠡᠰ᠎ᠤᠨ ᠢᠨᠲ᠋ᠧᠷ ᠰᠦᠯᠵᠢᠶᠡᠨ᠎ᠤ ᠲᠣᠮᠣ ᠳ᠋ᠠᠶ᠋ᠢᠲ᠋ᠠ ᠵᠢᠨ ᠲᠠᠪᠴᠠᠩ᠎ᠢ ᠲᠡᠭᠦᠯᠳᠡᠷᠵᠢᠭᠦᠯᠬᠦ ᠵᠢ ᠳᠡᠮᠵᠢᠵᠦ᠂ ᠲᠥᠮᠥᠰᠥᠨ᠎ᠤ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠮᠡᠳᠡᠭᠡ ᠵᠠᠩᠭᠢᠵᠢᠯᠲᠠ ᠵᠢᠨ ᠬᠡᠷᠡᠭᠯᠡᠯᠲᠡ ᠵᠢ ᠲᠦᠯᠬᠢᠨ ᠠᠬᠢᠭᠤᠯᠤᠨ᠎ᠠ᠃
      ᠨᠠᠷᠠᠲᠤ ᠲᠡᠮᠳᠡᠭ᠎ᠢ ᠡᠭᠦᠳᠦᠨ ᠪᠠᠶ᠋ᠢᠭᠤᠯᠬᠤ ᠵᠢ ᠴᠢᠩᠭ᠋ᠠᠳᠬᠠᠨ᠎ᠠ᠃ ᠲᠦᠮᠦᠰᠦ ᠵᠢᠨ ᠭᠣᠣᠯ ᠦᠢ᠍ᠯᠡᠳᠪᠦᠷᠢᠯᠡᠯ᠎ᠤᠨ ᠣᠷᠣᠨ᠎ᠤ ᠭᠠᠵᠠᠷ ᠵᠦᠶ ᠵᠢᠨ ᠢᠯᠡᠷᠬᠡᠢ᠌ᠯᠡᠯᠲᠦ ᠵᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠤᠯᠠᠭ᠋ᠠᠨᠴᠠᠪ ᠬᠣᠲᠠ ᠵᠢᠨ ᠲᠥᠮᠥᠰᠥ ᠵᠢᠨ ᠤᠯᠤᠰ᠎ᠤᠨ ᠣᠨᠴᠠ ᠰᠢᠯᠢᠳᠡᠭ ᠣᠷᠣᠨ᠎ᠳᠤ ᠵᠢᠷᠤᠮᠵᠢᠭᠰᠠᠨ ᠬᠠᠮᠢᠶᠠᠷᠤᠯᠲᠠ ᠬᠢᠬᠦ ᠵᠢ ᠴᠢᠩᠭ᠋ᠠᠳᠬᠠᠵᠤ᠂ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠂ 《ᠮᠧᠩ (蒙) ᠦᠰᠦᠭᠲᠦ》 ᠪᠦᠲᠦᠭᠡᠭᠳᠡᠭᠦᠨ᠎ᠤ ᠨᠡᠷᠡᠲᠦ ᠲᠡᠮᠳᠡᠭ ᠪᠠ ᠠᠵᠤ ᠠᠬᠤᠶ᠋ᠢᠯᠠᠯ᠎ᠤᠨ ᠨᠡᠷᠡᠲᠦ ᠲᠡᠮᠳᠡᠭ᠎ᠢ ᠪᠣᠶ᠋ᠢᠵᠢᠭᠤᠯᠤᠨ᠎ᠠ᠃
      ᠣᠯᠠᠨ ᠡᠰᠢᠵᠢᠭᠰᠡᠨ ᠡᠵᠡᠩᠨᠡᠯᠲᠡ ᠪᠣᠷᠣᠯᠠᠭᠤᠯᠭ᠎ᠠ ᠵᠢ ᠠᠬᠢᠭᠤᠯᠤᠨ᠎ᠠ᠃ ᠲᠤᠰᠬᠠᠶ ᠬᠡᠷᠡᠭᠯᠡᠭᠡᠨ᠎ᠤ ᠡᠭᠦᠯᠳᠡᠷ᠎ᠢ ᠥᠪᠡᠷᠮᠢᠴᠡᠵᠢᠭᠦᠯᠦᠨ ᠪᠣᠷᠣᠯᠠᠭᠤᠯᠬᠤ ᠵᠢ ᠳᠡᠯᠭᠡᠷᠡᠭᠦᠯᠦᠨ᠎ᠡ᠃ ᠪᠣᠷᠣᠯᠠᠭᠤᠯᠬᠤ ᠦᠵᠦᠭᠦᠷ᠎ᠢ ᠨᠡᠭᠡᠭᠡᠵᠦ᠂ ᠪᠣᠷᠣᠯᠠᠭᠤᠯᠬᠤ ᠬᠡᠪ ᠵᠠᠭᠪᠤᠷ᠎ᠤᠨ ᠰᠢᠨ᠎ᠡ ᠵᠢ ᠡᠭᠦᠳᠴᠦ᠂ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠵᠣᠯᠭ᠋ᠠᠭᠤᠯᠬᠤ ᠵᠢ ᠠᠬᠢᠭᠤᠯᠤᠨ᠎ᠠ᠃
      ᠵᠢᠷᠭᠤᠭ᠎ᠠ᠎ᠳᠤ ᠠᠵᠤ ᠦᠢ᠍ᠯᠡᠰ᠎ᠤᠨ ᠣᠷᠣᠯᠭ᠎ᠠ ᠵᠢ ᠨᠡᠮᠡᠭᠳᠡᠭᠦᠯᠦᠨ ᠳᠠᠶ᠋ᠢᠴᠢᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ
      ᠲᠠᠯᠠᠪᠠᠢ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠵᠦ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ ᠳᠡᠭᠡᠳᠦ ᠲᠡᠰ᠎ᠤᠨ ᠬᠣᠤᠷ ᠦᠭᠡᠢ᠌ᠳᠡᠭᠦᠯᠦᠭᠰᠡᠨ ᠦᠷ᠎ᠡ ᠵᠢᠨ ᠲᠥᠮᠥᠰᠥ ᠵᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠰᠢᠨ᠎ᠡ ᠮᠡᠷᠭᠡᠵᠢᠯ᠂ ᠰᠢᠨ᠎ᠡ ᠡᠭᠦᠯᠳᠡᠷ᠎ᠢ ᠢᠳᠡᠪᠬᠢᠲᠡᠶ ᠬᠡᠷᠡᠭᠯᠡᠨ᠎ᠡ᠃
      ᠡᠭᠦᠯᠳᠡᠷ᠎ᠢ ᠲᠣᠬᠢᠷᠠᠭᠤᠯᠤᠨ ᠰᠢᠯᠢᠳᠡᠭᠵᠢᠭᠦᠯᠵᠦ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ ᠴᠢᠨᠠᠷ ᠰᠠᠶ᠋ᠢᠲᠠᠶ ᠰᠣᠷᠭᠣᠭ ᠢᠳᠡᠭᠡᠨ᠎ᠤ ᠲᠥᠮᠥᠰᠥ ᠵᠢᠨ ᠡᠭᠦᠯᠳᠡᠷ᠎ᠢ ᠭᠣᠤᠯᠳᠠᠯᠭ᠎ᠠ᠎ᠲᠠᠢ ᠳᠡᠯᠭᠡᠷᠡᠭᠦᠯᠦᠨ᠎ᠡ; ᠳᠡᠭᠡᠳᠦ ᠲᠠᠰ᠎ᠤᠨ ᠡᠷᠡᠭᠦᠯᠵᠢᠭᠦᠯᠬᠦ᠎ᠳᠤ ᠲᠤᠰᠬᠠᠶ   ᠬᠡᠷᠡᠭᠯᠡᠬᠦ ᠡᠭᠦᠯᠳᠡᠷ᠎ᠢ ᠵᠣᠬᠢᠰᠲᠠᠶ ᠳᠡᠯᠭᠡᠷᠡᠭᠦᠯᠦᠨ᠎ᠡ; ᠭᠠᠵᠠᠷ ᠣᠷᠣᠨ᠎ᠤ ᠪᠠᠶ᠋ᠢᠳᠠᠯ᠎ᠳᠤ᠎ᠨᠢ ᠲᠤᠬᠢᠷᠠᠭᠤᠯᠤᠨ ᠪᠣᠯᠪᠠᠰᠤᠷᠠᠭᠤᠯᠬᠤ᠎ᠳᠤ ᠲᠤᠰᠬᠠᠶ ᠬᠡᠷᠡᠭᠯᠡᠬᠦ ᠴᠢᠨᠠᠷ ᠰᠠᠶ᠋ᠢᠲᠠᠶ ᠡᠭᠦᠯᠳᠡᠷ᠎ᠢ ᠳᠡᠯᠭᠡᠷᠡᠭᠦᠯᠦᠨ᠎ᠡ᠃
      ᠶᠠᠰᠤ ᠴᠢᠨᠠᠷ᠎ᠢ ᠳᠡᠭᠡᠭᠰᠢᠯᠡᠭᠦᠯᠦᠨ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ᠃ ᠪᠣᠬᠢᠷᠲᠤᠯ ᠦᠭᠡᠢ ᠪᠦᠭᠡᠳ ᠣᠷᠭ᠋ᠠᠨᠢᠭ᠂ ᠬᠠᠭᠤᠷᠠᠶ ᠲᠠᠷᠢᠶᠠᠯᠠᠭ᠎ᠠ ᠵᠢᠨ ᠠᠮᠢ ᠠᠬᠤᠢ ᠵᠢᠨ ᠰᠢᠨ᠎ᠡ ᠰᠣᠷᠭᠣᠭ ᠢᠳᠡᠭᠡᠨ᠎ᠤ ᠲᠥᠮᠥᠰᠥ ᠵᠢ ᠶᠡᠬᠡᠪᠡᠷ ᠬᠥᠭᠵᠢᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
      ᠬᠡᠪᠴᠢᠶᠡᠵᠢᠭᠦᠯᠦᠨ ᠲᠠᠷᠢᠬᠤ᠎ᠪᠠᠷ ᠣᠷᠣᠯᠭ᠎ᠠ ᠵᠢᠨ ᠨᠡᠮᠡᠭᠳᠡᠯ᠎ᠢ ᠳᠠᠢ᠌ᠴᠢᠯᠠᠨ᠎ᠠ᠃ ᠲᠥᠮᠥᠰᠥ ᠡᠵᠡᠩᠨᠡᠬᠦ ᠡᠯ᠎ᠡ ᠲᠥᠷᠥᠯ᠎ᠤᠨ ᠭᠣᠤᠯ ᠴᠣᠭᠴᠠ ᠪᠣᠯᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠲᠦᠷᠭᠡᠳᠬᠡᠨ ᠪᠣᠶ᠋ᠢᠵᠢᠭᠤᠯᠵᠤ᠂ ᠵᠣᠬᠢᠬᠤ ᠬᠡᠪᠴᠢᠶᠡᠵᠢᠯ᠎ᠲᠠᠢ ᠦᠢ᠍ᠯᠡᠳᠪᠦᠷᠢᠯᠡᠯ᠎ᠢ ᠬᠥᠭᠵᠢᠭᠦᠯᠦᠨ᠎ᠡ᠃
      ᠬᠤᠯᠪᠤᠬᠤ ᠲᠣᠭᠲᠠᠴᠠ ᠵᠢ ᠲᠡᠭᠦᠯᠳᠡᠷᠵᠢᠭᠦᠯᠦᠨ ᠣᠷᠣᠯᠭ᠎ᠠ ᠵᠢᠨ ᠨᠡᠮᠡᠭᠳᠡᠯ᠎ᠢ ᠳᠠᠢ᠌ᠴᠢᠯᠠᠨ᠎ᠠ᠃ 《ᠬᠥᠲᠥᠴᠢ ᠠᠵᠤ ᠠᠬᠤᠶ᠋ᠢᠯᠠᠯ + ᠬᠣᠷᠰᠢᠶ᠎ᠠ + ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠡᠷᠦᠬᠡ》 ᠵᠡᠷᠭᠡ ᠠᠰᠢᠭ ᠲᠤᠰᠠ ᠵᠢ᠎ᠨᠢ ᠬᠣᠯᠪᠣᠬᠤ ᠵᠠᠭᠪᠤᠷ᠎ᠢ ᠳᠡᠯᠭᠡᠷᠡᠭᠦᠯᠵᠦ᠂ ᠣᠯᠠᠨ ᠡᠰᠢᠲᠦ ᠠᠰᠢᠭ ᠲᠤᠰᠠ ᠵᠢ ᠬᠣᠯᠪᠣᠬᠤ ᠲᠣᠭᠲᠠᠴᠠ ᠵᠢ ᠪᠠᠶ᠋ᠢᠭᠤᠯᠤᠨ᠎ᠠ᠃
      ᠠᠰᠠᠭᠤᠯᠲᠠ᠄ ᠶᠠᠮᠠᠷ ᠶᠠᠮᠠᠷ ᠳᠡᠮᠵᠢᠬᠦ ᠲᠥᠷᠥ ᠵᠢᠨ ᠪᠣᠳᠣᠯᠭ᠎ᠠ ᠪᠠᠶ᠋ᠢᠬᠤ ᠪᠣᠶ?
      ᠬᠠᠷᠢᠭᠤᠯᠲᠠ᠄ ᠲᠥᠮᠥᠰᠥ ᠲᠠᠷᠢᠭᠴᠢᠳ᠎ᠤᠨ ᠨᠡᠮᠡᠭᠦᠷᠢ᠃ ᠤᠯᠤᠰ᠎ᠤᠨ ᠲᠥᠷᠥ ᠵᠢᠨ ᠪᠣᠳᠣᠯᠭ᠎ᠠ ᠵᠢᠨ ᠶᠡᠬᠡ ᠪᠣᠷᠣ ᠲᠥᠯᠥᠪ᠎ᠤᠨ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠠᠴᠠ ᠡᠷᠳᠡᠨᠢ ᠰᠢᠰᠢ ᠪᠣᠯᠤᠨ ᠰᠢᠷ᠎ᠠ ᠪᠤᠷᠴᠠᠭ᠎ᠤᠨ ᠦᠢ᠍ᠯᠡᠳᠪᠦᠷᠢᠯᠡᠯ᠎ᠤᠨ ᠨᠡᠮᠡᠭᠦᠷᠢ ᠪᠡᠯᠡ ᠮᠥᠩᠭᠥ᠎ᠠᠴᠠ 5% ᠵᠢ ᠲᠣᠬᠢᠷᠠᠭᠤᠯᠵᠤ᠂ ᠨᠥᠬᠥᠴᠡᠯ᠎ᠢ ᠬᠠᠩᠭ᠋ᠠᠭᠰᠠᠨ ᠲᠠᠷᠢᠶᠠᠴᠢᠨ ᠡᠷᠦᠬᠡ ᠪᠣᠯᠤᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠤᠯ ᠴᠣᠭᠴᠠ᠎ᠳᠤ ᠲᠠᠷᠢᠮᠠᠯ᠎ᠤᠨ ᠨᠡᠮᠡᠭᠦᠷᠢ ᠣᠯᠭᠣᠨ᠎ᠠ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠨᠡᠮᠡᠭᠦᠷᠢ᠃ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠪᠣᠯᠤᠨ ᠠᠵᠤ ᠠᠬᠤᠶ᠋ᠢᠯᠠᠯ᠎ᠤᠨ ᠰᠣᠩᠭᠣᠨ ᠪᠣᠶ᠋ᠢᠵᠢᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠯ᠎ᠤᠨ ᠡᠷᠬᠡ᠎ᠲᠠᠢ ᠴᠢᠨᠠᠷ ᠰᠠᠶ᠋ᠢᠲᠠᠶ ᠰᠢᠨ᠎ᠡ ᠡᠭᠦᠯᠳᠡᠷ᠎ᠲᠤ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠣᠯᠭᠣᠨ᠎ᠠ᠃
      ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠵᠢᠨ ᠨᠡᠮᠡᠭᠦᠷᠢ᠃ ᠪᠠᠷᠢᠮᠵᠢᠶᠠᠵᠢᠭᠤᠯᠤᠨ ᠲᠠᠷᠢᠭᠰᠠᠨ ᠮᠥᠷᠲᠡᠭᠡᠨ ᠬᠦᠴᠦᠨ᠎ᠲᠠᠢ ᠵᠠᠬᠢᠶᠠᠯᠠᠭ᠎ᠠ ᠵᠢᠨ ᠬᠠᠭᠤᠳᠠᠰᠤ ᠪᠦᠷᠢᠯᠳᠦᠭᠦᠯᠦᠭᠰᠡᠨ ᠪᠠᠢ᠌ᠪᠠᠯ ᠬᠤᠳᠠᠯᠳᠤᠨ ᠠᠪᠬᠤ ᠭᠣᠤᠯ ᠴᠣᠭᠴᠠ᠎ᠳᠤ ᠨᠡᠮᠡᠭᠦᠷᠢ ᠣᠯᠭᠣᠨ᠎ᠠ᠃
      ᠠᠰᠠᠭᠤᠯᠲᠠ᠄ ᠶᠠᠮᠠᠷ ᠶᠠᠮᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠᠶ᠋ᠢᠬᠤ ᠪᠣᠶ?
      ᠬᠠᠷᠢᠭᠤᠯᠲᠠ᠄ ᠨᠢᠭᠡ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠰᠠᠯᠠᠭ᠎ᠠ ᠮᠥᠴᠢᠷ᠎ᠤᠨ ᠬᠦᠴᠦᠨ᠎ᠢ ᠨᠢᠭᠡᠳᠦᠯᠲᠡᠶ ᠲᠦᠯᠦᠪᠯᠡᠵᠦ᠂ ᠲᠡᠳᠬᠦᠬᠦ ᠠᠷᠭ᠎ᠠ ᠬᠡᠮᠵᠢᠶ᠎ᠡ ᠨᠡᠶ᠋ᠢᠲᠡᠯᠡᠨ᠂ ᠭᠣᠤᠯ ᠭᠠᠷᠤᠯᠲᠠ ᠵᠢᠨ ᠣᠷᠣᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠵᠦ᠂ ᠬᠠᠮᠵᠢᠯᠴᠠᠨ ᠢᠵᠢ ᠪᠦᠷᠢᠳᠦᠭᠦᠯᠦᠨ᠂ ᠢᠵᠢ ᠪᠦᠷᠢᠳᠦᠭᠦᠯᠦᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠤᠭᠲᠠᠭ᠋ᠠᠨ᠎ᠠ᠃
      ᠬᠣᠶᠠᠷ᠎ᠲᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠠᠵᠤ ᠦᠢ᠍ᠯᠡᠰ᠎ᠤᠨ ᠬᠥᠭᠵᠢᠯᠲᠡ ᠵᠢᠨ ᠪᠡᠯᠡ ᠮᠥᠩᠭᠥ᠎ᠪᠠᠷ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠣᠤᠯ ᠭᠠᠷᠤᠯᠲᠠ ᠵᠢᠨ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠢᠶ᠎ᠠ ᠪᠦᠬᠦᠢ ᠪᠡᠯᠡ ᠮᠥᠩᠭᠥ ᠪᠠ ᠲᠥᠷᠥᠯ ᠵᠦᠢ᠍ᠯ᠎ᠢ ᠨᠢᠭᠡᠳᠦᠯᠲᠡᠶ ᠲᠦᠯᠦᠪᠯᠡᠨ᠂ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠣᠤᠯᠳᠠᠯᠭ᠎ᠠ᠎ᠲᠠᠢ ᠭᠠᠵᠠᠷ ᠣᠷᠣᠨ᠂ ᠵᠠᠩᠭᠢᠯᠠᠭ᠎ᠠ ᠵᠢᠨ ᠭᠣᠭᠴᠣᠭ᠎ᠠ᠎ᠳᠤ ᠴᠢᠭᠯᠡᠭᠦᠯᠦᠨ ᠲᠡᠳᠬᠦᠬᠦ ᠲᠥᠷᠥ ᠵᠢᠨ ᠪᠤᠳᠤᠯᠭ᠎ᠠ ᠵᠢ ᠨᠡᠢ᠌ᠲᠡᠯᠡᠨ᠎ᠡ᠃
      ᠭᠤᠷᠪᠠ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠷᠠᠭᠤᠯᠤᠨ᠎ᠠ᠃ ᠲᠦᠮᠦᠰᠦ ᠵᠢᠨ ᠠᠵᠤ ᠦᠢ᠍ᠯᠡᠰ᠎ᠤᠨ ᠰᠠᠭᠤᠷᠢ ᠮᠥᠩᠭᠥ᠎ᠳᠤ ᠲᠦᠰᠢᠭᠯᠡᠨ᠂ ᠲᠦᠮᠦᠰᠦ ᠵᠢᠨ ᠠᠵᠤ ᠦᠢ᠍ᠯᠡᠰ᠎ᠤᠨ ᠬᠥᠭᠵᠢᠯᠲᠡ ᠵᠢ ᠬᠦᠴᠦᠲᠡᠢ ᠳᠠᠮᠵᠢᠨ᠎ᠠ᠃ ᠵᠢᠭᠡᠯᠡᠯᠭᠡ ᠪᠤᠶᠤ ᠢᠲᠡᠭᠡᠮᠵᠢ ᠣᠯᠭᠣᠬᠣ ᠬᠡᠮᠵᠢᠶ᠎ᠡ ᠵᠢ ᠵᠣᠬᠢᠴᠠᠭᠤᠯᠤᠨ ᠳᠡᠭᠡᠭᠰᠢᠯᠡᠭᠦᠯᠵᠦ᠂   ᠵᠢᠵᠢᠭ ᠠᠵᠤ ᠠᠬᠣᠢ᠌ᠯᠠᠯ᠎ᠳᠤ ᠳᠠᠬᠢᠨᠲᠠ ᠵᠢᠭᠡᠯᠡᠯᠭᠡ ᠦᠭᠴᠦ ᠳᠡᠮᠵᠢᠬᠦ ᠵᠡᠷᠭᠡ ᠵᠢ ᠰᠢᠨ᠎ᠡ᠎ᠪᠠᠷ ᠨᠡᠮᠡᠭᠳᠡᠭᠦᠯᠵᠦ ᠵᠢᠵᠢᠭ ᠪᠢᠴᠢᠯ ᠠᠵᠤ ᠠᠬᠤᠶ᠋ᠢᠯᠠᠯ᠎ᠢ ᠳᠡᠮᠵᠢᠨ᠂ ᠳᠠᠭ᠋ᠠᠳᠬᠠᠯ᠎ᠤᠨ ᠰᠢᠨ᠎ᠡ ᠨᠡᠷᠡᠳᠭᠦᠨ᠎ᠢ ᠢᠳᠡᠪᠬᠢᠲᠡᠶ ᠰᠦᠪᠡᠭᠴᠢᠯᠡᠵᠦ᠂ ᠬᠤᠭᠤᠴᠠᠭ᠋ᠠᠲᠤ ᠪᠠᠷᠠᠭ᠎ᠠ ᠵᠢᠨ ᠵᠠᠬ᠎ᠠ ᠳᠡᠯᠭᠡᠭᠦᠷ᠎ᠲᠤ ᠭᠠᠷᠬᠤ ᠵᠢ ᠠᠬᠢᠭᠤᠯᠤᠨ᠎ᠠ᠃
      ᠳᠥᠷᠪᠡ᠎ᠳᠤ ᠮᠡᠷᠭᠡᠵᠢᠯ᠎ᠤᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠣᠯᠠᠨ ᠲᠠᠯ᠎ᠠ ᠵᠢᠨ ᠮᠡᠷᠭᠡᠵᠢᠯ᠎ᠤᠨ ᠬᠦᠴᠦᠨ᠎ᠢ ᠡᠮᠬᠢᠯᠡᠨ ᠨᠡᠶ᠋ᠢᠯᠡᠭᠦᠯᠵᠦ᠂ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠲᠡᠶ ᠮᠡᠷᠭᠡᠵᠢᠯ᠎ᠤᠨ ᠦᠢ᠍ᠯᠡᠴᠢᠯᠡᠭᠡᠨ᠎ᠤ ᠲᠤᠯᠭ᠋ᠠᠭᠤᠷᠢᠯᠠᠯ ᠬᠠᠩᠭ᠋ᠠᠨ᠎ᠠ᠃
      ᠲᠠᠪᠤ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ᠃ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠷᠠᠭᠤᠯᠵᠤ᠂ ᠱᠠᠩᠨᠠᠵᠤ ᠲᠣᠷᠭ᠋ᠠᠬᠤ ᠲᠣᠭᠲᠠᠴᠠ ᠵᠢ ᠪᠠᠶ᠋ᠢᠭᠤᠯᠤᠨ᠂ ᠬᠠᠷᠢᠭᠤᠴᠠᠯᠭ᠎ᠠ ᠵᠢ ᠨᠠᠷᠢᠯᠢᠬ᠍ᠵᠢᠭᠤᠯᠵᠤ᠂ ᠡᠯ᠎ᠡ ᠲᠦᠷᠦᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠡᠮ
          
ᠬᠠᠮᠢᠶ᠎ᠡ ᠪᠦᠬᠦᠢ ᠰᠣᠨᠢᠨ
 
            